ᠪᠠᠭᠠᠷᠢᠨ ᠪᠠᠷᠠᠭᠤᠨ ᠬᠤᠰᠢᠭᠤ
ᠨᠡᠶᠢᠲᠡᠯᠡᠭᠰᠡᠨ ᠴᠠᠭ᠄
2021/11/25
      ᠪᠠᠭᠠᠷᠢᠨ ᠪᠠᠷᠠᠭᠤᠨ ᠬᠤᠰᠢᠭᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ  ᠲᠤ ᠪᠠᠶᠢᠷᠢᠯᠠᠵᠤ᠂ ᠰᠢᠷᠡᠮᠦ᠋ᠷᠡᠨ ᠭᠤᠣᠯ ᠤᠨ ᠬᠤᠶᠢᠲᠤ ᠡᠷᠭᠢ᠂ ᠶᠡᠭᠡ ᠬᠢᠩᠭᠠᠨ ᠳᠠᠪᠠᠭᠠᠨ ᠤ ᠡᠮᠦᠨ᠎ᠡ ᠬᠡᠰᠡᠭ ᠤᠨ ᠠᠭᠤᠯᠠᠷᠬᠠᠭ ᠭᠠᠵᠠᠷ ᠲᠤ ᠪᠠᠶᠢᠷᠢᠯᠠᠵᠤ᠂ ᠵᠡᠭᠦᠨ ᠲᠠᠯ᠎ᠠ ᠪᠠᠷ ᠢᠶᠠᠨ ᠪᠠᠭᠠᠷᠢᠨ ᠵᠡᠭᠦᠨ ᠬᠤᠰᠢᠭᠤ᠂ ᠠᠷᠤ ᠬᠤᠷᠴᠢᠨ ᠬᠤᠰᠢᠭᠤ ᠲᠠᠢ ᠵᠠᠬ᠎ᠠ ᠨᠡᠶᠢᠯᠡᠵᠦ᠂ ᠡᠮᠦᠨ᠎ᠡ ᠲᠠᠯ᠎ᠠ ᠪᠠᠷ ᠢᠶᠠᠨ ᠣᠩᠨᠢᠭᠤᠳ ᠬᠤᠰᠢᠭᠤ ᠲᠠᠢ ᠰᠢᠷᠡᠮᠦ᠋ᠷᠡᠨ ᠢᠶᠠᠷ ᠠᠯᠤᠰᠯᠠᠵᠤ᠂ ᠪᠠᠷᠠᠭᠤᠨ ᠲᠠᠯ᠎ᠠ ᠪᠠᠷ ᠢᠶᠠᠨ ᠯᠢᠨᠰᠢ ᠰᠢᠶᠠᠨ ᠲᠠᠢ ᠵᠠᠯᠭᠠᠯᠳᠤᠵᠤ᠂ ᠬᠤᠶᠢᠲᠤ ᠲᠠᠯ᠎ᠠ ᠪᠠᠷ ᠢᠶᠠᠨ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ ᠲᠠᠢ ᠵᠠᠬ᠎ᠠ ᠨᠡᠶᠢᠯᠡᠵᠦ ᠪᠠᠶᠢᠳᠠᠭ᠃ ᠬᠢᠯᠢ ᠶᠢᠨ ᠵᠡᠭᠦᠨ ᠪᠠᠷᠠᠭᠤᠨ ᠬᠠᠮᠤᠭ ᠶᠡᠭᠡ ᠣᠷᠳᠣ ᠨᠢ 154 ᠺᠢᠯᠣᠮᠧᠲᠷ᠂ ᠡᠮᠦᠨ᠎ᠡ ᠤᠮᠠᠷ᠎ᠠ ᠶᠢᠨ ᠬᠠᠮᠤᠭ ᠶᠡᠭᠡ ᠥᠷᠭᠡᠨ ᠨᠢ 139 ᠺᠢᠯᠣᠮᠧᠲᠷ ᠪᠠᠶᠢᠵᠤ᠂ ᠭᠠᠵᠠᠷ ᠤᠨ ᠵᠢᠷᠤᠭ ᠨᠢ ᠡᠷᠪᠡᠬᠡᠶ ᠬᠡᠯᠪᠡᠷᠢ ᠲᠠᠢ᠃ ᠭᠠᠵᠠᠷ ᠤᠨ ᠪᠠᠶᠢᠴᠠ ᠨᠢ ᠪᠠᠷᠠᠭᠤᠨ ᠬᠤᠶᠢᠰᠢ ᠪᠠᠨ ᠥᠨᠳᠥᠷ᠂ ᠵᠡᠭᠦᠨ ᠡᠮᠦᠨᠡᠰᠢ ᠪᠠᠨ ᠳᠣᠣᠷ᠎ᠠ᠂ ᠪᠠᠷᠠᠭᠤᠨ ᠬᠤᠶᠢᠲᠤ ᠶᠢᠨ ᠳᠠᠯᠠᠶ ᠶᠢᠨ ᠲᠦᠪᠰᠢᠨ ᠠᠴᠠ ᠳᠡᠭᠡᠭᠰᠢ 1700 ᠮᠧᠲᠷ ᠠᠴᠠ ᠵᠡᠭᠦᠨ ᠡᠮᠦᠨᠡᠰᠢ ᠳᠠᠯᠠᠶ ᠶᠢᠨ ᠲᠦᠪᠰᠢᠨ ᠠᠴᠠ 400 ᠮᠧᠲᠷ ᠡᠷᠭᠦᠭᠳᠡᠵᠦ ᠠᠭᠠᠵᠢᠮ ᠢᠶᠠᠷ ᠬᠡᠯᠪᠡᠶᠢᠵᠦ᠂ ᠤᠮᠠᠷᠠᠲᠤ ᠬᠡᠰᠡᠭ ᠨᠢ ᠠᠭᠤᠯᠠᠷᠬᠠᠭ ᠭᠠᠵᠠᠷ᠂ ᠳᠤᠮᠳᠠᠳᠤ ᠬᠡᠰᠡᠭ  ᠨᠢ ᠳᠣᠪᠣᠷᠬᠠᠭ᠂ ᠡᠮᠦᠨᠡᠲᠦ ᠬᠡᠰᠡᠭ ᠨᠢ ᠲᠠᠯ᠎ᠠ ᠭᠠᠵᠠᠷ ᠪᠣᠯᠤᠨ᠎ᠠ᠃ ᠪᠥᠬᠦ ᠬᠤᠰᠢᠭᠤᠨ ᠤ ᠵᠢᠯ ᠪᠦᠷᠢ ᠶᠢᠨ ᠳᠤᠮᠳᠠᠴᠢ ᠠᠭᠠᠷ ᠤᠨ ᠳᠤᠯᠠᠭᠠᠨ ᠨᠢ 5.8 ℃᠂ ᠨᠡᠷᠡᠨ  ᠤ ᠲᠤᠰᠤᠯᠲᠠ ᠶᠢᠨ ᠴᠠᠭ ᠨᠢ 2900 ᠠᠴᠠ 3000 ᠴᠠᠭ᠂ 10℃ ᠤᠨ ᠠᠰᠢᠭᠲᠤ ᠬᠤᠷᠠᠮᠠᠯ ᠳᠤᠯᠠᠭᠠᠨ ᠨᠢ 2400℃᠂ ᠬᠢᠷᠠᠭᠤ ᠥᠬᠡᠶ ᠬᠤᠭᠤᠴᠠᠭ᠎ᠠ ᠨᠢ 137 ᠡᠳᠦᠷ ᠣᠷᠴᠢᠮ᠂ 5 ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 361.8 ᠮᠢᠯᠢᠮᠧᠲᠷ᠂ ᠵᠢᠯ ᠤᠨ ᠳᠤᠮᠳᠠᠴᠢ ᠬᠠᠷᠢᠴᠠᠩᠭᠤᠶ ᠳᠤᠯᠠᠭᠠᠨ ᠤ ᠬᠡᠮᠵᠢᠶ᠎ᠡ  ᠨᠢ 50 %᠂ ᠵᠢᠯ ᠤᠨ ᠶᠡᠭᠡ ᠰᠠᠯᠬᠢᠨ ᠤ ᠡᠳᠦᠷ ᠤᠨ ᠲᠤᠭ᠎ᠠ ᠨᠢ 38 ᠡᠳᠦᠷ ᠪᠣᠯᠤᠨ᠎ᠠ᠃ ᠪᠥᠬᠦ ᠬᠤᠰᠢᠭᠤᠨ ᠤ ᠶᠡᠷᠦᠩᠬᠡᠶ ᠲᠠᠯᠠᠪᠠᠶ ᠨᠢ 10256 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 4 ᠰᠤᠮᠤ᠂ 5 ᠪᠠᠯᠭᠠᠰᠤ᠂ ᠲᠤᠬᠠᠶᠢᠯᠠᠪᠠᠯ ᠴᠠᠭᠠᠨᠮᠦ᠋ᠷᠡᠨ ᠰᠤᠮᠤ᠂ ᠪᠠᠶᠠᠨᠲᠠᠯ᠎ᠠ ᠰᠤᠮᠤ᠂ ᠵᠢᠷᠭᠠᠯ ᠤᠨ ᠵᠠᠮ ᠰᠤᠮᠤ᠂ ᠰᠢᠷᠠᠮᠦ᠋ᠷᠡᠨ ᠰᠤᠮᠤ᠂ ᠰᠤᠪᠤᠷᠭ᠎ᠠ ᠪᠠᠯᠭᠠᠰᠤ᠂ ᠪᠠᠶᠠᠨᠬᠤᠰᠢᠭᠤ ᠪᠠᠯᠭᠠᠰᠤ᠂ ᠳ᠋ᠠᠪᠠᠨ ᠪᠠᠯᠭᠠᠰᠤ᠂ ᠴᠠᠭᠠᠨᠨᠠᠭᠤᠷ ᠪᠠᠯᠭᠠᠰᠤ᠂ ᠪᠤᠷᠤᠠᠤᠰᠤ ᠪᠠᠯᠭᠠᠰᠤ᠂ ᠨᠡᠶᠢᠲᠡ 162 ᠭᠠᠴᠠᠭ᠎ᠠ ᠲᠣᠰᠬᠤᠨ᠂ 14 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠪᠣᠯᠤᠨ᠎ᠠ ᠃ ᠶᠡᠷᠦᠩᠬᠡᠶ ᠬᠥᠮᠦᠨ ᠠᠮᠠ ᠨᠢ 18.64 ᠲᠦᠮᠡ ᠪᠠᠶᠢᠵᠤ᠂ ᠬᠥᠮᠦᠨ ᠠᠮᠠ ᠶᠢᠨ ᠨᠢᠭᠲᠠᠴᠠ ᠨᠢ 18 ᠬᠥᠮᠦᠨ / ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ ᠮᠣᠩᠭᠤᠯ᠂ ᠬᠢᠲᠠᠳ᠂ ᠬᠤᠲᠣᠩ᠂ ᠮᠠᠨᠵᠤ ᠵᠡᠷᠭᠡ 22 ᠦᠨᠳᠦᠰᠦᠲᠡᠨ ᠰᠠᠭᠤᠷᠢᠰᠢᠵᠤ᠂ ᠡᠭᠦᠨ ᠳᠤ ᠮᠣᠩᠭᠤᠯ ᠦᠨᠳᠦᠰᠦᠲᠡᠨ ᠤ ᠬᠥᠮᠦᠨ ᠠᠮᠠ 9 ᠲᠦᠮᠡ ᠪᠠᠶᠢᠵᠤ᠂ ᠬᠥᠮᠦᠨ ᠠᠮᠠ ᠶᠢᠨ ᠶᠡᠷᠦᠩᠬᠡᠶ ᠲᠣᠭᠠᠨ ᠤ 48.3 % ᠶᠢ ᠡᠵᠡᠯᠡᠵᠦ ᠪᠠᠶᠢᠨ᠎ᠠ ᠃       2020 ᠣᠨ ᠳᠤ ᠪᠥᠬᠦ ᠬᠤᠰᠢᠭᠤᠨ ᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 59 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.1 % ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 5.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 117 % ᠪᠠᠷ ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 20.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.2 % ᠢᠶᠠᠷ ᠨᠡᠮᠡᠭᠳᠡᠪᠡ︔ ᠬᠤᠲᠠ ᠬᠥᠳᠡᠭᠡ  ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 29409 ᠲᠥᠭᠦᠷᠢᠭ ᠪᠠ 12768 ᠲᠥᠭᠦᠷᠢᠭ ᠲᠤ ᠬᠦᠷᠴᠦ ᠂ ᠲᠣᠰ ᠲᠣᠰ 3.2 % ᠪᠠ 9.7 % ᠨᠡᠮᠡᠭᠳᠡᠪᠡ᠃       ᠪᠠᠭᠠᠷᠢᠨ ᠪᠠᠷᠠᠭᠤᠨ ᠬᠤᠰᠢᠭᠤ ᠥᠨᠢ ᠤᠳᠠᠭᠠᠨ ᠲᠡᠦᠬᠡ ᠰᠣᠶᠣᠯ ᠲᠠᠢ ᠶᠤᠮ᠃ ᠠᠯᠢ ᠡᠷᠲᠡ ᠳᠣᠯᠤᠭ᠎ᠠ ᠨᠠᠶᠮᠠᠨ ᠮᠢᠩᠭᠠᠨ ᠵᠢᠯ ᠤᠨ ᠡᠮᠦᠨ᠎ᠡ ᠬᠥᠮᠦᠨ ᠲᠥᠷᠥᠯᠬᠢᠲᠡᠨ ᠦᠷᠡᠵᠢᠨ ᠲᠥᠯᠵᠢᠵᠦ ᠪᠠᠶᠢᠵᠠᠶ᠃ ᠬᠢᠯᠢ ᠶᠢᠨ ᠳᠣᠲᠣᠷ᠎ᠠ ᠰᠢᠨ᠎ᠡ ᠴᠢᠯᠠᠭᠤᠨ ᠵᠡᠪᠰᠡᠭ ᠤᠨ ᠴᠠᠭ ᠦᠶ᠎ᠡ ᠪᠠ ᠬᠦᠷᠡᠯ ᠵᠡᠪᠰᠡᠭ ᠤᠨ ᠰᠣᠶᠣᠯ ᠤᠨ ᠦᠯᠡᠳᠡᠭᠳᠡᠯ ᠪᠠᠶᠢᠨ᠎ᠠ᠃ 1634 ᠣᠨ ᠳᠤ ᠪᠠᠭᠠᠷᠢᠨ ᠠᠶᠢᠮᠠᠭ ᠠᠳᠡ ᠰᠠᠭᠤᠷᠢᠰᠢᠵᠤ᠂ ᠴᠢᠩ ᠤᠯᠤᠰ ᠤᠨ ᠡᠶᠡᠪᠡᠷ ᠵᠠᠰᠠᠭᠴᠢ ᠶᠢᠨ ᠲᠠᠪᠤᠳᠤᠭᠠᠷ ᠣᠨ ︵1648 ᠣᠨ︶ ᠳᠤ ᠪᠠᠭᠠᠷᠢᠨ ᠪᠠᠷᠠᠭᠤᠨ ᠭᠠᠷᠤᠨ ᠬᠤᠰᠢᠭᠤ ᠶᠢ ᠪᠠᠶᠢᠭᠤᠯᠪᠠ᠃ ᠤᠷᠢᠳ ᠬᠤᠵᠢᠳ ᠡᠩᠬᠡ ᠠᠮᠤᠭᠤᠯᠠᠩ ᠤᠨ ᠠᠪᠠᠭ᠎ᠠ ᠡᠬᠡ ᠰᠡᠴᠡᠨ ᠳᠡᠭᠡᠳᠦ ᠭᠦᠷᠦᠨ ᠭᠦᠩᠵᠦ᠂ ᠡᠩᠬᠡ ᠠᠮᠤᠭᠤᠯᠠᠩ ᠤᠨ ᠥᠬᠢᠨ ᠦᠯᠡᠮᠵᠢ ᠬᠡᠮᠵᠢᠶᠡᠲᠦ ᠭᠦᠩᠵᠦ ᠶᠢ ᠪᠠᠭᠠᠷᠢᠨ ᠳᠤ ᠪᠠᠭᠤᠯᠭᠠᠵᠤ᠂ ᠡᠩᠬᠡ ᠠᠮᠤᠭᠤᠯᠠᠩ ᠬᠠᠭᠠᠨ ᠴᠤ ᠥᠪᠡᠷ ᠤᠨ ᠪᠡᠶ᠎ᠡ  ᠪᠠᠷ ᠢᠶᠠᠨ ᠠᠳᠡ ᠠᠩ ᠠᠩᠨᠠᠭᠰᠠᠨ ᠪᠠᠶᠢᠨ᠎ᠠ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠳ᠋ᠠᠪᠠᠨ ᠪᠠᠯᠭᠠᠰᠤᠨ  ᠳᠤ᠂ ᠴᠢᠩ ᠤᠯᠤᠰ ᠤᠨ ᠡᠶᠡᠪᠡᠷ ᠵᠠᠰᠠᠭᠴᠢ ᠠᠴᠠ ᠲᠩᠷᠢ ᠲᠡᠳᠬᠦᠭᠴᠢ ᠶᠢᠨ ᠣᠨ ᠬᠦᠷᠲᠡᠯ᠎ᠡ᠂ ᠳ᠋ᠠᠪᠠᠨ ᠪᠣᠯ ᠪᠠᠭᠠᠷᠢᠨ ᠪᠠᠷᠠᠭᠤᠨ ᠭᠠᠷᠤᠨ ᠬᠤᠰᠢᠭᠤᠨ ᠤ ᠵᠠᠰᠠᠭ  ᠤᠨ ᠶᠠᠮᠤᠨ ᠤ ᠰᠠᠭᠤᠭ᠎ᠠ ᠭᠠᠵᠠᠷ ᠪᠠᠶᠢᠵᠤ᠂ ᠴᠢᠩ ᠤᠯᠤᠰ ᠤᠨ ᠳᠤᠮᠳᠠᠴᠢ ᠦᠶ᠎ᠡ ᠳᠤ᠂ ᠬᠤᠰᠢᠭᠤᠨ ᠤ ᠶᠠᠮᠤᠨ ᠨᠢ ᠳ᠋ᠠᠪᠠᠨ ᠤ ᠬᠤᠶᠢᠲᠤ ᠰᠢᠪᠠᠷᠲᠠᠢ ᠳᠤ ᠨᠡᠭᠦᠨ ᠣᠴᠢᠵᠤ᠂ ᠢᠷᠭᠡᠨ ᠤᠯᠤᠰ ᠤᠨ ᠡᠬᠢᠨ ᠤ ᠦᠶ᠎ᠡ ᠳᠤ ᠳᠠᠬᠢᠨᠲᠠ ᠳ᠋ᠠᠪᠠᠨ ᠳᠤ ᠨᠡᠭᠦᠪᠡ᠃ 1947 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠪᠠᠷᠠᠭᠤᠨ ᠭᠠᠷᠤᠨ ᠬᠤᠰᠢᠭᠤᠨ ᠤ ᠬᠤᠷᠢᠶ᠎ᠠ ᠵᠡᠷᠭᠡ ᠪᠠᠶᠢᠭᠤᠯᠭ᠎ᠠ ᠳ᠋ᠠᠪᠠᠨ ᠳᠤ ᠨᠡᠭᠦᠪᠡ᠃       ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ᠄ ᠣᠳᠣ ᠪᠠᠶᠢᠭ᠎ᠠ ᠲᠠᠷᠢᠶᠠᠨ ᠭᠠᠵᠠᠷ 180 ᠲᠦᠮᠡᠨ ᠮᠦ ︵ᠡᠭᠦᠨ ᠳᠤ  ᠤᠰᠤᠯᠠᠯᠭ᠎ᠠ ᠶᠢᠨ ᠲᠠᠷᠢᠶ᠎ᠠ 80 ᠲᠦᠮᠡᠨ ᠮᠦ︶ ᠪᠤᠶ︔ 1286 ᠲᠦᠮᠡᠨ ᠮᠦ ᠪᠡᠯᠴᠢᠭᠡᠷ ᠬᠠᠳᠤᠯᠠᠩ︔ ᠣᠶᠢᠲᠤ ᠭᠠᠵᠠᠷ 402.7 ᠲᠦᠮᠡᠨ ᠮᠥ ᠪᠠᠶᠢᠵᠤ᠂ ᠣᠶ ᠰᠢᠭᠤᠶ ᠶᠢᠨ ᠪᠦᠷᠬᠦᠴᠡ  ᠶᠢᠨ ᠨᠣᠷᠮ᠎ᠠ 27.8 % ᠪᠣᠯᠪᠠ︔ ᠲᠡᠵᠢᠭᠡᠵᠦ ᠪᠠᠶᠢᠭ᠎ᠠ ᠮᠠᠯ ᠤᠨ ᠲᠤᠭ᠎ᠠ ᠲᠣᠯᠣᠭᠠᠶ 200 ᠭᠠᠷᠤᠶ ᠲᠦᠮᠡ ᠪᠠᠶᠢᠵᠤ᠂ ᠵᠢᠯ ᠤᠨ ᠮᠢᠬᠠᠨ ᠤ ᠭᠠᠷᠤᠯᠲᠠ 3 ᠲᠦᠮᠡ ᠭᠠᠷᠤᠶ ᠲᠣᠨ᠂ ᠨᠣᠣᠰᠣ ᠨᠣᠯᠤᠤᠷ 2600 ᠭᠠᠷᠤᠶ ᠲᠣᠨ᠂ ᠠᠷᠠᠰᠤ ᠰᠢᠷᠢ 80 ᠭᠠᠷᠤᠶ ᠲᠦᠮᠡ ᠪᠠᠶᠢᠨ᠎ᠠ᠃       ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ᠄ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠶ ᠶᠢᠨ ᠠᠭᠤᠷᠬᠠᠶ ᠪᠦᠲᠦᠭᠰᠡᠨ ᠪᠦᠰᠡ ᠳᠤ ᠪᠠᠶᠢᠷᠢᠯᠠᠵᠤ᠂ ᠨᠢᠭᠡᠨᠲᠡ ᠢᠯᠡᠷᠡᠭᠦᠯᠦᠭᠰᠡᠨ ᠠᠭᠤᠷᠬᠠᠶ ᠶᠢᠨ ᠪᠤᠯᠠᠭᠳᠠᠴᠠ ᠶᠢᠨ ᠲᠡᠮᠦᠷᠯᠢᠭ ᠵᠢᠴᠢ ᠲᠡᠮᠦᠷᠯᠢᠭ ᠪᠤᠰᠤ ᠵᠦᠢᠯ 30 ᠭᠠᠷᠤᠶ᠂ ᠬᠦᠳᠡᠷ ᠤᠨ ᠬᠡᠪᠲᠡᠰᠢ᠂ ᠡᠷᠦᠳᠡᠰᠦᠵᠢᠭᠰᠡᠨ ᠴᠡᠭ 120 ᠭᠠᠷᠤᠶ ᠪᠠᠶᠢᠵᠤ᠂ ᠡᠬᠢ ᠪᠠᠶᠠᠯᠢᠭ ᠤᠨ ᠥᠷᠲᠡᠭ ᠨᠢ 400 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠴᠦ᠂ ᠳᠠᠯᠳᠠ ᠥᠷᠲᠡᠭ ᠨᠢ 1000 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠴᠡᠶ᠃       ᠤᠰᠤᠨ ᠠᠰᠢᠭᠯᠠᠯᠲᠠ ᠶᠢᠨ ᠡᠬᠢ ᠪᠠᠶᠠᠯᠢᠭ᠄ ᠨᠡᠶᠢᠳᠡ 13 ᠤᠰᠤᠨ ᠴᠥᠭᠦᠷᠥᠮ᠂ 26 ᠶᠡᠭᠡ ᠪᠠᠭ᠎ᠠ ᠭᠤᠣᠯ ᠮᠥᠷᠡᠨ᠂ 33 ᠤᠰᠤᠯᠠᠯᠲᠠ ᠶᠢᠨ ᠣᠷᠣᠨ᠂ 34 ᠨᠠᠭᠤᠷ ᠴᠥᠭᠦᠷᠥᠮ ᠪᠠᠶᠢᠵᠤ᠂ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ 3.4335 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠬᠥᠮᠦᠨ ᠳᠤᠮᠳᠠᠴᠢ ᠶᠢᠨ ᠠᠰᠢᠭᠯᠠᠵᠤ ᠪᠣᠯᠬᠤ ᠤᠰᠤᠨ ᠤ ᠡᠬᠢ ᠪᠠᠶᠠᠯᠢᠭ ᠤᠨ ᠡᠵᠡᠯᠡᠬᠦ ᠬᠡᠮᠵᠢᠶ᠎ᠡ 1986 ᠪᠣᠰᠤᠭ᠎ᠠ ᠳᠥᠷᠪᠡᠯᠵᠢᠨ ᠮᠧᠲᠷ ᠲᠤ ᠬᠦᠷᠴᠡᠢ᠃ ᠴᠥᠭᠦᠷᠥᠮ ᠤᠨ ᠪᠠᠭᠲᠠᠭᠠᠮᠵᠢ 9982 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠲᠡᠷᠡᠰᠦ ᠪᠤᠯᠤᠩ ᠤᠰᠤᠨ ᠴᠥᠭᠦᠷᠥᠮ ᠨᠢ ᠵᠢᠯ ᠪᠦᠷᠢ 3028 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠠᠵᠤ ᠦᠶᠯᠡᠳᠪᠦᠷᠢ ᠳᠤ ᠬᠡᠷᠡᠭᠯᠡᠬᠦ ᠤᠰᠤ ᠶᠢ ᠬᠠᠩᠭᠠᠵᠤ ᠪᠣᠯᠤᠨ᠎ᠠ ᠃       ᠣᠷᠣᠨ ᠪᠠᠶᠢᠷᠢ ᠶᠢᠨ ᠨᠥᠬᠦᠴᠡᠯ᠄ ᠳ᠋ᠠᠪᠠᠨ ᠪᠠᠯᠭᠠᠰᠤ ᠪᠣᠯ ᠤᠯᠠᠭᠠᠨᠬᠠᠳᠠ ᠶᠢᠨ ᠬᠤᠢᠲᠤ ᠬᠡᠰᠡᠭ ᠤᠨ ᠣᠷᠣᠨ ᠪᠦᠰᠡ ᠶᠢᠨ ᠴᠢᠨᠠᠷᠲᠠᠶ ᠲᠥᠪ ᠬᠤᠲᠠ᠂ ᠥᠪᠡᠷᠲᠡᠭᠡᠨ ᠵᠠᠰᠠᠬᠤ ᠣᠷᠣᠨ ᠤ ᠳᠣᠯᠣᠭᠠᠨ ᠣᠳᠣᠨ ᠲᠡᠰ ᠤᠨ ᠪᠣᠯᠪᠠᠰᠤᠨ ᠪᠠᠯᠭᠠᠰᠤ ᠪᠣᠯᠤᠨ᠎ᠠ᠃ ᠬᠡᠳᠦᠶᠢᠪᠡᠷ ᠳᠣᠲᠣᠭᠠᠳᠤ ᠬᠠᠭᠤᠷᠠᠢ ᠳᠤ ᠪᠠᠶᠢᠷᠢᠯᠠᠵᠤ ᠪᠠᠶᠢᠭ᠎ᠠ ᠪᠣᠯᠪᠠᠴᠤ ᠵᠡᠭᠦᠨ ᠬᠤᠶᠢᠲᠤ ᠶᠢᠨ ᠠᠵᠤ ᠠᠬᠤᠢ ᠶᠢᠨ ᠣᠷᠣᠨ ᠪᠣᠯᠤᠨ ᠪᠦᠸᠧᠬᠠᠢ ᠲᠠᠩᠭᠢᠰ ᠳᠠᠭᠠᠤ ᠠᠵᠤ ᠠᠬᠤᠢ ᠶᠢᠨ ᠣᠷᠣᠨ ᠤ ᠵᠠᠭᠤᠴᠢ ᠶᠢᠨ ᠣᠷᠣᠨ ᠳᠤ ᠪᠠᠶᠢᠷᠢᠯᠠᠵᠤ᠂ ᠪᠡᠭᠡᠵᠢᠩ᠂ ᠲᠢᠶᠠᠨᠵᠢᠨ᠂ ᠱᠧᠨᠶᠠᠩ᠂ ᠴᠠᠩᠴᠦ᠋ᠨ᠂ ᠴᠢᠨ ᠬᠤᠸᠠᠩ ᠳ᠋ᠤᠤ᠂ ᠵᠢᠨᠵᠧᠦ ᠵᠡᠷᠭᠡ ᠬᠤᠳᠠ ᠠᠴᠠ ᠵᠥᠪᠬᠡᠨ ᠬᠡᠳᠦᠨ ᠵᠠᠭᠤᠨ ᠺᠢᠯᠣᠮᠧᠲᠷ ᠵᠠᠶᠢᠲᠠᠢ ᠪᠠᠶᠢᠵᠤ᠂ ᠬᠠᠮᠤᠭ ᠬᠤᠯᠠ ᠳᠠᠭᠠᠨ 1000 ᠺᠢᠯᠣᠮᠧᠲᠷ ᠠᠴᠠ  ᠬᠡᠲᠦᠷᠡᠭᠰᠡᠨ ᠦᠭᠡᠢ ᠃       ᠪᠠᠲᠤᠯᠠᠭ᠎ᠠ ᠶᠢᠨ ᠡᠯᠧᠮᠧᠨ᠋ᠲ᠄ ᠪᠠᠷᠢᠯᠭ᠎ᠠ ᠳᠠᠭᠤᠰᠴᠤ ᠡᠵᠡᠩᠨᠡᠭᠰᠡᠨ ᠪᠠᠭᠠᠷᠢᠨ ᠤ 500 KV ᠬᠤᠪᠢᠰᠬᠠᠭᠤᠷ ᠤᠨ ᠥᠷᠲᠡᠭᠡ ᠪᠣᠯ  ᠵᠡᠭᠦᠨ ᠬᠤᠶᠢᠲᠦ— ᠤᠯᠠᠭᠠᠨᠬᠠᠳᠠ— ᠨᠢᠩᠰᠢᠶᠠ ᠴᠠᠬᠢᠯᠭᠠᠨ ᠬᠦᠷᠭᠡᠬᠦ ᠥᠷᠲᠡᠭᠡ ᠶᠢᠨ ᠢᠨᠵᠧᠨᠧᠷᠢᠩ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠨᠢᠭᠡᠨᠲᠡ ᠪᠠᠶᠢᠭᠤᠯᠤᠭᠰᠠᠨ ᠪᠠᠭᠠᠷᠢᠨ  ᠤ 500 KV ᠬᠤᠪᠢᠰᠬᠠᠭᠤᠷ ᠤᠨ ᠥᠷᠲᠡᠭᠡ ᠠᠴᠠ ᠴᠢᠪᠠᠭ᠎ᠠ᠂ ᠯᠢᠨᠳᠦ᠋ᠩ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠵᠡᠷᠭᠡ 6 ᠵᠤᠷᠪᠤᠰ 220 KV ᠬᠤᠪᠢᠰᠬᠠᠭᠤᠷ ᠤᠨ ᠬᠡᠯᠬᠢᠶ᠎ᠡ ᠬᠦᠷᠴᠦ᠂ ᠬᠤᠤᠰ ᠲᠣᠤᠷ ᠢᠶᠠᠷ ᠴᠠᠬᠢᠯᠭᠠᠨ ᠬᠠᠩᠭᠠᠬᠤ ᠶᠢ ᠪᠡᠶᠡᠯᠡᠭᠦᠯᠪᠡ᠃ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ᠂ ᠵᠢᠨᠵᠧᠦ ᠠᠴᠠ ᠪᠠᠶᠠᠨᠬᠤᠲᠠ ᠬᠦᠷᠬᠦ ᠲᠡᠮᠦᠷ ᠵᠠᠮ᠂ ᠪᠠᠶᠠᠨᠬᠤᠲᠠ ᠠᠴᠠ ᠰᠢᠨᠵᠢᠶᠠᠩ ᠬᠦᠷᠬᠦ ᠲᠡᠮᠦᠷ ᠵᠠᠮ ᠨᠢ ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ ᠳ᠋ᠠᠪᠠᠨ ᠪᠠᠯᠭᠠᠰᠤᠨ ᠳᠤ ᠠᠭᠤᠯᠵᠠᠨ ᠵᠠᠯᠭᠠᠯᠳᠤᠵᠤ᠂ ᠳ᠋ᠠᠪᠠᠨ ᠥᠷᠲᠡᠭᠡ ᠨᠢ ᠬᠡᠪᠴᠢᠶ᠎ᠡ ᠪᠠᠷ ᠬᠠᠮᠤᠭ ᠶᠡᠭᠡ ᠳᠤᠮᠳᠠᠬᠢ ᠥᠷᠲᠡᠭᠡ ᠪᠣᠯᠵᠤ᠂ ᠪᠠᠭᠠᠷᠢᠨ ᠪᠠᠷᠠᠭᠤᠨ ᠬᠤᠰᠢᠭᠤᠨ ᠤ ᠬᠢᠯᠢ ᠨᠡᠪᠲᠡᠷᠡᠬᠦ ᠳᠠᠯᠠᠢ ᠬᠦᠷᠬᠦ ᠰᠢᠵᠢᠷ ᠠᠯᠲᠠᠨ ᠵᠠᠮ ᠢ ᠪᠠᠶᠢᠭᠤᠯᠪᠠ᠃ ᠤᠯᠠᠭᠠᠨᠬᠠᠳᠠ ᠠᠴᠠ ᠳ᠋ᠠᠲ᠋ᠦ᠋ᠩ ᠬᠥᠷᠬᠦ ᠦᠨᠳᠦᠷ ᠬᠤᠷᠳᠤᠴᠠᠲᠦ ᠵᠠᠰᠠᠮᠠᠯ ᠵᠠᠮ ᠂ ᠮᠤᠵᠢ ᠶᠢᠨ ᠬᠤᠭᠤᠷᠣᠨᠳᠣᠬᠢ ᠶᠡᠭᠡ ᠵᠠᠮ᠂ ᠤᠯᠤᠰ ᠤᠨ ᠵᠠᠮ 303 ᠱᠤᠭᠤᠮ᠂ ᠤᠯᠤᠰ ᠤᠨ ᠵᠠᠮ 305 ᠱᠤᠭᠤᠮ᠂ ᠮᠤᠵᠢ ᠶᠢᠨ ᠵᠠᠮ 205 ᠱᠤᠭᠤᠮ ᠢᠶᠠᠷ ᠭᠤᠤᠯᠯᠠᠭᠴᠢ ᠪᠣᠯᠭᠠᠭᠰᠠᠨ ᠤᠯᠤᠰ ᠤᠨ ᠪᠠ ᠮᠤᠵᠢ ᠶᠢᠨ ᠲᠠᠪᠤᠨ ᠭᠤᠤᠯ ᠱᠤᠭᠤᠮ ᠨᠢ ᠬᠢᠯᠢ ᠶᠢᠨ ᠳᠣᠲᠣᠷ᠎ᠠ ᠬᠥᠨᠳᠡᠯᠡᠨ ᠭᠤᠯᠳᠤ ᠰᠦᠯᠵᠢᠯᠳᠦᠵᠦ᠂ ᠪᠦᠷᠢᠨ ᠲᠡᠭᠦᠯᠳᠡᠷ ᠰᠢᠶᠠᠨ ᠤ ᠵᠠᠮ᠂ ᠰᠢᠶᠠᠩ ᠤᠨ ᠵᠠᠮ ᠢᠶᠠᠷ ᠬᠠᠪᠰᠤᠷᠤᠮᠵᠢ ᠪᠣᠯᠭᠠᠨ᠂ ︽ᠳᠥᠷᠪᠡᠨ ᠬᠥᠨᠳᠡᠯᠡᠨ ᠭᠤᠷᠪᠠᠨ ᠭᠤᠯᠳᠤ ᠠᠷᠪᠠᠨ ᠬᠤᠶᠠᠷ ᠭᠠᠷᠬᠤ ᠵᠠᠮ︾ ᠤᠨ ᠪᠡᠶᠡᠲᠦ ᠵᠠᠰᠠᠮᠠᠯ ᠵᠠᠮ ᠤᠨ ᠵᠠᠮ ᠬᠠᠷᠢᠯᠴᠠᠭᠠᠨ ᠤ ᠲᠣᠤᠷ ᠢ ᠪᠦᠷᠢᠯᠳᠦᠭᠦᠯᠵᠡᠶ︔ ᠪᠠᠭᠠᠷᠢᠨ ᠪᠠᠷᠠᠭᠤᠨ ᠬᠤᠰᠢᠭᠤᠨ ᠤ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠠᠰᠢᠭᠯᠠᠯᠲᠠ ᠳᠤ ᠣᠷᠣᠬᠤ ᠶᠢ ᠳᠠᠭᠠᠯᠳᠤᠨ᠂ ᠢᠦᠢ ᠯᠦᠩ ᠨᠢᠰᠬᠡᠯ ᠤᠨ ᠪᠠᠭᠤᠳᠠᠯ᠂ ᠤᠯᠠᠭᠠᠨᠬᠠᠳᠠ ᠶᠢᠨ ᠦᠨᠳᠦᠷ ᠬᠤᠷᠳᠤᠴᠠᠲᠦ ᠲᠡᠮᠦᠷ ᠵᠠᠮ᠂ ᠲᠡᠮᠦᠷ ᠵᠠᠮ᠂ ᠠᠭᠠᠷ ᠤᠨ ᠠᠶᠠᠯᠠᠯ ᠢ ᠨᠢᠭᠡ ᠴᠣᠭᠴᠠᠵᠢᠭᠤᠯᠤᠭᠰᠠᠨ ᠪᠦᠬᠦ ᠲᠠᠯ᠎ᠠ ᠶᠢᠨ᠂ ᠪᠣᠰᠤᠭ᠎ᠠ ᠴᠣᠭᠴᠠᠲᠤ ᠬᠡᠯᠪᠡᠷᠢ ᠶᠢᠨ ᠵᠠᠮ ᠬᠠᠷᠢᠯᠴᠠᠭᠠᠨ ᠤ ᠲᠣᠣᠷ ᠰᠦᠯᠵᠢᠶᠡᠨ ᠤ ᠣᠷᠣᠨ ᠪᠠᠶᠢᠷᠢ ᠶᠢᠨ ᠳᠠᠪᠠᠭᠤᠯᠢᠭ ᠢ ᠪᠦᠷᠢᠯᠳᠦᠭᠦᠯᠬᠦ ᠪᠣᠯᠤᠨ᠎ᠠ᠃ ᠤᠯᠠᠭᠠᠨᠬᠠᠳᠠ ᠶᠢᠨ ᠬᠤᠶᠢᠲᠤ ᠬᠡᠰᠡᠭ ᠵᠢᠴᠢ ᠥᠪᠥᠷ ᠮᠣᠩᠭᠤᠯ ᠤᠨ ᠵᠡᠭᠦᠨ ᠬᠡᠰᠡᠭ ᠤᠨ ᠴᠢᠬᠤᠯᠠ ᠵᠠᠮ ᠬᠠᠷᠢᠯᠴᠠᠭ᠎ᠠ ᠪᠣᠯᠤᠭᠰᠠᠨ ᠤ ᠬᠤᠪᠢ ᠳᠤ᠂ ᠴᠠᠬᠢᠯᠭᠠᠨ ᠬᠦᠴᠦᠨ ᠤ ᠬᠦᠶᠰᠦ ᠪᠣᠯᠬᠤ ᠪᠠᠶᠢᠷᠢ ᠰᠠᠭᠤᠷᠢ ᠶᠢ ᠯᠠᠪᠳᠠᠭᠤᠨ ᠢᠶᠠᠷ ᠲᠣᠭᠲᠠᠭᠠᠪᠠ᠃       ᠰᠣᠶᠣᠯ ᠤᠨ ᠰᠠᠭᠤᠷᠢ᠄ ᠯᠢᠶᠣᠤ ᠤᠯᠤᠰ ᠤᠨ ᠦᠶ᠎ᠡ ᠶᠢᠨ ᠡᠬᠡ ᠨᠤᠲᠤᠭ᠂ ᠬᠢᠳᠠᠨ ᠦᠨᠳᠦᠰᠦᠲᠡᠨ ᠤ ᠡᠭᠦᠰᠦᠯ ᠭᠠᠵᠠᠷ ᠪᠣᠯᠤᠨ᠎ᠠ᠂ ᠬᠤᠩᠱᠠᠨ᠂ ᠶᠤᠸᠠᠨ᠂ ᠪᠠᠭᠠᠷᠢᠨ  ᠲᠡᠨᠢᠭᠢᠷ᠂ ᠭᠡᠰᠡᠷ ᠵᠡᠷᠭᠡ ᠰᠣᠶᠣᠯ ᠰᠣᠯᠪᠢᠴᠠᠨ ᠠᠭᠤᠰᠤᠯᠴᠠᠵᠤ᠂ ᠪᠠᠶᠢᠭᠠᠯᠢ ᠶᠢᠨ ᠥᠩᠭᠡ ᠦᠵᠡᠮᠵᠢ ᠨᠢ ᠬᠥᠮᠦᠨ ᠰᠣᠶᠣᠯ ᠤᠨ ᠦᠵᠡᠮᠵᠢ ᠲᠠᠢ ᠰᠣᠯᠪᠢᠴᠠᠨ ᠭᠡᠷᠡᠯᠲᠦᠵᠦ ᠪᠠᠶᠢᠳᠠᠭ᠃ ᠣᠳᠣᠬᠠᠨ ᠳᠤ ᠮᠦᠽᠧᠶ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠶᠯᠡᠰ 85000 ᠭᠠᠷᠤᠶ ︵ᠳᠤᠭᠤᠶᠢᠯᠠᠩ᠂ ᠢᠵᠢ︶ ᠪᠣᠶ᠂ ᠡᠭᠦᠨ ᠳᠤ᠄ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠶᠯᠡᠰ 663 ︵ᠳᠤᠭᠤᠶᠢᠯᠠᠩ᠂ ᠢᠵᠢ︶᠂ ᠤᠯᠤᠰ ᠤᠨ ᠨᠢᠭᠡᠳᠦᠭᠡᠷ ᠳᠡᠰ ᠤᠨ ᠲᠡᠦᠬᠡ ᠶᠢᠨ ᠳᠤᠷᠠᠰᠬᠠᠯᠲᠤ ᠵᠦᠶᠯᠡᠰ 240 ︵ᠳᠤᠭᠤᠶᠢᠯᠠᠩ᠂ ᠢᠵᠢ︶᠂ ᠤᠯᠤᠰ ᠤᠨ ᠲᠠᠰ ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠡ 4᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠡ 9᠂ ᠤᠯᠤᠰ ᠤᠨ 3 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 3᠂ 2 A ᠲᠠᠰ ᠤᠨ ᠵᠢᠭᠤᠯᠴᠢᠯᠠᠯ ᠤᠨ ᠦᠵᠡᠮᠵᠢ  ᠶᠢᠨ ᠣᠷᠣᠨ 2᠂ ᠤᠯᠤᠰ ᠤᠨ ᠲᠠᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠪᠣᠯᠤᠨ ᠪᠥᠬᠦ ᠤᠯᠤᠰ ᠤᠨ ᠣᠨᠴᠠᠯᠢᠭ ᠲᠠᠢ ᠦᠵᠡᠮᠵᠢ ᠶᠢᠨ ᠨᠠᠷᠠᠲᠤ ᠪᠠᠯᠭᠠᠰᠤ ᠲᠣᠰ ᠪᠦᠷᠢ 1 ᠪᠣᠶ᠃       ᠵᠢᠭᠤᠯᠴᠢᠯᠠᠯ ᠤᠨ ᠡᠬᠢ ᠪᠠᠶᠠᠯᠢᠭ᠄ ᠮᠠᠨ ᠤ ᠬᠤᠰᠢᠭᠤᠨ ᠳᠤ ᠨᠡᠶᠢᠲᠡ 95 ᠵᠢᠭᠤᠯᠴᠢᠯᠠᠯ ᠤᠨ ᠡᠬᠢ ᠪᠠᠶᠠᠯᠢᠭ ᠲᠠᠢ᠂ ᠡᠭᠦᠨ ᠳᠤ ᠰᠢᠯᠢᠳᠡᠭ ᠲᠡᠰ ᠤᠨ ᠡᠬᠢ ᠪᠠᠶᠠᠯᠢᠭ 20᠂ ᠭᠠᠵᠠᠷ ᠵᠦᠶ ᠶᠢᠨ ᠦᠵᠡᠮᠵᠢ ᠶᠢᠨ ᠲᠥᠷᠥᠯ 10᠂ ᠤᠰᠤᠨ ᠣᠷᠣᠨ ᠤ ᠦᠵᠡᠮᠵᠢ ᠶᠢᠨ ᠲᠥᠷᠥᠯ 11᠂ ᠠᠮᠢᠳᠤ ᠪᠣᠳᠠᠰ ᠤᠨ ᠦᠵᠡᠮᠵᠢ ᠶᠢᠨ ᠲᠥᠷᠥᠯ 5᠂ ᠪᠠᠭᠤᠷᠢ ᠶᠢᠨ ᠲᠥᠷᠥᠯ 9᠂ ᠬᠥᠮᠦᠨ ᠰᠣᠶᠣᠯ ᠤᠨ ᠬᠥᠳᠡᠯᠭᠡᠭᠡᠨ ᠤ ᠲᠥᠷᠥᠯ 24᠂ ᠵᠢᠭᠤᠯᠴᠢᠯᠠᠯ ᠤᠨ ᠲᠠᠸᠠᠷ 5 ᠪᠠᠶᠢᠨ᠎ᠠ᠃ ᠣᠲᠣ ᠨᠢᠭᠡᠨᠲᠡ ᠵᠢᠭᠤᠯᠴᠢᠯᠠᠭᠴᠢᠳ ᠲᠤ ᠨᠡᠭᠡᠭᠡᠭᠰᠡᠨ ᠵᠢᠭᠤᠯᠴᠢᠯᠠᠯ ᠤᠨ ᠦᠵᠡᠮᠵᠢ ᠶᠢᠨ ᠣᠷᠣᠨ ︵ᠴᠡᠭ︶ 18 ᠪᠠᠶᠢᠵᠤ᠂ ᠨᠢᠭᠡᠨᠲᠡ ᠤᠯᠤᠰ ᠤᠨ ᠲᠠᠰ ᠤᠨ A ᠲᠠᠰ ᠤᠨ ᠦᠵᠡᠮᠵᠢ ᠶᠢᠨ ᠣᠷᠣᠨ ᠢ 5 ᠪᠠᠶᠢᠭᠤᠯᠵᠤ᠂ ᠡᠭᠦᠨ ᠳᠤ 3 A ᠲᠠᠰ ᠤᠨ ᠦᠵᠡᠮᠵᠢ ᠶᠢᠨ ᠣᠷᠣᠨ 3᠂ 2 A ᠲᠠᠰ ᠤᠨ ᠦᠵᠡᠮᠵᠢ ᠶᠢᠨ ᠣᠷᠣᠨ 2 ᠪᠣᠶ᠃ ᠵᠢᠭᠤᠯᠴᠢᠯᠠᠯ ᠤᠨ 4 ᠵᠤᠷᠪᠤᠰ ᠰᠣᠳᠣᠨ ᠱᠤᠭᠤᠮ ᠢ ᠪᠦᠷᠢᠯᠳᠦᠭᠦᠯᠪᠡ᠄  ᠰᠠᠶᠢᠬᠠᠨ ᠬᠠᠨ ᠠᠭᠤᠯᠠ ᠶᠢᠨ ᠪᠠᠶᠢᠭᠠᠯᠢ ᠶᠢᠨ ᠠᠮᠢ ᠠᠬᠤᠶ ᠶᠢᠨ ᠵᠢᠭᠤᠯᠴᠢᠯᠠᠯ ᠤᠨ ᠲᠤᠰᠬᠠᠶ ᠱᠤᠭᠤᠮ᠂ ᠯᠢᠶᠣᠤ ᠶᠢᠨ ᠰᠣᠶᠣᠯ ᠤᠨ ᠵᠢᠭᠤᠯᠴᠢᠯᠠᠯ ᠤᠨ ᠲᠤᠰᠬᠠᠶ ᠱᠤᠭᠤᠮ᠂ ᠲᠠᠯ᠎ᠠ ᠨᠤᠲᠤᠭ ᠤᠨ ᠵᠠᠩ ᠦᠶᠯᠡ ᠶᠢᠨ ᠵᠢᠭᠤᠯᠴᠢᠯᠠᠯ ᠤᠨ ᠲᠤᠰᠬᠠᠶ ᠱᠤᠭᠤᠮ᠂ ᠪᠠᠭᠠᠷᠢᠨ ᠲᠡᠨᠢᠭᠢᠷ ᠰᠣᠶᠣᠯ ᠤᠨ ᠵᠢᠭᠤᠯᠴᠢᠯᠠᠯ ᠤᠨ ᠲᠤᠰᠬᠠᠶ ᠱᠤᠭᠤᠮ᠃ ᠮᠠᠨ ᠤ ᠬᠤᠰᠢᠭᠤᠨ ᠤ ᠰᠢᠯᠢᠳᠡᠭ ᠲᠡᠰ ᠤᠨ ᠵᠤᠭᠠᠴᠠᠯ ᠤᠨ ᠡᠬᠢ ᠪᠠᠶᠠᠯᠢᠭ  ᠤᠨ ᠬᠤᠪᠢ ᠶᠢᠨ ᠵᠢᠩ ᠨᠡᠯᠢᠶᠡᠳ ᠶᠡᠭᠡ᠂ ᠣᠨᠴᠠᠯᠢᠭ ᠢᠯᠡ ᠲᠣᠳᠣ᠂ ᠵᠤᠭᠠᠴᠠᠯ ᠤᠨ ᠦᠢᠯᠡᠰ ᠢ ᠬᠥᠭᠵᠢᠭᠦᠯᠬᠦ ᠳᠠᠯᠳᠠ ᠬᠦᠴᠦᠨ ᠨᠡᠯᠢᠶᠡᠳ ᠶᠡᠭᠡ ᠪᠠᠶᠢᠵᠤ᠂ ᠪᠦᠬᠦ ᠣᠷᠣᠨ ᠤ ᠵᠤᠭᠠᠴᠠᠯ ᠤᠨ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠭᠠᠵᠠᠷ ᠣᠷᠣᠨ ᠪᠣᠯᠤᠨ᠎ᠠ ᠃       ᠣᠯᠠᠨ ᠵᠢᠯ ᠤᠨ ᠪᠣᠶᠢᠵᠢᠭᠤᠯᠤᠯᠲᠠ ᠪᠠ ᠬᠥᠭᠵᠢᠯᠲᠡ ᠪᠠᠷ ᠳᠠᠮᠵᠢᠨ᠂ ᠵᠣᠬᠢᠬᠤ ᠨᠡᠷ᠎ᠡ ᠠᠯᠳᠠᠷ ᠪᠠ ᠬᠠᠷᠢᠴᠠᠩᠭᠤᠢ ᠳᠠᠪᠠᠭᠤᠯᠢᠭ ᠢ ᠪᠦᠷᠢᠯᠳᠦᠭᠦᠯᠪᠡ᠃ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ︾᠂ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ︾᠂ ︽ᠪᠥᠬᠦ ᠤᠯᠤᠰ ᠤᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠡ︾᠂ ︽ᠪᠥᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠬᠤᠰᠢᠭᠤ︾᠂ ︽ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ︾᠂ ︽ᠳᠤᠮᠳᠠᠳᠤ ᠤᠯᠤᠰ ᠤᠨ ᠭᠡᠰᠡᠷ ᠰᠣᠶᠣᠯ ᠤᠨ ᠨᠤᠲᠤᠭ︾᠂ ︽ᠳᠤᠮᠳᠠᠳᠤ ᠤᠯᠤᠰ ᠤᠨ ᠬᠤᠯᠪᠣᠭ᠎ᠠ ᠶᠢᠨ ᠨᠤᠲᠤᠭ︾ ᠵᠡᠷᠭᠡ ᠢᠷᠠᠭᠤ ᠠᠯᠳᠠᠷ ᠲᠠᠢ︔ ᠬᠢᠯᠢ ᠶᠢᠨ ᠳᠣᠲᠣᠷ᠎ᠠ ᠰᠠᠶᠢᠬᠠᠨ ᠬᠠᠨ ᠠᠭᠤᠯᠠ ᠶᠢᠨ ᠳᠡᠯᠡᠬᠡᠶ ᠶᠢᠨ ᠠᠮᠢᠳᠤ ᠪᠣᠳᠠᠰ ᠤᠨ ᠮᠠᠨᠳᠠᠯ ᠤᠨ ᠬᠠᠮᠠᠭᠠᠯᠠᠯᠲᠠ ᠶᠢᠨ ᠣᠷᠣᠨ᠂ ᠪᠠᠭᠠᠷᠢᠨ  ᠲᠡᠨᠢᠭᠢᠷ ᠤᠨ ᠤᠯᠤᠰ ᠤᠨ ᠲᠠᠰ ᠤᠨ ᠠᠩᠬᠠᠨ ᠤ ᠪᠦᠯᠦᠭ ᠭᠠᠵᠠᠷ ᠰᠢᠨᠵᠢᠯᠡᠭᠡᠨ ᠤ ᠠᠭᠤᠷᠬᠠᠶ ᠶᠢᠨ ᠴᠡᠴᠡᠷᠯᠢᠭ ᠪᠣᠶ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ