ᠪᠠᠭᠠᠷᠢᠨ ᠵᠡᠭᠦᠨ ᠬᠤᠰᠢᠭᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠡᠮᠦᠨᠡᠲᠦ ᠬᠡᠰᠡᠭ᠂ ᠤᠯᠠᠭᠠᠨᠬᠠᠳᠠ ᠬᠤᠲᠠ ᠶᠢᠨ ᠬᠤᠶᠢᠲᠤ | ᠬᠡᠰᠡᠭ ᠲᠤ ᠪᠠᠶᠢᠷᠢᠯᠠᠵᠤ᠂ ᠵᠡᠭᠦᠨ ᠲᠠᠯ᠎ᠠ ᠪᠠᠷ ᠢᠶᠠᠨ ᠠᠷᠤ ᠬᠤᠷᠴᠢᠨ ᠬᠤᠰᠢᠭᠤ ᠲᠠᠢ ᠬᠥᠷᠰᠢᠯᠡᠵᠦ᠂ ᠪᠠᠷᠠᠭᠤᠨ ᠪᠠ ᠡᠮᠦᠨ᠎ᠡ ᠲᠠᠯ᠎ᠠ ᠪᠠᠷ ᠢᠶᠠᠨ ᠪᠠᠭᠠᠷᠢᠨ ᠪᠠᠷᠠᠭᠤᠨ | ᠬᠤᠰᠢᠭᠤ ᠲᠠᠢ ᠵᠠᠬ᠎ᠠ ᠨᠡᠶᠢᠯᠡᠵᠦ᠂ ᠬᠤᠶᠢᠲᠤ ᠲᠠᠯ᠎ᠠ ᠪᠠᠷ ᠢᠶᠠᠨ ᠪᠠᠷᠠᠭᠤᠨ ᠦᠵᠦᠮᠦᠴᠢᠨ ᠬᠤᠰᠢᠭᠤ ᠲᠠᠢ ᠵᠠᠬ᠎ᠠ ᠨᠡᠶᠢᠯᠡᠵᠦ ᠪᠠᠶᠢᠨ᠎ᠠ᠃ ᠵᠡᠭᠦᠨᠰᠢ ᠪᠠᠷᠠᠭᠤᠨᠰᠢ ᠪᠠᠨ 52 | ᠺᠢᠯᠥᠮᠧᠲᠷ ᠥᠷᠭᠡᠨ᠂ ᠡᠮᠦᠨᠡᠰᠢ ᠤᠮᠠᠷᠠᠰᠢ 126 ᠺᠢᠯᠥᠮᠧᠲᠷ ᠤᠷᠲᠤ︔ ᠪᠦᠬᠦ ᠲᠠᠯᠠᠪᠠᠢ ᠨᠢ 6644 ᠲᠡᠭᠰᠢ ᠳᠥᠷᠪᠡᠯᠵᠢᠨ ᠺᠢᠯᠥᠮᠧᠲᠷ ᠪᠠᠶᠢᠵᠤ᠂ 9 ᠰᠤᠮᠤ | ᠪᠠᠯᠭᠠᠰᠤ᠂ 2 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 165 ᠭᠠᠴᠠᠭ᠎ᠠ ᠲᠣᠰᠬᠤᠨ᠂ 6 ᠨᠡᠶᠢᠭᠡᠮ ᠲᠣᠭᠤᠷᠢᠭ ᠲᠠᠢ᠂ ᠶᠡᠷᠦᠩᠬᠡᠶ ᠬᠥᠮᠦᠨ ᠠᠮᠠ ᠨᠢ 35 | . 96 ᠲᠦᠮᠡ ᠪᠠᠶᠢᠵᠤ᠂ ᠲᠠᠷᠢᠶᠠᠯᠠᠩ ᠮᠠᠯ ᠠᠵᠤ ᠠᠬᠤᠶ ᠪᠠᠷ ᠭᠤᠣᠯ ᠪᠣᠯᠭᠠᠭᠰᠠᠨ᠂ ᠲᠠᠷᠢᠶᠠᠯᠠᠩ ᠮᠠᠯ ᠠᠵᠤ ᠠᠬᠤᠶ ᠪᠠ ᠣᠶ ᠰᠢᠭᠤᠶ ᠠᠭᠤᠷᠬᠠᠶ ᠶᠢ | ᠤᠶᠠᠯᠳᠤᠭᠤᠯᠤᠭᠰᠠᠨ ᠠᠵᠤ ᠠᠬᠤᠶ ᠶᠢᠨ ᠣᠷᠣᠨ ᠪᠣᠯᠤᠨ᠎ᠠ᠃ | | |