| ᠬᠤᠩᠱᠠᠨ ᠲᠤᠭᠤᠷᠢᠭ ᠪᠤᠯ ᠤᠯᠠᠭᠠᠨᠬᠠᠳᠠ ᠬᠤᠲᠠ ᠶᠢᠨ ᠤᠯᠤᠰ ᠲᠦᠷᠦ᠂ ᠠᠵᠤ ᠠᠬᠤᠢ᠂ ᠰᠤᠶᠤᠯ ᠤᠨ ᠲᠦᠪ ᠤᠨ ᠨᠢᠭᠡ ᠪᠠᠶᠢᠵᠤ᠂ ᠤᠮᠠᠷᠠᠲᠦ ᠤᠷᠤᠨ | ᠪᠤᠯᠤᠨ ᠵᠡᠭᠦᠨ ᠬᠤᠶᠢᠲᠤ ᠤᠷᠤᠨ ᠬᠤᠶᠠᠷ ᠶᠡᠭᠡ ᠠᠵᠤ ᠠᠬᠤᠢ ᠶᠢᠨ ᠤᠷᠤᠨ ᠤ ᠠᠭᠤᠯᠵᠠᠷ ᠲᠤ ᠤᠷᠤᠰᠢᠵᠤ᠂ ᠪᠡᠭᠡᠵᠢᠩ᠂ ᠲᠢᠶᠠᠨᠵᠢᠨ᠂ ᠮᠦᠭᠳᠡᠨ ᠪᠤᠯᠤᠨ | ᠪᠦᠸᠧᠬᠠᠢ ᠲᠠᠩᠭᠢᠰ ᠤᠨ ᠡᠷᠭᠢ ᠳᠠᠭᠠᠤ ᠬᠤᠲᠠ ᠠᠴᠠ ᠪᠦᠷ 500 ᠭᠠᠷᠤᠢ ᠺᠢᠯᠦᠮᠧᠲᠷ ᠵᠠᠶᠢᠲᠠᠢ ᠪᠠᠶᠢᠵᠤ᠂ ᠪᠦᠸᠧᠬᠠᠢ ᠲᠠᠩᠭᠢᠰ ᠢ ᠲᠤᠭᠤᠷᠢᠭᠰᠠᠨ ᠠᠵᠤ | ᠠᠬᠤᠢ ᠶᠢᠨ ᠲᠤᠭᠤᠷᠢᠭ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠵᠡᠭᠦᠨ ᠬᠤᠶᠢᠲᠤ᠂ ᠤᠮᠠᠷᠠᠲᠦ ᠤᠷᠤᠨ ᠪᠤᠯᠤᠨ ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ᠳᠤᠮᠳᠠ ᠪᠠᠷᠠᠭᠤᠨ ᠬᠡᠰᠡᠭ ᠤᠨ ᠭᠠᠵᠠᠷ ᠤᠷᠤᠨ ᠤ ᠴᠢᠬᠤᠯᠠ ᠵᠠᠮ ᠬᠠᠷᠢᠯᠴᠠᠭᠠᠨ ᠤ ᠬᠦᠢᠰᠦ ᠪᠤᠯᠤᠨ᠎ᠠ᠃ ᠪᠦᠬᠦ ᠲᠤᠭᠤᠷᠢᠭ ᠤᠨ ᠶᠡᠷᠦᠩᠬᠡᠢ | ᠲᠠᠯᠠᠪᠠᠢ 506 ᠲᠡᠭᠰᠢ ᠳᠦᠷᠪᠡᠯᠵᠢᠨ ᠺᠢᠯᠦᠮᠧᠲᠷ᠃ 2 ᠪᠠᠯᠭᠠᠰᠤ᠂ 11 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 27 ᠵᠠᠰᠠᠭ ᠵᠠᠬᠢᠷᠭᠠᠨ ᠤ ᠲᠤᠰᠬᠤᠨ | ᠂ 55 ᠨᠡᠶᠢᠭᠡᠮ ᠲᠤᠭᠤᠷᠢᠭ ᠢ ᠬᠠᠷᠢᠶᠠᠯᠠᠨ᠎ᠠ᠃ ᠪᠠᠶᠢᠩᠭᠤ ᠶᠢᠨ ᠰᠠᠭᠤᠭᠠᠯᠢ ᠠᠷᠠᠳ 45.78 ᠲᠦᠮᠡᠨ ᠬᠦᠮᠦᠨ ᠪᠤᠢ᠃ | 2016 ᠤᠨ ᠳᠤ᠂ ᠬᠤᠩᠱᠠᠨ ᠲᠤᠭᠤᠷᠢᠭ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 326.96 ᠳ᠋ᠦᠩᠰᠢᠭᠤᠷ ᠲᠦᠭᠦᠷᠢᠭ ᠢ | ᠪᠡᠶᠡᠯᠡᠭᠦᠯᠪᠡ᠃ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ 175.67 ᠳ᠋ᠦᠩᠰᠢᠭᠤᠷ ᠲᠦᠭᠦᠷᠢᠭ᠂ ᠳᠡᠭᠡᠷ᠎ᠡ ᠵᠢᠯ ᠠᠴᠠ 15% ᠨᠡᠮᠡᠭᠳᠡᠪᠡ︔ | ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 140.29 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠠᠴᠠ | 10.2% ᠨᠡᠮᠡᠭᠳᠡᠪᠡ︔ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 23.13 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠳᠡᠭᠡᠷ᠎ᠡ | ᠵᠢᠯ ᠠᠴᠠ 7% ᠨᠡᠮᠡᠭᠳᠡᠪᠡ︔ ᠪᠦᠬᠦ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ 29757 ᠲᠦᠭᠦᠷᠢᠭ ᠢ | ᠪᠡᠶᠡᠯᠡᠭᠦᠯᠵᠦ᠂ ᠳᠡᠭᠡᠷ᠎ᠡ ᠵᠢᠯ ᠠᠴᠠ 8.6% ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ | ᠪᠤᠯᠬᠤᠶᠢᠴᠠ ᠤᠷᠤᠯᠭ᠎ᠠ 30520 ᠲᠦᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠠᠴᠠ 8.9% ᠨᠡᠮᠡᠭᠳᠡᠪᠡ︔ ᠬᠦᠳᠡᠭᠡ ᠲᠤᠰᠬᠤᠨ ᠮᠠᠯᠵᠢᠬᠤ ᠤᠷᠤᠨ ᠤ | ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ 16147 ᠲᠦᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠠᠴᠠ | 7.7% ᠨᠡᠮᠡᠭᠳᠡᠪᠡ᠃ | ᠬᠤᠩᠱᠠᠨ ᠲᠤᠭᠤᠷᠢᠭ ᠤᠷᠢᠳ ᠬᠤᠵᠢᠳ ᠪᠦᠬᠦ ᠤᠯᠤᠰ ᠤᠨ ︽ᠬᠤᠶᠠᠷ ᠢ ᠬᠦᠷᠢᠶᠡᠯᠡᠬᠦ ᠵᠢᠱᠢᠶᠡᠴᠢ ᠲᠤᠭᠤᠷᠢᠭ︾᠂ ︽ᠠᠷᠪᠠᠨ ᠰᠤᠳᠤᠨ ᠡᠷᠡᠭᠦᠯ | ᠬᠠᠮᠠᠭᠠᠯᠠᠯ ᠤᠨ ᠬᠤᠲᠠ︾᠂ ︽ᠰᠢᠨᠵᠢᠯᠡᠭᠡ ᠮᠡᠷᠭᠡᠵᠢᠯ ᠤᠨ ᠳᠠᠪᠰᠢᠯᠲᠠ ᠶᠢᠨ ᠲᠡᠷᠢᠭᠦᠨ ᠤ ᠬᠤᠲᠠ ᠲᠤᠭᠤᠷᠢᠭ︾᠂ ᠠᠩᠬᠠᠳᠤᠭᠠᠷ ᠤᠳᠠᠭᠠᠨ ᠤ ︽ᠳᠤᠮᠳᠠᠳᠤ | ᠤᠯᠤᠰ ᠤᠨ ᠲᠠᠪᠢᠨ ᠡᠷᠦᠬᠡ ᠤᠷᠴᠢᠨ ᠲᠤᠭᠤᠷᠢᠨ ᠳᠤ ᠪᠡᠯᠡ ᠤᠷᠤᠭᠤᠯᠤᠭᠰᠠᠨ ᠦᠨᠡᠨᠴᠢ ᠠᠮᠤᠷ ᠲᠦᠪᠰᠢᠨ ᠤᠷᠤᠨ︾᠂ ᠵᠠᠯᠭᠠᠭ᠎ᠠ ᠪᠠᠷ ᠳᠦᠷᠪᠡ ᠤᠳᠠᠭ᠎ᠠ ︽ | ᠪᠦᠬᠦ ᠤᠯᠤᠰ ᠤᠨ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠴᠠᠩ ᠠᠨ ᠬᠤᠨᠳᠠᠭᠠᠲᠤ︾᠂ ᠦᠪᠡᠷᠲᠡᠭᠡᠨ ᠵᠠᠰᠠᠬᠤ ᠤᠷᠤᠨ ᠤ ︽ᠶᠢᠰᠦᠨ | ᠤᠳᠤᠨ ᠳᠡᠰ ᠤᠨ ᠪᠤᠯᠪᠠᠰᠤᠨ ᠬᠤᠲᠠ︾ ᠵᠡᠷᠭᠡ ᠢᠷᠠᠭᠤ ᠠᠯᠳᠠᠷ ᠬᠦᠷᠲᠡᠪᠡ᠃ 2016 ᠤᠨ ᠳᠤ ᠬᠤᠩᠱᠠᠨ ᠲᠤᠭᠤᠷᠢᠭ ᠠᠮᠵᠢᠯᠲᠠ ᠲᠠᠢ ᠪᠠᠷ ᠤᠯᠤᠰ ᠤᠨ ︽ | 13᠂ 5︾ ᠤᠨ ᠲᠦᠯᠦᠪᠵᠢᠭᠦᠯᠭᠡ ᠶᠢᠨ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠤᠷᠤᠨ ᠪᠤᠯᠵᠤ᠂ | ᠬᠤᠩᠱᠠᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠠᠩᠬᠠᠳᠤᠭᠠᠷ ᠪᠦᠯᠦᠭ ︽ᠤᠯᠤᠰ ᠤᠨ ᠵᠢᠱᠢᠶ᠎ᠡ ᠦᠵᠡᠭᠦᠯᠬᠦ ᠪᠠᠷᠠᠭᠠᠨ ᠭᠦᠢᠯᠭᠡᠭᠡᠨ ᠤ ᠬᠦᠷᠢᠶᠡᠯᠡᠩ | ᠲᠤᠭᠤᠷᠢᠭ︾ ᠤᠨ ᠡᠩᠨᠡᠭᠡᠨ ᠳᠤ ᠵᠢᠭᠰᠠᠵᠤ᠂ ᠡᠭᠦᠯᠡᠨ ᠪᠤᠳᠤᠯᠲᠠ ᠶᠢᠨ ᠲᠦᠮᠡᠨ ᠤᠯᠠᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ ᠪᠤᠯᠤᠨ ᠬᠠᠮᠲᠤᠷᠠᠯᠴᠠᠨ | ᠦᠢᠯᠡᠰ ᠪᠤᠰᠬᠠᠬᠤ ᠨᠡᠪᠴᠢᠯᠡᠭᠦᠷ ᠤᠨ ᠤᠷᠤᠨ ᠵᠠᠢ ᠨᠢ ᠤᠯᠤᠰ ᠤᠨ ᠳᠡᠰ ᠤᠨ ᠲᠦᠮᠡᠨ ᠤᠯᠠᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ ᠪᠤᠯᠪᠠ᠃ | |