ᠶᠤᠸᠠᠨ ᠪᠣᠣ ᠱᠠᠨ ᠲᠣᠭᠤᠷᠢᠭ
ᠨᠡᠶᠢᠲᠡᠯᠡᠭᠰᠡᠨ ᠴᠠᠭ᠄
2021/11/25
      ᠶᠤᠸᠠᠨ ᠪᠦᠦ ᠱᠠᠨ ᠲᠣᠭᠤᠷᠢᠭ ᠪᠣᠯ ᠤᠯᠠᠭᠠᠨᠬᠠᠳᠠ ᠬᠤᠳᠠ ᠶᠢᠨ ᠬᠠᠷᠢᠶᠠᠨ ᠳᠠᠬᠢ ᠭᠤᠷᠪᠠᠨ ᠲᠣᠭᠤᠷᠢᠭ ᠤᠨ ᠨᠢᠭᠡ ᠪᠣᠯᠤᠨ᠎ᠠ᠂ ᠤᠯᠠᠭᠠᠨᠬᠠᠳᠠ ᠬᠤᠳᠠ ᠶᠢᠨ ᠵᠡᠭᠦᠨ ᠡᠮᠦᠨ᠎ᠡ ᠳᠤ ᠪᠠᠶᠢᠷᠢᠯᠠᠵᠤ᠂ ᠬᠤᠳᠠ ᠶᠢᠨ ᠭᠤᠣᠯ ᠬᠤᠳᠠ ᠲᠣᠭᠤᠷᠢᠭ ᠠᠴᠠ 45 ᠺᠢᠯᠣᠮᠧᠲᠷ ᠵᠠᠶᠢᠲᠠᠢ᠂ ᠥᠪᠥᠷ ᠮᠣᠩᠭᠤᠯ ᠡᡁᠧᠪᠸᠢ ᠯᠢᠶᠣᠤᠨᠢᠩ ᠭᠤᠷᠪᠠᠨ ᠮᠤᠵᠢ ᠣᠷᠣᠨ ᠤ ᠠᠭᠤᠯᠵᠠᠷ ᠭᠠᠵᠠᠷ ᠪᠣᠯᠤᠨ ᠵᠡᠭᠦᠨ ᠬᠤᠶᠢᠲᠤ ᠤᠮᠠᠷᠠᠲᠤ ᠣᠷᠣᠨ ᠤ ᠠᠵᠤ ᠠᠬᠤᠢ ᠶᠢᠨ ᠣᠷᠣᠨ ᠤ ᠠᠭᠤᠯᠵᠠᠷ ᠬᠡᠰᠡᠭ ᠲᠤ ᠪᠠᠶᠢᠷᠢᠯᠠᠨ᠎ᠠ᠃ ᠶᠡᠷᠦᠩᠬᠡᠶ ᠲᠠᠯᠠᠪᠠᠶ ᠨᠢ 952.14 ᠲᠡᠭᠰᠢ ᠳᠥᠷᠪᠡᠯᠵᠢᠨ ᠺᠢᠯᠣᠮᠧᠲᠷ᠂ 5 ᠪᠠᠯᠭᠠᠰᠤ 1 ᠰᠢᠶᠠᠩ 6 ᠵᠡᠭᠡᠯᠢ ᠶᠢ ᠬᠠᠷᠢᠶᠠᠯᠠᠨ᠎ᠠ᠃       ᠶᠤᠸᠠᠨ ᠪᠦᠦ ᠱᠠᠨ ᠲᠣᠭᠤᠷᠢᠭ ᠪᠣᠯ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠭᠠᠵᠠᠷ ᠪᠠᠶᠢᠵᠤ᠂ ᠪᠥᠬᠦ ᠲᠣᠭᠤᠷᠢᠭ ᠲᠤ ᠨᠡᠶᠢᠲᠡ 21 ᠳ᠋ᠦᠩᠰᠢᠭᠤᠷ ᠲᠣᠨ ᠨᠡᠭᠦᠷᠡᠰᠦᠨ ᠤ ᠬᠠᠳᠠᠭᠠᠯᠠᠭᠳᠠᠴᠠ ᠶᠢ ᠬᠠᠶᠢᠨ ᠳᠣᠲᠣᠯᠠᠵᠤ᠂ ᠡᠭᠦᠨ ᠳᠤ ᠮᠠᠯᠲᠠᠵᠤ ᠪᠣᠯᠬᠤ ᠬᠠᠳᠠᠭᠠᠯᠠᠭᠳᠠᠴᠠ ᠶᠢᠨ ᠬᠡᠮᠵᠢᠶ᠎ᠡ ᠨᠢ 17 ᠳ᠋ᠦᠩᠰᠢᠭᠤᠷ ᠲᠣᠨ᠂ ᠨᠡᠭᠦᠷᠡᠰᠦᠨ ᠤ ᠵᠢᠯ ᠤᠨ ᠭᠠᠷᠤᠯᠲᠠ 3300 ᠲᠦᠮᠡᠨ ᠲᠣᠨ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 80 ᠳ᠋ᠦᠩᠰᠢᠭᠤᠷ ᠭᠷᠠᠳᠦ᠋ᠰ ᠲᠤ ᠬᠦᠷᠴᠡᠶ᠃ ᠲᠣᠭᠤᠷᠢᠭ ᠲᠤ ᠵᠢᠯ ᠳᠤ 2500 ᠲᠦᠮᠡᠨ ᠲᠣᠨ ᠦᠢᠯᠡᠳᠪᠦᠷᠢᠯᠡᠬᠦ ᠴᠢᠳᠠᠪᠤᠷᠢ ᠲᠠᠢ ᠤᠯᠤᠰ ᠤᠨ ᠴᠠᠬᠢᠯᠭᠠᠨ ᠤ ᠫᠢᠩᠵᠤᠸᠠᠩ ᠨᠡᠭᠦᠷᠡᠰᠦᠨ ᠤ ᠦᠢᠯᠡᠰ ᠤᠨ ︵ᠪᠦᠯᠦᠭᠯᠡᠯ︶ ᠺᠣᠮᠫᠠᠨᠢ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 180 ᠲᠦᠮᠡᠨ ᠺᠢᠯᠣᠸᠠᠲ ᠤᠨ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠶᠢᠨ᠎ᠠ᠃       ᠶᠤᠸᠠᠨ ᠪᠦᠦ ᠱᠠᠨ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠪᠠᠶᠢᠵᠤ᠂ ᠪᠡᠭᠡᠵᠢᠩ᠂ ᠲᠢᠶᠠᠨᠵᠢᠨ᠂ ᠴᠢᠨ ᠬᠤᠸᠠᠩ ᠳ᠋ᠤᠤ᠂ ᠳ᠋ᠠᠯᠢᠶᠠᠨ᠂ ᠮᠦᠭᠳᠡᠨ ᠵᠡᠷᠭᠡ ᠪᠦᠸᠧᠬᠠᠶ ᠲᠠᠩᠭᠢᠰ ᠢ ᠲᠣᠭᠤᠷᠢᠭᠰᠠᠨ ᠲᠥᠪ ᠬᠤᠲᠠ ᠠᠴᠠ 500 ᠺᠢᠯᠣᠮᠧᠲᠷ ᠤᠨ ᠠᠵᠤ ᠠᠬᠤᠶ ᠶᠢᠨ ᠲᠣᠭᠤᠷᠢᠭ ᠤᠨ ᠳᠣᠲᠣᠷ᠎ᠠ ᠪᠠᠶᠢᠵᠤ᠂ ᠵᠢᠨᠵᠧᠦ ᠭᠠᠷᠠᠮ ᠠᠴᠠ 210 ᠺᠢᠯᠣᠮᠧᠲᠷ ᠵᠠᠶᠢᠲᠠᠶ᠂ ᠥᠪᠥᠷ ᠮᠣᠩᠭᠤᠯ ᠤᠨ ᠬᠠᠮᠤᠭ ᠤᠨ ᠣᠶᠢᠷ᠎ᠠ ᠲᠡᠯᠡᠶ ᠳᠤ ᠭᠠᠷᠬᠤ ᠵᠠᠮ ᠪᠣᠯᠤᠨ᠎ᠠ᠃ ᠤᠯᠤᠰ ᠤᠨ ᠲᠡᠮᠦᠷ ᠵᠠᠮ ᠤᠨ ᠶᠡᠭᠡ ᠪᠠᠶᠢᠰᠢᠩ ᠠᠴᠠ ᠤᠯᠠᠭᠠᠨᠬᠠᠳᠠ ᠬᠦᠷᠬᠦ ᠱᠤᠭᠤᠮ᠂ ᠪᠡᠭᠡᠵᠢᠩ ᠠᠴᠠ ᠲᠥᠩᠯᠢᠶᠤᠤ ᠬᠦᠷᠬᠦ ᠲᠥᠩ ᠱᠤᠭᠤᠮ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠲᠡᠮᠦᠷ ᠵᠠᠮ ᠤᠨ ᠵᠢᠨᠵᠧᠦ ᠠᠴᠠ ᠤᠯᠠᠭᠠᠨᠬᠠᠳᠠ ᠬᠦᠷᠬᠦ ᠱᠤᠭᠤᠮ᠂ ᠤᠯᠠᠭᠠᠨᠬᠠᠳᠠ ᠶᠢᠨ ᠲᠥᠩᠯᠢᠶᠤᠤ ᠬᠦᠷᠬᠦ᠂ ᠤᠯᠠᠭᠠᠨᠬᠠᠳᠠ ᠠᠴᠠ ᠴᠣᠣᠶᠠᠩ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ ᠬᠢᠯᠢ ᠪᠠᠷ ᠥᠩᠭᠡᠷᠡᠵᠦ᠂ ᠬᠢᠯᠢ ᠶᠢᠨ ᠳᠣᠲᠣᠷ᠎ᠠ ᠤᠯᠤᠰ ᠤᠨ ᠲᠡᠮᠦᠷ ᠵᠠᠮ ᠲᠠᠢ ᠵᠠᠯᠭᠠᠯᠳᠤᠭᠰᠠᠨ ᠣᠷᠣᠨ ᠨᠤᠲᠤᠭ ᠤᠨ ᠲᠡᠮᠦᠷ ᠵᠠᠮ 118 ᠺᠢᠯᠣᠮᠧᠲᠷ ᠪᠠᠶᠢᠨ᠎ᠠ᠃ 2020 ᠣᠨ ᠳᠤ ᠤᠯᠠᠭᠠᠨᠬᠠᠳᠠ ᠠᠴᠠ ᠬᠠᠷᠠᠴᠢᠨ ᠵᠡᠭᠦᠨ ᠬᠦᠷᠬᠦ ᠠᠶᠠᠨᠴᠢᠳ ᠤᠨ ᠲᠤᠰᠬᠠᠢ ᠵᠥᠭᠡᠭᠡᠪᠦᠷᠢ ᠶᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠶᠤᠸᠠᠨ ᠪᠦᠦ ᠱᠠᠨ ᠲᠣᠭᠤᠷᠢᠭ ᠪᠡᠭᠡᠵᠢᠩ᠂ ᠮᠦᠭᠳᠡᠨ ᠵᠡᠷᠭᠡ ᠭᠠᠵᠠᠷ ᠤᠨ 2 ᠴᠠᠭ ᠤᠨ ᠠᠵᠤ ᠠᠬᠤᠢ ᠶᠢᠨ ᠬᠦᠷᠢᠶᠡᠨ ᠳᠤ ᠠᠭᠤᠰᠤᠯᠴᠠᠪᠠ᠃       ᠣᠶᠢᠷ᠎ᠠ ᠶᠢᠨ ᠵᠢᠯ ᠳᠤ᠂ ᠶᠤᠸᠠᠨ ᠪᠦᠦ ᠱᠠᠨ ᠲᠣᠭᠤᠷᠢᠭ ᠨᠢ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠬᠤ ᠪᠠᠷ ᠭᠤᠣᠯ ᠱᠤᠭᠤᠮ ᠪᠣᠯᠭᠠᠵᠤ᠂ ᠠᠷᠠᠳ ᠢ ᠪᠠᠶᠠᠵᠢᠭᠤᠯᠤᠨ ᠲᠣᠭᠤᠷᠢᠭ ᠢᠶᠠᠨ ᠬᠦᠴᠦᠷᠬᠡᠭᠵᠢᠭᠦᠯᠬᠦ ᠪᠠᠷ ᠬᠠᠷᠠᠯᠲᠠ ᠪᠣᠯᠭᠠᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠲᠠᠷᠢᠶᠠᠯᠠᠩ ᠤᠨ ᠣᠳᠣᠬᠢᠴᠢᠯᠠᠯᠲᠠ᠂ ᠬᠤᠲᠠ ᠬᠥᠳᠡᠭᠡ ᠶᠢᠨ ᠨᠢᠭᠡ ᠴᠤᠭᠴᠠᠵᠢᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠤᠯᠠᠭᠠᠨᠬᠠᠳᠠ ᠬᠤᠲᠠ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ᠂ ᠶᠤᠸᠠᠨ ᠪᠦᠦ ᠱᠠᠨ ᠲᠣᠭᠤᠷᠢᠭ ᠤᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ ᠵᠢᠴᠢ ᠲᠠᠪᠤᠨ ᠡᠷᠦᠬᠡ᠂ ᠶᠦᠨ ᠱᠠᠨ ᠵᠠᠮ᠂ ᠹᠧᠩ ᠱᠦᠢ ᠭᠸᠦ ᠠᠵᠤ ᠦᠢᠯᠡᠳᠪᠦᠷᠢ ᠶᠢᠨ ᠲᠥᠷᠥᠯ ᠵᠦᠢᠯ ᠲᠥᠪᠯᠡᠷᠡᠭᠰᠡᠨ ᠣᠷᠣᠨ ᠢᠶᠠᠷ ᠠᠴᠢᠶᠠᠯᠠᠪᠤᠷᠢ ᠪᠣᠯᠭᠠᠭᠰᠠᠨ᠂ ᠡᠨᠧᠷᠭᠢ᠂ ᠬᠢᠮᠢ ᠶᠢᠨ ᠠᠵᠤ ᠦᠢᠯᠡᠳᠪᠦᠷᠢ ᠂ ᠪᠣᠬᠢᠷᠲᠤᠯ ᠥᠬᠡᠶ ᠢᠳᠡᠭᠡᠨ ᠢ ᠡᠳ᠋ᠰᠢᠭᠦᠯᠬᠦ᠂ ᠲᠣᠨᠤᠭ ᠲᠥᠬᠦᠭᠡᠷᠦᠮᠵᠢ ᠦᠢᠯᠡᠳᠬᠦ ᠳᠥᠷᠪᠡᠨ ᠶᠡᠭᠡ ᠠᠵᠤ ᠦᠢᠯᠡᠰ ᠢᠶᠠᠷ ᠭᠤᠤᠯᠯᠠᠭᠤᠯᠤᠭᠰᠠᠨ ᠠᠵᠤ ᠦᠢᠯᠡᠳᠪᠦᠷᠢ ᠶᠢᠨ ᠰᠢᠰᠲ᠋ᠧᠮᠵᠢ︔ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠢᠶᠠᠷ ᠲᠦᠰᠢᠭ ᠪᠣᠯᠭᠠᠵᠤ᠂ ︽ᠨᠣᠭᠤᠭ᠎ᠠ᠂ ᠰᠦ᠂ ᠮᠢᠬ᠎ᠠ︾ ᠶᠢᠨ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠭᠰᠠᠨ ᠲᠠᠷᠢᠶᠠᠯᠠᠩ ᠤᠨ ᠠᠵᠤ ᠦᠶᠢᠯᠡᠰᠵᠢᠯᠲᠡ ᠶᠢᠨ ᠰᠢᠰᠲ᠋ᠧᠮᠵᠢ︔ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠪᠠᠷ ᠬᠠᠷᠠᠯᠲᠠ ᠪᠣᠯᠭᠠᠭᠰᠠᠨ᠂ ᠬᠤᠲᠠ ᠬᠥᠳᠡᠭᠡ ᠶᠢ ᠨᠥᠯᠥᠭᠡᠯᠡᠭᠰᠡᠨ᠂ ᠨᠢᠭᠡᠳᠦᠯᠲᠡᠶ ᠲᠥᠯᠥᠪᠯᠡᠨ ᠬᠥᠭᠵᠢᠭᠦᠯᠦᠭᠰᠡᠨ ᠬᠤᠲᠠ ᠪᠠᠯᠭᠠᠰᠤᠨ ᠤ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃ ᠤᠷᠢᠳ ᠬᠤᠵᠢᠳ ᠪᠥᠬᠦ ᠤᠯᠤᠰ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠤ ᠵᠠᠭᠤᠨ ᠬᠦᠴᠦᠷᠬᠡᠭ ᠰᠢᠶᠠᠨ᠂ ᠪᠥᠬᠦ ᠤᠯᠤᠰ ᠤᠨ ᠬᠤᠶᠠᠷ ᠦᠨᠳᠦᠰᠦᠨ ᠰᠤᠷᠭᠠᠨ ᠬᠥᠮᠦᠵᠢᠯ ᠤᠨ ᠲᠡᠷᠢᠭᠦᠨ ᠤ ᠲᠣᠭᠤᠷᠢᠭ᠂ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠢᠶᠠᠨ᠂ ᠪᠥᠬᠦ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠲᠤᠷᠰᠢᠯᠲᠠ ᠶᠢᠨ ᠣᠷᠣᠨ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠢᠶᠠᠷ ᠦᠨᠡᠯᠡᠭᠳᠡᠪᠡ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠲᠡᠷᠢᠭᠦᠨ ᠤ ᠰᠢᠶᠠᠨ ᠪᠣᠯᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠬᠠᠳᠠ ᠬᠤᠲᠠ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠴᠡᠭ ᠤᠨ ᠭᠠᠵᠠᠷ ᠣᠷᠣᠨ ᠪᠣᠯᠤᠨ᠎ᠠ᠃       ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠭ᠎ᠠ ᠪᠠᠷᠢᠮᠲᠠ ᠳᠤ᠄ 2020 ᠣᠨ ᠤ ᠡᠴᠦᠰ ᠪᠣᠯᠬᠤ ᠳᠤ᠂ ᠪᠥᠬᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 165.7 ᠳ᠋ᠦᠩᠰᠢᠭᠤᠷ ᠲᠥᠭᠦᠷᠢᠭ ᠲᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠶᠢᠨ 1.2 ᠳᠠᠬᠢᠨ᠂ ᠵᠢᠯ ᠪᠦᠷᠢ ᠳᠤᠮᠳᠠᠴᠢ ᠪᠠᠷ 1% ᠪᠠᠷ ᠨᠡᠮᠡᠭᠳᠡᠨ᠂ ᠭᠤᠷᠪᠠᠨ ᠠᠵᠤ ᠦᠢᠯᠡᠰ ᠤᠨ ᠪᠦᠲᠦᠴᠡ ᠶᠢ 12.1᠄ 52.2᠄ 35.7 ᠪᠠᠶᠢᠭᠰᠠᠨ ᠠᠴᠠ 13.1᠄ 47.4᠄ 39.5 ᠪᠣᠯᠭᠠᠨ ᠳᠣᠭᠢᠷᠠᠭᠤᠯᠪᠠ᠃ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 13.68 ᠳ᠋ᠦᠩᠰᠢᠭᠤᠷ ᠲᠥᠭᠦᠷᠢᠭ ᠲᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠶᠢᠨ 1.14 ᠳᠠᠬᠢᠨ᠂ ᠵᠢᠯ ᠪᠦᠷᠢ ᠳᠤᠮᠳᠠᠴᠢ ᠪᠠᠷ 2.66% ᠪᠠᠷ ᠨᠡᠮᠡᠭᠳᠡᠪᠡ᠃ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 59.6 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 3.2% ᠢᠶᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ 39.7 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 2.4% ᠪᠠᠷ ᠨᠡᠮᠡᠭᠳᠡᠪᠡ᠃ ᠬᠤᠲᠠ ᠪᠠᠯᠭᠠᠰᠤ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰᠪᠤᠷᠢ 38352 ᠲᠥᠭᠦᠷᠢᠭ ᠪᠠ 23112 ᠲᠥᠭᠦᠷᠢᠭ ᠲᠤ ᠬᠦᠷᠴᠦ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠶᠢᠨ ᠬᠢ ᠠᠴᠠ ᠲᠣᠰ ᠲᠣᠰ 10777 ᠲᠥᠭᠦᠷᠢᠭ ᠪᠠ 8292 ᠲᠥᠭᠦᠷᠢᠭ ᠨᠡᠮᠡᠭᠳᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ