ᠤᠯᠠᠭᠠᠨᠬᠠᠳᠠ ᠬᠤᠲᠠ ᠶᠢᠨ 2021 ᠣᠨ ᠤ 1 — 10 ᠰᠠᠷ᠎ᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢ ᠭᠦᠢᠴᠡᠳᠭᠡᠭᠰᠡᠨ ᠪᠠᠶᠢᠳᠠᠯ
ᠨᠡᠶᠢᠲᠡᠯᠡᠭᠰᠡᠨ ᠴᠠᠭ᠄
2021/11/4
     ᠨᠢᠭᠡ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ      1 — 10 ᠰᠠᠷ᠎ᠠ ᠳᠤ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠢ 1043078 ᠲᠦᠮᠡᠨ ᠲᠥᠭᠦᠷᠢᠭ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 43390 ᠲᠦᠮᠡᠨ ᠲᠥᠭᠦᠷᠢᠭ ᠨᠡᠮᠡᠭᠳᠡᠵᠦ᠂ 4.3% ᠪᠠᠷ ᠨᠡᠮᠡᠭᠳᠡᠪᠡ᠃ ᠡᠭᠦᠨ ᠤ ᠳᠣᠲᠣᠷ᠎ᠠ᠂ ᠭᠠᠶᠢᠯᠢ ᠶᠢᠨ ᠣᠷᠣᠯᠭ᠎ᠠ 712483 ᠲᠦᠮᠡᠨ ᠲᠥᠭᠦᠷᠢᠭ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 25391 ᠲᠦᠮᠡᠨ ᠲᠥᠭᠦᠷᠢᠭ ᠬᠠᠰᠤᠭᠳᠠᠵᠤ᠂ 3.4% ᠪᠠᠷ ᠪᠠᠭᠤᠷᠠᠨ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 68.3% ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ 330595 ᠲᠦᠮᠡᠨ ᠲᠥᠭᠦᠷᠢᠭ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 68781 ᠲᠦᠮᠡᠨ ᠲᠥᠭᠦᠷᠢᠭ ᠨᠡᠮᠡᠭᠳᠡᠵᠦ᠂ 26.3% ᠪᠠᠷ ᠨᠡᠮᠡᠭᠳᠡᠨ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 31.7% ᠶᠢ ᠡᠵᠡᠯᠡᠪᠡ᠃      ᠬᠤᠶᠠᠷ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ      1 — 10 ᠰᠠᠷ᠎ᠠ ᠳᠤ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 4492624 ᠲᠦᠮᠡᠨ ᠲᠥᠭᠦᠷᠢᠭ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 155949 ᠲᠦᠮᠡᠨ ᠲᠥᠭᠦᠷᠢᠭ ᠬᠠᠰᠤᠭᠳᠠᠵᠤ᠂ 3.4% ᠪᠠᠷ ᠪᠠᠭᠤᠷᠠᠪᠠ᠃ ᠪᠥᠬᠦ ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ 3243809 ᠲᠦᠮᠡᠨ ᠲᠥᠭᠦᠷᠢᠭ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 72.2% ᠢ ᠡᠵᠡᠯᠡᠪᠡ
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ