| 【ᠣᠷᠣᠨ ᠪᠠᠶᠢᠷᠢ ᠲᠠᠯᠠᠪᠠᠶ】ᠠᠷᠤ ᠬᠤᠷᠴᠢᠨ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ᠂ ᠤᠯᠠᠭᠠᠨᠬᠠᠳᠠ | ᠬᠤᠲᠠ ᠶᠢᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ ᠪᠣᠶ᠃ ᠵᠡᠭᠦᠨ ᠲᠠᠯ᠎ᠠ ᠪᠠᠷ ᠢᠶᠠᠨ ᠲᠦᠩᠯᠢᠶᠣᠤ ᠬᠤᠲᠠ ᠶᠢᠨ ᠵᠠᠷᠤᠳ ᠬᠤᠰᠢᠭᠤ᠂ ᠺᠠᠶᠢᠯᠦ ᠰᠢᠶᠠᠨ ᠲᠠᠢ | ᠵᠠᠬ᠎ᠠ ᠨᠡᠶᠢᠯᠡᠵᠦ᠂ ᠪᠠᠷᠠᠭᠤᠨ ᠲᠠᠯ᠎ᠠ ᠪᠠᠷ ᠢᠶᠠᠨ ᠪᠠᠭᠠᠷᠢᠨ ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ ᠲᠠᠢ ᠬᠥᠷᠰᠢᠯᠡᠵᠦ᠂ ᠡᠮᠦᠨ᠎ᠡ ᠪᠡᠶ᠎ᠡ ᠪᠠᠷ ᠢᠶᠠᠨ ᠺᠠᠶᠢᠯᠦ | ᠰᠢᠶᠠᠨ᠂ ᠣᠩᠨᠢᠭᠤᠳ ᠬᠤᠰᠢᠭᠤ ᠲᠠᠢ ᠭᠤᠤᠯ ᠠᠯᠤᠰᠯᠠᠨ ᠨᠢᠭᠤᠷᠯᠠᠵᠤ᠂ ᠬᠤᠶᠢᠲᠤ ᠪᠡᠶ᠎ᠡ ᠪᠠᠷ ᠢᠶᠠᠨ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ | ᠬᠤᠰᠢᠭᠤ᠂ ᠵᠡᠭᠦᠨ ᠦᠵᠦᠮᠦᠴᠢᠨ ᠬᠤᠰᠢᠭᠤ ᠲᠠᠢ ᠵᠠᠬ᠎ᠠ ᠨᠡᠶᠢᠯᠡᠵᠦ ᠪᠠᠶᠢᠨ᠎ᠠ᠃ ᠠᠷᠤ ᠬᠤᠷᠴᠢᠨ ᠬᠤᠰᠢᠭᠤᠨ ᠤ ᠡᠮᠦᠨ᠎ᠡ ᠤᠮᠠᠷ᠎ᠠ ᠶᠢᠨ ᠨᠠᠷᠢᠨ ᠣᠷᠳᠣ ᠨᠢ | ᠬᠠᠮᠤᠭ ᠤᠨ ᠣᠷᠳᠣ ᠳᠠᠭᠠᠨ 232 ᠺᠢᠯᠣᠮᠧᠲᠷ᠂ ᠵᠡᠭᠦᠨᠰᠢ ᠪᠠᠷᠠᠭᠤᠨᠰᠢ ᠬᠠᠮᠤᠭ ᠤᠨ ᠥᠷᠭᠡᠨ ᠭᠠᠵᠠᠷ ᠨᠢ ᠪᠠᠷᠤᠭ 114 ᠺᠢᠯᠣᠮᠧᠲᠷ᠂ ᠨᠤᠲᠤᠭ ᠳᠡᠪᠢᠰᠭᠡᠷ ᠤᠨ | ᠶᠡᠷᠦᠩᠬᠡᠶ ᠲᠠᠯᠠᠪᠠᠶ ᠨᠢ 14277 ᠲᠡᠭᠰᠢ ᠳᠥᠷᠪᠡᠯᠵᠢᠨ ᠺᠢᠯᠣᠮᠧᠲᠷ ᠪᠠᠶᠢᠳᠠᠭ᠃ | 【ᠵᠠᠰᠠᠭ ᠵᠠᠬᠢᠷᠭᠠᠨ ᠤ ᠬᠤᠪᠢᠶᠠᠷᠢᠯᠠᠯ】ᠠᠷᠤ ᠬᠤᠷᠴᠢᠨ ᠬᠤᠰᠢᠭᠤ ᠤᠯᠠᠭᠠᠨᠬᠠᠳᠠ ᠬᠤᠲᠠ ᠳᠤ ᠬᠠᠷᠢᠶᠠᠯᠠᠭᠳᠠᠵᠤ᠂ ᠬᠤᠰᠢᠭᠤᠨ ᠲᠥᠪ ᠨᠢ ᠴᠢᠪᠠᠭ᠎ᠠ | ᠪᠠᠯᠭᠠᠰᠣᠨ ᠳᠤ ᠪᠠᠶᠢᠷᠢᠯᠠᠵᠤ ᠪᠣᠢ᠃ ᠵᠠᠰᠠᠭ ᠵᠠᠬᠢᠷᠭᠠᠨ ᠤ ᠬᠤᠪᠢᠶᠠᠷᠢᠯᠠᠯ ᠳᠤ ᠴᠢᠪᠠᠭ᠎ᠠ ᠪᠠᠯᠭᠠᠰᠤ᠂ ᠲᠢᠶᠠᠠᠱᠠᠨᠺᠸᠦ ᠪᠠᠯᠭᠠᠰᠤ᠂ ᠱᠣᠣ ᠪᠠᠯᠭᠠᠰᠤ᠂ ᠵᠢᠭᠠᠰᠤᠲᠠᠢ | ᠪᠠᠯᠭᠠᠰᠤ᠂ ᠪᠠᠶᠠᠨᠬᠤᠸᠠ ᠪᠠᠯᠭᠠᠰᠤ᠂ ᠬᠤᠨᠲᠤ ᠪᠠᠯᠭᠠᠰᠤ᠂ ᠱᠤᠸᠠᠩ ᠱᠧᠩ ᠪᠠᠯᠭᠠᠰᠤ ᠵᠡᠷᠭᠡ 7 ᠪᠠᠯᠭᠠᠰᠤ︔ ᠰᠢᠨ ᠮᠢᠨ ᠰᠢᠶᠠᠩ᠂ ᠰᠢᠶᠠᠨ ᠹᠧᠩ ᠰᠢᠶᠠᠩ᠂ | ᠤᠯᠠᠭᠠᠨᠬᠠᠳᠠ ᠰᠢᠶᠠᠩ ᠵᠡᠷᠭᠡ 3 ᠰᠢᠶᠠᠩ︔ ᠪᠠᠯᠴᠢᠷᠣᠳ ᠰᠤᠮᠤ᠂ ᠰᠠᠶᠢᠬᠠᠨᠲᠠᠯ᠎ᠠ ᠰᠤᠮᠤ᠂ ᠬᠠᠨᠰᠦ᠋ᠮ᠎ᠡ ᠰᠤᠮᠤ᠂ ᠪᠠᠶ᠋ᠬᠠᠦ᠋ᠨᠳᠦᠷ ᠰᠤᠮᠤ ᠵᠡᠷᠭᠡ 4 ᠰᠤᠮᠤ︔ ᠬᠠᠨ | ᠠᠭᠤᠯᠠ᠂ ᠣᠤ ᠮᠦᠷᠡᠨ ᠭᠡᠬᠦ 2 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠭᠲᠠᠨ᠎ᠠ᠃ ᠪᠥᠬᠦ ᠬᠤᠰᠢᠭᠤᠨ ᠳᠤ 245 ᠭᠠᠴᠠᠭ᠎ᠠ ᠲᠣᠰᠬᠤᠨ᠂ 12 | ᠨᠡᠶᠢᠭᠡᠮ ᠲᠣᠭᠤᠷᠢᠭ ᠲᠠᠢ᠃ | 【ᠬᠥᠮᠦᠨ ᠠᠮᠠ ᠪᠠ ᠦᠨᠳᠦᠰᠦᠲᠡᠨ】2020 ᠣᠨ ᠤ ᠡᠴᠦᠰ ᠪᠣᠯᠲᠠᠯ᠎ᠠ᠂ ᠠᠷᠤ ᠬᠤᠷᠴᠢᠨ ᠬᠤᠰᠢᠭᠤᠨ ᠳᠤ ᠡᠷᠦᠬᠡ ᠠᠮᠠ ᠶᠢᠨ ᠲᠠᠩᠰᠠ ᠲᠠᠢ ᠬᠥᠮᠦᠨ | ᠠᠮᠠ 28.88 ᠲᠦᠮᠡ ᠪᠣᠢ᠃ ᠡᠭᠦᠨ ᠤ ᠳᠣᠲᠣᠷ᠎ᠠ ᠲᠠᠷᠢᠶᠠᠯᠠᠩ ᠤᠨ ᠪᠤᠰᠤ ᠬᠥᠮᠦᠨ ᠠᠮᠠ 5.99 ᠲᠦᠮᠡ ᠪᠠᠶᠢᠵᠤ᠂ ᠪᠦᠬᠦ ᠬᠥᠮᠦᠨ ᠠᠮᠠ ᠶᠢᠨ 20.74% ᠶᠢ | ᠡᠵᠡᠯᠡᠵᠦ ᠪᠠᠶᠢᠨ᠎ᠠ᠃ ᠪᠦᠬᠦ ᠬᠤᠰᠢᠭᠤᠨ ᠤ ᠬᠥᠮᠦᠨ ᠠᠮᠠ ᠶᠢᠨ ᠳᠣᠲᠣᠷ᠎ᠠ ᠬᠢᠲᠠᠳ ᠦᠨᠳᠦᠰᠦᠲᠡᠨ 15.93 ᠲᠦᠮᠡᠨ ᠬᠥᠮᠦᠨ᠂ ᠴᠥᠭᠡᠨ ᠲᠣᠭᠠᠲᠤ | ᠦᠨᠳᠦᠰᠦᠲᠡᠨ 12.95 ᠲᠦᠮᠡᠨ ᠬᠥᠮᠦᠨ ᠪᠠᠶᠢᠵᠤ᠂ ᠮᠣᠩᠭᠤᠯ᠂ ᠬᠢᠲᠠᠳ᠂ ᠮᠠᠨᠵᠤ᠂ ᠬᠤᠲᠣᠩ᠂ ᠲᠥᠪᠡᠳ᠂ ᠰᠣᠯᠣᠩᠭᠤᠰ᠂ ᠳᠠᠭᠤᠷ᠂ ᠵᠤᠸᠠᠩ᠂ ᠮᠢᠶᠣᠣ᠂ | ᠢ᠂ ᠡᠸᠡᠩᠬᠢ ᠵᠡᠷᠭᠡ 11 ᠦᠨᠳᠦᠰᠦᠲᠡᠨ ᠬᠤᠯᠢᠯᠳᠤᠨ ᠰᠠᠭᠤᠷᠢᠰᠢᠵᠤ ᠪᠣᠢ᠃ | 【ᠪᠠᠶᠢᠭᠠᠯᠢ ᠶᠢᠨ ᠡᠬᠢ ᠪᠠᠶᠠᠯᠢᠭ】ᠠᠷᠤ ᠬᠤᠷᠴᠢᠨ ᠬᠤᠰᠢᠭᠤᠨ ᠤ ᠪᠥᠬᠦ ᠨᠤᠲᠤᠭ ᠳᠡᠪᠢᠰᠭᠡᠷ ᠤᠨ ᠲᠠᠯᠠᠪᠠᠶ ᠨᠢ 14277 ᠲᠡᠭᠰᠢ ᠳᠥᠷᠪᠡᠯᠵᠢᠨ | ᠺᠢᠯᠣᠮᠧᠲᠷ᠂ ᠲᠠᠷᠢᠶᠠᠨ ᠭᠠᠵᠠᠷ 217.89 ᠲᠦᠮᠡᠨ ᠮᠥ ᠪᠠᠶᠢᠵᠤ᠂ ᠡᠭᠦᠨ ᠳᠤ ᠬᠠᠭᠤᠷᠠᠢ ᠨᠠᠯᠠᠤ ᠭᠠᠵᠠᠷ 72.5% ᠶᠢ ᠡᠵᠡᠯᠡᠵᠦ᠂ ᠤᠰᠤᠯᠠᠯᠲᠠ ᠶᠢᠨ ᠭᠠᠵᠠᠷ | 27.3% ᠶᠢ ᠡᠵᠡᠯᠡᠨ᠎ᠡ᠃ ᠨᠤᠲᠤᠭ ᠪᠡᠯᠴᠢᠭᠡᠷ ᠤᠨ ᠲᠠᠯᠠᠪᠠᠶ 1831 ᠲᠦᠮᠡᠨ ᠮᠥ ᠪᠠᠶᠢᠵᠤ᠂ ᠠᠰᠢᠭᠯᠠᠵᠤ ᠪᠣᠯᠬᠤ ᠲᠠᠯᠠᠪᠠᠶ 1560 ᠲᠦᠮᠡᠨ ᠮᠥ ᠪᠣᠢ᠃ ᠠᠷᠤ | ᠬᠤᠷᠴᠢᠨ ᠬᠤᠰᠢᠭᠤᠨ ᠳᠤ ᠭᠤᠤᠯ ᠪᠣᠯᠬᠤ ᠭᠤᠤᠯ ᠮᠥᠷᠡᠨ 4 ᠪᠣᠶ᠃ ᠭᠤᠣᠯ ᠮᠥᠷᠡᠨ ᠤ ᠰᠠᠯᠪᠤᠷᠢ ᠤᠷᠤᠰᠬᠠᠯ 33 ᠵᠤᠷᠪᠤᠰ ᠪᠠᠶᠢᠵᠤ᠂ ᠡᠭᠦᠨ ᠳᠤ ᠭᠤᠷᠪᠠᠨ | ᠵᠤᠷᠪᠤᠰ ᠨᠢ ᠬᠢᠯᠢ ᠶᠢᠨ ᠳᠣᠲᠣᠷ᠎ᠠ ᠨᠡᠶᠢᠯᠡᠨ᠂ ᠪᠠᠷᠠᠭᠤᠨ ᠯᠢᠶᠣᠤᠾᠧ ᠭᠤᠤᠯ ᠤᠨ ᠭᠤᠤᠯ ᠪᠣᠯᠬᠤ ᠤᠰᠤᠨ ᠰᠢᠰᠲ᠋ᠧᠮ ᠪᠠᠶᠢᠵᠤ᠂ ᠭᠠᠵᠠᠷ ᠳᠣᠤᠷᠠᠬᠢ ᠤᠰᠤᠨ ᠤ | ᠶᠡᠷᠦᠩᠬᠡᠶ ᠬᠠᠳᠠᠭᠠᠯᠠᠭᠳᠠᠴᠠ ᠨᠢ 2.53 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠂ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠵᠤ ᠪᠣᠯᠬᠤ ᠬᠡᠮᠵᠢᠶ᠎ᠡ ᠨᠢ 1. | 61 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠢ᠂ ᠳᠤᠮᠳᠠ ᠵᠢᠵᠢᠭ ᠬᠡᠯᠪᠡᠷᠢ ᠶᠢᠨ ᠤᠰᠤᠨ ᠴᠥᠭᠦᠷᠥᠮ 6᠂ ᠶᠡᠭᠡ ᠪᠠᠭ᠎ᠠ ᠨᠠᠭᠤᠷ 51 ᠪᠠᠶᠢᠵᠤ᠂ | ᠤᠰᠤᠨ ᠤ ᠭᠠᠳᠠᠷᠭᠤ ᠶᠢᠨ ᠲᠠᠯᠠᠪᠠᠶ ᠨᠢ 30 ᠲᠦᠮᠡᠨ ᠮᠥ᠂ ᠭᠠᠵᠠᠷ ᠳᠡᠭᠡᠷᠡᠬᠢ ᠤᠰᠤᠨ ᠤ ᠶᠡᠷᠦᠩᠬᠡᠶ ᠬᠡᠮᠵᠢᠶ᠎ᠡ ᠨᠢ 2.01 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠪᠣᠢ᠃ ᠠᠷᠤ ᠬᠤᠷᠴᠢᠨ ᠬᠤᠰᠢᠭᠤᠨ ᠳᠤ ᠢᠯᠡᠷᠡᠭᠦᠯᠦᠭᠰᠡᠨ ᠠᠭᠤᠷᠬᠠᠶ ᠶᠢᠨ ᠲᠥᠷᠥᠯ 40 ᠭᠠᠷᠤᠶ ᠪᠠᠶᠢᠵᠤ᠂ ᠡᠭᠦᠨ ᠳᠤ ᠲᠡᠮᠦᠷᠯᠢᠭ ᠪᠤᠰᠤ ᠠᠭᠤᠷᠬᠠᠶ ᠶᠢᠨ | ᠭᠠᠷᠤᠯᠲᠠ ᠨᠡᠯᠢᠶᠡᠳ ᠡᠯᠪᠡᠭ᠂ ᠨᠡᠭᠡᠭᠡᠨ ᠮᠠᠯᠲᠠᠬᠤ ᠨᠥᠬᠦᠴᠡᠯ ᠨᠢ ᠨᠡᠯᠢᠶᠡᠳ ᠰᠠᠶᠢᠨ ᠪᠠᠶᠢᠳᠠᠭ᠃ ᠵᠢᠱᠢᠶᠡᠯᠡᠪᠡᠯ᠄ ᠴᠤᠬᠤᠢ ᠶᠢᠨ ᠴᠢᠯᠠᠭᠤ᠂ ᠭᠠᠨᠲᠢᠭ ᠴᠢᠯᠠᠭᠤ᠂ | ᠰᠤᠪᠤᠳ ᠤᠨ ᠴᠢᠯᠠᠭᠤᠯᠢᠭ᠂ ᠬᠥᠪᠰᠥᠭᠡᠷ ᠰᠢᠷᠣᠶ᠂ ᠪᠣᠷᠵᠢᠨ ᠴᠢᠯᠠᠭᠤ᠂ ᠲᠠᠮᠠᠭ᠎ᠠ ᠶᠢᠨ ᠴᠢᠯᠠᠭᠤ᠂ ᠬᠠᠶᠢᠯᠤᠭᠤᠷ ᠵᠣᠩᠰᠢ᠂ ᠸᠠᠭᠠᠷ ᠤᠨ ᠰᠢᠷᠣᠶ᠂ ᠬᠦᠷᠮᠡᠨ | ᠴᠢᠯᠠᠭᠤᠯᠢᠭ ᠵᠡᠷᠭᠡ᠃ | 【 ᠬᠡᠭᠡᠷ᠎ᠡ ᠶᠢᠨ ᠠᠮᠢᠲᠠᠨ ᠤ ᠡᠬᠢ ᠪᠠᠶᠠᠯᠢᠭ 】ᠠᠷᠤ ᠬᠤᠷᠴᠢᠨ ᠬᠤᠰᠢᠭᠤᠨ ᠳᠤ ᠪᠤᠭᠤ᠂ ᠪᠣᠷᠣ ᠭᠥᠷᠥᠭᠡᠰᠦ᠂ ᠬᠡᠭᠡᠷ᠎ᠡ ᠶᠢᠨ ᠭᠠᠭ᠋ᠠᠶ᠂ ᠭᠤᠷᠭᠤᠤᠯ᠂ | ᠬᠠᠶᠢᠷᠠᠭᠤᠴᠠᠶ᠂ ᠬᠤᠨ ᠭᠠᠯᠠᠭᠤ ᠵᠡᠷᠭᠡ 130 ᠭᠠᠷᠤᠶ ᠵᠦᠢᠯ ᠤᠨ ᠬᠡᠭᠡᠷ᠎ᠡ ᠶᠢᠨ ᠠᠮᠢᠲᠠᠨ ᠪᠣᠢ᠃ | 【ᠤᠷᠭᠤᠮᠠᠯ ᠤᠨ ᠡᠬᠢ ᠪᠠᠶᠠᠯᠢᠭ 】 ᠠᠷᠤ ᠬᠤᠷᠴᠢᠨ ᠬᠤᠰᠢᠭᠤᠨ ᠳᠤ ᠬᠡᠭᠡᠷ᠎ᠡ ᠶᠢᠨ ᠤᠷᠭᠤᠮᠠᠯ 300 ᠰᠢᠬᠠᠮ ᠵᠦᠢᠯ ᠪᠠᠶᠢᠵᠤ᠂ ᠡᠭᠦᠨ ᠤ ᠳᠣᠲᠣᠷ᠎ᠠ | ᠬᠢᠲᠠᠳ ᠡᠪᠡᠰᠦᠨ ᠡᠮ 70 ᠭᠠᠷᠤᠶ ᠵᠦᠢᠯ ᠪᠣᠶ᠂ ᠬᠠᠮᠤᠭ ᠤᠨ ᠶᠡᠭᠡ ᠬᠡᠮᠵᠢᠶ᠎ᠡ ᠡᠵᠡᠯᠡᠬᠦ ᠨᠢ ᠵᠡᠭᠡᠷᠭᠡᠨ᠎ᠡ ᠪᠠᠶᠢᠵᠤ᠂ ᠲᠠᠷᠬᠠᠯᠲᠠ ᠶᠢᠨ ᠲᠠᠯᠠᠪᠠᠶ ᠨᠢ 90 ᠲᠦᠮᠡᠨ ᠮᠥ᠂ | ᠵᠢᠯ ᠤᠨ ᠤᠨᠠᠯᠲᠠ 1.2 ᠲᠦᠮᠡᠨ ᠲᠣᠨ ᠬᠦᠷᠳᠡᠭ᠃ ᠬᠡᠭᠡᠷ᠎ᠡ ᠶᠢᠨ ᠡᠪᠡᠰᠦ ᠤᠷᠭᠤᠮᠠᠯ ᠤᠨ ᠲᠠᠷᠬᠠᠯᠲᠠ ᠶᠢᠨ ᠲᠠᠯᠠᠪᠠᠶ ᠨᠢ ᠥᠷᠭᠡᠨ᠂ ᠡᠭᠦᠨ ᠤ ᠳᠣᠲᠣᠷ᠎ᠠ ᠣᠶᠢᠮ᠎ᠠ | ᠂ ᠰᠢᠷ᠎ᠠ ᠴᠡᠴᠡᠭ᠂ ᠬᠠᠯᠠᠭᠠᠶ᠂ ᠢᠳᠡᠷ᠎ᠡ ᠵᠡᠷᠭᠡ ᠶᠢᠨ ᠭᠠᠷᠤᠯᠲᠠ ᠨᠢ ᠬᠠᠮᠤᠭ ᠠᠷᠪᠢᠨ ᠪᠠᠶᠢᠵᠤ᠂ ᠣᠶᠢᠮ᠎ᠠ ᠶᠢᠨ ᠵᠢᠯ ᠤᠨ ᠲᠡᠭᠦᠬᠦ ᠬᠡᠮᠵᠢᠶ᠎ᠡ ᠨᠢ 30 ᠲᠦᠮᠡᠨ | ᠵᠢᠩ ᠠᠴᠠ ᠳᠡᠭᠡᠭᠰᠢ ᠪᠠᠶᠢᠵᠤ᠂ ᠪᠤᠰᠤᠳ ᠬᠡᠭᠡᠷ᠎ᠡ ᠶᠢᠨ ᠨᠣᠭᠤᠭ᠎ᠠ ᠨᠢ 30 ᠲᠦᠮᠡᠨ ᠲᠣᠨ ᠬᠦᠷᠳᠡᠭ᠂ ᠬᠡᠭᠡᠷ᠎ᠡ ᠶᠢᠨ ᠨᠣᠭᠤᠭ᠎ᠠ ᠨᠢ ᠪᠣᠬᠢᠷᠳᠤᠯ ᠦᠭᠡᠢ ᠢᠳᠡᠭᠡᠨ | ᠤᠴᠢᠷ ᠠᠴᠠ᠂ ᠦᠷ᠎ᠡ ᠶᠢ ᠨᠢ ᠣᠷᠣᠭᠤᠯᠤᠨ ᠨᠣᠮᠣᠬᠠᠳᠬᠠᠵᠤ ᠲᠠᠷᠢᠵᠤ ᠣᠷᠭᠤᠭᠤᠯᠤᠨ᠂ ᠤᠨᠠᠯᠲᠠ ᠶᠢ ᠨᠢ ᠥᠷᠭᠡᠳᠬᠡᠨ ᠨᠠᠷᠢᠯᠢᠭ ᠪᠣᠯᠪᠠᠰᠤᠷᠠᠭᠤᠯᠵᠤ ᠪᠣᠯᠳᠠᠭ᠃ | ᠲᠤᠷᠤᠭ ᠮᠣᠳᠣ ᠨᠢ ᠤᠯᠢᠶᠠᠰᠤᠨ ᠮᠣᠳᠣ᠂ ᠴᠠᠷᠠᠰᠤᠨ ᠮᠣᠳᠣ ᠪᠠᠷ ᠭᠤᠣᠯᠯᠠᠵᠤ᠂ ᠡᠭᠦᠨ ᠤ ᠳᠣᠲᠣᠷ᠎ᠠ ᠤᠯᠢᠶᠠᠰᠤᠨ ᠮᠣᠳᠣᠨ ᠤ ᠲᠠᠯᠠᠪᠠᠶ ᠨᠢ 33 ᠲᠦᠮᠡᠨ ᠮᠥ᠂ | ᠬᠠᠳᠠᠭᠠᠯᠠᠭᠳᠠᠴᠠ ᠨᠢ 84 ᠲᠦᠮᠡᠨ ᠪᠣᠰᠤᠭ᠎ᠠ ᠳᠥᠷᠪᠡᠯᠵᠢᠨ ᠮᠧᠲᠷ᠂ ᠴᠠᠷᠠᠰᠤᠨ ᠮᠣᠳᠣᠨ ᠤ ᠲᠠᠷᠬᠠᠯᠲᠠ ᠶᠢᠨ ᠲᠠᠯᠠᠪᠠᠶ ᠨᠢ 70 ᠲᠦᠮᠡᠨ ᠮᠥ᠂ | ᠬᠠᠳᠠᠭᠠᠯᠠᠭᠳᠠᠴᠠ ᠶᠢᠨ ᠬᠡᠮᠵᠢᠶ᠎ᠡ ᠨᠢ 400 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠳᠠᠭ᠃ ᠪᠣᠳᠠ ᠮᠣᠳᠣ ᠨᠢ ᠠᠭᠤᠯᠠ ᠶᠢᠨ ᠬᠦᠢᠯᠡᠰᠦ᠂ ᠬᠠᠷᠭᠠᠨ᠎ᠠ᠂ | ᠴᠢᠴᠠᠷᠭᠠᠨ᠎ᠠ᠂ ᠡᠯᠡᠰᠦᠨ ᠪᠤᠷᠭᠠᠰᠤ ᠵᠡᠷᠭᠡ ᠪᠠᠷ ᠭᠤᠣᠯᠯᠠᠳᠠᠭ᠃ | 【ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ】ᠠᠷᠤ ᠬᠤᠷᠴᠢᠨ ᠬᠤᠰᠢᠭᠤᠨ ᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ | ᠴᠢᠨᠠᠷ ᠰᠠᠶᠢᠲᠠᠶ ᠲᠠᠷᠢᠮᠠᠯ ᠡᠪᠡᠰᠦ ᠳᠠᠷᠢᠬᠤ ᠲᠠᠯᠠᠪᠠᠶ 70 ᠲᠦᠮᠡᠨ ᠮᠥ ᠳᠤ ᠬᠦᠷᠴᠦ᠂ ᠵᠢᠯ ᠳᠤ 65 ᠲᠦᠮᠡᠨ ᠲᠣᠨ ᠲᠠᠸᠠᠷ ᠤᠨ ᠡᠪᠡᠰᠦ ᠦᠢᠯᠡᠳᠪᠦᠷᠢᠯᠡᠵᠦ᠂ | ᠵᠢᠯ ᠤᠨ ᠦᠢᠯᠡᠳᠬᠦᠨ ᠤ ᠥᠷᠲᠡᠭ ᠨᠢ 12 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠤᠯᠤᠰ ᠤᠨ ᠲᠠᠸᠠᠷ ᠤᠨ ᠡᠪᠡᠰᠦᠨ ᠤ ᠭᠠᠷᠤᠯᠲᠠ ᠶᠢᠨ ᠲᠠᠪᠤᠨ ᠤ ᠨᠢᠭᠡ | ᠬᠤᠪᠢ ᠶᠢ ᠡᠵᠡᠯᠡᠵᠦ᠂ ᠳᠤᠮᠳᠠᠳᠤ ᠤᠯᠤᠰ ᠤᠨ ᠮᠠᠯ ᠠᠵᠤ ᠠᠬᠤᠶ ᠶᠢᠨ ᠨᠡᠶᠢᠭᠡᠮᠯᠢᠭ ᠤᠨ ᠡᠪᠡᠰᠦᠨ ᠤ ᠦᠢᠯᠡᠰ ᠤᠨ ᠬᠤᠪᠢᠶᠠᠷᠢ ᠨᠡᠶᠢᠭᠡᠮᠯᠢᠭ ᠠᠴᠠ ︽ᠳᠤᠮᠳᠠᠳᠤ | ᠤᠯᠤᠰ ᠤᠨ ᠡᠪᠡᠰᠦᠨ ᠤ ᠦᠢᠯᠡᠰ ᠤᠨ ᠰᠠᠭᠤᠷᠢᠨ︾ ᠭᠡᠵᠦ ᠨᠡᠷᠡᠶᠢᠳᠪᠡ᠃ ᠪᠣᠳᠠ ᠪᠣᠭ ᠮᠠᠯ ᠤᠨ ᠲᠤᠭ᠎ᠠ ᠲᠣᠯᠣᠭᠠᠶ ᠤᠯᠠᠨ ᠵᠢᠯ ᠤᠨ ᠲᠤᠷᠰᠢᠳᠠ 260 ᠲᠦᠮᠡ | ᠣᠷᠴᠢᠮ ᠪᠠᠶᠢᠵᠤ᠂ ︽ᠪᠥᠬᠦ ᠤᠯᠤᠰ ᠤᠨ ᠬᠡᠪᠴᠢᠶᠡᠵᠢᠭᠰᠡᠨ ᠡᠬᠡ ᠮᠠᠯ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠤᠰᠢᠭᠤ︾ ᠪᠣᠯᠤᠨ᠎ᠠ᠃ | ᠠᠮᠤ ᠪᠤᠳᠠᠭᠠᠨ ᠤ ᠲᠠᠷᠢᠮᠠᠯ ᠡᠷᠳᠡᠨᠢ ᠰᠢᠰᠢ ᠪᠣᠯᠤᠨ ᠡᠯᠳᠡᠪ ᠠᠮᠤ ᠡᠯᠳᠡᠪ ᠪᠤᠷᠴᠠᠭ ᠢᠶᠠᠷ ᠭᠤᠤᠯᠯᠠᠳᠠᠭ᠂ ᠠᠷᠤ ᠬᠤᠷᠴᠢᠨ ᠬᠤᠰᠢᠭᠤ ᠪᠣᠯ ᠪᠦᠬᠦ ᠤᠯᠤᠰ ᠤᠨ | ᠭᠤᠷᠪᠠᠨ ᠶᠡᠭᠡ ᠨᠣᠭᠤᠭᠠᠨ ᠪᠤᠷᠴᠠᠭ ᠤᠨ ᠭᠤᠣᠯ ᠭᠠᠷᠤᠯᠲᠠ ᠶᠢᠨ ᠣᠷᠣᠨ ᠤ ᠨᠢᠭᠡ᠂ ᠪᠦᠬᠦ ᠤᠯᠤᠰ ᠤᠨ ᠳ᠋ᠠ ᠶᠢᠨ ᠮᠢᠶᠤᠤ ᠨᠠᠷᠢᠮᠤ ᠶᠢᠨ ᠭᠤᠣᠯ ᠭᠠᠷᠤᠯᠲᠠ ᠶᠢᠨ | ᠣᠷᠣᠨ ᠤ ᠨᠢᠭᠡ ᠪᠠᠶᠢᠵᠤ᠂ ᠲᠠᠷᠢᠬᠤ ᠬᠡᠪᠴᠢᠶ᠎ᠡ ᠨᠢ ᠴᠥᠮ 30 ᠲᠦᠮᠡᠨ ᠮᠦ ᠠᠴᠠ ᠳᠡᠭᠡᠭᠰᠢ ᠪᠠᠶᠢᠵᠤ᠂ ᠵᠢᠯ ᠤᠨ ᠤᠨᠠᠯᠲᠠ ᠨᠢ ᠲᠤᠰ ᠲᠤᠰ 4000 ᠲᠦᠮᠡᠨ | ᠵᠢᠩ ᠪᠣᠯᠤᠨ 1 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠴᠦ ᠪᠣᠢ᠃ ᠠᠵᠤ ᠠᠬᠤᠶ ᠶᠢᠨ ᠲᠠᠷᠢᠮᠠᠯ ᠨᠢ ᠰᠢᠬᠢᠷ ᠯᠤᠤᠪᠠᠩ ᠪᠠ ᠨᠡᠷᠡᠨ ᠬᠤᠸᠠᠷ ᠢᠶᠠᠷ ᠭᠤᠣᠯᠯᠠᠳᠠᠭ᠃ | | 【ᠰᠣᠶᠣᠯ ᠵᠢᠭᠤᠯᠴᠢᠯᠠᠯ ᠤᠨ ᠡᠬᠢ ᠪᠠᠶᠠᠯᠢᠭ】ᠠᠷᠤ ᠬᠤᠷᠴᠢᠨ ᠬᠤᠰᠢᠭᠤ ᠲᠡᠤᠬᠡᠨ ᠳᠡᠭᠡᠷ᠎ᠡ ᠦᠬᠤᠸᠠᠨ ᠰᠢᠶᠠᠨᠪᠢ ᠶᠢᠨ ᠡᠭᠦᠰᠦᠯ ᠤᠨ ᠭᠠᠵᠠᠷ ᠪᠠ | ᠴᠢᠩᠭᠢᠰ ᠬᠠᠭᠠᠨ ᠤ ᠲᠥᠷᠥᠭᠰᠡᠨ ᠳᠡᠭᠦᠤ ᠬᠠᠪᠤᠲᠤ ᠬᠠᠰᠠᠷ ᠤᠨ ᠡᠷᠭᠦᠮᠵᠢᠯᠡᠯ ᠤᠨ ᠭᠠᠵᠠᠷ ᠪᠣᠯᠣᠨ᠎ᠠ᠂ ᠮᠣᠩᠭᠤᠯ ᠶᠤᠸᠠᠨ ᠤ ᠰᠣᠶᠣᠯ ᠪᠠ ᠯᠢᠶᠣᠤ ᠤᠯᠤᠰ ᠤᠨ | ᠰᠣᠶᠣᠯ ᠨᠢ ᠬᠠᠮᠤᠭ ᠤᠨ ᠲᠥᠯᠥᠭᠡᠯᠡᠬᠦ ᠴᠢᠨᠠᠷᠲᠠᠶ ᠪᠠᠶᠢᠵᠤ᠂ ᠡᠭᠦᠨ ᠳᠤ ᠨᠡᠯᠢᠶᠡᠳ ᠣᠨᠴᠠᠯᠢᠭ ᠲᠠᠢ ᠨᠢ ︽ᠨᠢᠭᠡ ᠡᠷᠲᠡᠨ ᠤ ᠬᠤᠲᠠ︾᠂ ︽ᠬᠤᠶᠠᠷ ᠣᠩᠭᠤᠨ ᠤ | ᠰᠦᠷᠦᠭᠵᠢᠯ︾᠂ ︽ᠭᠤᠷᠪᠠᠨ ᠶᠡᠭᠡ ᠰᠦᠮ᠎ᠡ︾ ᠪᠣᠯᠣᠨ᠎ᠠ᠃ ︽ᠨᠢᠭᠡ ᠡᠷᠲᠡᠨ ᠤ ᠬᠤᠲᠠ︾ ᠭᠡᠳᠡᠭ ᠨᠢ ᠳᠠᠷᠤᠶ ᠴᠠᠭᠠᠨ ᠬᠤᠲᠠ ᠶᠢᠨ ᠪᠠᠭᠤᠷᠢ ᠪᠣᠯᠤᠨ᠎ᠠ︔ ︽ | ᠬᠤᠶᠠᠷ ᠣᠩᠭᠤᠨ ᠤ ᠰᠦᠷᠦᠭᠵᠢᠯ︾ ᠭᠡᠳᠡᠭ ᠨᠢ ᠪᠣᠤ ᠱᠠᠨ ᠤ ᠬᠠᠨᠠᠨ ᠵᠢᠷᠤᠭ ᠪᠠ ᠶᠧᠯᠢᠦᠢ ᠢᠦᠢ ᡁᠢ ᠶᠢᠨ ᠣᠩᠭᠤᠨ ᠢ ᠬᠡᠯᠡᠵᠦ ᠪᠣᠢ︔ ︽ᠭᠤᠷᠪᠠᠨ ᠶᠡᠭᠡ | ᠰᠦᠮ᠎ᠡ︾ ᠭᠡᠵᠦ ᠬᠠᠭᠠᠨ ᠰᠦᠮ᠎ᠡ᠂ ᠪᠠᠯᠴᠢᠷᠤᠳ ᠰᠦᠮ᠎ᠡ᠂ ᠭᠧᠮᠫᠢ ᠶᠢᠨ ᠰᠦᠮ᠎ᠡ ᠶᠢ ᠵᠢᠭᠠᠵᠤ ᠪᠠᠶᠢᠨ᠎ᠠ᠃ ᠴᠠᠭᠠᠨ ᠬᠤᠲᠠ ᠶᠢᠨ ᠡᠷᠲᠡᠨ ᠤ ᠪᠠᠭᠤᠷᠢ ᠪᠣᠯ | ᠮᠣᠩᠭᠤᠯ ᠤᠨ ᠬᠠᠮᠤᠭ ᠰᠡᠭᠦᠯᠴᠢ ᠶᠢᠨ ᠶᠡᠭᠡ ᠬᠠᠭᠠᠨ ᠯᠢᠭᠳᠡᠨ ᠬᠠᠭᠠᠨ ᠤ ᠨᠡᠶᠢᠰᠯᠡᠯ ᠪᠣᠯᠣᠨ᠎ᠠ᠂ ᠬᠤᠶᠠᠷ ᠣᠩᠭᠤᠨ ᠤ ᠰᠦᠷᠦᠭᠵᠢᠯ ᠨᠢ ᠯᠢᠶᠣᠤ ᠤᠯᠤᠰ ᠤᠨ ᠲᠡᠦᠬᠡ | ᠰᠣᠶᠣᠯ ᠤᠨ ᠬᠤᠷᠢᠶᠠᠩᠭᠤᠶ ᠳᠦᠷᠰᠦ ᠪᠠᠶᠢᠵᠤ᠂ ᠭᠤᠷᠪᠠᠨ ᠶᠡᠭᠡ ᠰᠦᠮ᠎ᠡ ᠨᠢ ᠴᠢᠩ ᠤᠯᠤᠰ ᠤᠨ ᠰᠢᠷ᠎ᠠ ᠶᠢᠨ ᠱᠠᠰᠢᠨ ᠤ ᠰᠦᠮ᠎ᠡ ᠬᠡᠶᠢᠳ ᠪᠠᠶᠢᠵᠤ᠂ ᠲᠥᠪᠡᠳ ᠤᠨ | ᠪᠤᠷᠬᠠᠨ ᠤ ᠱᠠᠰᠢᠨ ᠤ ᠰᠣᠶᠣᠯ ᠤᠨ ᠤᠯᠠᠮᠵᠢᠯᠠᠯ ᠤᠨ ᠭᠠᠵᠠᠷ ᠪᠣᠯᠤᠨ᠎ᠠ᠃ ᠪᠥᠬᠦ ᠬᠤᠰᠢᠭᠤᠨ ᠳᠤ ᠣᠲᠣ 447 ᠲᠡᠤᠬᠡ ᠶᠢᠨ ᠳᠤᠷᠠᠰᠬᠠᠯᠲᠤ ᠵᠦᠢᠯᠡᠰ ᠤᠨ ᠴᠡᠭ ᠲᠠᠢ | ᠪᠠᠶᠢᠵᠤ᠂ ︽ᠮᠣᠩᠭᠤᠯ ᠬᠠᠭᠠᠨ ᠣᠷᠳᠣᠨ ᠤ ᠳᠠᠭᠤᠤ ᠬᠥᠭᠵᠢᠮ︾ ︽ᠬᠠᠰᠠᠭ ᠲᠡᠷᠭᠡ ᠦᠢᠯᠡᠳᠬᠦ ᠤᠷ᠎ᠠ ᠮᠡᠷᠭᠡᠵᠢᠯ︾ ︽ᠠᠷᠪᠠᠨ ᠰᠤᠮᠤ ᠶᠢᠨ ᠬᠤᠷᠢᠮ ᠤᠨ | ᠶᠣᠰᠣᠯᠠᠯ︾ ᠵᠡᠷᠭᠡ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ 3 ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠪᠣᠳᠠᠰ ᠤᠨ ᠪᠤᠰᠤ ᠰᠣᠶᠣᠯ ᠤᠨ ᠥᠪ ᠤᠨ 10 ᠲᠥᠷᠥᠯ ᠵᠦᠢᠯ᠂ ᠤᠯᠠᠭᠠᠨᠬᠠᠳᠠ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ 24 ᠲᠥᠷᠥᠯ | ᠵᠦᠢᠯ ᠪᠣᠢ᠃ | ᠠᠷᠤ ᠬᠤᠷᠴᠢᠨ ᠬᠤᠰᠢᠭᠤ ᠨᠢ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠶ ᠠᠴᠠ ᠪᠠᠷᠠᠭᠤᠨ ᠯᠢᠶᠣᠤᠾᠧ ᠭᠤᠤᠯ ᠤᠨ ᠲᠠᠯ᠎ᠠ ᠭᠠᠵᠠᠷ ᠵᠦᠭ ᠰᠢᠯᠵᠢᠭᠰᠡᠨ | ᠭᠠᠵᠠᠷ ᠤᠨ ᠪᠠᠶᠢᠴᠠ ᠲᠠᠢ ᠪᠠᠶᠢᠵᠤ᠂ ᠭᠠᠵᠠᠷ ᠤᠨ ᠪᠠᠶᠢᠴᠠ ᠨᠢ ᠣᠯᠠᠨ ᠶᠠᠩᠵᠤ ᠶᠢᠨ᠂ ᠣᠶᠢᠲᠤ ᠭᠠᠵᠠᠷ᠂ ᠲᠠᠯ᠎ᠠ ᠨᠤᠲᠤᠭ᠂ ᠡᠯᠡᠰᠦᠷᠬᠡᠭ ᠭᠠᠵᠠᠷ᠂ ᠴᠢᠭᠢᠭᠯᠢᠭ | ᠭᠠᠵᠠᠷ᠂ ᠨᠠᠭᠤᠷ ᠴᠥᠭᠦᠷᠥᠮ᠂ ᠠᠭᠤᠯᠠᠨ ᠣᠷᠭᠢᠯ ᠵᠡᠷᠭᠡ ᠶᠢ ᠪᠠᠭᠲᠠᠭᠠᠵᠤ᠂ ᠪᠥᠬᠦ ᠦᠵᠡᠮᠵᠢ ᠶᠢ ᠬᠠᠮᠤᠷᠤᠭᠰᠠᠨ ᠡᠬᠢ ᠪᠠᠶᠠᠯᠢᠭ ᠤᠨ ᠳᠠᠪᠠᠭᠤᠯᠢᠭ ᠲᠠᠢ ᠪᠠᠶᠢᠳᠠᠭ᠃ | ᠤᠮᠠᠷᠠᠲᠤ ᠬᠡᠰᠡᠭ ᠨᠢ ᠥᠨᠳᠦᠷᠯᠢᠭ ᠤᠨ ᠡᠪᠡᠰᠦᠲᠦ ᠭᠠᠵᠠᠷ ᠢᠶᠠᠷ ᠭᠤᠤᠯᠯᠠᠵᠤ᠂ ᠳᠤᠮᠳᠠᠳᠤ ᠬᠡᠰᠡᠭ ᠨᠢ ᠠᠭᠤᠯᠠᠷᠬᠠᠭ ᠭᠠᠵᠠᠷ ᠳᠣᠪᠣᠷᠬᠠᠭ ᠢᠶᠠᠷ ᠭᠤᠤᠯᠯᠠᠵᠤ᠂ | ᠡᠮᠦᠨᠡᠲᠦ ᠬᠡᠰᠡᠭ ᠨᠢ ᠡᠯᠡᠰᠦᠷᠬᠡᠭ ᠭᠠᠵᠠᠷ ᠲᠠᠯ᠎ᠠ ᠭᠠᠵᠠᠷ ᠢᠶᠠᠷ ᠭᠤᠤᠯᠯᠠᠵᠤ᠂ ᠠᠷᠤ ᠬᠤᠷᠴᠢᠨ ᠬᠤᠰᠢᠭᠤᠨ ᠤ ᠲᠥᠯᠥᠭᠡᠯᠡᠬᠦ ᠴᠢᠨᠠᠷᠲᠠᠶ ︽ᠭᠤᠷᠪᠠᠨ ᠶᠡᠭᠡ | ᠦᠵᠡᠮᠵᠢ ᠶᠢᠨ ᠣᠷᠣᠨ︾ ᠲᠠᠢ ᠲᠣᠰ ᠲᠣᠰ ᠬᠠᠷᠠᠭᠠᠯᠵᠠᠭᠰᠠᠨ ᠪᠠᠶᠢᠳᠠᠭ᠄ ᠤᠮᠠᠷᠠᠲᠤ ᠬᠡᠰᠡᠭ — ᠬᠠᠨ ᠠᠭᠤᠯᠠ ᠶᠢᠨ ᠤᠤᠭᠠᠯ ᠠᠮᠢ ᠠᠬᠤᠶ ᠶᠢᠨ ᠨᠡᠭᠦᠳᠡᠯ | ᠰᠣᠶᠣᠯ ᠤᠨ ᠦᠵᠡᠮᠵᠢ ᠶᠢᠨ ᠣᠷᠣᠨ᠃ ᠣᠷᠣᠨ ᠪᠦᠰᠡ ᠶᠢᠨ ᠳᠣᠲᠣᠷ᠎ᠠ 500 ᠲᠦᠮᠡᠨ ᠮᠦ ᠶᠢ ᠳᠠᠪᠠᠭᠰᠠᠨ ᠤᠤᠭᠠᠯ ᠠᠮᠢ ᠠᠬᠤᠢ ᠶᠢᠨ ᠨᠡᠭᠦᠳᠡᠯ ᠮᠠᠯᠵᠢᠯ ᠤᠨ | ᠲᠠᠯ᠎ᠠ ᠨᠤᠲᠤᠭ ᠲᠠᠢ ᠪᠠᠶᠢᠵᠤ᠂ ᠠᠳᠡᠬᠢ ᠮᠠᠯᠴᠢᠳ ᠮᠦᠨ ᠬᠦ ︽ᠤᠰᠤᠨ ᠤ ᠲᠤᠩᠭᠠᠯᠠᠭ ᠡᠪᠡᠰᠦᠨ ᠤ ᠰᠣᠷᠭᠤᠭ ᠢ ᠳᠠᠭᠠᠵᠤ ᠨᠡᠭᠦᠳᠡᠯᠯᠡᠬᠦ︾ ᠤᠯᠠᠮᠵᠢᠯᠠᠯᠲᠤ ᠨᠡᠭᠦᠳᠡᠯ | ᠮᠠᠯᠵᠢᠯ ᠤᠨ ᠵᠠᠩᠰᠢᠯ ᠢᠶᠠᠨ ᠬᠠᠳᠠᠭᠠᠯᠠᠭᠰᠠᠭᠠᠷ ᠪᠠᠶᠢᠵᠤ᠂ ᠪᠦᠬᠦ ᠤᠯᠤᠰ ᠤᠨ ᠴᠤᠷ ᠤᠨ ᠭᠠᠭᠴᠠ ᠪᠦᠷᠢᠨ ᠪᠦᠲᠦᠨ ᠦᠯᠡᠳᠡᠭᠰᠡᠨ ᠤᠤᠭᠠᠯ ᠠᠮᠢ ᠠᠬᠤᠢ ᠶᠢᠨ ᠲᠠᠯ᠎ᠠ | ᠨᠤᠲᠤᠭ ᠤᠨ ᠨᠡᠭᠦᠳᠡᠯ ᠮᠠᠯᠵᠢᠯ ᠤᠨ ᠣᠷᠣᠨ ᠪᠣᠯᠤᠨ᠎ᠠ᠃ ᠠᠷᠤ ᠬᠤᠷᠴᠢᠨ ᠤ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠰᠢᠰᠲ᠋ᠧᠮ ᠢ 2014 ᠣᠨ ᠳᠤ ᠬᠥᠳᠡᠭᠡ | ᠠᠵᠤ ᠠᠬᠤᠢ ᠶᠢᠨ ᠶᠠᠮᠤᠨ ᠠᠴᠠ ᠪᠦᠬᠦ ᠤᠯᠤᠰ ᠤᠨ ᠴᠢᠬᠤᠯᠠ ᠬᠥᠳᠡᠭᠡ ᠠᠵᠤ ᠠᠬᠤᠢ ᠶᠢᠨ ᠰᠣᠶᠣᠯ ᠤᠨ ᠥᠪ ᠢᠶᠠᠷ ᠦᠨᠡᠯᠡᠪᠡ᠃ 2016 ᠣᠨ ᠳᠤ ᠪᠥᠬᠦ | ᠤᠯᠤᠰ ᠤᠨ 200 ᠭᠤᠤᠯᠳᠠᠯᠭ᠎ᠠ ᠲᠠᠢ ᠠᠮᠢ ᠠᠬᠤᠶ ᠶᠢᠨ ᠵᠢᠭᠤᠯᠴᠢᠯᠠᠯ ᠤᠨ ᠬᠠᠷᠠᠯᠲᠠᠲᠤ ᠭᠠᠵᠠᠷ ᠢᠶᠠᠷ ᠵᠢᠭᠰᠠᠭᠠᠭᠳᠠᠪᠠ︔ ᠳᠤᠮᠳᠠ ᠬᠡᠰᠡᠭ — ᠵᠢᠭᠠᠰᠤᠲᠠᠢ | ᠨᠤᠭᠤ ᠭᠠᠵᠠᠷ ᠤᠨ ᠨᠠᠭᠤᠷ ᠴᠥᠭᠦᠷᠥᠮ ᠤᠨ ᠦᠵᠡᠮᠵᠢ ᠶᠢᠨ ᠣᠷᠣᠨ᠃ ᠠᠷᠤ ᠬᠤᠷᠴᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠠᠳᠡ | ᠪᠠᠶᠢᠷᠢᠰᠢᠵᠤ᠂ ᠬᠢᠯᠢ ᠶᠢᠨ ᠳᠣᠲᠣᠷ᠎ᠠ ᠡᠯᠪᠡᠭ ᠳᠡᠯᠪᠡᠭ ᠬᠡᠭᠡᠷ᠎ᠡ ᠶᠢᠨ ᠤᠷᠭᠤᠮᠠᠯ ᠪᠠ ᠪᠠᠶᠢᠭᠠᠯᠢ ᠶᠢᠨ ᠣᠶ ᠶᠢᠨ ᠡᠬᠢ ᠪᠠᠶᠠᠯᠢᠭ ᠲᠠᠢ ᠪᠠᠶᠢᠵᠤ᠂ ᠬᠠᠬᠢᠷ ᠤᠨ ᠭᠤᠤᠯ᠂ | ᠦᠯᠵᠡᠶᠢᠮᠦ᠋ᠷᠡᠨ ᠠᠳᠡ ᠨᠡᠶᠢᠯᠡᠨ᠂ ᠵᠢᠭᠠᠰᠤᠲᠠᠢ ᠨᠠᠭᠤᠷ᠂ ᠳᠠᠯᠤᠬᠠ ᠨᠠᠭᠤᠷ᠂ ᠬᠠᠷᠠᠴᠢᠯᠠᠭᠤ ᠤᠰᠤᠨ ᠴᠥᠭᠦᠷᠥᠮ ᠵᠡᠷᠭᠡ ᠬᠡᠳᠦᠨ ᠲᠣᠮᠣ ᠨᠠᠭᠤᠷ ᠴᠥᠭᠦᠷᠥᠮ ᠲᠠᠢ | ᠨᠡᠶᠢᠯᠡᠨ ᠡᠯᠪᠡᠭ ᠪᠠᠶᠠᠯᠢᠭ ᠭᠠᠵᠠᠷ ᠳᠡᠭᠡᠷᠡᠬᠢ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠪᠣᠶ ᠪᠣᠯᠭᠠᠭᠰᠠᠨ ᠪᠠᠶᠢᠨ᠎ᠠ︔ ᠡᠮᠦᠨᠡᠲᠦ ᠬᠡᠰᠡᠭ — ᠵᠠᠭᠤᠨ ᠲᠦᠮᠡᠨ | ᠮᠥ ᠲᠠᠷᠢᠮᠠᠯ ᠪᠡᠯᠴᠢᠭᠡᠷ ᠡᠪᠡᠰᠦᠨ ᠤ ᠰᠠᠭᠤᠷᠢᠨ ᠭᠠᠵᠠᠷ ᠤᠨ ᠦᠵᠡᠮᠵᠢ ᠶᠢᠨ ᠣᠷᠣᠨ᠃ ᠠᠷᠤ ᠬᠤᠷᠴᠢᠨ ᠬᠤᠰᠢᠭᠤ ᠨᠢᠭᠡᠨᠲᠡ ᠪᠦᠬᠦ ᠤᠯᠤᠰ ᠤᠨ ᠪᠣᠷᠣ | ᠴᠠᠷᠭᠠᠰᠤ ᠶᠢᠨ ᠲᠥᠪᠯᠡᠷᠡᠨ ᠵᠠᠯᠭᠠᠯᠳᠤᠭᠰᠠᠨ ᠲᠠᠯᠠᠪᠠᠢ ᠪᠠᠷ ᠬᠠᠮᠤᠭ ᠤᠨ ᠶᠡᠭᠡ ᠭᠠᠵᠠᠷ ᠣᠷᠣᠨ ᠪᠤᠯᠵᠤ᠂ ᠪᠡᠯᠴᠢᠭᠡᠷ ᠡᠪᠡᠰᠦᠨ ᠤ ᠰᠠᠭᠤᠷᠢᠨ ᠭᠠᠵᠠᠷ 5 ᠰᠠᠷ᠎ᠠ ᠶᠢᠨ | ᠡᠬᠢ ᠪᠠᠷ ᠥᠪᠴᠢ ᠡᠬᠢᠯᠡᠨ ᠨᠣᠭᠤᠭᠠᠷᠠᠵᠤ᠂ 11 ᠰᠠᠷ᠎ᠠ ᠶᠢᠨ ᠡᠬᠢ ᠪᠠᠷ ᠨᠤᠭᠤᠭᠠᠨ ᠥᠩᠭᠡ ᠪᠠᠷ ᠮᠢᠷᠠᠯᠵᠠᠨ᠂ ᠲᠠᠯ᠎ᠠ ᠨᠤᠲᠤᠭ ᠤᠨ ᠵᠤᠭᠠᠴᠠᠯ ᠤᠨ ᠤᠯᠠᠷᠢᠯ | ᠬᠠᠮᠤᠭ ᠤᠨ ᠤᠷᠳᠤ ᠪᠠᠶᠢᠳᠠᠭ᠃ | 【ᠠᠭᠤᠷ ᠠᠮᠢᠰᠬᠤᠯ ᠤᠨ ᠦᠨᠡᠯᠡᠯᠲᠡ 】 ᠠᠷᠤ ᠬᠤᠷᠴᠢᠨ ᠬᠤᠰᠢᠭᠤ ᠪᠣᠯ ᠳᠤᠮᠳᠠ ᠥᠷᠭᠡᠷᠢᠭ ᠤᠨ ᠰᠡᠷᠢᠭᠦᠨ ᠪᠦᠰᠡ ᠶᠢᠨ ᠬᠠᠭᠠᠰ ᠭᠠᠩ ᠬᠠᠭᠤᠷᠠᠶ ᠡᠬᠡ | ᠭᠠᠵᠠᠷ ᠤᠨ ᠴᠢᠨᠠᠷᠲᠠᠶ ᠤᠯᠠᠷᠢᠯ ᠤᠨ ᠰᠠᠯᠬᠢᠨ ᠤ ᠠᠭᠤᠷ ᠠᠮᠢᠰᠬᠤᠯ ᠤᠨ ᠣᠷᠣᠨ ᠳᠤ ᠣᠷᠣᠰᠢᠵᠤ ᠪᠠᠶᠢᠳᠠᠭ᠃ ᠨᠡᠶᠢᠲᠡᠯᠢᠭ ᠳᠤᠮᠳᠠ ᠰᠡᠷᠢᠭᠦᠨ ᠪᠦᠰᠡ ᠶᠢᠨ ᠠᠭᠤᠷ | ᠠᠮᠢᠰᠬᠤᠯ ᠲᠠᠢ ᠪᠠᠶᠢᠵᠤ᠂ ᠬᠤᠷ᠎ᠠ ᠲᠤᠨᠳᠠᠰᠤ ᠪᠠᠭ᠎ᠠ ᠮᠥᠷᠲᠡᠭᠡᠨ ᠲᠡᠭᠰᠢ ᠪᠤᠰᠤ᠂ ᠬᠦᠢᠲᠡᠨ ᠬᠠᠯᠠᠭᠤᠨ ᠤ ᠬᠤᠪᠢᠷᠠᠯᠲᠠ ᠶᠡᠭᠡ ᠵᠡᠷᠭᠡ ᠢᠯᠡᠷᠬᠡᠶ ᠣᠨᠴᠠᠯᠢᠭ ᠲᠠᠢ᠃ | ᠬᠠᠪᠤᠷ ᠤᠨ ᠤᠯᠠᠷᠢᠯ ᠳᠤ ᠭᠠᠩ ᠬᠠᠭᠤᠷᠠᠶ ᠶᠡᠭᠡ ᠰᠠᠯᠬᠢᠨ ᠲᠠᠢ᠂ ᠠᠭᠤᠷᠰᠢᠬᠤ ᠬᠡᠮᠵᠢᠶ᠎ᠡ ᠨᠢ ᠶᠡᠭᠡ ᠪᠠᠶᠢᠳᠠᠭ︔ ᠵᠣᠨ ᠤ ᠤᠯᠠᠷᠢᠯ ᠳᠤ ᠪᠣᠷᠣᠭᠠᠨ ᠪᠠ ᠬᠠᠯᠠᠭᠤᠨ | ᠠᠭᠤᠷ ᠠᠮᠢᠰᠬᠤᠯ ᠠᠳᠠᠯᠢ ᠬᠤᠭᠤᠴᠠᠭᠠᠨ ᠳᠤ ᠢᠯᠡᠷᠡᠵᠦ᠂ ᠬᠤᠷ᠎ᠠ ᠲᠤᠨᠳᠠᠰᠤ ᠲᠦᠪᠯᠡᠷᠡᠩᠭᠦᠢ ᠪᠠᠶᠢᠳᠠᠭ︔ ᠨᠠᠮᠤᠷ ᠤᠨ ᠤᠯᠠᠷᠢᠯ ᠣᠬᠤᠷ᠂ ᠠᠭᠠᠷ ᠤᠨ ᠳᠤᠯᠠᠭᠠᠨ ᠤ | ᠪᠠᠭᠤᠷᠠᠯᠲᠠ ᠲᠦᠷᠭᠡᠨ᠂ ᠨᠠᠮᠤᠷ ᠤᠨ ᠬᠢᠷᠠᠭᠤ ᠡᠷᠲᠡ ᠪᠠᠭᠤᠳᠠᠭ︔ ᠡᠪᠦᠯ ᠤᠨ ᠤᠯᠠᠷᠢᠯ ᠣᠷᠳᠣ ᠪᠥᠭᠡᠳ ᠬᠠᠬᠢᠷ ᠬᠦᠢᠲᠡᠨ᠂ ᠨᠡᠷᠡᠨ ᠤ ᠲᠤᠰᠤᠯᠲᠠ ᠭᠦᠢᠴᠡᠳ᠂ | ᠬᠤᠷᠠᠮᠳᠤᠭᠰᠠᠨ ᠳᠤᠯᠠᠭᠠᠨ ᠤ ᠠᠰᠢᠭᠲᠤ ᠴᠢᠨᠠᠷ ᠨᠢ ᠥᠨᠳᠥᠷ ᠪᠠᠶᠢᠳᠠᠭ᠃ | ᠪᠥᠬᠦ ᠬᠤᠰᠢᠭᠤᠨ ᠤ ᠵᠢᠯ ᠤᠨ ᠳᠤᠮᠳᠠᠴᠢ ᠠᠭᠠᠷ ᠤᠨ ᠳᠤᠯᠠᠭᠠᠨ 6.4 ᠭᠷᠡᠳᠦ᠋ᠰ᠂ ᠬᠠᠮᠤᠭ ᠤᠨ ᠬᠦᠢᠲᠡᠨ ᠰᠠᠷ᠎ᠠ ᠶᠢᠨ ᠳᠤᠮᠳᠠᠴᠢ ᠠᠭᠠᠷ ᠤᠨ ᠳᠤᠯᠠᠭᠠᠨ | — 13.8 ᠭᠷᠡᠳᠦ᠋ᠰ᠂ ᠬᠠᠮᠤᠭ ᠤᠨ ᠬᠠᠯᠠᠭᠤᠨ ᠰᠠᠷ᠎ᠠ ᠶᠢᠨ ᠳᠤᠮᠳᠠᠴᠢ ᠠᠭᠠᠷ ᠤᠨ ᠳᠤᠯᠠᠭᠠᠨ 23.9 ᠭᠷᠡᠳᠦ᠋ᠰ ᠪᠣᠯᠤᠨ᠎ᠠ᠃ ᠪᠠᠷᠠᠭᠤᠨ ᠬᠤᠶᠢᠨ᠎ᠠ ᠠᠴᠠ ᠵᠡᠭᠦᠨ | ᠡᠮᠦᠨᠡᠰᠢ ᠳᠠᠯᠠᠶ ᠶᠢᠨ ᠲᠦᠪᠰᠢᠨ ᠠᠴᠠ ᠳᠡᠭᠡᠭᠰᠢ ᠡᠷᠭᠦᠭᠳᠡᠴᠡ ᠶᠢᠨ ᠳᠣᠷᠣᠭᠰᠢᠯᠠᠬᠤ ᠶᠢ ᠳᠠᠭᠠᠯᠳᠤᠨ ᠳᠤᠯᠠᠭᠠᠨ ᠤ ᠬᠡᠮᠵᠢᠶ᠎ᠡ ᠳᠡᠭᠡᠭᠰᠢᠯᠡᠬᠦ ᠬᠠᠨᠳᠤᠰᠢ ᠲᠠᠢ ᠪᠠᠶᠢᠵᠤ᠂ | ᠡᠮᠦᠨᠡᠲᠦ ᠤᠮᠠᠷᠠᠲᠤ ᠶᠢᠨ ᠵᠥᠷᠢᠶ᠎ᠡ ᠨᠡᠯᠢᠶᠡᠳ ᠶᠡᠭᠡ᠂ ᠵᠡᠭᠦᠨ ᠪᠠᠷᠠᠭᠤᠨ ᠤ ᠵᠥᠷᠢᠶ᠎ᠡ ᠨᠢ ᠢᠯᠡᠷᠬᠡᠶ ᠪᠢᠰᠢ ᠪᠠᠶᠢᠳᠠᠭ᠃ ᠭᠠᠵᠠᠷ ᠤᠨ ᠪᠠᠶᠢᠴᠠ᠂ ᠤᠷᠭᠤᠮᠠᠯ ᠤᠨ | ᠬᠤᠴᠢᠯᠭ᠎ᠠ᠂ ᠠᠭᠤᠯᠠᠨ ᠴᠣᠭᠴᠠ ᠵᠡᠷᠭᠡ ᠡᠯᠧᠮᠧᠨ᠋ᠲ ᠤᠨ ᠨᠥᠯᠥᠭᠡ ᠠᠴᠠ ᠪᠣᠯᠵᠤ᠂ ᠲᠤᠨᠳᠠᠰᠤᠨ ᠤ ᠬᠡᠮᠵᠢᠶ᠎ᠡ ᠨᠢ ᠡᠮᠦᠨ᠎ᠡ ᠤᠮᠠᠷ᠎ᠠ ᠶᠢᠨ ᠵᠥᠷᠢᠶ᠎ᠡ ᠨᠡᠯᠢᠶᠡᠳ ᠶᠡᠭᠡ | ᠪᠠᠶᠢᠵᠤ᠂ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 343.4 ᠮᠢᠯᠢᠮᠧᠲᠷ ᠪᠠᠶᠢᠵᠤ᠂ ᠬᠢᠷᠠᠭᠤ ᠦᠭᠡᠶ ᠬᠤᠭᠤᠴᠠᠭ᠎ᠠ ᠨᠢ 153 ᠡᠳᠦᠷ ᠪᠣᠯᠤᠨ᠎ᠠ᠃ ᠪᠥᠬᠦ | ᠵᠢᠯ ᠤᠨ ᠨᠡᠷᠡᠨ ᠤ ᠲᠤᠰᠤᠯᠲᠠ 3088.7 ᠴᠠᠭ ᠪᠠᠶᠢᠵᠤ᠂ ᠨᠡᠷᠡᠨ ᠤ ᠲᠤᠰᠤᠯᠲᠠ ᠶᠢᠨ ᠴᠠᠭ ᠤᠨ 69% ᠶᠢ ᠡᠵᠡᠯᠡᠨ᠎ᠡ᠃ ᠵᠢᠯ ᠤᠨ ᠳᠤᠮᠳᠠᠴᠢ ᠰᠠᠯᠬᠢᠨ ᠤ | ᠬᠤᠷᠳᠤᠴᠠ ᠨᠢ 2.3 ᠮᠧᠲᠷ \ ᠰᠧᠺᠦ᠋ᠨ᠋ᠳ᠋ ᠲᠤ ᠬᠦᠷᠴᠦ᠂ ᠬᠠᠮᠤᠭ ᠣᠯᠠᠨ ᠰᠠᠯᠬᠢᠯᠠᠳᠠᠭ ᠰᠠᠯᠬᠢᠨ ᠤ ᠴᠢᠭᠯᠡᠯ ᠨᠢ ᠪᠠᠷᠠᠭᠤᠨ ᠬᠤᠶᠢᠲᠤ ᠶᠢᠨ ᠰᠠᠯᠬᠢ ᠪᠣᠯᠤᠨ᠎ᠠ᠃ | ᠵᠢᠯ ᠤᠨ ᠳᠤᠮᠳᠠᠴᠢ ᠠᠭᠤᠷᠰᠢᠯᠲᠠ ᠶᠢᠨ ᠬᠡᠮᠵᠢᠶ᠎ᠡ ᠨᠢ 1914.7 ᠮᠢᠯᠢᠮᠧᠲᠷ ᠪᠣᠯᠤᠨ᠎ᠠ᠃ ᠭᠤᠣᠯ ᠪᠣᠯᠬᠤ ᠴᠠᠭ ᠠᠭᠤᠷ ᠤᠨ ᠭᠠᠮᠰᠢᠭ ᠭᠡᠪᠡᠯ ᠭᠠᠩ ᠬᠠᠭᠰᠠᠷᠭᠠᠨ᠂ | ᠮᠥᠨᠳᠥᠷ᠂ ᠠᠶᠤᠩᠭᠠᠲᠤ ᠪᠣᠷᠣᠭᠠᠨ᠂ ᠶᠡᠭᠡ ᠰᠠᠯᠬᠢ᠂ ᠬᠢᠷᠠᠭᠤ ᠬᠥᠯᠳᠡᠭᠦᠦ᠂ ᠰᠢᠷᠦᠭᠦᠨ ᠪᠣᠷᠣᠭᠠᠨ᠂ ᠬᠠᠷ᠎ᠠ ᠴᠠᠭᠠᠨ ᠤ ᠭᠠᠮᠰᠢᠭ ᠵᠡᠷᠭᠡ ᠪᠣᠯᠤᠨ᠎ᠠ᠃ | | |