ᠬᠠᠷᠠᠴᠢᠨ ᠬᠤᠰᠢᠭᠤ
ᠨᠡᠶᠢᠲᠡᠯᠡᠭᠰᠡᠨ ᠴᠠᠭ᠄
2021/11/25
      ᠬᠠᠷᠠᠴᠢᠨ ᠬᠤᠰᠢᠭᠤ ᠨᠢ ᠦᠪᠦᠷ ᠮᠤᠩᠭᠤᠯ ᠤᠨ ᠵᠡᠭᠦᠨ ᠡᠮᠦᠨ᠎ᠡ ᠬᠡᠰᠡᠭ᠂ ᠤᠯᠠᠭᠠᠨᠬᠳᠠ ᠬᠤᠲᠠ ᠶᠢᠨ ᠪᠠᠷᠠᠭᠤᠨ ᠡᠮᠦᠨ᠎ᠡ ᠬᠡᠰᠡᠭ᠂ ᠦᠪᠦᠷ ᠮᠤᠩᠭᠤᠯ᠂ ᠾᠸᠪᠧᠢ᠂ ᠯᠢᠸᠤᠤᠨᠢᠩ ᠭᠤᠷᠪᠠᠨ ᠮᠤᠵᠢ ᠶᠢᠨ ᠠᠭᠤᠯᠵᠠᠷ ᠲᠤ ᠪᠠᠶᠢᠷᠰᠢᠵᠤ ᠪᠤᠢ᠃ ᠪᠦᠬᠦ ᠬᠤᠰᠢᠭᠤᠨ ᠤ ᠶᠡᠷᠦᠩᠬᠡᠢ ᠲᠠᠯᠠᠪᠠᠢ 3050 ᠲᠡᠭᠰᠢ ᠳᠦᠷᠪᠡᠯᠵᠢᠨ ᠺᠢᠯᠤᠮᠧᠲᠷ᠂ 9 ᠰᠤᠮᠤ ᠪᠠᠯᠭᠠᠰᠤ᠂ 2 ᠵᠡᠭᠡᠯᠢ ᠭᠤᠳᠤᠮᠵᠢ᠂161 ᠵᠠᠰᠠᠭ ᠵᠠᠬᠢᠷᠭᠠᠨ ᠤ ᠲᠤᠰᠬᠤᠨ᠂14 ᠨᠡᠶᠢᠭᠡᠮ ᠲᠤᠭᠤᠷᠢᠭ ᠲᠠᠢ ᠪᠠᠶᠢᠵᠤ᠂ ᠪᠦᠬᠦ ᠬᠦᠮᠦᠨ ᠠᠮᠠ  ᠨᠢ 34.3 ᠲᠦᠮᠡ ᠳᠤ ᠬᠦᠷᠴᠦ᠂ 24 ᠦᠨᠳᠦᠰᠦᠲᠡᠨ ᠲᠠᠢ᠂ ᠡᠭᠦᠨ ᠤ ᠳᠤᠲᠤᠷ᠎ᠠ ᠮᠤᠩᠭᠤᠯ ᠦᠨᠳᠦᠰᠦᠲᠡᠨ 15.7 ᠲᠦᠮᠡ᠂ ᠮᠠᠨᠵᠤ ᠦᠨᠳᠦᠰᠦᠲᠡᠨ 2.8 ᠲᠦᠮᠡᠨ ᠬᠦᠮᠦᠨ ᠠᠮᠠ ᠲᠠᠢ᠃      ᠨᠢᠭᠡ᠂ ᠦᠨᠢ ᠤᠳᠠᠭᠠᠨ ᠭᠡᠷᠡᠯ ᠰᠠᠴᠤᠷᠠᠩᠭᠤᠢ ᠲᠡᠤᠬᠡ ᠰᠤᠶᠤᠯ       ᠬᠠᠷᠠᠴᠢᠨ ᠭᠡᠳᠡᠭ ᠮᠤᠩᠭᠤᠯ ᠦᠭᠡ ᠨᠢ ︿︿ᠬᠠᠷᠠᠭᠤᠯᠴᠢᠨ﹀﹀ ᠤᠳᠬ᠎ᠠ ᠲᠠᠢ᠃ 1635 ᠤᠨ ᠳᠤ ᠬᠤᠰᠢᠭᠤ ᠪᠠᠶᠢᠭᠤᠯᠤᠭᠳᠠᠵᠤ᠂ ᠤᠳᠤ ᠨᠢᠭᠡᠨᠲᠡ 390 ᠵᠢᠯ ᠤᠨ ᠲᠡᠤᠬᠡ ᠲᠠᠢ ᠪᠤᠯᠪᠠ᠃ ᠬᠤᠰᠢᠭᠤᠨ ᠤ ᠬᠠᠷᠢᠶᠠᠨ ᠳᠤ ᠴᠢᠨ ᠸᠠᠩ ᠤᠨ ᠤᠷᠳᠤᠨ᠂ ᠯᠦᠩ ᠴᠢᠤᠸᠠᠨ ᠰᠧ ᠰᠦᠮ᠎ᠡ᠂ ᠢᠯᠡᠳᠳᠠ ᠪᠠᠶᠠᠰᠬᠤᠯᠠᠩᠲᠤ ᠰᠦᠮ᠎ᠡ ᠂ ᠺᠠᠩ ᠨᠢᠩ ᠰᠧ ᠰᠦᠮ᠎ᠡ᠂ ᠪᠤᠶᠠᠨ ᠬᠤᠷᠢᠶᠠᠭᠴᠢ ᠰᠦᠮ᠎ᠡ ᠵᠡᠷᠭᠡ ᠨᠢ ᠮᠤᠩᠭᠤᠯ᠂ ᠮᠠᠨᠵᠤ ᠴᠢᠩ ᠤᠨ ᠰᠤᠶᠤᠯ ᠤᠨ ᠤᠨᠴᠠᠯᠢᠭ ᠢ ᠬᠠᠷᠠᠭᠤᠯᠵᠠᠢ᠃ ᠬᠠᠷᠠᠴᠢᠨ ᠴᠢᠨ ᠸᠠᠩ ᠤᠨ ᠤᠷᠳᠤᠨ ᠨᠢ ᠤᠯᠤᠰ ᠤᠨ ᠳᠤᠲᠤᠭᠠᠳᠤ ᠳᠤ ᠪᠠᠶᠢᠭ᠎ᠠ  ᠪᠠᠶᠢᠭᠤᠯᠤᠭᠰᠡᠨ ᠴᠠᠭ ᠢᠶᠠᠷ ᠬᠠᠮᠤᠭ ᠡᠷᠲᠡ᠂ ᠵᠡᠷᠭᠡ ᠬᠡᠷᠬᠢᠮ ᠢᠶᠠᠷ ᠬᠠᠮᠤᠭ ᠦᠨᠳᠦᠷ᠂ ᠪᠠᠷᠢᠯᠭ᠎ᠠ  ᠶᠢᠨ ᠲᠠᠯᠡᠪᠠᠢ ᠪᠠᠷ ᠬᠠᠮᠤᠭ ᠶᠡᠭᠡ᠂ ᠤᠤᠯ ᠪᠠᠶᠢᠳᠠᠯ ᠢ ᠬᠠᠳᠠᠭᠠᠯᠠᠭᠰᠠᠨ ᠢᠶᠠᠷ ᠬᠠᠮᠤᠭ ᠰᠠᠶᠢᠨ ᠴᠢᠩ ᠤᠨ ᠲᠦᠷᠦ ᠶᠢᠨ ᠮᠤᠩᠭᠤᠯ ᠸᠠᠩ ᠤᠨ ᠤᠷᠳᠤᠨ ᠪᠤᠯᠤᠨ᠎ᠠ᠃ ᠵᠠᠰᠠᠭ ᠤᠨ ᠲᠦᠪ ᠲᠦᠯᠭᠡᠨ ᠭᠦᠩᠵᠦ ︵和硕端静公主︶ ᠶᠢᠨ ᠪᠤᠩᠬᠤᠨ᠂ ᠶᠧᠯᠤᠢ ᠽᠦᠩ ᠤᠨ ᠤᠩᠭᠤᠨ᠂ ᠬᠠᠨ ᠶᠠᠨ ᠴᠠᠭᠠᠨ ᠬᠡᠷᠡᠮ ᠵᠡᠷᠭᠡ ᠲᠡᠥᠬᠡ ᠰᠤᠶᠤᠯ ᠤᠨ ᠪᠠᠭᠤᠷᠢ ᠨᠡᠶᠢᠲᠡ 605 ᠰᠠᠭᠤᠷᠢ ᠪᠠᠶᠢᠵᠤ᠂ ᠲᠡᠤᠬᠡᠨ ᠳᠤᠷᠠᠰᠬᠠᠯ ᠤᠨ ᠬᠠᠮᠠᠭᠠᠯᠠᠯᠲᠠ ᠶᠢᠨ ᠨᠢᠭᠡᠴᠡ 34 ᠪᠤᠢ᠃ ᠭᠠᠨᠵᠤᠤᠷ ᠤᠨ ᠰᠦᠮ᠎ᠡ  ᠶᠢᠨ ᠭᠦᠭᠵᠢᠮ᠂ ᠲᠦᠪᠡᠳ ᠪᠤᠷᠬᠠᠨ ᠱᠠᠰᠢᠨ ᠤ ᠲᠠᠷᠨᠢ ᠶᠢᠨ ᠲᠠᠲᠠᠷ᠎ᠠ ᠶᠢᠨ ᠴᠠᠮ᠂ ᠬᠠᠶᠢᠯᠠᠰᠤᠨ ᠬᠡᠩᠭᠡᠷᠡᠭᠡ ᠬᠢᠬᠦ ᠤᠷᠠᠯᠠᠯ ᠵᠡᠷᠭᠡ ᠨᠢ ᠦᠪᠡᠷᠲᠡᠭᠡᠨ ᠵᠠᠰᠠᠬᠤ ᠤᠷᠤᠨ  ᠤ ᠪᠤᠳᠠᠰ ᠤᠨ ᠪᠤᠰᠤ ᠰᠤᠶᠤᠯ ᠤᠨ ᠦᠪ ᠬᠦᠷᠦᠩᠭᠡ ᠶᠢᠨ ᠳᠠᠩᠰᠠᠯᠠᠯ ᠳᠤ ᠤᠷᠤᠭᠰᠡᠨ ᠪᠠᠶᠢᠨ᠎ᠠ᠃      ᠬᠤᠶᠠᠷ᠂ ᠦᠵᠡᠰᠬᠦᠯᠡᠩ ᠭᠠᠶᠢᠬᠠᠮᠰᠢᠭᠳᠦ ᠪᠠᠶᠢᠭᠠᠯᠢ ᠶᠢᠨ ᠦᠵᠡᠮᠵᠢ      ᠪᠦᠬᠦ ᠬᠤᠰᠢᠭᠤᠨ ᠤ ᠤᠢ ᠰᠢᠭᠤᠢ ᠶᠢᠨ ᠲᠠᠯᠠᠪᠠᠢ 275.5 ᠲᠦᠮᠡᠨ ᠮᠤ᠋ ᠳᠤ ᠬᠦᠷᠴᠦ᠂ ᠤᠢ ᠰᠢᠭᠤᠢ ᠶᠢᠨ ᠪᠦᠷᠬᠦᠴᠡ 57.8% ᠪᠠᠶᠢᠵᠤ᠂ ᠤᠯᠠᠭᠠᠨᠬᠠᠳᠠ ᠬᠤᠲᠠ ᠳᠤ ᠲᠡᠷᠢᠭᠦᠨ ᠪᠠᠶᠢᠷᠢ ᠶᠢ ᠡᠵᠡᠯᠡᠵᠦ ᠪᠤᠢ᠃ ᠤᠳᠤᠬᠠᠨ ᠳᠤ ᠸᠠᠩ ᠶᠧ ᠳ᠋ᠢᠶᠠᠨ᠂ ᠸᠠᠩ ᠤᠨ ᠬᠤᠷᠢᠶ᠎ᠠ᠂ ᠶᠡᠭᠡ ᠨᠡᠬᠦᠴᠡ᠂ ᠮᠠ ᠠᠨ ᠱᠠᠨ ᠵᠡᠷᠭᠡ 4 ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ ᠪᠠᠶᠢᠵᠤ᠂ ᠮᠠ ᠠᠨ ᠱᠠᠨ ᠪᠠ ᠸᠠᠩ ᠶᠧ ᠳ᠋ᠢᠶᠠᠨ 2 ᠰᠠᠭᠤᠷᠢ ᠤᠯᠤᠰ ᠤᠨ ᠳᠡᠰ ᠤᠨ ᠴᠡᠴᠡᠷᠯᠢᠭ ᠪᠤᠢ᠃ ᠤᠷᠢᠳ ᠬᠤᠵᠢᠳ ︿︿ᠪᠦᠬᠦ ᠤᠯᠤᠰ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠬᠤᠰᠢᠭᠤ﹀﹀ ︿︿ᠪᠦᠬᠦ ᠤᠯᠤᠰ ᠤᠨ ᠪᠤᠬᠢᠷᠳᠤᠯ ᠦᠭᠡᠢ ᠴᠢᠨᠡᠭᠡᠯᠢᠭ ᠬᠤᠰᠢᠭᠤ﹀﹀ ︿︿ᠪᠦᠬᠦ ᠤᠯᠤᠰ ᠤᠨ ᠤᠢ ᠰᠢᠭᠤᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ﹀﹀ ᠵᠡᠷᠭᠡ ᠦᠨᠡᠯᠡᠭᠳᠡᠨ᠂ ᠪᠦᠬᠦ ᠬᠤᠰᠢᠭᠤᠨ ᠳᠤ ᠸᠠᠩ ᠤᠨ ᠤᠷᠳᠤᠨ ᠤ ᠮᠦᠽᠸᠧᠢ ᠪᠤᠯᠤᠨ ᠮᠡᠶᠢᠷᠢᠨ ᠬᠠᠪᠴᠢᠯ ᠤᠨ ᠴᠠᠰᠤᠨ ᠭᠤᠯᠭᠤᠯᠲᠠ ᠶᠢᠨ ᠲᠠᠯᠠᠪᠠᠢ ᠵᠡᠷᠬᠡ ᠬᠤᠶᠠᠷ ᠰᠠᠭᠤᠷᠢ 4A ᠳᠡᠰ ᠤᠨ ᠦᠵᠡᠮᠵᠢ ᠶᠢᠨ ᠤᠷᠤᠨ᠂ ᠮᠠ ᠠᠨ ᠱᠠᠨ ᠤᠯᠠᠭᠠᠨ ᠠᠷᠢᠬᠢᠨ ᠤ ᠬᠦᠷᠢᠶᠡᠯᠡᠩ ᠵᠡᠷᠭᠡ ᠨᠢᠭᠡ ᠰᠠᠭᠤᠷᠢ 3A ᠳᠡᠰ ᠤᠨ ᠦᠵᠡᠮᠵᠢ ᠶᠢᠨ ᠤᠷᠤᠨ ᠪᠠᠶᠢᠵᠤ᠂ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠤᠢ ᠰᠢᠭᠤᠢ ᠶᠢᠨ ᠵᠤᠬᠢᠶᠠᠨ ᠪᠠᠶᠢᠭᠤᠯᠤᠯᠲᠠ ᠶᠢᠨ ᠤᠯᠠᠨ ᠴᠢᠳᠠᠪᠤᠷᠢᠳᠤ ᠰᠠᠭᠤᠷᠢᠨ ᠭᠠᠵᠠᠷ᠂ ᠮᠡᠶᠢᠷᠡᠨ ᠬᠠᠪᠴᠢᠯ ᠤᠨ ᠳᠡᠳ᠋ ᠦᠨᠳᠦᠷᠯᠢᠭ ᠤᠷᠤᠨ ᠤ ᠰᠡᠯᠡᠭᠦᠴᠡᠯ ᠵᠤᠭᠠᠴᠠᠯ ᠤᠨ ᠤᠷᠤᠨ᠂ ᠱᠠᠨ ᠷᠥᠩ ᠠᠶᠢᠮᠠᠭ ᠤᠨ ᠵᠢᠭᠤᠯᠴᠢᠯᠠᠯ ᠤᠨ ᠤᠷᠤᠨ᠂ ᠸᠠᠩ ᠤᠨ ᠤᠷᠳᠤᠨ ᠤ ᠮᠦᠽᠸᠧᠢ᠂ ᠮᠠ ᠠᠨ ᠱᠠᠨ ᠤ ᠬᠤᠪᠢᠰᠬᠠᠯᠲᠤ ᠬᠦᠮᠦᠵᠢᠯ ᠤᠨ ᠰᠠᠭᠤᠷᠢᠨ ᠭᠠᠵᠠᠷ᠂ ᠬᠠᠰ ᠯᠤᠤ ᠲᠠᠯ᠎ᠠ ᠭᠠᠵᠠᠷ ᠤᠨ ᠬᠦᠳᠡᠭᠡ ᠲᠤᠰᠬᠤᠨ ᠤ ᠬᠠᠮ ᠴᠤᠭᠴᠠ ᠪᠠᠷ ᠭᠤᠤᠯ ᠪᠤᠯᠭᠠᠭᠰᠠᠨ᠂ ᠭᠦ᠋ ᠱᠠᠨ᠂ ᠰᠠᠨ ᠵᠢᠶᠠ᠂ ᠯᠠ ᠽᠢ ᠭᠧᠦ᠂ ᠯᠧᠢ ᠢᠩᠽᠢ᠂ ᠯᠢᠨ ᠢᠩᠽᠢ ᠵᠡᠷᠭᠡ ᠬᠦᠳᠡᠭᠡ ᠲᠤᠰᠬᠤᠨ ᠤ ᠵᠢᠭᠤᠯᠴᠢᠯᠠᠯ ᠢᠶᠠᠷ ᠬᠠᠪᠰᠤᠷᠤᠮᠵᠢ ᠪᠤᠯᠭᠠᠭᠰᠡᠨ᠂ ᠲᠡᠤᠬᠡ ᠰᠤᠶᠤᠯ ᠤᠨ ᠡᠬᠢ ᠪᠠᠶᠠᠯᠢᠭ᠂ ᠪᠠᠶᠢᠭᠠᠯᠢ ᠠᠮᠢ ᠠᠬᠤᠢ ᠶᠢᠨ ᠦᠵᠡᠮᠵᠢ ᠬᠢᠭᠡᠳ ᠬᠦᠳᠡᠭᠡ ᠲᠤᠰᠬᠤᠨ ᠨᠤᠭᠤᠭ᠎ᠠ ᠲᠠᠷᠢᠶᠠᠨ ᠤ ᠬᠡᠪ ᠨᠠᠮᠪᠠ ᠪᠠᠷ ᠨᠢᠭᠡ ᠴᠤᠭᠴᠠ ᠪᠤᠯᠭᠠᠭᠰᠠᠨ ᠪᠦᠬᠦ ᠬᠦᠷᠢᠶ᠎ᠡ ᠴᠠᠷᠠᠭ᠎ᠠ ᠶᠢᠨ ᠵᠤᠭᠠᠴᠠᠯ ᠵᠢᠭᠤᠯᠴᠢᠯᠠᠯ ᠶᠢᠨ ᠪᠠᠶᠢᠳᠠᠯ ᠢ ᠪᠤᠢ ᠪᠤᠯᠭᠠᠪᠠ᠃ ᠬᠠᠷᠠᠴᠢᠨ ᠬᠤᠰᠢᠭᠤ ᠨᠢ ︿︿ᠤᠯᠤᠰ ᠤᠨ ᠳᠡᠰ ᠤᠨ ᠰᠡᠯᠡᠭᠦᠴᠡᠯ ᠤᠨ ᠲᠠᠷᠢᠶᠠᠯᠠᠩ ᠪᠤᠯᠤᠨ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ﹀﹀ ᠪᠠᠶᠢᠵᠤ᠂ ᠯᠧᠢ ᠵᠢᠶᠠ ᠢᠩᠽᠢ ᠲᠤᠰᠬᠤᠨ ᠨᠢ ᠲᠠᠷᠢᠶᠠᠯᠠᠩ ᠬᠦᠳᠡᠭᠡ ᠲᠤᠰᠬᠤᠨ ᠤ ᠶᠠᠮᠤᠨ ᠤ ︿︿ᠳᠤᠮᠳᠠᠳᠤ ᠤᠯᠤᠰ ᠤᠨ ᠦᠵᠡᠰᠬᠦᠯᠡᠩᠲᠤ ᠰᠡᠯᠡᠭᠦᠴᠡᠯ ᠤᠨ ᠬᠦᠳᠡᠭᠡ ᠲᠤᠰᠬᠤᠨ﹀﹀ ᠢᠶᠠᠷ ᠨᠡᠷᠡᠯᠡᠭᠳᠡᠵᠤ᠂ ᠯᠢᠨ ᠢᠩᠽᠢ ᠲᠤᠰᠬᠤᠨ ᠨᠢ ᠰᠤᠶᠤᠯ ᠵᠢᠭᠤᠴᠢᠯᠠᠯ ᠤᠨ ᠶᠠᠮᠤᠨ ᠳᠤ ︿︿ᠪᠦᠬᠦ ᠤᠯᠤᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠭᠤᠤᠯᠳᠡᠯᠭ᠎ᠠ ᠲᠠᠢ ᠲᠤᠰᠬᠤᠨ﹀﹀  ᠢᠶᠠᠷ ᠨᠡᠷᠡᠯᠡᠭᠳᠡᠵᠠᠢ᠃      ᠭᠤᠷᠪᠠ᠂ ᠤᠯᠠᠨ ᠠᠴᠠ ᠬᠡᠲᠤᠷᠬᠡᠢ ᠡᠯᠪᠡᠭ ᠪᠠᠶᠠᠯᠢᠭ ᠡᠬᠢ ᠰᠤᠷᠪᠤᠯᠵᠢ      ᠤᠳᠤᠬᠠᠨ ᠤ ᠲᠠᠷᠢᠶᠠᠨ ᠭᠠᠵᠠᠷ ᠤᠨ ᠲᠠᠯᠠᠪᠠᠢ 79 ᠲᠦᠮᠡᠨ ᠮᠤ᠋ ᠪᠠᠶᠢᠵᠦ᠂ ᠡᠩ ᠤᠨ ᠵᠢᠯ ᠤᠨ ᠠᠮᠤ ᠪᠤᠳᠠᠭᠠᠨ ᠤ ᠤᠨᠠᠯᠲᠠ 6 ᠳ᠋ᠦᠩᠰᠢᠭᠤᠷ ᠵᠢᠩ ᠢ ᠳᠠᠪᠠᠵᠤ᠂ ᠭᠡᠷ ᠤᠨ ᠲᠡᠵᠢᠭᠡᠪᠤᠷᠢ 110 ᠲᠦᠮᠡᠨ ᠲᠤᠭ᠎ᠠ ᠲᠤᠯᠤᠭᠠᠢ ᠳᠤ ᠬᠦᠷᠴᠦ᠂ ᠬᠠᠲᠠᠭᠤ ᠵᠢᠮᠢᠰ᠂ ᠲᠦᠪᠡᠳ ᠬᠠᠰᠢ ᠲᠠᠷᠢᠭᠰᠡᠨ ᠲᠠᠯᠠᠪᠠᠢ 6 ᠲᠦᠮᠡᠨ ᠮᠤ᠋ ᠪᠠᠶᠢᠵᠤ᠂ ᠸᠠᠩ ᠤᠨ ᠬᠤᠷᠢᠶ᠎ᠠ ᠪᠠᠯᠭᠠᠰᠤ ᠨᠢ ︿︿ᠳᠤᠮᠳᠠᠳᠤ ᠤᠯᠤᠰ ᠤᠨ ᠲᠦᠪᠡᠳ ᠬᠠᠰᠢ ᠶᠢᠨ ᠨᠤᠲᠤᠭ﹀﹀ ᠢᠶᠠᠷ ᠨᠡᠷᠡᠯᠡᠭᠳᠡᠨ᠂ ᠡᠯᠡᠰᠦᠨ ᠤᠷᠬᠤᠳᠠᠢ᠂ ᠬᠤᠷᠳᠤᠨ ᠴᠠᠭᠠᠨ ᠤ ᠭᠠᠷᠤᠯᠲᠠ ᠲᠤᠰ ᠪᠦᠷᠢ ᠪᠦᠬᠦ ᠤᠯᠤᠰ ᠤᠨ ᠶᠡᠷᠦᠩᠬᠡᠢ ᠭᠠᠷᠤᠯᠲᠠ ᠶᠢᠨ 70% ᠪᠠ 50% ᠶᠢ ᠡᠵᠡᠯᠡᠵᠦ ︿︿ᠪᠦᠬᠦ ᠤᠯᠤᠰ ᠤᠨ ᠲᠡᠷᠢᠭᠦᠨ ᠪᠦᠯᠦᠭ  ᠤᠨ ᠤᠯᠤᠰ ᠤᠨ ᠪᠦᠲᠦᠭᠡᠭᠳᠡᠭᠦᠨ ᠤ ᠶᠠᠰᠦ ᠴᠢᠨᠠᠷ ᠠᠶᠤᠯᠭᠦᠢ ᠬᠤᠰᠢᠭᠤ ᠰᠢᠶᠠᠨ﹀﹀ ︿︿ᠳᠤᠮᠳᠠᠳᠤ ᠤᠯᠤᠰ ᠤᠨ ᠲᠠᠪᠤᠨ ᠶᠡᠭᠡ ᠪᠤᠬᠢᠷᠳᠤᠯ ᠦᠭᠡᠢ ᠬᠢᠲᠠᠳ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ﹀﹀ ᠤᠨ ᠨᠢᠭᠡ ᠪᠤᠯᠵᠤ᠂ ᠨᠢᠤ ᠵᠢᠶᠠ ᠢᠩᠽᠢ ᠪᠠᠯᠭᠠᠰᠤ ᠨᠢ ︿︿ᠳᠤᠮᠳᠠᠳᠤ ᠤᠯᠤᠰ ᠤᠨ ᠡᠯᠡᠰᠤᠨ ᠤᠷᠬᠤᠳᠠᠢ᠂ ᠬᠤᠷᠳᠤᠨ ᠴᠠᠭᠠᠨ ᠤ ᠨᠤᠲᠤᠭ﹀﹀ ᠢᠶᠠᠷ ᠨᠡᠷᠡᠯᠡᠭᠳᠡᠵᠠᠢ᠃ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ 2.08 ᠳ᠋ᠦᠩᠰᠢᠭᠤᠷ ᠺᠦᠪ ᠮᠧᠲᠷ ᠲᠤ ᠬᠦᠷᠴᠦ᠂ ᠬᠦᠮᠦᠨ ᠳᠤᠮᠳᠠᠴᠢ ᠤᠰᠤᠨ ᠤ ᠪᠠᠶᠠᠯᠢᠭ ᠤᠨ ᠨᠤᠭᠳᠠᠪᠤᠷᠢ 600 ᠺᠦᠪ ᠮᠧᠲᠷ ᠲᠤ ᠬᠦᠷᠴᠦ ᠪᠤᠢ᠃ ᠬᠤᠰᠢᠭᠤᠨ ᠤ ᠬᠠᠷᠢᠶᠠᠨ ᠳᠤ ᠨᠡᠶᠢᠲᠡ 20 ᠠᠭᠤᠷᠬᠠᠢ ᠶᠢᠨ ᠵᠦᠢᠯ ᠪᠠᠶᠢᠵᠤ᠂ ᠡᠯ᠎ᠡ ᠵᠦᠢᠯ ᠤᠨ ᠠᠭᠤᠷᠬᠠᠢ ᠶᠢᠨ ᠴᠡᠭ 160 ᠭᠠᠵᠠᠷ ᠪᠠᠶᠢᠵᠤ᠂ ᠨᠢᠭᠡᠨᠲᠡ ᠬᠠᠶᠢᠨ ᠢᠯᠡᠷᠡᠭᠦᠯᠦᠭᠰᠡᠨ ᠰᠢᠷ᠎ᠠ ᠠᠯᠲᠠ ᠶᠢᠨ ᠬᠠᠳᠠᠭᠠᠯᠠᠭᠳᠠᠴᠠ 6 ᠲᠦᠮᠡᠨ ᠳᠤᠨ᠂ ᠨᠡᠭᠦᠷᠡᠰᠦᠨ ᠤ ᠬᠠᠳᠠᠭᠠᠯᠠᠭᠳᠠᠴᠠ 600 ᠲᠦᠮᠡᠨ ᠳᠤᠨ᠂ ᠬᠠᠶᠢᠯᠤᠭᠤᠷ ᠵᠤᠩᠰᠢ ᠶᠢᠨ ᠬᠠᠳᠠᠭᠠᠯᠠᠭᠳᠠᠴᠠ 42 ᠲᠦᠮᠡᠨ ᠳᠤᠨ᠂ ᠴᠤᠬᠤᠢ ᠶᠢᠨ ᠴᠢᠯᠠᠭᠤ 3 ᠳ᠋ᠦᠩᠰᠢᠭᠤᠷ ᠳᠤᠨ᠂ ᠰᠤᠪᠤᠳ ᠤᠨ ᠴᠢᠯᠠᠭᠤᠯᠢᠭ ᠤᠨ ᠬᠠᠳᠠᠭᠠᠯᠠᠭᠳᠠᠴᠠ 310 ᠲᠦᠮᠡᠨ ᠳᠤᠨ᠂ ᠪᠤᠴᠠᠯᠠᠭᠤᠷ ᠴᠢᠯᠠᠭᠤᠨ ᠤ ᠬᠠᠳᠠᠭᠠᠯᠠᠭᠳᠠᠴᠠ 278 ᠲᠦᠮᠡᠨ ᠳᠤᠨ᠂ ᠭᠠᠨᠳᠢᠭ ᠴᠢᠯᠠᠭᠤᠨ ᠤ ᠬᠠᠳᠠᠭᠠᠯᠠᠭᠳᠠᠴᠠ 12 ᠲᠦᠮᠡᠨ ᠪᠣᠰᠤᠭ᠎ᠠ ᠳᠦᠷᠪᠡᠯᠵᠢᠨ ᠮᠧᠲᠷ ᠲᠤ ᠬᠦᠷᠪᠠ᠃      ᠳᠦᠷᠪᠡ᠂ ᠳᠦᠭᠦᠮ ᠳᠠᠪᠠᠭᠤᠯᠢᠭ ᠵᠠᠮ ᠬᠠᠷᠢᠯᠴᠠᠭᠠᠨ ᠤ ᠤᠷᠤᠨ ᠪᠠᠶᠢᠷᠰᠢᠯ      ᠬᠠᠷᠠᠴᠢᠨ ᠬᠤᠰᠢᠭᠤ ᠨᠢ ᠤᠯᠠᠭᠠᠨᠬᠠᠳᠠ ᠬᠤᠲᠠ ᠶᠢᠨ ᠭᠤᠤᠯ ᠬᠤᠲᠠ ᠲᠤᠭᠤᠷᠢᠭ ᠲᠠᠢ ᠬᠦᠷᠰᠢᠯᠡᠨ ᠪᠠᠶᠢᠷᠰᠢᠵᠤ᠂ ᠬᠤᠰᠢᠭᠤᠨ ᠲᠦᠪ ᠤᠨ ᠰᠠᠭᠤᠭ᠎ᠠ ᠭᠠᠵᠠᠷ ᠶᠢᠨ ᠱᠠᠨ ᠪᠠᠯᠭᠠᠰᠤ ᠨᠢ ᠪᠡᠭᠡᠵᠢᠩ ᠠᠴᠠ 380 ᠺᠢᠯᠤᠮᠧᠲᠷ᠂ ᠴᠧᠩ ᠳ᠋ᠧ ᠠᠴᠠ 130 ᠺᠢᠯᠤᠮᠧᠲᠷ᠂ ᠶᠢᠨ ᠵᠸᠤ ᠭᠠᠷᠠᠮ ᠠᠴᠠ 280 ᠺᠢᠯᠤᠮᠧᠲᠷ ᠵᠠᠶᠢᠲᠠᠢ ᠪᠠᠶᠢᠵᠤ᠂ ᡂᠢ ᠶᠢᠨ᠂ ᡂᠢ ᠱᠧᠨ᠂ ᠵᠢᠩ ᠲᠦᠩ ᠲᠡᠮᠦᠷ ᠵᠠᠮ ᠪᠤᠯᠤᠨ ᡂᠢ ᠯᠢᠩ ᠨᠢᠭᠡᠳᠦᠭᠡᠷ ᠳᠡᠰ ᠤᠨ ᠵᠠᠰᠠᠮᠠᠯ ᠵᠠᠮ᠂ ᡂᠢ ᠴᠧᠩ ᠲᠦᠷᠭᠡᠨ ᠬᠤᠷᠳᠤᠴᠠᠲᠤ ᠵᠠᠮ ᠬᠤᠰᠢᠭᠤᠨ ᠤ ᠬᠠᠷᠢᠶ᠎ᠠ ᠪᠠᠷ ᠦᠩᠭᠡᠷᠡᠨ᠂ ᡂᠢ ᠳ᠋ᠠ᠂ ᡂᠢ ᠴᠤᠤ᠂ ᡂᠢ ᠲᠦᠩ ᠲᠦᠷᠭᠡᠨ ᠬᠤᠷᠳᠤᠴᠠᠲᠤ ᠵᠠᠮ ᠨᠢ ᠬᠤᠰᠢᠭᠤᠨ ᠤ ᠬᠠᠷᠢᠶᠠᠨ ᠳᠤ ᠤᠭᠳᠤᠯᠤᠯᠴᠠᠵᠤ᠂ ᠤᠯᠠᠭᠠᠨᠬᠠᠳᠠ ᠬᠤᠲᠠ ᠶᠢᠨ ᠬᠠᠰ ᠯᠤᠤ ᠨᠢᠰᠬᠡᠯ ᠤᠨ ᠪᠠᠭᠤᠳᠠᠯ ᠬᠤᠰᠢᠭᠤᠨ ᠤ ᠬᠠᠷᠢᠶᠠᠨ ᠳᠤ ᠪᠠᠶᠢᠷᠰᠢᠨ᠂ ᠤᠯᠠᠭᠠᠨᠬᠠᠳᠠ ᠶᠢᠨ ᠲᠦᠷᠭᠡᠨ ᠬᠤᠷᠳᠤᠴᠠᠳᠤ ᠲᠡᠮᠦᠷ ᠵᠠᠮ ᠢᠶᠠᠷ ᠳᠠᠮᠵᠢᠨ ᠮᠠᠨ ᠤ ᠬᠤᠰᠢᠭᠤ  ᠨᠢ ᠪᠡᠭᠡᠵᠢᠩ ᠤᠨ ᠲᠤᠭᠤᠷᠢᠨ ᠲᠠᠬᠢ 2 ᠴᠠᠭ ᠤᠨ ᠵᠠᠶᠢᠲᠠᠢ ᠠᠵᠤ ᠠᠬᠤᠢ ᠶᠢᠨ ᠲᠤᠭᠤᠷᠢᠭ ᠲᠤ ᠤᠷᠤᠵᠤ᠂ ᠪᠦᠬᠦ ᠬᠤᠲᠠ ᠴᠢᠨᠠᠭᠰᠢᠯᠠᠭᠠᠳ ᠪᠦᠬᠦ ᠤᠷᠤᠨ ᠤ ᠪᠡᠭᠡᠵᠢᠩ ᠳᠤ ᠤᠷᠤᠬᠤ ᠪᠠ ᠳᠠᠯᠠᠢ ᠳᠤ ᠭᠠᠷᠬᠤ ᠬᠠᠮᠤᠭ ᠳᠦᠭᠦᠮ ᠳᠦᠲᠠ ᠭᠠᠵᠠᠷ ᠤᠷᠤᠨ ᠤ ᠨᠢᠭᠡ ᠪᠤᠯᠪᠠ᠃ ᠪᠦᠬᠦ ᠬᠤᠰᠢᠭᠤᠨ ᠤ ᠵᠠᠰᠠᠮᠠᠯ ᠵᠠᠮ ᠤᠨ ᠪᠦᠬᠦ ᠤᠷᠲᠤ 1382 ᠺᠢᠯᠤᠮᠧᠲᠷ ᠪᠠᠶᠢᠵᠤ᠂ ᠵᠠᠮ ᠤᠨ ᠲᠤᠤᠷᠵᠢᠯ ᠤᠨ ᠨᠢᠭᠲᠠᠴᠠ ᠨᠢ 45.3 ᠺᠢᠯᠤᠮᠧᠲᠷ/ ᠵᠠᠭᠤᠨ ᠲᠡᠭᠰᠢ ᠳᠦᠷᠪᠡᠯᠵᠢᠨ ᠺᠢᠯᠤᠮᠧᠲᠷ ᠲᠤ ᠬᠦᠷᠦᠭᠰᠡᠨ ᠪᠠᠶᠢᠨ᠎ᠠ᠃ ᠳ᠋ᠠ ᠭᠤᠸᠠᠩ ᠲᠦᠷᠭᠡᠨ ᠬᠤᠷᠳᠤᠴᠠᠲᠤ ᠵᠠᠮ᠂ ᡂᠢ ᠴᠤᠤ ᠲᠦᠷᠭᠡᠨ ᠬᠤᠷᠳᠤᠴᠠᠳᠤ ᠵᠠᠮ᠂ ᡂᠢ ᠯᠢᠩ ᠨᠢᠭᠡᠳᠦᠭᠡᠷ ᠳᠡᠰ ᠤᠨ ᠵᠠᠮ᠂ ᠤᠯᠤᠰ ᠤᠨ ᠵᠠᠮ ᠤᠨ 306 ᠱᠤᠭᠤᠮ᠂ ᠮᠤᠵᠢ ᠤᠨ ᠵᠠᠮ ᠤᠨ 206 ᠱᠤᠭᠤᠮ ᠢᠶᠠᠷ ᠭᠤᠤᠯ ᠪᠤᠯᠭᠠᠨ᠂ 1066 ᠺᠢᠯᠤᠮᠧᠲᠷ ᠤᠨ ︿︿ᠲᠤᠰᠬᠤᠨ ᠤ ᠵᠠᠰᠠᠮᠠᠯ ᠵᠠᠮ﹀﹀ ᠪᠠᠷ ᠰᠠᠯᠠᠭ᠎ᠠ ᠪᠤᠯᠭᠠᠵᠤ᠂ ᠬᠠᠰ ᠯᠤᠤ ᠠᠭᠠᠷ ᠠᠶᠠᠯᠠᠯ᠂ ᠶᠧ ᡂᠢ ᠲᠡᠮᠦᠷ ᠵᠠᠮ ᠢᠶᠠᠷ ᠲᠤᠯᠭᠠᠭᠤᠷᠢ ᠪᠤᠯᠭᠠᠭᠰᠡᠨ ᠤᠯᠠᠨ ᠳᠠᠪᠬᠤᠷᠭᠠᠳᠤ ᠵᠠᠮ ᠬᠠᠷᠢᠯᠴᠠᠭᠠᠨ ᠤ ᠪᠦᠲᠦᠴᠡ ᠶᠢ ᠪᠦᠷᠢᠯᠳᠦᠭᠦᠯᠵᠠᠢ᠃      ᠲᠠᠪᠤ᠂ ᠡᠳᠦᠷ ᠢᠷᠡᠬᠦᠶ᠎ᠡ ᠰᠠᠶᠢᠵᠢᠷᠠᠨ ᠰᠢᠨᠡᠳᠴᠦ ᠪᠠᠶᠢᠭ᠎ᠠ ᠬᠤᠲᠠ ᠬᠦᠳᠡᠭᠡ ᠶᠢᠨ ᠳᠦᠷᠢ ᠳᠦᠷᠬᠦ      ᠨᠤᠲᠤᠭᠯᠠᠵᠤ ᠰᠠᠭᠤᠷᠢᠰᠢᠬᠤ ᠳᠤ ᠲᠤᠬᠢᠷᠠᠮᠵᠢᠲᠠᠢ᠂ ᠦᠢᠯᠡᠰ ᠡᠷᠬᠢᠯᠡᠬᠦ ᠳᠤ ᠵᠤᠬᠢᠷᠠᠮᠵᠢᠲᠠᠢ᠂ ᠵᠤᠭᠠᠴᠠᠯ ᠲᠤᠭᠤᠷᠢᠬᠤ ᠳᠤ ᠲᠠᠭᠠᠯᠠᠮᠵᠢᠲᠠᠢ ᠤᠨᠴᠠᠯᠢᠭᠲᠤ ᠰᠡᠯᠡᠭᠦᠴᠡᠯ ᠤᠨ ᠪᠠᠯᠭᠠᠰᠤ ᠶᠢ ᠪᠦᠲᠦᠭᠡᠨ ᠪᠠᠶᠢᠭᠤᠯᠬᠤ ᠠᠵᠢᠯ ᠤᠨ ᠵᠤᠭᠰᠤᠴᠠ ᠠᠴᠠ ᠶᠢᠨ ᠱᠠᠨ ᠪᠠᠯᠭᠠᠰᠤ ᠶᠢᠨ ᠬᠤᠲᠠ ᠲᠤᠭᠤᠷᠢᠭ ᠨᠢ ︿︿ᠵᠢᠷᠭᠤᠭᠠᠨ ᠬᠦᠨᠳᠡᠯᠡᠨ ᠲᠠᠪᠤᠨ ᠭᠤᠯᠳᠤ﹀﹀ ᠬᠤᠲᠠ ᠪᠠᠯᠭᠠᠰᠤᠨ ᠤ ᠭᠤᠤᠯ ᠲᠦᠰᠦᠪ ᠢ ᠪᠦᠷᠢᠯᠳᠦᠭᠦᠯᠦᠨ᠂ ᠨᠠᠭᠤᠷ ᠤᠨ ᠬᠦᠪᠡᠭᠡᠨ ᠤ ᠲᠠᠮᠢᠷ ᠤᠨ ᠴᠡᠴᠡᠷᠯᠢᠭ᠂ ᠤᠰᠤᠨ ᠳᠡᠭᠡᠷᠡᠬᠢ ᠴᠡᠴᠡᠷᠯᠢᠭ᠂ ᠡᠮᠦᠨ᠎ᠡ ᠠᠷᠤ ᠠᠭᠤᠯᠠᠨ ᠤ ᠠᠮᠢ ᠠᠬᠤᠢ ᠶᠢᠨ ᠴᠡᠴᠡᠷᠯᠢᠭ ᠵᠡᠷᠭᠡ ᠪᠠᠯᠭᠠᠰᠤᠨ ᠤ ᠲᠤᠭᠤᠷᠢᠭ ᠤᠨ ︿︿ᠠᠷᠪᠠᠨ ᠮᠢᠨᠤᠲ ᠤᠨ ᠰᠡᠯᠡᠭᠦᠴᠡᠯ ᠵᠤᠭᠠᠴᠠᠬᠤ ᠲᠤᠭᠤᠷᠢᠭ﹀﹀ ᠢ ᠪᠦᠲᠦᠭᠡᠨ ᠪᠠᠶᠢᠭᠤᠯᠵᠤ᠂ ᠤᠮᠠᠷᠠᠳᠤ ᠶᠢᠨ ᠠᠭᠤᠯᠠ ᠤᠰᠤ ᠤᠢ ᠮᠤᠳᠤ ᠴᠡᠴᠡᠷᠯᠢᠭ ᠬᠤᠲᠠ ᠪᠠᠯᠭᠠᠰᠤᠨ ᠤ ᠭᠤᠶᠢᠳᠠ ᠦᠵᠡᠮᠵᠢ ᠶᠢ ᠪᠦᠷᠢᠯᠳᠦᠭᠦᠯᠵᠤ᠂ ᠤᠯᠤᠰ ᠤᠨ ᠳᠡᠰ ᠤᠨ ᠴᠡᠴᠡᠷᠯᠢᠭᠲᠦ ᠰᠢᠶᠠᠨ ᠤ ᠬᠤᠲᠠ ᠶᠢ ᠠᠮᠵᠢᠯᠲᠠ ᠲᠠᠢ ᠪᠦᠲᠦᠭᠡᠨ ᠪᠠᠶᠢᠭᠤᠯᠵᠠᠢ᠃ ᠪᠦᠬᠦ ᠬᠤᠰᠢᠭᠤᠨ ᠤ ᠬᠤᠲᠠ ᠪᠠᠯᠭᠠᠰᠤᠵᠢᠯᠲᠠ ᠶᠢᠨ ᠨᠤᠷᠮ᠎ᠠ 45.4% ᠳᠤ ᠬᠦᠷᠴᠦ᠂ ᠬᠤᠲᠠ ᠬᠦᠳᠡᠭᠡ ᠶᠢᠨ ᠦᠨᠳᠦᠰᠦᠨ ᠲᠦᠬᠦᠭᠡᠷᠡᠮᠵᠢ ᠬᠠᠷᠢᠯᠴᠠᠨ ᠨᠡᠪᠲᠡᠷᠡᠯᠴᠡᠵᠤ᠂ ᠤᠯᠤᠰ ᠤᠨ ᠵᠠᠮ ᠤᠨ 306 ᠱᠤᠭᠤᠮ ᠤᠨ ᠦᠭᠡᠷᠴᠢᠯᠡᠯᠲᠡ᠂ ᠲᠤ ᠴᠧᠩ ᠽᠢ ᠨᠢᠰᠬᠡᠯ ᠤᠨ ᠪᠠᠭᠤᠳᠠᠯ ᠤᠨ ᠳᠠᠶᠢᠨ ᠤ ᠪᠡᠯᠡᠳᠬᠡᠯ ᠤᠨ ᠵᠠᠮ᠂ ᠳ᠋ᠠ ᠭᠤᠸᠠᠩ ᠲᠦᠷᠭᠡᠨ ᠬᠤᠷᠳᠤᠴᠠᠲᠤ ᠵᠠᠮ ᠨᠢᠤ ᠵᠢᠶᠠ ᠢᠩᠽᠢ ᠳᠤ ᠨᠡᠪᠲᠠᠷᠡᠬᠦ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠵᠦ᠂ ᠲᠤᠰᠬᠤᠨ ᠪᠦᠬᠦᠨ ᠳᠤ ᠽᠧᠮᠧᠨ᠋ᠲ ᠵᠠᠮ ᠨᠡᠪᠲᠡᠷᠡᠭᠰᠡᠨ ᠪᠤᠯᠤᠨ ᠲᠤᠰᠬᠤᠨ ᠪᠤᠯᠭᠠᠨ ᠳᠤ ᠲᠡᠷᠭᠡ ᠨᠡᠪᠲᠡᠷᠡᠭᠰᠡᠨ ᠨᠤᠷᠮ᠎ᠠ 100 % ᠳᠤ ᠬᠦᠷᠴᠦ᠂ ︿︿ᠳᠦᠷᠪᠡᠨ ᠰᠠᠶᠢᠨ ᠬᠦᠳᠡᠭᠡ ᠲᠤᠰᠬᠤᠨ  ᠤ ᠵᠠᠮ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠬᠤᠰᠢᠭᠤ﹀﹀ ᠪᠤᠯᠪᠠ᠃      ᠵᠢᠷᠭᠤᠭ᠎ᠠ᠂ ᠡᠶ᠎ᠡ ᠵᠤᠬᠢᠴᠠᠯᠳᠤ ᠠᠮᠤᠷ ᠳᠤᠭᠲᠠᠭᠤᠨ ᠠᠵᠤ ᠠᠬᠤᠢ ᠨᠡᠶᠢᠭᠡᠮ      ᠠᠷᠠᠳ ᠲᠦᠮᠡᠨ ᠢᠶᠠᠷ ᠲᠦᠪ ᠪᠤᠯᠭᠠᠨ᠂ ᠰᠤᠷᠭᠠᠨ ᠬᠦᠮᠦᠵᠢᠯ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠨᠡᠶᠢᠭᠡᠮ ᠤᠨ ᠠᠵᠢᠯ ᠤᠶᠢᠯᠡᠰ ᠤᠨ ᠪᠦᠬᠦ ᠲᠠᠯ᠎ᠠ  ᠶᠢᠨ ᠬᠦᠭᠵᠢᠯᠲᠡ ᠶᠢ ᠬᠦᠴᠦ ᠪᠠᠨ ᠳᠦᠪᠯᠡᠷᠡᠭᠦᠯᠦᠨ ᠠᠳᠬᠤᠬᠤ ᠢ ᠪᠠᠷᠢᠮᠲᠠᠯᠠᠪᠠ᠃ ᠶᠢᠨ ᠱᠠᠨ‌ᠨᠢᠭᠡᠳᠦᠭᠡᠷ ᠬᠡᠦᠬᠡᠳ ᠤᠨ ᠴᠡᠴᠡᠷᠯᠢᠭ᠂ ᠶᠢᠨ ᠱᠠᠨ ᠭᠤᠷᠪᠠᠳᠤᠭᠠᠷ ᠬᠡᠦᠬᠡᠳ ᠤᠨ ᠴᠡᠴᠡᠷᠯᠢᠭ᠂ ᠾᠧ ᠮᠧᠢ ᠷᠧᠨ ᠳ᠋ᠧ ᠪᠠᠭ᠎ᠠ ᠰᠤᠷᠭᠠᠭᠤᠯᠢ ᠵᠡᠷᠭᠡ 29 ᠰᠤᠷᠭᠠᠭᠤᠯᠢ ᠶᠢ ᠰᠢᠨ᠎ᠡ ᠪᠠᠷ ᠪᠤᠶᠤ ᠦᠷᠭᠡᠳᠬᠡᠨ ᠦᠭᠡᠷᠴᠢᠯᠡᠨ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢ ᠲᠠᠢ ᠬᠦᠭᠵᠢᠯᠲᠠ ᠨᠢ ᠤᠯᠤᠰ ᠤᠨ ᠰᠢᠯᠭᠠᠨ ᠲᠤᠭᠲᠠᠭᠠᠯᠲᠠ ᠶᠢ ᠠᠮᠵᠢᠯᠲᠠ ᠲᠠᠢ ᠦᠩᠭᠡᠷᠡᠭᠦᠯᠪᠡ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠡᠶᠢᠲᠡ 170 ᠰᠠᠭᠤᠷᠢ ᠶᠢ ᠰᠢᠨ᠎ᠡ ᠪᠠᠷ ᠪᠠ ᠦᠷᠭᠡᠳᠬᠡᠨ ᠦᠭᠡᠷᠴᠢᠯᠡᠨ ᠪᠠᠶᠢᠭᠤᠯᠵᠤ᠂ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶᠠᠨ ᠤ ᠭᠤᠤᠯ ᠪᠠᠷᠢᠯᠭ᠎ᠠ ᠶᠢ ᠪᠠᠶᠢᠭᠤᠯᠵᠤ ᠳᠠᠭᠤᠰᠬᠠᠨ᠂ ᠶᠡᠷᠥᠩᠬᠡᠢ ᠡᠮᠨᠡᠯᠭᠡ᠂ ᠬᠢᠲᠠᠳ ᠮᠤᠩᠭᠤᠯ ᠡᠮᠨᠡᠯᠭᠡ ᠨᠢ ᠬᠤᠶᠠᠳᠤᠭᠠᠷ ᠬᠦᠬᠡ ᠳᠡᠰ ᠤᠨ ᠡᠮᠨᠡᠯᠭᠡ ᠪᠤᠯᠵᠤ ᠳᠡᠰ ᠳᠡᠪᠰᠢᠪᠡ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠤᠯᠪᠠᠰᠤᠷᠠᠯ ᠤᠨ ᠬᠢᠷᠢ ᠳᠦᠪᠰᠢᠨ 21.2% ᠲᠤ ᠬᠦᠷᠴᠦ᠂ ᠪᠦᠬᠦ ᠤᠷᠤᠨ ᠤ ᠬᠡᠮᠵᠢᠭᠳᠡᠯ ᠠᠴᠠ 1.2 ᠵᠠᠭᠤᠨ ᠤ ᠨᠢᠭᠡᠴᠢ ᠦᠨᠳᠦᠷ ᠪᠤᠯᠪᠠ᠃ ᠶᠢᠨ ᠱᠠᠨ ᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ᠂ ᠨᠠᠰᠤᠲᠠᠶᠢᠴᠤᠤᠯ ᠤᠨ ᠡᠷᠡᠭᠦᠯᠵᠢᠯ ᠰᠤᠪᠢᠯᠠᠯᠲᠠ ᠶᠢᠨ ᠬᠦᠷᠢᠶᠡᠯᠡᠩ᠂ ᠷᠢᠨᠤ᠋ ᠶᠢᠨ ᠤᠷᠳᠤᠨ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠡᠭ ᠶᠢ ᠦᠨᠳᠦᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠤᠷᠮ᠎ᠠ ᠶᠢ ᠢᠮᠠᠭᠲᠠ 4.5% ᠶᠢᠨ ᠳᠤᠲᠤᠷ᠎ᠠ ᠬᠢᠵᠠᠭᠠᠷᠯᠠᠵᠤ ᠢᠷᠡᠪᠠ᠃      ᠳᠤᠯᠤᠭ᠎ᠠ᠂ ᠯᠤᠲᠤ ᠶᠡᠭᠡ ᠬᠦᠳᠡᠯᠭᠡᠭᠡᠨ ᠤ ᠡᠨᠧᠷᠭᠢ ᠲᠠᠢ ᠬᠦᠭᠵᠢᠯᠲᠠ ᠶᠢᠨ ᠳᠠᠯᠳᠠ ᠬᠦᠴᠦᠨ      ᠪᠦᠬᠦ ᠬᠤᠰᠢᠭᠤᠨ ᠤ ᠠᠵᠤ ᠠᠬᠤᠢ ᠨᠡᠶᠢᠭᠡᠮ ᠲᠤᠭᠲᠠᠭᠤᠨ ᠡᠷᠡᠭᠦᠯ ᠬᠦᠭᠵᠢᠯᠲᠠ ᠶᠢᠨ ᠪᠠᠶᠢᠳᠠᠯ ᠢ ᠪᠠᠲᠤᠯᠠᠵᠤ᠂ 2021 ᠤᠨ ᠤ ᠳᠡᠭᠡᠷ᠎ᠡ ᠬᠠᠭᠠᠰ ᠵᠢᠯ ᠳᠤ ᠂ ᠪᠦᠬᠦ ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠤᠩᠬᠡᠢ ᠦᠷᠲᠡᠭ 46.8  ᠳ᠋ᠦᠩᠰᠢᠭᠤᠷ ᠲᠦᠭᠦᠷᠢᠭ ᠲᠤ ᠬᠦᠷᠴᠦ᠂ ᠲᠤᠭᠲᠠᠮᠠᠯ ᠬᠦᠷᠦᠩᠭᠡ  ᠶᠢᠨ ᠪᠡᠯᠡ ᠤᠷᠤᠭᠤᠯᠤᠯᠲᠠ 6.85 ᠳ᠋ᠦᠩᠰᠢᠭᠤᠷ ᠲᠦᠭᠦᠷᠢᠭ ᠢ ᠪᠡᠶᠡᠯᠡᠭᠦᠯᠦᠨ᠃ ᠨᠡᠶᠢᠲᠡ ᠶᠢᠨ ᠡᠳᠢ ᠤᠨ ᠵᠠᠰᠠᠭ ᠤᠨ ᠲᠦᠰᠦᠪ ᠤᠨ ᠤᠷᠤᠯᠭ᠎ᠠ ᠶᠢ 3.1 ᠳ᠋ᠤᠩᠰᠢᠭᠤᠷ ᠲᠦᠭᠦᠷᠢᠭ ᠲᠤ ᠬᠦᠷᠭᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 15.1 ᠳ᠋ᠥᠩᠰᠢᠭᠤᠷ ᠲᠦᠭᠦᠷᠢᠭ ᠲᠤ ᠬᠦᠷᠴᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠬᠤᠪᠢᠶᠠᠷᠯᠠᠵᠤ ᠪᠤᠯᠬᠤ ᠤᠷᠤᠯᠭ᠎ᠠ ᠨᠢ ᠲᠤᠰᠪᠤᠷᠢ 16700 ᠲᠦᠭᠦᠷᠢᠭ ᠪᠠ 6474 ᠲᠦᠭᠦᠷᠢᠭ ᠲᠤ ᠬᠦᠷᠪᠡ᠃ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠤᠬᠢᠷᠳᠠᠯ ᠦᠭᠡᠢ ᠬᠦᠭᠵᠢᠯᠲᠠ ᠪᠠᠷ ᠵᠢᠯᠤᠭᠤᠳᠤᠮᠵᠢ ᠪᠤᠯᠭᠠᠭᠰᠡᠨ ᠦᠨᠳᠦᠷ ᠴᠢᠨᠠᠷ ᠴᠢᠨᠰᠠᠭ᠎ᠠ ᠲᠠᠢ ᠬᠦᠭᠵᠢᠯᠲᠠ ᠶᠢᠨ ᠵᠠᠮ ᠢᠶᠠᠷ ᠰᠢᠨᠲᠠᠷᠠᠰᠢ ᠦᠭᠡᠢ ᠵᠠᠮᠨᠠᠵᠤ᠂ ᠶᠢᠨ ᠱᠠᠨ᠂ ᠾᠧ ᠮᠧᠢ ᠬᠤᠶᠠᠷ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠤᠭᠤᠷᠢᠭ᠂ ᠪᠠᠭ᠎ᠠ ᠨᠡᠭᠦᠴᠡ ᠶᠢᠨ ᠮᠠᠯ ᠲᠠᠷᠢᠶᠠᠯᠠᠩ ᠤᠨ ᠪᠦᠲᠦᠭᠡᠭᠳᠡᠭᠦᠨ ᠢ ᠪᠤᠯᠪᠠᠰᠤᠷᠠᠭᠤᠯᠬᠤ ᠬᠦᠷᠢᠶᠡᠯᠡᠩ ᠲᠤᠭᠤᠷᠢᠭ᠂ ᠱᠢ ᠵᠢᠶᠠ ᠰᠢᠨ᠎ᠡ ᠬᠡᠯᠪᠡᠷᠢ  ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠦᠷᠢᠶᠡᠯᠡᠩ ᠲᠤᠭᠤᠷᠢᠭ᠂ ᠤᠯᠠᠭᠠᠨᠬᠠᠳᠠ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠵᠡᠷᠭᠡ ᠢ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠢ ᠪᠠᠶᠢᠭᠤᠯᠵᠤ᠂ ᠬᠦᠴᠦᠨ ᠢᠶᠠᠨ ᠲᠦᠪᠯᠡᠷᠡᠭᠦᠯᠦᠨ ᠠᠯᠠᠰᠢᠨ ᠦᠬᠡᠷ᠂ ᠮᠢᠬᠠᠨ ᠤ ᠨᠤᠭᠤᠰᠤ᠂ ᠬᠢᠲᠠᠳ ᠡᠮ ᠤᠨ ᠮᠠᠲ᠋ᠧᠷᠢᠶᠠᠯ᠂ ᠲᠦᠬᠦᠭᠡᠷᠮᠵᠢᠲᠤ ᠬᠦᠬᠡ ᠨᠤᠭᠤᠭ᠎ᠠ᠂ ᠵᠡᠰ ᠤᠨ ᠲᠡᠮᠦᠷᠯᠢᠭ ᠬᠠᠶᠢᠯᠤᠭᠤᠯᠬᠤ᠂ ᠰᠢᠨ᠎ᠡ ᠮᠠᠲ᠋ᠧᠷᠢᠶᠠᠯ᠂ ᠮᠠᠯ ᠲᠠᠷᠢᠶᠠᠯᠠᠩ ᠤᠨ ᠪᠦᠲᠦᠭᠡᠭᠳᠡᠭᠦᠨ ᠪᠤᠯᠪᠠᠰᠤᠷᠠᠭᠤᠯᠬᠤ᠂ ᠰᠤᠶᠤᠯ ᠵᠢᠭᠤᠯᠴᠢᠯᠠᠯ᠂ ᠡᠯᠧᠺᠲ᠋ᠤᠷᠤᠨ ᠬᠤᠳᠠᠯᠳᠤᠭ᠎ᠠ ᠪᠠᠷᠠᠭᠠᠨ ᠤ ᠭᠦᠢᠯᠭᠡᠭᠡ ᠵᠡᠷᠭᠡ ᠶᠢᠰᠦᠨ ᠲᠤᠮᠦ ᠭᠤᠤᠯᠯᠠᠭᠴᠢ ᠠᠵᠤ ᠦᠢᠯᠡᠰ ᠢ ᠭᠤᠤᠯᠳᠠᠯᠭ᠎ᠠ ᠲᠠᠢ ᠬᠦᠭᠵᠢᠭᠦᠯᠵᠦ᠂ ᠰᠢᠨ᠎ᠡ ᠬᠦᠭᠵᠢᠯᠳᠠ ᠶᠢᠨ ᠪᠠᠶᠢᠳᠠᠯ ᠳᠤ ᠢᠳᠡᠪᠬᠢᠲᠠᠢ ᠦᠢᠯᠡᠴᠢᠯᠡᠨ᠂ ᠰᠢᠨ᠎ᠡ ᠬᠦᠭᠵᠢᠯᠲᠠ ᠶᠢᠨ ᠰᠡᠳᠬᠢᠮᠵᠢ ᠪᠠᠨ ᠦᠢᠯᠡᠳᠦᠯᠭᠡᠵᠢᠭᠦᠯᠵᠤ᠂ ᠤᠯᠠᠭᠠᠨᠬᠠᠳᠠ ᠬᠤᠲᠠ ᠶᠢᠨ ᠦᠢᠯᠡᠳᠪᠦᠷᠢᠯᠡᠯ ᠤᠨ ᠬᠤᠲᠠ ᠶᠢᠨ ᠠᠭᠤᠰᠤᠯᠴᠠᠨ ᠬᠦᠭᠵᠢᠬᠦ ᠵᠢᠱᠢᠶ᠎ᠡ ᠦᠵᠡᠭᠦᠯᠬᠦ ᠲᠤᠭᠤᠷᠢᠭ᠂ ᠦᠪᠦᠷ ᠮᠤᠩᠭᠤᠯ ᠤᠨ ᠵᠡᠭᠦᠨ ᠬᠡᠰᠡᠭ ᠤᠨ ᠤᠷᠤᠨ ᠤ ᠤᠬᠢ ᠰᠢᠯᠢᠳᠡᠭ ᠮᠠᠯ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠨ ᠪᠤᠯᠪᠠᠰᠤᠷᠠᠭᠤᠯᠬᠤ ᠰᠠᠭᠤᠷᠢᠨ ᠭᠠᠵᠠᠷ᠂ ᠬᠦᠨᠳᠦ ᠴᠢᠬᠤᠯᠠ ᠰᠢᠨ᠎ᠡ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠰᠠᠭᠤᠷᠢᠨ ᠭᠠᠵᠠᠷ᠂ ᠨᠡᠷᠡᠳᠦ ᠲᠡᠮᠳᠡᠭᠳᠦ ᠳᠦᠷᠪᠡᠨ ᠤᠯᠠᠷᠢᠯ ᠤᠨ ᠵᠢᠭᠤᠯᠴᠢᠯᠠᠯ ᠡᠷᠡᠭᠦᠯᠵᠢᠯ ᠰᠤᠪᠢᠯᠠᠯᠲᠠ ᠠᠮᠠᠷᠠᠯᠲᠠ ᠶᠢᠨ ᠰᠠᠭᠤᠷᠢᠨ ᠭᠠᠵᠠᠷ᠂ ᠤᠯᠠᠭᠠᠨᠬᠠᠲᠠ ᠬᠤᠲᠠ ᠶᠢᠨ ᠭᠤᠤᠯᠳᠠᠯᠭ᠎ᠠ ᠲᠠᠢ ᠤᠳᠤᠬᠢᠴᠢᠯᠠᠭᠰᠡᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠭᠦᠢᠯᠭᠡᠭᠡᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ︿︿ᠠᠷᠢᠭᠤᠨ ᠭᠠᠶᠢᠬᠠᠮᠰᠢᠭᠲᠤ ᠬᠠᠷᠠᠴᠢᠨ᠂ ᠠᠮᠢ ᠠᠬᠤᠢ ᠶᠢᠨ ᠵᠢᠭᠤᠯᠴᠢᠯᠠᠯ﹀﹀ ᠵᠤᠭᠠᠴᠠᠯ ᠤᠨ ᠨᠡᠷᠡᠲᠤ ᠲᠡᠮᠳᠡᠭ ᠢᠶᠠᠨ ᠪᠦᠬᠦ ᠲᠠᠯ᠎ᠠ ᠪᠠᠷ ᠳᠠᠭᠤᠷᠢᠰᠡᠭᠤᠯᠵᠤ᠂ ᠬᠠᠷᠠᠴᠢᠨ ᠬᠤᠰᠢᠭᠤᠨ ᠤ ᠪᠠᠨ ᠦᠩᠭᠡ ᠭᠡᠷᠡᠯ ᠢᠷᠠᠭᠤ ᠠᠯᠳᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ ᠢᠷᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ