ᠠᠣᠬᠠᠨ ᠬᠤᠰᠢᠭᠤ
ᠨᠡᠶᠢᠲᠡᠯᠡᠭᠰᠡᠨ ᠴᠠᠭ᠄
2021/11/25
      ︽ᠠᠣᠬᠠᠨ︾  ᠭᠡᠳᠡᠭ ᠨᠢ ᠮᠣᠩᠭᠤᠯ ᠬᠡᠯᠡᠨ ᠳᠤ ︽  ᠤᠤᠭᠠᠨ︾ ︽  ᠠᠤᠭ᠎ᠠ ᠬᠠᠨ︾ ᠭᠡᠰᠡᠨ ᠤᠳᠬ᠎ᠠ ᠲᠠᠢ ᠃  ᠴᠢᠩ ᠤᠯᠤᠰ ᠤᠨ ᠳᠡᠭᠡᠲᠦ ᠡᠷᠳᠡᠮᠳᠦ ᠶᠢᠨ ᠠᠩᠬᠠᠨ ᠤ ᠣᠨ ︵1636 ᠣᠨ︶ ᠳᠤ ᠠᠤᠬᠠᠨ ᠬᠤᠰᠢᠭᠤᠨ ᠤ ᠪᠠᠶᠢᠭᠤᠯᠤᠮᠵᠢ  ᠶᠢ ᠪᠠᠶᠢᠭᠤᠯᠪᠠ᠃ ᠠᠤᠬᠠᠨ ᠬᠤᠰᠢᠭᠤ ᠨᠢ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠵᠡᠭᠦᠨ ᠡᠮᠦᠨ᠎ᠡ  ᠬᠡᠰᠡᠭ ᠲᠤ ᠪᠠᠶᠢᠷᠢᠯᠠᠵᠤ᠂ ᠡᠮᠦᠨ᠎ᠡ ᠪᠠᠨ ᠯᠢᠶᠣᠤᠨᠢᠩ ᠮᠤᠵᠢ ᠲᠠᠢ ᠬᠥᠷᠰᠢᠯᠡᠵᠦ ᠂ ᠵᠡᠭᠦᠨ ᠲᠠᠯ᠎ᠠ ᠪᠠᠷ ᠢᠶᠠᠨ ᠲᠦᠩᠯᠢᠶᠣᠤ ᠬᠤᠲᠠ ᠲᠠᠢ ᠵᠠᠬ᠎ᠠ ᠨᠡᠶᠢᠯᠡᠨ᠂ ᠵᠢᠨᠵᠧᠦ ᠭᠠᠷᠠᠮ ᠠᠴᠠ 130 ᠺᠢᠯᠣᠮᠧᠲᠷ ᠵᠠᠶᠢᠲᠠᠶ ᠪᠠᠶᠢᠳᠠᠭ ᠂ ᠥᠪᠥᠷ ᠮᠣᠩᠭᠤᠯ ᠤᠨ ᠲᠡᠯᠡᠶ ᠶᠢᠨ ᠭᠠᠷᠠᠮ ᠠᠴᠠ ᠬᠠᠮᠤᠭ ᠤᠨ ᠣᠶᠢᠷ᠎ᠠ  ᠪᠠᠶᠢᠭ᠎ᠠ ᠬᠤᠰᠢᠭᠤ ᠰᠢᠶᠠᠨ ᠪᠣᠯᠤᠨ᠎ᠠ᠃ ᠪᠡᠭᠡᠵᠢᠩ ᠠᠴᠠ ᠲᠦᠩᠯᠢᠶᠣᠣ᠂ ᠤᠯᠠᠭᠠᠨᠬᠠᠳᠠ ᠠᠴᠠ ᠵᠢᠨᠵᠧᠦ᠂ ᠪᠠᠶ᠋ᠬᠠᠭᠤᠯᠠ ᠠᠴᠠ ᠹᠦᠰᠢᠨ ᠬᠦᠷᠬᠦ ᠭᠤᠷᠪᠠᠨ ᠵᠣᠷᠪᠤᠰ ᠲᠡᠮᠦᠷ ᠵᠠᠮ ᠪᠣᠯᠤᠨ ᠤᠯᠠᠭᠠᠨᠬᠠᠳᠠ ᠠᠴᠠ ᠲᠦᠩᠯᠢᠶᠣᠣ᠂ ᠤᠯᠠᠭᠠᠨᠬᠠᠳᠠ ᠠᠴᠠ ᠴᠣᠣᠶᠠᠩ ᠬᠦᠷᠬᠦ ᠬᠤᠶᠠᠷ ᠵᠣᠷᠪᠤᠰ ᠳᠡᠭᠡᠲᠦ ᠬᠤᠷᠳᠤ ᠶᠢᠨ ᠵᠠᠰᠠᠮᠠᠯ ᠵᠠᠮ  ᠥᠩᠭᠡᠷᠡᠨ ᠭᠠᠷᠴᠤ᠂ ᠠᠤᠬᠠᠨ ᠤ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠪᠠᠷᠢᠯᠭ᠎ᠠ ᠶᠢᠨ ᠠᠵᠢᠯ ᠢ ᠨᠢᠭᠡᠨᠲᠡ ᠡᠬᠢᠯᠡᠭᠦᠯᠵᠡᠢ᠃ ᠪᠥᠬᠦ ᠬᠤᠰᠢᠭᠤᠨ ᠤ ᠭᠠᠵᠠᠷ ᠰᠢᠷᠣᠶ ᠶᠢᠨ ᠶᠡᠷᠥᠩᠬᠡᠢ ᠲᠠᠯᠠᠪᠠᠶ ᠨᠢ 8300 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 16 ᠰᠤᠮᠤ ᠰᠢᠶᠠᠩ ᠪᠠᠯᠭᠠᠰᠤ᠂ 2 ᠵᠡᠭᠡᠯᠢ ᠭᠤᠳᠤᠮᠵᠢ ᠶᠢᠨ ᠠᠯᠪᠠᠨ ᠬᠡᠷ᠂ 225 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢ ᠬᠠᠷᠢᠶᠠᠯᠠᠵᠤ᠂ ᠪᠥᠬᠦ ᠬᠥᠮᠦᠨ ᠠᠮᠠ ᠨᠢ 60 ᠲᠦᠮᠡ ᠳᠤ ᠬᠦᠷᠴᠦ᠂ ᠡᠭᠦᠨ ᠳᠤ ᠮᠣᠩᠭᠤᠯ ᠦᠨᠳᠦᠰᠦᠲᠡᠨ ᠤ ᠬᠥᠮᠦᠨ ᠠᠮᠠ 3.65 ᠲᠦᠮᠡ ᠪᠠᠶᠢᠨ᠎ᠠ᠃      ᠠᠤᠬᠠᠨ ᠬᠤᠰᠢᠭᠤᠨ ᠤ ᠪᠠᠯᠠᠷ ᠡᠷᠲᠡᠨ ᠤ ᠰᠣᠶᠣᠯ ᠭᠦᠨ ᠵᠤᠵᠠᠭᠠᠨ ᠪᠠᠶᠢᠵᠤ᠂ ︽ᠬᠥᠮᠦᠨ ᠰᠣᠶᠤᠯᠲᠤ ᠠᠤᠬᠠᠨ︾ ᠭᠡᠰᠡᠨ ᠴᠣᠯᠠ ᠲᠠᠢ ᠶᠤᠮ᠃ ᠬᠢᠵᠠᠭᠠᠷ  ᠳᠤᠨᠢ ᠰᠢᠶᠤᠤ ᠾᠧ ᠰᠢ᠂ ᠰᠢᠩ ᠯᠦᠩ ᠸᠠ᠂ ᠵᠣᠣ ᠪᠦᠦ ᠭᠸᠦ᠂ ᠬᠤᠩᠱᠠᠨ᠂ ᠰᠢᠶᠤᠤ ᠾᠧ ᠶᠠᠨ᠂ ᠰᠢᠶᠠ ᠵᠢᠶᠠ ᠳ᠋ᠢᠶᠠᠨ ᠤ  ᠳᠣᠣᠷ᠎ᠠ ᠳᠠᠪᠬᠤᠷᠭ᠎ᠠ᠂ ᠰᠢᠶᠠ ᠵᠢᠶᠠ ᠳ᠋ᠢᠶᠠᠨ ᠤ ᠳᠡᠭᠡᠷ᠎ᠡ ᠳᠠᠪᠬᠤᠷᠭ᠎ᠠ ᠵᠡᠷᠭᠡ 7 ᠵᠦᠢᠯ  ᠤᠨ ᠲᠦᠮᠡᠨ ᠵᠢᠯ ᠤᠨ ᠡᠮᠦᠨᠡᠬᠢ ᠵᠥᠷᠢᠭᠳᠡᠯ ᠤᠨ ᠲᠡᠤᠬᠡ ᠶᠢᠨ  ᠰᠣᠶᠣᠯ ᠢᠯᠡᠷᠡᠵᠦ᠂ ᠡᠭᠦᠨ ᠳᠤ ᠰᠢᠩ ᠯᠦᠩ ᠸᠠ᠂ ᠰᠢᠩ ᠯᠦᠩ ᠭᠸᠦ᠂ ᠵᠣᠣ ᠪᠦᠦ ᠭᠸᠦ᠂ ᠼᠤᠤ ᠮᠤᠤ ᠱᠠᠨ᠂ ᠳ᠋ᠠ ᠳ᠋ᠢᠶᠠᠨ ᠽᠢ᠂ ᠴᠧᠩ ᠽᠢ ᠱᠠᠨ᠂ ᠡᠤ ᠠᠨ ᠵᠧᠤ᠂ ᠨᠢᠩ ᠴᠠᠩ ᠵᠠᠮ ᠵᠡᠷᠭᠡ 8 ᠤᠯᠤᠰ ᠤᠨ ᠲᠠᠰ ᠤᠨ  ᠡᠷᠲᠡᠨ ᠤ ᠳᠤᠷᠠᠰᠬᠠᠯᠲᠤ  ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠲᠠᠢ ᠪᠠᠶᠢᠳᠠᠭ᠃ ᠣᠲᠣ ᠠᠴᠠ 8000 ᠵᠢᠯ ᠤᠨ ᠡᠮᠦᠨᠡᠬᠢ ᠰᠢᠩ ᠯᠦᠩ ᠸᠠ ᠰᠣᠶᠣᠯ ᠤᠨ ᠪᠠᠭᠤᠷᠢ ᠨᠢ ᠬᠠᠭᠤᠴᠢ ᠰᠤᠳᠤᠯᠤᠯ ᠤᠨ ᠬᠢᠨ ᠳᠤ ︽ᠬᠤᠸᠠᠰᠢᠶᠠ ᠶᠢᠨ ᠨᠢᠭᠡᠳᠦᠭᠡᠷ ᠲᠣᠰᠬᠤᠨ︾ ᠬᠡᠮᠡᠭᠳᠡᠪᠡ᠃ ᠢᠯᠡᠷᠡᠭᠦᠯᠦᠭᠰᠡᠨ ᠨᠠᠷᠢᠮᠤ ᠪᠠ ᠰᠢᠯᠦᠬᠡᠢ ᠠᠮᠤ ᠶᠢ ᠨᠡᠭᠦᠷᠡᠰᠦᠵᠢᠭᠦᠯᠦᠭᠰᠡᠨ ᠦᠯᠢᠭᠡᠷ ᠬᠡᠪ ᠨᠢ ᠳᠤᠮᠳᠠᠳᠤ ᠧᠦ᠋ᠷᠣᠫᠠ ᠶᠢᠨ ᠭᠠᠵᠠᠷ ᠣᠷᠤᠨ ᠤ  ᠬᠢ ᠠᠴᠠ 2700 ᠵᠢᠯ ᠡᠷᠲᠡ ᠪᠠᠶᠢᠳᠠᠭ᠂ ᠠᠤᠬᠠᠨ ᠤ ᠬᠠᠭᠤᠷᠠᠶ ᠲᠠᠷᠢᠶᠠᠯᠠᠩ ᠤᠨ ᠰᠢᠰᠲ᠋ᠧᠮ ᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠠᠴᠠ ︽ᠪᠥᠬᠦ ᠪᠥᠮᠪᠥᠷᠴᠡᠭ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ︾ ᠭᠡᠵᠦ ᠨᠡᠷᠡᠯᠡᠭᠰᠡᠨ ᠪᠠᠶᠢᠨ᠎ᠠ᠃ ᠰᠢᠩ ᠯᠦᠩ ᠭᠸᠤ ᠶᠢᠨ ᠪᠠᠭᠤᠷᠢ ᠠᠴᠠ ᠣᠯᠳᠠᠭᠰᠠᠨ ᠮᠠᠨ ᠤ ᠤᠯᠤᠰ ᠲᠤ ᠤᠳᠤ ᠪᠣᠯᠲᠠᠯ᠎ᠠ ᠢᠯᠡᠷᠡᠭᠦᠯᠦᠭᠰᠡᠨ ᠬᠠᠮᠤᠭ ᠤᠨ ᠡᠷᠲᠡ᠂ ᠬᠠᠮᠤᠭ ᠤᠨ ᠪᠦᠷᠢᠨ ᠪᠦᠲᠦᠨ ᠬᠤᠩᠱᠠᠨ ᠰᠣᠶᠣᠯ ᠤᠨ ᠪᠦᠷᠢᠨ ᠪᠦᠲᠦᠨ ᠸᠠᠭᠠᠷ ᠤᠨ ᠱᠤᠭᠤᠮᠠᠯ ᠬᠥᠮᠦᠨ ᠤ ᠬᠦᠷᠦᠭ ᠢ ︽ᠳᠤᠮᠳᠠᠳᠤ ᠶᠢᠨ  ᠡᠪᠦᠭᠡ ᠳᠡᠭᠡᠳᠦᠰ ᠤᠨ ᠰᠠᠬᠢᠭᠤᠯᠰᠤᠨ︾ ᠭᠡᠵᠦ ᠨᠡᠷᠡᠯᠡᠪᠡ︔ ᠳᠡᠯᠡᠬᠡᠶ ᠶᠢᠨ ᠬᠠᠮᠤᠭ ᠡᠷᠲᠡᠨ ᠤ ᠬᠠᠰ ᠡᠳ᠋ᠯᠡᠯ ᠢ ᠮᠠᠯᠲᠠᠨ ᠭᠠᠷᠭᠠᠵᠤ᠂ ᠳᠤᠮᠳᠠᠳᠤ ᠤᠯᠤᠰ ᠤᠨ ᠬᠠᠮᠤᠭ ᠡᠷᠲᠡᠨ ᠤ ᠯᠣᠣ ᠶᠢᠨ ᠠᠩᠬᠠᠨ ᠤ ᠬᠡᠯᠪᠡᠷᠢ ᠳᠦᠷᠰᠦ ᠶᠢ ᠢᠯᠡᠷᠡᠭᠦᠯᠵᠡᠶ᠂ ᠡᠭᠦᠨ ᠳᠤ ︽ᠯᠣᠣ ᠶᠢᠨ ᠳᠡᠭᠡᠳᠦᠰ ᠬᠠᠰ ᠤᠨ ᠡᠬᠢ︾ ᠭᠡᠰᠡᠨ ᠠᠯᠳᠠᠷᠲᠠᠶ ᠶᠤᠮ᠃ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠢᠨᠵᠧᠨᠧᠷᠢᠩ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠠᠤᠬᠠᠨ ᠢ ︽ᠳᠤᠮᠳᠠᠳᠤ ᠶᠢᠨ ᠲᠠᠪᠤᠨ ᠮᠢᠩᠭᠠᠨ ᠵᠢᠯ ᠤᠨ ᠪᠣᠯᠪᠠᠰᠤᠨ ᠤ ᠡᠭᠦᠰᠦᠯ ᠤᠨ ᠭᠠᠵᠠᠷ ᠤᠨ ᠨᠢᠭᠡ︾ ᠪᠠᠷ ᠲᠣᠭᠲᠠᠭᠠᠵᠤ᠂ ᠠᠤᠬᠠᠨ ᠬᠤᠰᠢᠭᠤᠨ ᠳᠤ ︽ᠳᠤᠮᠳᠠᠳᠤ ᠶᠢᠨ ᠯᠣᠤ ᠶᠢᠨ ᠡᠭᠦᠰᠦᠯ ᠤᠨ ᠭᠠᠵᠠᠷ᠂ ᠳᠤᠮᠳᠠᠳᠤ ᠶᠢᠨ ᠬᠠᠰ ᠰᠣᠶᠣᠯ ᠤᠨ ᠡᠬᠢ ᠡᠭᠦᠰᠦᠯ᠂ ᠳᠤᠮᠳᠠᠳᠤ ᠤᠯᠤᠰ ᠤᠨ ᠳᠡᠭᠡᠳᠦᠰ ᠤᠨ ᠰᠢᠲᠦᠯᠭᠡ ᠶᠢᠨ ᠡᠭᠦᠰᠦᠯ ᠤᠨ ᠭᠠᠵᠠᠷ᠂ ᠬᠤᠩᠱᠠᠨ ᠡᠷᠲᠡᠨ ᠤ ᠤᠯᠤᠰ ᠤᠨ ᠭᠤᠤᠯ ᠣᠷᠣᠨ᠂ ᠳᠡᠯᠡᠬᠡᠶ ᠶᠢᠨ ᠬᠠᠭᠤᠷᠠᠶ ᠲᠠᠷᠢᠶᠠᠯᠠᠩ ᠤᠨ ᠡᠭᠦᠰᠦᠯ ᠤᠨ ᠭᠠᠵᠠᠷ︾ ᠭᠡᠬᠦ ᠲᠠᠪᠤᠨ ᠰᠣᠶᠣᠯ ᠤᠨ ᠪᠠᠶᠢᠷᠢ ᠲᠣᠭᠲᠠᠭᠠᠯᠲᠠ ᠥᠭᠴᠡᠶ᠃      ᠠᠤᠬᠠᠨ ᠬᠤᠰᠢᠭᠤᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠᠷ ᠢᠶᠠᠨ ᠠᠯᠳᠠᠷᠰᠢᠵᠤ᠂ ︽  ᠨᠣᠮᠢᠨ ᠨᠣᠭᠤᠭᠠᠨ ᠠᠤᠬᠠᠨ︾ ᠭᠡᠰᠡᠨ ᠠᠯᠳᠠᠷᠲᠠᠶ ᠶᠤᠮ᠃ ᠪᠥᠬᠦ ᠬᠤᠰᠢᠭᠤᠨ ᠤ ᠣᠶ ᠰᠢᠭᠤᠶ ᠶᠢᠨ ᠲᠠᠯᠠᠪᠠᠶ 580 ᠲᠦᠮᠡᠨ ᠮᠥ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 44.17%᠂ ᠲᠠᠷᠢᠮᠠᠯ ᠡᠪᠡᠰᠦ ᠪᠣᠷᠳᠤᠭ᠎ᠠ  ᠶᠢᠨ ᠬᠠᠳᠠᠭᠠᠯᠠᠯᠲᠠ ᠶᠢᠨ ᠲᠠᠯᠠᠪᠠᠶ 125 ᠲᠦᠮᠡᠨ ᠮᠥ ᠪᠠᠶᠢᠵᠤ᠂ ︽ᠪᠥᠬᠦ ᠤᠯᠤᠰ ᠤᠨ ᠵᠣᠬᠢᠶᠠᠮᠠᠯ ᠣᠢ ᠶᠢ ᠣᠶᠢᠵᠢᠭᠤᠯᠤᠭᠰᠠᠨ ᠨᠢᠭᠡᠳᠦᠭᠡᠷ ᠰᠢᠶᠠᠨ︾ ︽ᠪᠥᠬᠦ ᠤᠯᠤᠰ ᠤᠨ ᠵᠣᠬᠢᠶᠠᠮᠠᠯ ᠡᠪᠡᠰᠦ ᠳᠠᠷᠢᠭᠰᠠᠨ ᠨᠢᠭᠡᠳᠦᠭᠡᠷ ᠰᠢᠶᠠᠨ︾ ︽ᠪᠥᠬᠦ ᠤᠯᠤᠰ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾ ︽ᠪᠥᠬᠦ ᠤᠯᠤᠰ ᠤᠨ ᠦᠵᠡᠰᠬᠦᠯᠡᠩᠲᠦ ᠰᠠᠶᠢᠬᠠᠨ ᠠᠭᠤᠯᠠ  ᠤᠰᠤ  ᠶᠢ ᠳᠠᠬᠢᠨ ᠪᠠᠶᠢᠭᠤᠯᠤᠭᠰᠠᠨ ᠲᠡᠷᠢᠭᠦᠨ ᠤ ᠬᠤᠰᠢᠭᠤ︾ ᠪᠣᠯᠤᠨ᠎ᠠ᠃ 2002 ᠣᠨ ᠤ 6 ᠰᠠᠷ᠎ᠠ ᠳᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠣᠷᠴᠢᠨ ᠠᠬᠤᠢ ᠶᠢᠨ ᠲᠥᠯᠥᠪᠵᠢᠭᠦᠯᠭᠡ ᠶᠢᠨ ᠶᠠᠮᠤᠨ ᠠᠴᠠ ᠠᠮᠢ ᠠᠬᠤᠶ ᠶᠢᠨ ᠣᠷᠴᠢᠨ ᠠᠬᠤᠶ ᠶᠢᠨ ︽ᠪᠦᠬᠦ ᠪᠥᠮᠪᠥᠷᠴᠡᠭ ᠤᠨ 500 ᠰᠢᠯᠢᠳᠡᠭ︾ ᠢᠷᠠᠭᠤ ᠠᠯᠳᠠᠷ ᠤᠨ ᠴᠣᠯᠠ ᠣᠯᠭᠤᠵᠤ᠂ ᠪᠦᠬᠦ ᠤᠯᠤᠰ ᠤᠨ ᠴᠣᠷ ᠤᠨ ᠭᠠᠭᠴᠠ ᠡᠨᠡᠬᠦ ᠢᠷᠠᠭᠤ ᠠᠯᠳᠠᠷ ᠢ ᠭᠥᠷᠳᠡᠭᠰᠡᠨ ᠰᠢᠶᠠᠨ ᠤ ᠱᠠᠲᠤᠨ ᠤ ᠨᠢᠭᠡᠴᠡ ᠪᠣᠯᠤᠭᠰᠠᠨ ᠪᠠᠶᠢᠨ᠎ᠠ᠃ ᠪᠠᠶᠢᠭᠠᠯᠢ ᠶᠢᠨ ᠥᠩᠭᠡ ᠦᠵᠡᠮᠵᠢ ᠨᠢ ᠬᠥᠮᠦᠰ ᠤᠨ ᠬᠠᠷᠠᠭ᠎ᠠ ᠶᠢ ᠪᠠᠶᠠᠰᠬᠤᠨᠠᠮ ᠪᠠᠶᠢᠵᠤ᠂ ᠳ᠋ᠠ ᠾᠸᠢ ᠱᠠᠨ ᠠᠭᠤᠯᠠᠨ ᠤ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠠᠯᠠᠭᠤᠨ ᠷᠠᠰᠢᠶᠠᠨ ᠤ ᠵᠢᠭᠤᠯᠴᠢᠯᠠᠯ ᠠᠮᠠᠷᠠᠯᠲᠠ ᠶᠢᠨ ᠲᠣᠰᠬᠤᠨ᠂ ᠴᠢᠩ ᠴᠢᠤᠸᠠᠨ ᠬᠥ᠋᠂ ᠹᠥ᠋ ᠽᠦ ᠰᠧ ᠬᠡᠶᠢᠳ ᠵᠡᠷᠭᠡ ᠨᠠᠷᠠᠲᠤ ᠵᠢᠭᠤᠯᠴᠢᠯᠠᠯ ᠤᠨ ᠦᠵᠡᠮᠵᠢ ᠶᠢᠨ ᠭᠠᠵᠠᠷ ᠪᠣᠶ᠃      ᠠᠤᠬᠠᠨ ᠬᠤᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠰᠣᠷᠪᠤᠯᠵᠢ ᠲᠦᠢᠯ ᠤᠨ ᠡᠯᠪᠡᠭ ᠪᠠᠶᠠᠯᠢᠭ  ᠪᠠᠶᠢᠵᠤ᠂ ︽ᠠᠯᠲᠠᠨ ᠰᠢᠷᠭᠠᠯ ᠠᠤᠬᠠᠨ︾ ᠭᠡᠰᠡᠨ ᠨᠡᠷ᠎ᠡ ᠲᠠᠢ  ᠪᠠᠶᠢᠳᠠᠭ᠃ ᠠᠤᠬᠠᠨ ᠪᠣᠯ ᠨᠢᠷᠤᠭᠤᠯᠠᠬᠤ ᠠᠭᠤᠯᠠ ᠶᠢᠨ ᠣᠯᠠᠨ ᠲᠡᠮᠦᠷᠯᠢᠭ ᠤᠨ ᠠᠭᠤᠷᠬᠠᠢ ᠶᠢᠨ ᠪᠦᠷᠢᠯᠳᠦᠭᠰᠡᠨ ᠪᠦᠰᠡ ᠪᠣᠯᠤᠨ ᠲᠣᠯᠤᠨ ᠨᠠᠭᠤᠷ — ᠤᠯᠠᠭᠠᠨᠬᠠᠳᠠ ᠬᠥᠷᠬᠦ ᠣᠯᠠᠨ ᠲᠡᠮᠦᠷᠯᠢᠭ  ᠤᠨ ᠠᠭᠤᠷᠬᠠᠢ ᠶᠢᠨ ᠪᠦᠷᠢᠯᠳᠦᠭᠰᠡᠨ ᠣᠷᠤᠨ  ᠪᠦᠰᠡᠨ ᠳᠤ ᠣᠷᠣᠰᠢᠵᠤ᠂ ᠬᠢᠵᠠᠭᠠᠷ ᠳᠣᠲᠣᠷ᠎ᠠ ᠠᠯᠲᠠ᠂ ᠮᠥᠩᠭᠦ᠂ ᠲᠡᠮᠦᠷ᠂ ᠵᠡᠰ᠂  ᠮᠣᠯᠢᠪᠳᠧᠨ᠂ ᠨᠡᠭᠦᠷᠡᠰᠦ᠂ ᠲᠣᠰᠣᠲᠤ ᠵᠠᠨᠠᠷ ᠤᠨ ᠴᠢᠯᠠᠭᠤᠯᠢᠭ ᠵᠡᠷᠭᠡ 30 ᠭᠠᠷᠤᠶ ᠵᠦᠢᠯ ᠤᠨ ᠠᠭᠤᠷᠬᠠᠶ ᠶᠢᠨ ᠭᠠᠷᠤᠯᠲᠠ ᠲᠠᠢ ᠶᠤᠮ᠃ ᠠᠯᠤᠰ ᠬᠡᠲᠦ ᠶᠢᠨ ᠬᠠᠳᠠᠭᠠᠯᠠᠭᠳᠠᠴᠠ ᠶᠢᠨ ᠬᠡᠮᠵᠢᠶ᠎ᠡ ᠲᠠᠢ ᠠᠯᠲᠠ 125 ᠲᠣᠨ᠂ ᠲᠡᠮᠦᠷ 5 ᠳ᠋ᠦᠩᠰᠢᠭᠤᠷ ᠲᠣᠨ᠂ ᠵᠡᠰ 30 ᠲᠦᠮᠡᠨ ᠲᠣᠨ᠂ ᠮᠣᠯᠢᠪᠳᠧᠨ  15 ᠲᠦᠮᠡᠨ ᠲᠣᠨ᠂ ᠬᠠᠷ᠎ᠠ ᠲᠤᠭᠤᠯᠭᠠᠨ ᠴᠠᠶᠢᠷ 15 ᠲᠦᠮᠡᠨ ᠲᠣᠨ᠂ ᠬᠠᠶᠢᠯᠤᠭᠤᠷ ᠵᠣᠩᠰᠢ 1000 ᠲᠦᠮᠡᠨ ᠲᠣᠨ᠂ ᠲᠣᠰᠣᠲᠤ ᠵᠠᠨᠠᠷ ᠤᠨ ᠴᠢᠯᠠᠭᠤᠯᠢᠭ 5 ᠳ᠋ᠦᠩᠰᠢᠭᠤᠷ ᠲᠣᠨ ᠪᠠᠶᠢᠬᠤ ᠶᠢ ᠨᠢᠭᠡᠨᠲᠡ ᠬᠠᠶᠢᠨ ᠳᠣᠲᠣᠯᠠᠵᠠᠶ᠃ ᠵᠢᠯ ᠳᠤ 5 ᠲᠣᠨ ᠠᠴᠠ ᠳᠡᠭᠡᠭᠰᠢ ᠰᠢᠵᠢᠷ ᠠᠯᠲᠠᠨ ᠤ ᠭᠠᠷᠤᠯᠲᠠ ᠲᠠᠢ ᠪᠠᠶᠢᠵᠤ᠂ ︽ᠥᠪᠥᠷ ᠮᠣᠩᠭᠤᠯ ᠤᠨ ᠠᠯᠲᠠᠨ ᠤ ᠭᠠᠷᠤᠯᠲᠠ ᠶᠢᠨ ᠨᠢᠭᠡᠳᠦᠭᠡᠷ ᠰᠢᠶᠠᠨ︾ ᠪᠣᠯᠤᠨ᠎ᠠ᠃ ᠥᠪᠥᠷ ᠮᠣᠩᠭᠤᠯ ᠤᠨ ᠶᠢᠨ ᠲᠤᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 2013 ᠣᠨ ᠳᠤ ᠳᠤᠮᠳᠠᠳᠤ ᠤᠯᠤᠰ ᠤᠨ ᠰᠢᠵᠢᠷ ᠠᠯᠳᠠ ᠲᠠᠢ ᠳᠠᠬᠢᠨ ᠪᠦᠯᠦᠭᠯᠡᠬᠦ ᠶᠢ ᠪᠡᠶᠡᠯᠡᠭᠦᠯᠵᠦ᠂ ᠪᠥᠬᠦ ᠣᠷᠣᠨ ᠤ ᠬᠠᠮᠤᠭ ᠤᠨ ᠲᠣᠮᠣ ᠰᠢᠵᠢᠷ ᠠᠯᠲᠠ ᠦᠢᠯᠡᠳᠪᠦᠷᠢᠯᠡᠬᠦ ᠠᠵᠤ ᠠᠬᠤᠶᠢᠯᠠᠯ ᠪᠣᠯᠤᠭᠰᠠᠨ ᠪᠠᠶᠢᠨ᠎ᠠ᠃ ᠤᠯᠠᠭᠠᠨᠬᠠᠳᠠ ᠶᠢᠨ ᠰᠢᠵᠢᠷ ᠠᠯᠲᠠ 2012 ᠣᠨ ᠳᠤ ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠤ ᠭᠠᠷᠴᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠨᠤᠲᠤᠭ ᠤᠨ ᠰᠢᠵᠢᠷ ᠠᠯᠲᠠ ᠶᠢ ᠵᠠᠬ᠎ᠠ  ᠳᠡᠯᠭᠡᠭᠦᠷ ᠲᠤ ᠭᠠᠷᠭᠠᠭᠰᠠᠨ ᠠᠵᠤ ᠠᠬᠤᠶᠢᠯᠠᠯ ᠪᠣᠯᠪᠠ᠃      ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭ ᠨᠢ ᠥᠪᠡᠷᠮᠢᠴᠡ ᠣᠨᠴᠠᠯᠢᠭ ᠲᠠᠢ ᠪᠠᠶᠢᠳᠠᠭ᠃ ᠪᠥᠬᠦ ᠬᠤᠰᠢᠭᠤᠨ ᠤ ᠲᠠᠷᠢᠶᠠᠨ ᠭᠠᠵᠠᠷ ᠤᠨ ᠲᠠᠯᠠᠪᠠᠶ 400 ᠲᠦᠮᠡᠨ ᠮᠥ᠂ ᠠᠮᠤ ᠪᠤᠳᠠᠭᠠᠨ ᠤ ᠵᠢᠯ ᠤᠨ ᠦᠢᠯᠡᠳᠪᠦᠷᠢᠯᠡᠯ ᠤᠨ ᠴᠢᠳᠠᠮᠵᠢ 20 ᠳ᠋ᠦᠩᠰᠢᠭᠤᠷ ᠵᠢᠩ ᠠᠴᠠ ᠳᠡᠭᠡᠭᠰᠢ ᠪᠠᠶᠢᠵᠤ᠂ ᠶᠡᠭᠡ ᠪᠠᠭ᠎ᠠ ᠬᠡᠷ ᠤᠨ ᠲᠡᠵᠢᠭᠡᠪᠦᠷᠢ 350  ᠲᠦᠮᠡᠨ ᠲᠤᠭ᠎ᠠ ᠲᠣᠯᠣᠭᠠᠶ ᠳᠤ ᠬᠦᠷᠴᠡᠶ᠃ ︽ᠪᠥᠬᠦ ᠤᠯᠤᠰ ᠤᠨ ᠠᠮᠤ ᠪᠤᠳᠠᠭᠠᠨ ᠤ  ᠦᠢᠯᠡᠳᠪᠦᠷᠢᠯᠡᠯ ᠤᠨ ᠲᠡᠷᠢᠭᠦᠨ ᠤ ᠰᠢᠶᠠᠨ︾ ᠤ ᠴᠣᠯᠠ ᠶᠢ ᠭᠤᠷᠪᠠ ᠤᠳᠠᠭ᠎ᠠ ᠭᠥᠷᠳᠡᠵᠦ᠂ ᠪᠥᠬᠦ ᠤᠯᠤᠰ ᠤᠨ ᠮᠠᠯ ᠠᠵᠤ ᠠᠬᠤᠶ ᠲᠡᠵᠢᠭᠡᠨ ᠦᠷᠡᠵᠢᠭᠦᠯᠬᠦ ᠲᠣᠮᠣ ᠰᠢᠶᠠᠨ ᠳᠠᠷᠢᠵᠤ ᠲᠡᠵᠢᠭᠡᠬᠦ ᠶᠢ ᠤᠶᠠᠯᠳᠤᠭᠤᠯᠬᠤ ᠶᠢ ᠪᠥᠬᠦ ᠰᠢᠶᠠᠨ ᠢᠶᠠᠷ ᠳᠥᠯᠭᠢᠨ ᠠᠬᠢᠭᠤᠯᠬᠤ ᠲᠤᠷᠰᠢᠯᠲᠠ ᠶᠢᠨ ᠰᠢᠶᠠᠨ᠂ ᠤᠯᠤᠰ ᠤᠨ ᠣᠷᠭᠠᠨᠢᠭ ᠪᠦᠲᠦᠭᠡᠭᠳᠡᠬᠦᠨ ᠤ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠣᠷᠣᠨ᠂ ᠤᠯᠤᠰ ᠤᠨ ᠢᠳᠡᠭᠡᠨ ᠤ ᠰᠢᠮ᠎ᠡ ᠲᠡᠵᠢᠭᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠪᠣᠯᠤᠨ᠎ᠠ᠃ ᠵᠠᠯᠭᠠᠭ᠎ᠠ ᠪᠠᠷ ᠳᠣᠯᠤᠭᠠᠨ ᠬᠤᠭᠤᠴᠠᠭ᠎ᠠ ᠳᠡᠯᠡᠬᠡᠶ ᠶᠢᠨ ᠨᠠᠷᠢᠮᠤ ᠶᠢᠨ ᠡᠭᠦᠰᠦᠯ ᠪᠠ ᠬᠥᠭᠵᠢᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠷᠢᠮᠤ ᠳᠠᠷᠢᠬᠤ ᠲᠠᠯᠠᠪᠠᠶ 100 ᠲᠦᠮᠡᠨ ᠮᠥ ᠳᠤ ᠬᠦᠷᠴᠦ᠂ ᠳᠤᠮᠳᠠᠳᠤ ᠤᠯᠤᠰ ᠤᠨ ᠲᠠᠷᠢᠮᠠᠯ ᠤᠨ ᠨᠡᠶᠢᠭᠡᠮᠯᠢᠭ ᠤᠨ ᠨᠠᠷᠢᠮᠤ ᠶᠢᠨ ᠲᠥᠷᠥᠯ ᠤᠨ ᠲᠠᠷᠢᠮᠠᠯ ᠤᠨ ᠲᠤᠰᠬᠠᠶ ᠮᠡᠷᠭᠡᠵᠢᠯ ᠤᠨ ᠵᠥᠪᠯᠡᠯ᠂ ᠳᠤᠮᠳᠠᠳᠤ ᠤᠯᠤᠰ ᠤᠨ ᠠᠮᠤ ᠪᠤᠳᠠᠭᠠᠨ ᠤ ᠠᠵᠢᠯ ᠲᠥᠷᠥᠯ ᠤᠨ ᠨᠡᠶᠢᠭᠡᠮᠯᠢᠭ ᠠᠴᠠ ᠠᠤᠬᠠᠨ ᠬᠤᠰᠢᠭᠤᠨ ᠳᠤ ︽ᠪᠥᠬᠦ ᠤᠯᠤᠰ ᠤᠨ ᠬᠠᠮᠤᠭ ᠤᠨ ᠲᠣᠮᠣ ᠰᠢᠯᠢᠳᠡᠭ ᠨᠠᠷᠢᠮᠤ ᠶᠢᠨ  ᠦᠢᠯᠡᠳᠪᠦᠷᠢᠯᠡᠯ ᠤᠨ ᠰᠠᠭᠤᠷᠢᠨ ᠭᠠᠵᠠᠷ︾ ︽ᠳᠤᠮᠳᠠᠳᠤ ᠤᠯᠤᠰ ᠤᠨ ᠨᠠᠷᠢᠮᠤ ᠶᠢᠨ ᠨᠤᠲᠤᠭ︾ ᠭᠡᠰᠡᠨ ᠴᠣᠯᠠ ᠣᠯᠭᠤᠪᠠ᠃ ᠰᠢᠩ ᠯᠦᠩ ᠭᠸᠦ᠂ ᠪᠠ ᠴᠢᠶᠠᠨ ᠰᠦ᠂  ᠮᠥᠩᠬᠡ ᠭᠤᠣᠯ ᠂ ᠾᠧ ᠸᠧᠶ ᠬᠦᠶ ᠵᠡᠷᠭᠡ ᠣᠯᠠᠨ ᠠᠷᠪᠢᠨ ︽ᠠᠤᠬᠠᠨ ᠨᠠᠷᠢᠮᠤ︾ ᠶᠢᠨ ᠲᠡᠮᠳᠡᠭᠲᠦ ᠨᠢ ᠤᠯᠤᠰ ᠤᠨ ᠲᠠᠰ ᠤᠨ ᠠᠯᠲᠠᠨ ᠮᠧᠳᠠᠯ ᠢ ᠭᠥᠷᠳᠡᠭᠰᠡᠨ ᠪᠥᠭᠡᠳ ᠢᠲ᠋ᠠᠯᠢ ᠶᠢᠨ ᠮᠢᠯᠠᠨ ᠤ ᠳᠡᠯᠡᠬᠡᠶ ᠶᠢᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠵᠠᠶ᠃ ᠠᠤᠬᠠᠨ ᠨᠠᠷᠢᠮᠤ᠂ ᠠᠯᠠᠰᠢᠨ ᠡᠯᠵᠢᠭᠡ᠂ ᠥᠨᠳᠡᠭᠡ᠂  ᠭᠠᠭ᠋ᠠᠶ᠂ ᠰᠠᠭᠠᠭ ᠤᠨ ᠭᠤᠯᠢᠷ᠂ ᠴᠠᠷᠭᠠᠰᠤ᠂ ᠰᠢᠰᠢ᠂ ᠤᠮᠠᠷᠠᠲᠤ ᠶᠢᠨ ᠬᠤᠷᠣᠬᠠᠶ ᠡᠪᠡᠰᠦ ︵ᠬᠠᠭᠤᠷᠠᠶ᠂ ᠨᠦᠢᠲᠠᠨ︶᠂ ᠠᠮᠲᠠᠲᠤ ᠲᠥᠮᠥᠰᠥ᠂ ᠴᠢᠴᠠᠷᠭᠠᠨ᠎ᠠ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠨᠢ ︽ᠤᠯᠤᠰ ᠤᠨ ᠭᠠᠵᠠᠷ ᠵᠦᠶ ᠶᠢᠨ ᠲᠡᠮᠲᠡᠭᠲᠦ ᠭᠡᠷᠡᠴᠢᠯᠡᠬᠦ ᠲᠠᠸᠠᠷ ᠤᠨ ᠲᠡᠮᠳᠡᠭ︾ ᠢᠶᠠᠷ ᠵᠥᠪᠰᠢᠶᠡᠷᠡᠭᠳᠡᠪᠡ᠃ ᠲᠥᠪᠯᠡᠷᠡᠭᠦᠯᠦᠨ ᠡᠷᠴᠢᠮᠵᠢᠭᠦᠯᠦᠨ ᠴᠤᠭᠯᠠᠭᠤᠯᠬᠤ ᠵᠠᠷᠴᠢᠮ ᠢ ᠪᠠᠷᠢᠮᠲᠠᠯᠠᠵᠤ᠂ ᠨᠠᠷᠠᠲᠤ ᠲᠡᠮᠲᠡᠭᠲᠦ ᠶᠢᠨ ᠳᠠᠪᠠᠭᠤᠯᠢᠭ ᠢ ᠭᠦᠨᠵᠡᠭᠡᠶ ᠠᠭᠤᠳᠠᠯᠵᠤ᠂ ᠨᠠᠷᠢᠮᠤ᠂ ᠠᠯᠠᠰᠢᠨ ᠦᠬᠡᠷ᠂ ᠲᠦᠬᠦᠭᠡᠷᠦᠮᠵᠢᠲᠦ ᠲᠠᠷᠢᠶᠠᠯᠠᠩ ᠵᠡᠷᠭᠡ ᠭᠤᠷᠪᠠᠨ ᠶᠡᠭᠡ ᠭᠤᠤᠯᠯᠠᠬᠤ ᠠᠵᠤ ᠦᠢᠯᠡᠰ ᠢ  ᠬᠦᠭᠵᠢᠭᠦᠯᠦᠨ᠎ᠡ᠃ ᠶᠢᠨ ᠭᠧᠦ᠂ ᠬᠤᠢ ᠯᠦᠩ᠂ ᠾᠧ ᠸᠧᠢ ᠬᠦᠢ ᠵᠡᠷᠭᠡ ᠬᠦᠲᠦᠴᠢ ᠠᠵᠤ ᠠᠬᠤᠶᠢᠯᠠᠯ ᠳᠤ ᠲᠦᠰᠢᠭᠯᠡᠨ᠂ ᠨᠠᠷᠢᠮᠤ  ᠶᠢ ᠨᠠᠷᠢᠯᠢᠭ ᠡᠳ᠋ᠰᠢᠭᠦᠯᠬᠦ ᠶᠢ ᠬᠥᠭᠵᠢᠭᠦᠯᠵᠦ᠂ ︽ᠳᠤᠮᠳᠠᠳᠤ ᠤᠯᠤᠰ ᠤᠨ ᠨᠠᠷᠢᠮᠤ ᠶᠢᠨ ᠨᠤᠲᠤᠭ︾ ᠢ ᠪᠠᠶᠢᠭᠤᠯᠤᠨ᠎ᠠ︔ ᠳ᠋ᠦᠩ ᠡᠸ᠋ ᠪᠦᠯᠦᠭᠯᠡᠯ ᠤᠨ ᠲᠠᠶᠢᠴᠢᠯᠠᠯᠳᠠ ᠳᠤ ᠲᠦᠰᠢᠭᠯᠡᠨ᠂ ᠠᠯᠠᠰᠢᠨ ᠡᠯᠵᠢᠭᠡᠨ ᠤ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ︽ᠡᠯᠵᠢᠭᠡᠨ ᠴᠠᠪᠠᠤ ᠤᠯᠠᠭ᠎ᠠ ᠦᠷᠳᠡᠭᠡ︾ ᠶᠢ ᠪᠠᠶᠢᠭᠤᠯᠤᠨ᠎ᠠ︔ ᠡᠯᠡᠰᠦᠨ ᠴᠡᠴᠡᠭ ᠤᠨ ᠺᠣᠮᠫᠠᠨᠢ ᠳᠤ ᠲᠦᠰᠢᠭᠯᠡᠨ᠂ ᠴᠢᠴᠠᠷᠭᠠᠨ᠎ᠠ ᠶᠢᠨ ᠴᠢᠳᠠᠮᠵᠢ ᠶᠢᠨ ᠴᠢᠨᠠᠷᠲᠠᠶ ᠤᠮᠳᠠᠭᠠᠨ᠂ ᠴᠢᠴᠠᠷᠭᠠᠨ᠎ᠠ ᠶᠢᠨ ᠴᠠᠶ᠂ ᠴᠢᠴᠠᠷᠭᠠᠨ᠎ᠠ ᠶᠢᠨ ᠲᠣᠰᠣ ᠵᠡᠷᠭᠡ ᠳᠡᠭᠡᠳᠦ ᠲᠠᠰ ᠤᠨ ᠡᠷᠡᠭᠦᠯᠵᠢᠯ ᠤᠨ ᠡᠳ᠋ ᠢ ᠨᠡᠭᠡᠭᠡᠨ ᠬᠥᠭᠵᠢᠭᠦᠯᠵᠦ᠂ ︽ᠴᠢᠴᠠᠷᠭᠠᠨ᠎ᠠ ᠶᠢᠨ ᠬᠤᠲᠠ︾ ᠶᠢ ᠪᠠᠶᠢᠭᠤᠯᠤᠨ᠎ᠠ︔  ᠰᠡᠩᠳᠡᠩ ᠮᠣᠳᠤᠨ  ᠡᠳ᠋ᠯᠡᠩ ᠳᠤ ᠲᠦᠰᠢᠭᠯᠡᠨ᠂ ᠰᠡᠩᠳᠡᠩ ᠮᠣᠳᠤᠨ ᠴᠠᠶ᠂ ᠲᠣᠰᠣ ᠵᠡᠷᠭᠡ ᠰᠢᠷᠢᠰ ᠢᠳᠡᠭᠡᠨ ᠡᠮ ᠤᠨ ᠵᠦᠢᠯ ᠪᠠ ᠡᠷᠡᠭᠦᠯᠵᠢᠯ ᠤᠨ ᠡᠳ᠋ ᠢ ᠨᠡᠭᠡᠭᠡᠨ ᠬᠥᠭᠵᠢᠭᠦᠯᠵᠦ᠂ ︽ᠰᠡᠩᠳᠡᠩ ᠮᠣᠳᠤᠨ ᠨᠤᠲᠤᠭ︾ ᠢ ᠴᠣᠭᠴᠠᠯᠠᠨ ᠪᠠᠶᠢᠭᠤᠯᠤᠨ᠎ᠠ᠃ ᠪᠥᠬᠦ ᠬᠤᠰᠢᠭᠤᠨ ᠳᠤ ᠣᠲᠣ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ 44᠂ ᠬᠤᠲᠠ ᠶᠢᠨ ᠲᠠᠰ ᠤᠨ 10 ᠪᠠᠶᠢᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠤᠬᠠᠶ ᠶᠢᠨ ᠭᠠᠵᠠᠷ ᠲᠤᠨᠢ  ᠡᠳ᠋ᠰᠢᠭᠦᠯᠦᠭᠰᠡᠨ ᠨᠣᠷᠮ᠎ᠠ ᠨᠢ 56% ᠳᠤ ᠬᠦᠷᠴᠦ᠂ 15 ᠲᠦᠮᠡᠨ ᠮᠠᠯᠴᠢᠨ ᠲᠠᠷᠢᠶᠠᠴᠢᠨ ᠡᠷᠦᠬᠡ ᠶᠢ  ᠳᠠᠶᠢᠴᠢᠯᠠᠪᠠ᠃      ᠤᠯᠠᠮᠵᠢᠯᠠᠯᠲᠤ ᠰᠣᠶᠣᠯ ᠢ ᠵᠠᠯᠭᠠᠮᠵᠢᠯᠠᠵᠤ᠂ ᠤᠳᠤ ᠦᠶ᠎ᠡ ᠶᠢᠨ ᠪᠣᠯᠪᠠᠰᠤᠨ ᠢ ᠦᠷᠭᠦᠯᠵᠢᠯᠡᠨ ᠪᠢᠴᠢᠭᠯᠡᠨ᠎ᠡ᠃ ᠠᠵᠢᠯᠴᠢ ᠬᠥᠳᠡᠯᠮᠦᠷᠢᠴᠢ ᠰᠡᠴᠡᠨ ᠰᠡᠷᠭᠦᠯᠡᠩ ᠠᠤᠬᠠᠨ ᠤ ᠠᠷᠠᠳ ᠲᠦᠮᠡᠨ ᠳᠤᠷᠠᠲᠠᠶ᠎ᠠ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠠᠢ ᠭᠠᠷ ᠬᠤᠯᠪᠣᠯᠴᠠᠨ᠂ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠬᠠᠮᠲᠤ ᠪᠠᠷ ᠰᠦᠪᠡᠭᠴᠢᠯᠡᠵᠦ᠂ ᠬᠥᠭᠵᠢᠯᠲᠡ ᠶᠢᠨ ᠬᠦᠴᠦᠨ ᠢᠶᠠᠨ ᠬᠠᠮᠲᠤ ᠪᠠᠷ ᠡᠷᠴᠢᠯᠡᠵᠦ᠂ ᠰᠠᠶᠢᠨ ᠰᠠᠶᠢᠬᠠᠨ ᠢᠷᠡᠭᠡᠳᠦᠶ ᠪᠠᠨ ᠬᠠᠮᠲᠤ ᠪᠠᠷ ᠴᠣᠭᠴᠠᠯᠠᠵᠤ᠂ ᠨᠡᠶᠢᠭᠡᠮ ᠵᠢᠷᠤᠮ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠢᠶᠠᠨ ᠪᠥᠬᠦ ᠲᠠᠯ᠎ᠠ ᠪᠠᠷ  ᠡᠬᠢᠯᠡᠰᠦᠭᠡᠢ︕
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ