| ᠭᠠᠵᠠᠷ ᠵᠦᠢ ᠶᠢᠨ ᠪᠠᠶᠢᠷᠢᠰᠢᠯ ᠄ | ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠯᠠᠭᠠᠨᠬᠠᠳᠠ ᠬᠤᠳᠠ ᠶᠢᠨ ᠡᠮᠦᠨ᠎ᠡ ᠪᠡᠶ᠎ᠡ ᠳᠤ ᠪᠠᠶᠢᠷᠢᠯᠠᠵᠤ᠂ ᠪᠠᠷᠠᠭᠤᠨ ᠯᠢᠶᠣᠤᠾᠧ ᠭᠤᠣᠯ ᠤᠨ | ᠤᠰᠤᠨ ᠰᠢᠰᠲ᠋ᠧᠮ ᠤᠨ ᠳᠡᠭᠡᠳᠦ ᠤᠷᠤᠰᠬᠠᠯ ᠳᠤ ᠣᠷᠣᠰᠢᠵᠤ ᠪᠠᠶᠢᠳᠠᠭ᠃ ᠵᠡᠭᠦᠨ ᠦᠵᠦᠭᠦᠷ ᠨᠢ ᠬᠠᠷᠠᠲᠤᠬᠤᠢ ᠪᠠᠯᠭᠠᠰᠤᠨ ᠤ ᠯᠠᠩ ᠵᠢᠶᠦ᠋ᠨ ᠬᠠᠷ᠎ᠠ ᠠᠭᠤᠯᠠᠨ ᠠᠴᠠ | ᠵᠡᠭᠦᠨᠰᠢ 4.5 ᠺᠢᠯᠣᠮᠧᠲᠷ ᠤᠨ ᠯᠤᠤᠬ᠎ᠠ ᠶᠢᠨ ᠭᠤᠣᠯ ᠤᠨ ᠵᠡᠭᠦᠨ ᠡᠷᠭᠢ᠂ ᠪᠠᠷᠠᠭᠤᠨ ᠦᠵᠦᠭᠦᠷ ᠨᠢ ᠳ᠋ᠡ ᠭᠤᠸᠠᠩ ᠳ᠋ᠢᠩ ᠽᠢ ᠠᠭᠤᠯᠠ᠂ ᠡᠮᠦᠨ᠎ᠡ ᠦᠵᠦᠭᠦᠷ ᠨᠢ | ᠬᠠᠭᠤᠴᠢᠨ ᠬᠤᠷᠤᠭ᠎ᠠ ᠪᠠᠯᠭᠠᠰᠤᠨ ᠤ ᠶᠠᠩ ᠱᠤ᠋ ᠸᠠᠨ ᠽᠢ ᠲᠣᠰᠬᠤᠨ ᠤ ᠡᠮᠦᠨ᠎ᠡ ᠪᠡᠶ᠎ᠡ᠂ ᠬᠤᠶᠢᠲᠤ ᠦᠵᠦᠭᠦᠷ ᠨᠢ ᠬᠠᠷᠠᠲᠤᠬᠤᠢ ᠪᠠᠯᠭᠠᠰᠤᠨ ᠤ ᠲᠤᠤ ᠤᠤᠢ | ᠶᠢᠩᠽᠢ ᠶᠢᠨ ᠪᠸᠢ ᠱᠢ ᠮᠧᠨ ᠭᠤᠤ ᠪᠠᠶᠢᠵᠤ᠂ ᠵᠡᠭᠦᠨᠰᠢ ᠪᠠᠷᠠᠭᠤᠨᠰᠢ ᠬᠠᠮᠤᠭ ᠣᠷᠳᠣ ᠨᠢ 152.5 ᠺᠢᠯᠣᠮᠧᠲᠷ᠂ ᠡᠮᠦᠨᠡᠰᠢ ᠤᠮᠠᠷᠠᠰᠢ ᠬᠠᠮᠤᠭ ᠥᠷᠭᠡᠨ ᠨᠢ 77 | ᠺᠢᠯᠣᠮᠧᠲᠷ ᠪᠠᠶᠢᠳᠠᠭ᠃ ᠵᠡᠭᠦᠨ ᠲᠠᠯ᠎ᠠ ᠪᠠᠷ ᠢᠶᠠᠨ ᠠᠤᠬᠠᠨ ᠬᠤᠰᠢᠭᠤ ᠲᠠᠢ ᠨᠢᠭᠤᠷᠯᠠᠵᠤ᠂ ᠡᠮᠦᠨ᠎ᠡ ᠲᠠᠯ᠎ᠠ ᠪᠠᠷ ᠢᠶᠠᠨ ᠬᠠᠷᠠᠴᠢᠨ ᠬᠤᠰᠢᠭᠤ᠂ ᠬᠤᠩᠱᠠᠨ ᠲᠣᠭᠤᠷᠢᠭ᠂ | ᠶᠤᠸᠠᠨ ᠪᠦᠦ ᠱᠠᠨ ᠲᠤᠭᠤᠷᠢᠭ ᠲᠠᠢ ᠵᠠᠬ᠎ᠠ ᠨᠡᠶᠢᠯᠡᠵᠦ᠂ ᠪᠠᠷᠠᠭᠤᠨ ᠲᠠᠯ᠎ᠠ ᠪᠠᠷ ᠢᠶᠠᠨ ᠡᠾᠧᠪᠸᠢ ᠮᠤᠵᠢ ᠶᠢᠨ ᠸᠧᠶ ᠴᠠᠩ ᠰᠢᠶᠠᠨ ᠲᠠᠢ ᠬᠥᠷᠰᠢᠯᠡᠵᠦ᠂ ᠪᠠᠷᠠᠭᠤᠨ | ᠬᠤᠶᠢᠲᠤ ᠲᠠᠯ᠎ᠠ ᠪᠠᠷ ᠢᠶᠠᠨ ᠬᠡᠰᠢᠭᠲᠡᠨ ᠬᠤᠰᠢᠭᠤ ᠲᠠᠢ ᠵᠠᠬ᠎ᠠ ᠨᠡᠶᠢᠯᠡᠵᠦ᠂ ᠬᠤᠶᠢᠲᠤ ᠲᠠᠯ᠎ᠠ ᠪᠠᠷ ᠢᠶᠠᠨ ᠣᠩᠨᠢᠭᠤᠳ ᠬᠤᠰᠢᠭᠤ ᠲᠠᠢ ᠵᠠᠯᠭᠠᠯᠳᠤᠵᠤ ᠪᠠᠶᠢᠨ᠎ᠠ᠃ | ᠭᠠᠵᠠᠷ ᠤᠨ ᠲᠥᠷᠬᠦ᠄ | ᠰᠦᠩᠱᠠᠨ ᠲᠣᠭᠤᠷᠢᠭ ᠤᠨ ᠭᠠᠵᠠᠷ ᠤᠨ ᠪᠠᠶᠢᠴᠠ ᠨᠢ ᠪᠠᠷᠠᠭᠤᠨ ᠢᠶᠠᠨ ᠥᠨᠳᠥᠷ ᠵᠡᠭᠦᠨ ᠢᠶᠠᠨ ᠳᠣᠣᠷ᠎ᠠ ᠪᠠᠶᠢᠵᠤ᠂ ᠭᠤᠣᠯ ᠮᠥᠷᠡᠨ ᠨᠢ ᠦᠨᠳᠦᠰᠦᠨ ᠳᠡᠭᠡᠨ | ᠪᠠᠶᠢᠭᠠᠯᠢ ᠶᠢᠨ ᠭᠠᠵᠠᠷ ᠤᠨ ᠪᠠᠶᠢᠴᠠ ᠶᠢ ᠳᠠᠭᠠᠵᠤ ᠪᠠᠷᠠᠭᠤᠨ ᠠᠴᠠ ᠵᠡᠭᠦᠨᠰᠢ ᠣᠷᠣᠰᠴᠤ᠂ ᠯᠤᠤᠬ᠎ᠠ ᠶᠢᠨ ᠭᠤᠣᠯ ᠳᠤ ᠤᠷᠤᠰᠤᠨ ᠣᠷᠣᠨ᠎ᠠ᠃ ᠬᠠᠮᠤᠭ ᠥᠨᠳᠥᠷ | ᠴᠡᠭ ᠨᠢ ᠰᠦᠩᠱᠠᠨ ᠲᠣᠭᠤᠷᠢᠭ᠂ ᠬᠡᠰᠢᠭᠲᠡᠨ ᠬᠤᠰᠢᠭᠤ ᠪᠠ ᠸᠧᠶ ᠴᠠᠩ ᠰᠢᠶᠠᠨ ᠤ ᠬᠤᠭᠤᠷᠣᠨᠳᠣᠬᠢ ᠳ᠋ᠠ ᠭᠤᠸᠠᠩ ᠳ᠋ᠢᠩ ᠽᠢ ᠠᠭᠤᠯᠠ ᠪᠠᠶᠢᠵᠤ᠂ ᠳᠠᠯᠠᠶ ᠶᠢᠨ | ᠲᠦᠪᠰᠢᠨ ᠠᠴᠠ 2067 ᠮᠧᠲᠷ ᠡᠷᠭᠦᠭᠳᠡᠵᠦ᠂ ᠬᠠᠮᠤᠭ ᠳᠣᠣᠷ᠎ᠠ ᠭᠠᠵᠠᠷ ᠨᠢ ᠶᠠᠩ ᠴᠠᠩ ᠽᠢ ᠭᠤᠣᠯ ᠪᠣᠯᠤᠨ ᠯᠤᠤᠬ᠎ᠠ ᠶᠢᠨ ᠭᠤᠣᠯ ᠤᠨ ᠤᠷᠤᠰᠬᠠᠯ ᠨᠡᠶᠢᠯᠡᠵᠦ | ᠪᠠᠶᠢᠭ᠎ᠠ ᠪᠥᠸᠧ ᠯᠦᠸᠧ ᠾᠧ ᠱᠦᠸᠧ ᠣᠷᠣᠨ ᠪᠠᠶᠢᠵᠤ᠂ ᠳᠠᠯᠠᠶ ᠶᠢᠨ ᠲᠦᠪᠰᠢᠨ ᠠᠴᠠ 440 ᠮᠧᠲᠷ ᠣᠷᠴᠢᠮ ᠡᠷᠭᠦᠭᠳᠡᠭᠰᠡᠨ ᠪᠠᠶᠢᠨ᠎ᠠ᠃ ᠬᠠᠷᠢᠴᠠᠩᠭᠤᠶ | ᠥᠨᠳᠥᠷ ᠤᠨ ᠵᠥᠷᠢᠶ᠎ᠡ ᠨᠢ 1627 ᠮᠧᠲᠷ ᠪᠠᠶᠢᠵᠤ᠂ ᠳᠤᠮᠳᠠᠴᠢ ᠪᠠᠷ ᠳᠠᠯᠠᠶ ᠶᠢᠨ ᠲᠦᠪᠰᠢᠨ ᠠᠴᠠ 500 ~ 700 ᠮᠧᠲᠷ ᠡᠷᠭᠦᠭᠳᠡᠭᠰᠡᠨ ᠪᠠᠶᠢᠨ᠎ᠠ᠃ ᠪᠦᠬᠦ | ᠬᠢᠯᠢ ᠶᠢᠨ ᠲᠤᠳᠤᠷ᠎ᠠ ᠳᠠᠯᠠᠶ ᠶᠢᠨ ᠲᠦᠪᠰᠢᠨ ᠠᠴᠠ 1000 ᠮᠧᠲᠷ ᠠᠴᠠ ᠳᠡᠭᠡᠭᠰᠢ ᠡᠷᠭᠦᠭᠳᠡᠭᠰᠡᠨ ᠠᠭᠤᠯᠠᠨ ᠣᠷᠭᠢᠯ 81 ᠪᠠᠶᠢᠵᠤ᠂ ᠡᠭᠦᠨ ᠤ ᠳᠣᠲᠣᠷ᠎ᠠ 1500 | ᠮᠧᠲᠷ ᠠᠴᠠ ᠳᠡᠭᠡᠭᠰᠢ ᠨᠢ 15 ᠪᠤᠶ᠃ | ᠬᠥᠷᠥᠰᠥ ᠰᠢᠷᠣᠶ᠄ | ᠪᠥᠬᠦ ᠲᠤᠭᠤᠷᠢᠭ ᠤᠨ ᠶᠡᠷᠦᠩᠬᠡᠶ ᠲᠠᠯᠠᠪᠠᠶ 842.7 ᠲᠦᠮᠡᠨ ᠮᠥ ᠪᠠᠶᠢᠵᠤ᠂ ᠲᠠᠷᠢᠶᠠᠯᠠᠬᠤ ᠳᠤ ᠳᠣᠭᠢᠷᠠᠬᠤ ᠭᠠᠵᠠᠷ ᠨᠢ ᠪᠥᠬᠦ ᠲᠠᠯᠠᠪᠠᠶ ᠶᠢᠨ 22.8% ᠶᠢ | ᠡᠵᠡᠯᠡᠵᠦ᠂ ᠮᠠᠯᠵᠢᠬᠤ ᠳᠤ ᠳᠣᠭᠢᠷᠠᠬᠤ ᠭᠠᠵᠠᠷ ᠨᠢ ᠪᠥᠬᠦ ᠲᠠᠯᠠᠪᠠᠶ ᠶᠢᠨ 30.3% ᠶᠢ ᠡᠵᠡᠯᠡᠨ᠎ᠡ᠃ ᠪᠥᠬᠦ ᠲᠤᠭᠤᠷᠢᠭ ᠤᠨ ᠬᠥᠷᠥᠰᠥ ᠰᠢᠷᠣᠶ ᠨᠡᠶᠢᠲᠡ 7 ᠲᠥᠷᠥᠯ | ᠬᠡᠯᠪᠡᠷᠢ ᠲᠠᠢ ᠪᠠᠶᠢᠵᠤ᠂ ᠤᠯᠠᠪᠤᠷ ᠬᠥᠷᠥᠰᠥᠨ ᠤ ᠲᠠᠯᠠᠪᠠᠶ ᠨᠢ 160.6 ᠲᠦᠮᠡᠨ ᠮᠥ ᠪᠠᠶᠢᠵᠤ᠂ ᠶᠡᠷᠦᠩᠬᠡᠶ ᠲᠠᠯᠠᠪᠠᠶ ᠶᠢᠨ 19.1% ᠶᠢ ᠡᠵᠡᠯᠡᠨ᠎ᠡ︔ ᠬᠦᠷᠡᠩ | ᠰᠢᠷᠣᠶ 326.9 ᠲᠦᠮᠡᠨ ᠮᠥ ᠪᠠᠶᠢᠵᠤ᠂ ᠶᠡᠷᠦᠩᠬᠡᠶ ᠲᠠᠯᠠᠪᠠᠶ ᠶᠢᠨ 38.8% ᠶᠢ ᠡᠵᠡᠯᠡᠨ᠎ᠡ︔ ᠰᠢᠷ᠎ᠠ ᠬᠥᠪᠰᠥᠭᠡᠷ ᠰᠢᠷᠣᠶ 249.2 ᠲᠦᠮᠡᠨ ᠮᠥ ᠪᠠᠶᠢᠵᠤ᠂ | ᠶᠡᠷᠦᠩᠬᠡᠶ ᠲᠠᠯᠠᠪᠠᠶ ᠶᠢᠨ 29.6% ᠶᠢ ᠡᠵᠡᠯᠡᠨ᠎ᠡ︔ ᠡᠯᠡᠰᠦᠨ ᠰᠢᠭᠤᠷᠭᠠᠲᠤ ᠬᠥᠷᠥᠰᠥ 18.2 ᠲᠦᠮᠡᠨ ᠮᠥ ᠪᠠᠶᠢᠵᠤ᠂ ᠶᠡᠷᠦᠩᠬᠡᠶ ᠲᠠᠯᠠᠪᠠᠶ ᠶᠢᠨ 2.2% ᠢ | ᠡᠵᠡᠯᠡᠨ᠎ᠡ︔ ᠨᠤᠭᠤ ᠶᠢᠨ ᠬᠥᠷᠥᠰᠥ 15.6 ᠲᠦᠮᠡᠨ ᠮᠥ ᠪᠠᠶᠢᠵᠤ᠂ ᠶᠡᠷᠦᠩᠬᠡᠶ ᠲᠠᠯᠠᠪᠠᠶ ᠶᠢᠨ 1.9% ᠶᠢ ᠡᠵᠡᠯᠡᠨ᠎ᠡ︔ ᠬᠠᠷ᠎ᠠ ᠺᠠᠯᠽᠳᠤ ᠬᠥᠷᠥᠰᠥ 26.1 | ᠲᠦᠮᠡᠨ ᠮᠥ ᠪᠠᠶᠢᠵᠤ᠂ ᠶᠡᠷᠦᠩᠬᠡᠶ ᠲᠠᠯᠠᠪᠠᠶ ᠶᠢᠨ 3.1% ᠶᠢ ᠡᠵᠡᠯᠡᠨ᠎ᠡ︔ ᠬᠠᠷ᠎ᠠ ᠬᠥᠷᠥᠰᠥᠲᠦ ᠰᠢᠷᠣᠶ 21.1 ᠲᠦᠮᠡᠨ ᠮᠥ ᠪᠠᠶᠢᠵᠤ᠂ ᠶᠡᠷᠦᠩᠬᠡᠶ ᠲᠠᠯᠠᠪᠠᠶ ᠶᠢᠨ | 2.5% ᠶᠢ ᠡᠵᠡᠯᠡᠨ᠎ᠡ᠃ | ᠤᠷᠭᠤᠮᠠᠯ ᠤᠨ ᠬᠤᠴᠢᠯᠭ᠎ᠠ ᠄ | ᠰᠦᠩᠱᠠᠨ ᠲᠣᠭᠤᠷᠢᠭ ᠰᠤᠩᠭᠠᠷᠢ ᠮᠥᠷᠡᠨ ᠬᠢᠭᠡᠳ ᠯᠢᠶᠣᠤᠾᠧ ᠭᠤᠣᠯ ᠤᠨ ᠲᠠᠯ᠎ᠠ ᠭᠠᠵᠠᠷ᠂ ᠥᠪᠥᠷ ᠮᠣᠩᠭᠤᠯ ᠤᠨ ᠥᠨᠳᠦᠷᠯᠢᠭ ᠤᠨ ᠳᠤᠮᠳᠠ ᠬᠡᠰᠡᠭ ᠲᠤ | ᠣᠷᠣᠰᠢᠵᠤ᠂ ᠤᠮᠠᠷᠠᠲᠤ ᠣᠷᠣᠨ ᠤ ᠤᠷᠭᠤᠮᠠᠯ ᠤᠨ ᠣᠷᠣᠨ ᠤ ᠰᠢᠰᠲ᠋ᠧᠮ ᠬᠢᠭᠡᠳ ᠵᠡᠭᠦᠨ ᠬᠤᠶᠢᠲᠤ ᠶᠢᠨ ᠤᠷᠭᠤᠮᠠᠯ ᠤᠨ ᠣᠷᠣᠨ ᠤ ᠰᠢᠰᠲ᠋ᠧᠮ ᠤᠨ ᠠᠭᠤᠯᠵᠠᠷ ᠲᠤ | ᠬᠠᠷᠢᠶᠠᠯᠠᠭᠳᠠᠵᠤ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠤ ᠤᠷᠭᠤᠮᠠᠯ ᠪᠦᠷ ᠪᠠᠶᠢᠳᠠᠭ᠃ ᠪᠠᠷᠠᠭᠤᠨ ᠬᠡᠰᠡᠭ ᠤᠨ ᠠᠭᠤᠯᠠᠷᠬᠠᠭ ᠣᠷᠣᠨ ᠳᠤ ᠣᠶ ᠰᠢᠭᠤᠶ | ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠲᠠᠷᠬᠠᠵᠤ᠂ ᠳᠤᠮᠳᠠ ᠵᠡᠭᠦᠨ ᠬᠡᠰᠡᠭ ᠤᠨ ᠪᠣᠭᠤᠨᠢ ᠠᠭᠤᠯᠠ ᠳᠣᠪᠣᠷᠬᠠᠭ ᠣᠷᠣᠨ ᠳᠤ ᠭᠠᠩ ᠬᠠᠭᠤᠷᠠᠶ ᠬᠡᠭᠡᠷ᠎ᠡ | ᠲᠠᠯ᠎ᠠ ᠶᠢᠨ ᠤᠷᠭᠤᠮᠠᠯ ᠤᠨ ᠬᠤᠴᠢᠯᠭ᠎ᠠ ᠲᠠᠷᠬᠠᠵᠤ ᠪᠠᠶᠢᠳᠠᠭ᠃ | ᠬᠥᠮᠦᠨ ᠠᠮᠠ᠄ | 2020 ᠣᠨ ᠤ ᠡᠴᠦᠰ ᠲᠤ᠂ ᠪᠥᠬᠦ ᠲᠤᠭᠤᠷᠢᠭ ᠤᠨ ᠡᠷᠦᠬᠡ ᠠᠮᠠ ᠶᠢᠨ ᠲᠠᠩᠰᠠ ᠲᠠᠢ ᠬᠥᠮᠦᠨ ᠠᠮᠠ 246758 ᠡᠷᠦᠬᠡ᠂ 611014 ᠬᠥᠮᠦᠨ | ᠪᠠᠶᠢᠵᠤ᠂ ᠡᠭᠦᠨ ᠳᠤ ᠡᠷᠡᠭᠲᠡᠶ 314678 ᠬᠥᠮᠦᠨ᠂ ᠡᠮᠡᠭᠲᠡᠶ 296336 ᠬᠥᠮᠦᠨ ᠪᠣᠶ︔ ᠬᠥᠳᠡᠭᠡ ᠲᠣᠰᠬᠤᠨ ᠤ ᠬᠥᠮᠦᠨ ᠠᠮᠠ 394461᠂ ᠬᠤᠲᠠ | ᠪᠠᠯᠭᠠᠰᠤ ᠶᠢᠨ ᠬᠦᠮᠦᠨ ᠠᠮᠠ 216553 ᠪᠠᠶᠢᠵᠤ᠂ ᠰᠢᠨ᠎ᠡ ᠪᠠᠷ 6637 ᠬᠥᠮᠦᠨ ᠳᠦᠷᠦᠵᠦ᠂ ᠬᠥᠮᠦᠨ ᠠᠮᠠ ᠶᠢᠨ ᠲᠥᠷᠥᠯᠲᠡ ᠶᠢᠨ ᠨᠣᠷᠮ᠎ᠠ 10.9‰ | ᠪᠠᠶᠢᠵᠤ᠂ 7496 ᠬᠥᠮᠦᠨ ᠥᠭᠦᠵᠦ᠂ ᠥᠭᠦᠭᠰᠡᠨ ᠨᠣᠷᠮ᠎ᠠ 12.3‰ ᠪᠠᠶᠢᠵᠤ᠂ ᠠᠶᠠᠨᠳᠠᠭᠠᠨ ᠨᠡᠮᠡᠭᠳᠡᠬᠦ ᠨᠣᠷᠮ᠎ᠠ -1.4‰ ︵2020 ᠣᠨ ᠳᠤ ᠰᠦᠩᠱᠠᠨ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠡᠷᠦᠬᠡ ᠠᠮᠠ ᠶᠢᠨ ᠲᠠᠩᠰᠠ ᠶᠢ ᠴᠡᠭᠴᠡᠯᠡᠭᠰᠡᠨ ᠲᠤᠯᠠ ᠥᠭᠦᠭᠰᠡᠨ ᠬᠥᠮᠦᠨ ᠠᠮᠠ ᠶᠢᠨ ᠲᠤᠭ᠎ᠠ | ᠥᠩᠭᠡᠷᠡᠭᠰᠡᠨ ᠵᠢᠯ ᠤᠳ ᠤᠨ ᠬᠢ ᠠᠴᠠ ᠥᠨᠳᠥᠷ ᠪᠣᠯᠵᠣ᠂ ᠬᠥᠮᠦᠨ ᠠᠮᠠ ᠶᠢᠨ ᠲᠤᠭ᠎ᠠ ᠶᠢ ᠰᠥᠭᠡᠷᠭᠦ ᠨᠡᠮᠡᠭᠳᠡᠯ ᠲᠠᠢ ᠪᠣᠯᠭᠠᠪᠠ︶︔ 12794 ᠬᠥᠮᠦᠨ ᠨᠡᠭᠦᠨ | ᠢᠷᠡᠵᠦ᠂ 8772 ᠬᠦᠮᠦᠨ ᠨᠡᠭᠦᠨ ᠶᠠᠪᠤᠪᠠ᠃ | ᠦᠨᠳᠦᠰᠦᠲᠡᠨ᠄ | 2020 ᠣᠨ ᠤ ᠵᠢᠯ ᠤᠨ ᠡᠴᠦᠰ ᠲᠤ᠂ ᠡᠷᠦᠬᠡ ᠠᠮᠠ ᠶᠢᠨ ᠲᠠᠩᠰᠠ ᠲᠠᠢ ᠬᠥᠮᠦᠨ ᠠᠮᠠ ᠶᠢ ᠦᠨᠳᠦᠰᠦᠯᠡᠪᠡᠯ᠂ ᠪᠥᠬᠦ ᠲᠤᠭᠤᠷᠢᠭ ᠲᠤ ᠬᠢᠲᠠᠳ | ᠦᠨᠳᠦᠰᠦᠲᠡᠨ 422699 ᠬᠥᠮᠦᠨ ᠪᠠᠶᠢᠵᠤ᠂ 26 ᠴᠥᠭᠡᠨ ᠲᠣᠭᠠᠲᠤ ᠦᠨᠳᠦᠰᠦᠲᠡᠨ ᠪᠠᠶᠢᠵᠤ᠂ 188315 ᠬᠥᠮᠦᠨ ᠠᠮᠠ ᠪᠤᠢ᠃ ᠡᠭᠦᠨ ᠳᠤ ᠮᠣᠩᠭᠤᠯ | ᠦᠨᠳᠦᠰᠦᠲᠡᠨ 138801 ᠬᠥᠮᠦᠨ᠂ ᠬᠤᠲᠣᠩ ᠦᠨᠳᠦᠰᠦᠲᠡᠨ 4068 ᠬᠥᠮᠦᠨ᠂ ᠮᠠᠨᠵᠤ ᠦᠨᠳᠦᠰᠦᠲᠡᠨ 44569 ᠬᠥᠮᠦᠨ᠂ ᠰᠣᠯᠣᠩᠭᠤᠰ ᠦᠨᠳᠦᠰᠦᠲᠡᠨ | 212 ᠬᠥᠮᠦᠨ᠂ ᠳᠠᠭᠤᠷ ᠦᠨᠳᠦᠰᠦᠲᠡᠨ 109 ᠬᠥᠮᠦᠨ᠂ ᠡᠸᠡᠩᠬᠢ ᠦᠨᠳᠦᠰᠦᠲᠡᠨ 20 ᠬᠥᠮᠦᠨ᠂ ᠣᠷᠴᠣᠨ ᠦᠨᠳᠦᠰᠦᠲᠡᠨ 22 ᠬᠥᠮᠦᠨ᠂ ᠵᠤᠸᠠᠩ | ᠦᠨᠳᠦᠰᠦᠲᠡᠨ 73 ᠬᠥᠮᠦᠨ᠂ ᠲᠥᠪᠡᠳ ᠦᠨᠳᠦᠰᠦᠲᠡᠨ 13 ᠬᠥᠮᠦᠨ᠂ ᠰᠢᠪᠡᠭᠡ ᠦᠨᠳᠦᠰᠦᠲᠡᠨ 53 ᠬᠥᠮᠦᠨ᠂ ᠢ ᠦᠨᠳᠦᠰᠦᠲᠡᠨ 21 ᠬᠥᠮᠦᠨ᠂ ᠲᠦᠵᠢᠶᠠ | ᠦᠨᠳᠦᠰᠦᠲᠡᠨ 69 ᠬᠥᠮᠦᠨ᠂ ᠮᠢᠶᠣᠣ ᠦᠨᠳᠦᠰᠦᠲᠡᠨ 72 ᠬᠥᠮᠦᠨ᠂ ᠤᠶᠢᠭᠤᠷ ᠦᠨᠳᠦᠰᠦᠲᠡᠨ 1 ᠬᠥᠮᠦᠨ᠂ ᠪᠤᠰᠤᠳ ᠴᠥᠭᠡᠨ ᠲᠣᠭᠠᠲᠤ ᠦᠨᠳᠦᠰᠦᠲᠡᠨ | 212 ᠬᠥᠮᠦᠨ ᠪᠤᠢ᠃ | ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ᠄ | ᠰᠦᠩᠱᠠᠨ ᠲᠣᠭᠤᠷᠢᠭ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠠᠶᠢᠵᠤ᠂ ᠪᠦᠬᠦ ᠬᠤᠳᠠ ᠶᠢᠨ ᠤᠯᠤᠰ ᠲᠦᠷᠦ᠂ | ᠰᠣᠶᠣᠯ ᠤᠨ ᠲᠥᠪ ᠪᠣᠯᠤᠨ᠎ᠠ᠃ ᠪᠥᠬᠦ ᠲᠤᠭᠤᠷᠢᠭ ᠲᠤ 9 ᠪᠠᠯᠭᠠᠰᠤ 5 ᠰᠢᠶᠠᠩ᠂ 7 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 244 ᠵᠠᠰᠠᠭ | ᠵᠠᠬᠢᠷᠭᠠᠨ ᠤ ᠲᠣᠰᠬᠤᠨ᠂ 44 ᠬᠤᠲᠠ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ 3 ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠵᠥᠪᠯᠡᠯ ᠪᠤᠢ᠃ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠷᠬᠢᠯᠡᠬᠦ ᠭᠠᠵᠠᠷ ᠤᠨ ᠪᠠᠶᠢᠭᠤᠯᠤᠮᠵᠢ ᠨᠢ ᠪᠣᠳᠠᠲᠠᠶ ᠪᠠᠷ᠄ ᠮᠦ ᠵᠢᠶᠠ ᠶᠢᠩᠽᠢ | ᠪᠠᠯᠭᠠᠰᠤ᠂ ᠬᠠᠭᠤᠴᠢᠨ ᠬᠤᠷᠤᠭ᠎ᠠ ᠪᠠᠯᠭᠠᠰᠤ᠂ ᠴᠢᠳᠬᠤᠯᠠᠩ ᠪᠠᠯᠭᠠᠰᠤ᠂ ᠲᠠᠢ ᠫᠢᠩ ᠳ᠋ᠢ ᠪᠠᠯᠭᠠᠰᠤ᠂ ᠸᠠᠩ ᠤᠨ ᠬᠤᠷᠤᠭ᠎ᠠ ᠪᠠᠯᠭᠠᠰᠤ᠂ ᠳ᠋ᠠ ᠮᠢᠶᠣᠣ ᠪᠠᠯᠭᠠᠰᠤ᠂ | ᠠᠩᠴᠢᠨ ᠪᠠᠯᠭᠠᠰᠤ᠂ ᠬᠠᠷᠠᠲᠤᠬᠤᠢ ᠪᠠᠯᠭᠠᠰᠤ᠂ ᠱᠠᠩ ᠭᠤᠸᠠᠨ ᠳ᠋ᠢ ᠪᠠᠯᠭᠠᠰᠤ᠂ ᠰᠢᠶᠠ ᠵᠢᠶᠠ ᠳ᠋ᠢᠶᠠᠨ ᠰᠢᠶᠠᠩ᠂ ᠳ᠋ᠠᠩ ᠫᠦ᠋ ᠳ᠋ᠢ ᠶᠢᠨ ᠮᠠᠨᠵᠤ ᠦᠨᠳᠦᠰᠦᠲᠡᠨ ᠤ | ᠰᠢᠶᠠᠩ᠂ ᠭᠠᠩᠽᠢ ᠰᠢᠶᠠᠩ᠂ ᠴᠧᠩᠽᠢ ᠰᠢᠶᠠᠩ᠂ ᠳ᠋ᠠᠢ ᠹᠦ᠋ ᠶᠢᠩᠽᠢ ᠰᠢᠶᠠᠩ᠂ ᠰᠢᠶᠠᠩ ᠶᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠧᠨ ᠰᠢᠩ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠦᠩᠵᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠢᠶᠧ ᠳ᠋ᠦᠩ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠬᠢᠩᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠢᠦᠢ ᠯᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠴᠢᠤᠸᠠᠨ ᠨᠢᠩ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠯᠤᠨ᠎ᠠ᠃ | | |