2021 ᠣᠨ ᠤ 1 — 10 ᠰᠠᠷ᠎ᠠ ᠳᠤ ᠤᠯᠠᠭᠠᠨᠬᠠᠳᠠ ᠬᠤᠲᠠ ᠶᠢᠨ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 3243809 ᠲᠦᠮᠡᠨ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2021/11/4
     2021 ᠣᠨ ᠤ 1 — 10 ᠰᠠᠷ᠎ᠠ ᠳᠤ᠂ ᠤᠯᠠᠭᠠᠨᠬᠠᠳᠠ ᠬᠤᠲᠠ ᠶᠢᠨ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 3243809 ᠲᠦᠮᠡᠨ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 72.2% ᠢ ᠡᠵᠡᠯᠡᠪᠡ᠃ ᠡᠭᠦᠨ ᠤ ᠳᠣᠲᠣᠷ᠎ᠠ᠄ ᠰᠤᠷᠭᠠᠨ ᠬᠥᠮᠦᠵᠢᠯ ᠤᠨ ᠵᠠᠷᠤᠯᠭ᠎ᠠ 731124 ᠲᠦᠮᠡᠨ ᠲᠥᠭᠦᠷᠢᠭ᠂ 5.5% ᠪᠠᠷ ᠨᠡᠮᠡᠭᠳᠡᠪᠡ︔ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠤᠯᠠᠮᠵᠢᠯᠠᠬᠤ ᠵᠠᠭᠤᠴᠢ ᠶᠢᠨ ᠵᠠᠷᠤᠯᠭ᠎ᠠ 84003 ᠲᠦᠮᠡᠨ ᠲᠥᠭᠦᠷᠢᠭ᠂ 12% ᠢᠶᠠᠷ ᠨᠡᠮᠡᠭᠳᠡᠪᠡ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 732265 ᠲᠦᠮᠡᠨ ᠲᠥᠭᠦᠷᠢᠭ᠂ 22.7% ᠪᠠᠷ ᠪᠠᠭᠤᠷᠠᠪᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 431017 ᠲᠦᠮᠡᠨ ᠲᠥᠭᠦᠷᠢᠭ᠂ 0.1 % ᠪᠠᠷ ᠨᠡᠮᠡᠭᠳᠡᠪᠡ︔ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠠᠷᠤᠯᠭ᠎ᠠ 88594 ᠲᠦᠮᠡᠨ ᠲᠥᠭᠦᠷᠢᠭ᠂ 6.5% ᠪᠠᠷ ᠪᠠᠭᠤᠷᠠᠪᠠ︔ ᠲᠠᠷᠢᠶᠠᠯᠠᠩ ᠤᠢ ᠰᠢᠭᠤᠶ ᠤᠰᠤᠨ ᠤ ᠶᠠᠪᠤᠳᠠᠯ ᠤᠨ ᠵᠠᠷᠤᠯᠭ᠎ᠠ 762382 ᠲᠦᠮᠡᠨ ᠲᠥᠭᠦᠷᠢᠭ᠂ 2.6% ᠪᠠᠷ ᠪᠠᠭᠤᠷᠠᠪᠠ︔ ᠵᠠᠮ ᠲᠡᠭᠡᠭᠡᠪᠦᠷᠢ ᠶᠢᠨ ᠵᠠᠷᠤᠯᠭ᠎ᠠ 232836 ᠲᠦᠮᠡᠨ ᠲᠥᠭᠦᠷᠢᠭ᠂ 13.6% ᠪᠠᠷ ᠨᠡᠮᠡᠭᠳᠡᠪᠡ︔ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 181588 ᠲᠦᠮᠡᠨ ᠲᠥᠭᠦᠷᠢᠭ᠂ 4.1%  ᠪᠠᠷ ᠪᠠᠭᠤᠷᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ