ᠤᠯᠠᠭᠠᠨᠬᠠᠳᠠ ᠬᠤᠳᠠ ᠶᠢᠨ 2021 ᠣᠨ ᠤ 1 — 10 ᠰᠠᠷ᠎ᠠ ᠳᠤ ᠭᠠᠶᠢᠯᠢ ᠶᠢᠨ ᠪᠤᠰᠤ ᠣᠷᠣᠯᠭ᠎ᠠ ᠶᠢ 330595 ᠲᠦᠮᠡᠨ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2021/11/4
     2021 ᠣᠨ ᠤ 1 — 10 ᠰᠠᠷ᠎ᠠ ᠳᠤ᠂ ᠤᠯᠠᠭᠠᠨᠬᠠᠳᠠ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠭᠠᠶᠢᠯᠢ ᠶᠢᠨ ᠪᠤᠰᠤ ᠣᠷᠣᠯᠭ᠎ᠠ ᠶᠢ 330595 ᠲᠦᠮᠡᠨ ᠲᠥᠭᠦᠷᠢᠭ ᠪᠡᠶᠡᠯᠡᠭᠦᠯᠵᠦ᠂ 26.3% ᠪᠠᠷ ᠨᠡᠮᠡᠭᠳᠡᠪᠡ᠃ ᠡᠭᠦᠨ ᠳᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠣᠷᠣᠯᠭ᠎ᠠ 68938 ᠲᠦᠮᠡᠨ ᠲᠥᠭᠦᠷᠢᠭ᠂ 27.5% ᠪᠠᠷ ᠪᠠᠭᠤᠷᠠᠪᠠ︔ ᠲᠣᠷᠭᠠᠵᠤ ᠬᠤᠷᠢᠶᠠᠨ ᠠᠪᠤᠭᠰᠠᠨ ᠣᠷᠣᠯᠭ᠎ᠠ 113917 ᠲᠦᠮᠡᠨ ᠲᠥᠭᠦᠷᠢᠭ᠂ 172.1% ᠪᠠᠷ ᠨᠡᠮᠡᠭᠳᠡᠪᠡ︔ ᠤᠯᠤᠰ ᠤᠨ ᠥᠮᠴᠢᠯᠡᠯᠲᠦ ᠬᠥᠷᠦᠩᠭᠡ ᠶᠢᠨ ᠡᠵᠡᠩᠨᠡᠯᠲᠡ ᠶᠢᠨ ᠣᠷᠤᠯᠭ᠎ᠠ 28 ᠲᠦᠮᠡᠨ ᠲᠥᠭᠦᠷᠢᠭ᠂ 99.5% ᠪᠠᠷ ᠪᠠᠭᠤᠷᠠᠪᠠ︔ ᠤᠯᠤᠰ ᠤᠨ ᠥᠮᠴᠢᠯᠡᠯᠲᠦ ᠡᠬᠢ ᠪᠠᠶᠠᠯᠢᠭ ︵ᠡᠳ᠋ ᠬᠦᠷᠦᠩᠭᠡ︶ ᠢ ᠲᠥᠯᠥᠪᠦᠷᠢ ᠲᠠᠢ ᠪᠠᠷ ᠬᠡᠷᠡᠭᠯᠡᠬᠦ ᠣᠷᠣᠯᠭ᠎ᠠ 68866 ᠲᠦᠮᠡᠨ ᠲᠥᠭᠦᠷᠢᠭ᠂ 7.6% ᠪᠠᠷ ᠪᠠᠭᠤᠷᠠᠪᠠ︔ ᠲᠤᠰᠬᠠᠶ ᠵᠦᠢᠯ ᠤᠨ ᠣᠷᠣᠯᠭ᠎ᠠ 38253 ᠲᠦᠮᠡᠨ ᠲᠥᠭᠦᠷᠢᠭ᠂ 9.8% ᠪᠠᠷ ᠨᠡᠮᠡᠭᠳᠡᠪᠡ︔ ᠵᠠᠰᠠᠭ ᠤᠨ ᠣᠷᠳᠣᠨ ᠤ ᠣᠷᠣᠨ ᠰᠠᠭᠤᠴᠠ ᠶᠢᠨ ᠰᠠᠭᠤᠷᠢ ᠮᠥᠩᠭᠦ ᠶᠢᠨ ᠣᠷᠣᠯᠭ᠎ᠠ ᠶᠢ 28276 ᠲᠦᠮᠡᠨ ᠲᠥᠭᠦᠷᠢᠭ᠂ 4409.7% ᠪᠠᠷ ᠨᠡᠮᠡᠭᠳᠡᠪᠡ︔ ᠪᠤᠰᠤᠳ ᠣᠷᠣᠯᠭ᠎ᠠ 12317 ᠲᠦᠮᠡᠨ ᠲᠥᠭᠦᠷᠢᠭ᠂ 39% ᠪᠠᠷ ᠨᠡᠮᠡᠭᠳᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ