| ︽ᠤᠯᠠᠭᠠᠨᠬᠠᠳᠠ ᠬᠤᠲᠠ ᠶᠢᠨ ︿ᠭᠤᠷᠪᠠᠨ ᠱᠤᠭᠤᠮ ᠨᠢᠭᠡ ᠬᠠᠭᠤᠳᠠᠰᠤ﹀ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ | ᠡᠵᠡᠮᠳᠡᠬᠦ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠮᠡᠳᠡᠭᠳᠡᠯ | | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ | ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠤᠯᠠᠭᠠᠨᠬᠠᠳᠠ ᠬᠤᠲᠠ ᠶᠢᠨ ︿ᠭᠤᠷᠪᠠᠨ ᠱᠤᠭᠤᠮ ᠨᠢᠭᠡ ᠬᠠᠭᠤᠳᠠᠰᠤ﹀ ᠶᠢᠨ ᠠᠮᠢ | ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | | 2021 ᠣᠨ ᠤ 10 ᠰᠠᠷ᠎ᠠ ᠶᠢᠨ 29 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | | ᠤᠯᠠᠭᠠᠨᠬᠠᠳᠠ ᠬᠤᠲᠠ ᠶᠢᠨ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ | ᠡᠵᠡᠮᠳᠡᠬᠦ ᠶᠢᠨ ᠬᠡᠷᠡᠭᠵᠢᠭᠦᠯᠬᠦ ᠲᠥᠰᠦᠯ | | ︽︿ᠭᠤᠷᠪᠠᠨ ᠱᠤᠭᠤᠮ ᠨᠢᠭᠡ ᠬᠠᠭᠤᠳᠠᠰᠤ﹀ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠬᠦ | ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2020 ︺ 24 ᠳ᠋ᠦ᠋ᠭᠡᠷ | ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠠᠶᠢᠮᠠᠭ ᠬᠤᠲᠠ ᠶᠢᠨ ︿ᠭᠤᠷᠪᠠᠨ ᠱᠤᠭᠤᠮ ᠨᠢᠭᠡ | ᠬᠠᠭᠤᠳᠠᠰᠤ﹀ ᠶᠢᠨ ᠬᠡᠷᠡᠭᠯᠡᠯᠲᠡ ᠶᠢ ᠬᠡᠷᠡᠭᠵᠢᠭᠦᠯᠬᠦ ᠠᠵᠢᠯ ᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ︾ ︵ᠥᠪᠥᠷ ᠣᠷᠴᠢᠨ ᠲᠣᠭᠤᠷᠢᠨ ᠤ ᠠᠯᠪᠠᠨ ︹ | 2021 ︺ 53 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ | ᠲᠢᠩᠬᠢᠮ ᠤᠨ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠬᠡᠷᠡᠭᠯᠡᠯᠲᠡ ᠶᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ | ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠥᠪᠥᠷ ᠣᠷᠴᠢᠨ ᠲᠣᠭᠤᠷᠢᠨ ᠤ ᠠᠯᠪᠠᠨ ︹ 2021 ︺ 53 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠶ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠤᠯᠠᠭᠠᠨᠬᠠᠳᠠ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠬᠤ ᠶᠢᠨ ᠲᠥᠯᠦᠭᠡ᠂ ᠤᠯᠠᠭᠠᠨᠬᠠᠳᠠ ᠬᠤᠳᠠ ᠶᠢᠨ | ᠠᠮᠢ ᠠᠬᠤᠢ ᠶᠢᠨ ᠣᠷᠴᠢᠨ ᠲᠣᠭᠤᠷᠢᠨ ᠤ ᠣᠨᠴᠠᠯᠢᠭ ᠪᠣᠯᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ | ︽ᠭᠤᠷᠪᠠᠨ ᠱᠤᠭᠤᠮ ᠨᠢᠭᠡ ᠬᠠᠭᠤᠳᠠᠰᠤ︾ ︵ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ | ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠵᠥᠪᠰᠢᠶᠡᠷᠡᠯ ᠤᠨ ᠨᠠᠷᠢᠨ ᠬᠠᠭᠤᠳᠠᠰᠤ︶ | ᠶᠢ ᠬᠡᠷᠡᠭᠵᠢᠭᠦᠯᠬᠦ ᠂ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠤᠬᠠᠢ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | | | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ | ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ | ᠬᠥᠭᠵᠢᠭᠦᠯᠬᠦ ᠶᠢ ᠪᠠᠷᠢᠮᠲᠠᠯᠠᠵᠤ᠂ ︽ᠬᠦᠷᠢᠶ᠎ᠡ ᠬᠡᠪᠴᠢᠶ᠎ᠡ ᠶᠢ ᠬᠤᠪᠢᠶᠠᠷᠢᠯᠠᠬᠤ᠂ ᠳᠦᠷᠢᠮ ᠲᠣᠭᠲᠠᠭᠠᠯ ᠲᠣᠭᠲᠠᠭᠠᠬᠤ᠂ ᠰᠠᠭᠤᠷᠢ ᠶᠢ ᠴᠢᠩᠭᠠᠳᠬᠠᠬᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠰᠡᠳᠬᠢᠴᠡ ᠶᠢᠨ ᠶᠣᠰᠣᠭᠠᠷ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠰᠠᠶᠢᠵᠢᠷᠠᠭᠤᠯᠬᠤ ᠪᠠᠷ ᠭᠤᠣᠯ ᠪᠣᠯᠭᠠᠨ᠂ ︽ᠭᠤᠷᠪᠠᠨ ᠱᠤᠭᠤᠮ ᠨᠢᠭᠡ ᠬᠠᠭᠤᠳᠠᠰᠤ︾ ᠪᠠᠷ ᠭᠤᠣᠯ ᠪᠣᠯᠭᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠣᠷᠣᠨ | ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠮᠠᠨ ᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠲᠦᠪᠰᠢᠨ ᠤ | ᠬᠠᠮᠠᠭᠠᠯᠠᠯᠲᠠ ᠪᠣᠯᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ | ︵ᠬᠤᠶᠠᠷ︶ ᠦᠨᠳᠦᠰᠦᠨ ᠵᠠᠷᠴᠢᠮ᠃ | 1. ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ︽ ᠠᠷᠢᠭᠤᠨ ᠲᠤᠩᠭᠠᠯᠠᠭ ᠣᠷᠴᠢᠨ ᠪᠠᠶᠢᠭᠠᠯᠢ ᠨᠢ ᠠᠯᠳᠠ ᠮᠥᠩᠭᠦᠨ ᠠᠭᠤᠯᠠ ᠠᠴᠠ ᠴᠦ | ᠦᠨᠡᠲᠡᠢ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ | ᠲᠣᠭᠲᠠᠯ ᠬᠦᠴᠦᠨ ᠢ ᠪᠠᠲᠤᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ | ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠤᠨ ᠴᠢᠩᠭ᠎ᠠ ᠬᠢᠵᠠᠭᠠᠷᠯᠠᠯ ᠢ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠬᠡᠯᠪᠡᠷᠢ | ᠪᠠ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ | 2. ᠲᠥᠷᠥᠯ ᠬᠤᠪᠢᠶᠠᠨ ᠬᠠᠮᠢᠶᠠᠷᠤᠨ ᠡᠵᠡᠮᠳᠡᠬᠦ ᠶᠢ ᠪᠠᠷᠢᠮᠲᠠᠯᠠᠨ᠎ᠠ᠃ ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠴᠢᠳᠠᠮᠵᠢ᠂ | ᠪᠠᠶᠢᠭᠠᠯᠢ ᠶᠢᠨ ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠣᠷᠴᠢᠨ | ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠡ ᠶᠢ ᠬᠤᠪᠢᠶᠠᠷᠢᠯᠠᠨ ᠲᠣᠭᠲᠠᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠵᠥᠷᠢᠶᠡᠲᠦ | ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ | 3. ᠨᠢᠭᠡᠳᠦᠯᠲᠡᠶ ᠲᠥᠯᠥᠪᠯᠡᠨ ᠬᠡᠷᠡᠭᠵᠢᠭᠦᠯᠬᠦ ᠶᠢ ᠪᠠᠷᠢᠮᠲᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠥᠯᠥᠪᠯᠡᠬᠦ᠂ ᠳᠡᠭᠡᠳᠦ ᠳᠣᠤᠷᠠᠳᠤ | ᠱᠠᠲᠤᠨ ᠤ ᠬᠠᠮᠲᠤᠷᠠᠨ ᠬᠥᠳᠡᠯᠦᠯᠴᠡᠬᠦ᠂ ᠣᠷᠣᠨ ᠪᠦᠰᠡ ᠶᠢᠨ ᠬᠠᠮᠵᠢᠯᠴᠠᠬᠤ ᠵᠠᠷᠴᠢᠮ ᠶᠣᠰᠣᠭᠠᠷ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠬᠠᠮᠢᠶᠠᠷᠤᠨ | ᠡᠵᠡᠮᠳᠡᠬᠦ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠤᠨ᠎ᠠ᠃ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠤ ᠰᠠᠶᠢᠵᠢᠷᠠᠯᠲᠠ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ | ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠬᠥᠳᠡᠯᠦᠩᠭᠦᠢ ᠪᠠᠷ ᠰᠢᠨᠡᠳᠬᠡᠨ ᠲᠣᠬᠢᠷᠠᠭᠤᠯᠤᠨ᠎ᠠ᠃ | ︵ᠭᠤᠷᠪᠠ︶ ᠭᠤᠤᠯ ᠬᠠᠷᠠᠯᠲᠠ᠃ | 2021 ᠣᠨ ᠳᠤ᠂ ᠥᠪᠡᠷᠲᠡᠭᠡᠨ ᠵᠠᠰᠠᠬᠤ ᠣᠷᠣᠨ ᠤ ︽ᠭᠤᠷᠪᠠᠨ ᠱᠤᠭᠤᠮ ᠨᠢᠭᠡ ᠬᠠᠭᠤᠳᠠᠰᠤ︾ ᠶᠢ ᠨᠠᠶᠢᠷᠠᠭᠤᠯᠤᠨ ᠵᠣᠬᠢᠶᠠᠭᠰᠠᠨ ᠦᠷ᠎ᠡ ᠪᠦᠲᠦᠭᠡᠯ ᠳᠤ | ᠲᠣᠭᠲᠠᠭᠠᠭᠰᠠᠨ ᠦᠨᠳᠦᠰᠦᠨ ᠪᠣᠷᠣ ᠲᠥᠯᠥᠪ ᠪᠠ ᠶᠡᠷᠦᠩᠬᠡᠶ ᠱᠠᠭᠠᠷᠳᠠᠯᠭ᠎ᠠ ᠶᠢᠨ ᠳᠣᠤᠷ᠎ᠠ᠂ ᠮᠠᠨ ᠤ ᠬᠤᠲᠠ ᠶᠢᠨ ᠪᠣᠳᠠᠲᠠᠶ ᠪᠠᠶᠢᠳᠠᠯ ᠢ ᠦᠨᠳᠦᠰᠦᠯᠡᠨ᠂ | ᠤᠯᠠᠭᠠᠨᠬᠠᠳᠠ ᠬᠤᠲᠠ ᠶᠢᠨ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠰᠤᠳᠤᠯᠭᠠᠨ ᠤ ᠦᠷ᠎ᠡ ᠪᠦᠲᠦᠭᠡᠯ ᠢ ᠨᠠᠷᠢᠯᠢᠬᠵᠢᠭᠤᠯᠤᠨ ᠪᠡᠶᠡᠯᠡᠭᠦᠯᠵᠦ᠂ ︽ᠭᠤᠷᠪᠠᠨ | ᠱᠤᠭᠤᠮ ᠨᠢᠭᠡ ᠬᠠᠭᠤᠳᠠᠰᠤ︾ ᠪᠠᠷ ᠭᠤᠤᠯ ᠪᠣᠯᠭᠠᠭᠰᠠᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮᠵᠢ ᠶᠢ | ᠪᠠᠶᠢᠭᠤᠯᠵᠤ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠢ ᠪᠦᠲᠦᠮᠵᠢᠲᠡᠶ ᠬᠡᠷᠡᠭᠯᠡᠬᠦ ᠶᠢ ᠦᠨᠡᠨᠬᠦ ᠪᠠᠲᠤᠯᠠᠨ᠎ᠠ᠃ | 2025 ᠣᠨ ᠪᠣᠯᠬᠤ ᠳᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ | ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠤᠨ ᠬᠠᠲᠠᠭᠤ ᠬᠢᠵᠠᠭᠠᠷᠯᠠᠯ ᠢ ᠨᠠᠶᠢᠳᠠᠪᠤᠷᠢᠵᠢᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ | ᠪᠠ ᠣᠷᠴᠢᠨ ᠠᠬᠤᠶ ᠶᠢᠨ ᠶᠠᠰᠤ ᠴᠢᠨᠠᠷ ᠢ ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢᠨ ᠱᠠᠭᠠᠷᠳᠠᠯᠭ᠎ᠠ ᠳᠤ ᠬᠦᠷᠦᠭᠦᠯᠦᠨ᠎ᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ | ᠣᠶᠢᠯᠠᠭᠠᠭᠳᠠᠬᠤᠨ ᠢ ᠣᠷᠣᠨ ᠵᠠᠶ ᠶᠢᠨ ᠪᠠᠶᠢᠷᠢᠰᠢᠯ᠂ ᠠᠵᠤ ᠠᠬᠤᠶ ᠶᠢᠨ ᠬᠥᠭᠵᠢᠯᠲᠡ᠂ ᠠᠵᠤ ᠦᠢᠯᠡᠰ ᠤᠨ ᠪᠦᠲᠦᠴᠡ ᠶᠢᠨ ᠡᠯ᠎ᠡ ᠬᠦᠷᠢᠶᠡᠨ ᠳᠤ ᠠᠭᠤᠰᠬᠠᠨ | ᠣᠷᠣᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠤ᠂ ᠠᠮᠢ ᠠᠬᠤᠶ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠶᠢ ᠢᠯᠡᠳᠲᠡ | ᠳᠡᠭᠡᠭᠰᠢᠯᠡᠭᠦᠯᠦᠨ᠎ᠡ᠃ | 2035 ᠣᠨ ᠪᠣᠯᠬᠤ ᠳᠤ᠂ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠦᠷᠢᠨ ᠲᠡᠭᠦᠯᠳᠡᠷ ᠰᠢᠰᠲ᠋ᠧᠮ ᠢ | ᠪᠠᠶᠢᠭᠤᠯᠵᠤ᠂ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠪᠦᠬᠦ ᠲᠠᠯ᠎ᠠ ᠪᠠᠷ ᠰᠠᠶᠢᠵᠢᠷᠠᠬᠤ ᠶᠢ ᠪᠡᠶᠡᠯᠡᠭᠦᠯᠵᠦ᠂ ᠠᠮᠢ ᠠᠬᠤᠢ ᠶᠢᠨ | ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠡᠬᠢ | ᠪᠠᠶᠠᠯᠢᠭ ᠢ ᠠᠷᠪᠢᠯᠠᠬᠤ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ | ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ᠎ᠠ᠃ | | | ᠬᠤᠶᠠᠷ᠂ ᠠᠮᠢ ᠠᠬᠤᠢ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠪᠠᠶᠢᠭᠤᠯᠤᠨ᠎ᠠ | ᠪᠦᠬᠦ ᠬᠤᠳᠠ ᠳᠤ ᠤᠷᠢᠳᠠᠪᠠᠷ ᠬᠠᠮᠠᠭᠠᠯᠠᠬᠤ ᠨᠢᠭᠡᠴᠢ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ᠂ ᠡᠩ ᠤᠨ ᠬᠠᠮᠢᠶᠠᠷᠤᠨ ᠡᠵᠡᠮᠳᠡᠬᠦ ᠨᠢᠭᠡᠴᠢ ᠵᠡᠷᠭᠡ | ᠭᠤᠷᠪᠠᠨ ᠲᠦᠷᠦᠯ ᠢ ᠪᠠᠭᠲᠠᠭᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ ᠶᠢ ᠨᠡᠶᠢᠳᠡ 269 ᠬᠤᠪᠢᠶᠠᠷᠢᠯᠠᠵᠤ᠂ ᠲᠦᠷᠦᠯ | ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠪᠡ᠃ | ︵ᠨᠢᠭᠡ︶ ᠤᠷᠢᠳᠠᠪᠠᠷ ᠬᠠᠮᠠᠭᠠᠯᠠᠬᠤ ᠨᠢᠭᠡᠴᠡ᠃ ᠨᠡᠶᠢᠲᠡ 75 ᠪᠠᠶᠢᠵᠤ᠂ ᠲᠠᠯᠠᠪᠠᠶ ᠨᠢ 49165.36 ᠬᠠᠪᠲᠠᠭᠠᠢ ᠳᠦᠷᠪᠡᠯᠵᠢᠨ ᠺᠢᠯᠤᠮᠧᠲ᠋ᠧᠷ ᠪᠠᠶᠢᠵᠤ᠂ | ᠪᠥᠬᠦ ᠬᠤᠲᠠ ᠶᠢᠨ ᠨᠤᠲᠤᠭ ᠳᠡᠪᠢᠰᠬᠡᠷ ᠤᠨ ᠲᠠᠯᠠᠪᠠᠶ ᠶᠢᠨ 56.56% ᠶᠢ ᠡᠵᠡᠯᠡᠨ᠎ᠡ᠃ ᠡᠭᠦᠨ ᠳᠤ ᠭᠤᠣᠯᠳᠠᠭᠤ ᠠᠮᠢ ᠠᠬᠤᠶ ᠶᠢᠨ ᠣᠷᠣᠨ ᠵᠠᠶ᠂ ᠠᠭᠠᠷ | ᠮᠠᠨᠳᠠᠯ ᠤᠨ ᠣᠷᠴᠢᠨ ᠠᠬᠤᠶ ᠶᠢ ᠤᠷᠢᠳᠠᠪᠠᠷ ᠬᠠᠮᠠᠭᠠᠯᠠᠬᠤ ᠣᠷᠣᠨ᠂ ᠤᠰᠤᠨ ᠤ ᠣᠷᠴᠢᠨ ᠠᠬᠤᠶ ᠶᠢ ᠤᠷᠢᠳᠠᠪᠠᠷ ᠬᠠᠮᠠᠭᠠᠯᠠᠬᠤ ᠣᠷᠣᠨ ᠵᠡᠷᠭᠡ ᠣᠷᠣᠨ ᠪᠦᠰᠡ ᠶᠢ | ᠪᠠᠭᠲᠠᠭᠠᠨ᠎ᠠ᠃ ᠤᠷᠢᠳᠠᠪᠠᠷ ᠬᠠᠮᠠᠭᠠᠯᠠᠬᠤ ᠨᠢᠭᠡᠴᠢ ᠨᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠤᠷᠢᠳᠠᠪᠠᠷ ᠪᠣᠳᠣᠯᠬᠢᠯᠠᠬᠤ ᠪᠠᠷ ᠵᠠᠷᠴᠢᠮ | ᠪᠣᠯᠭᠠᠵᠤ᠂ ᠶᠡᠭᠡ ᠬᠡᠪᠴᠢᠶᠡᠨ ᠤ ᠥᠨᠳᠥᠷ ᠬᠦᠴᠦᠯᠡᠴᠡ ᠲᠠᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠠᠵᠢᠯᠯᠠᠭ᠎ᠠ ᠶᠢ ᠬᠠᠤᠯᠢ ᠶᠣᠰᠣᠭᠠᠷ ᠴᠠᠭᠠᠵᠠᠯᠠᠬᠤ | ᠪᠤᠶᠤ ᠬᠢᠵᠠᠭᠠᠷᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠴᠢᠳᠠᠮᠵᠢ ᠶᠢ ᠪᠠᠭᠤᠷᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ | ︵ᠬᠤᠶᠠᠷ︶ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠡ᠃ ᠨᠡᠶᠢᠲᠡ 184 ᠪᠠᠶᠢᠵᠤ᠂ ᠲᠠᠯᠠᠪᠠᠶ ᠨᠢ 12644.08 ᠬᠠᠪᠲᠠᠭᠠᠢ ᠳᠦᠷᠪᠡᠯᠵᠢᠨ | ᠺᠢᠯᠤᠮᠧᠲ᠋ᠧᠷ ᠪᠠᠶᠢᠵᠤ᠂ ᠪᠥᠬᠦ ᠬᠤᠲᠠ ᠶᠢᠨ ᠨᠤᠲᠤᠭ ᠳᠡᠪᠢᠰᠬᠡᠷ ᠤᠨ 14.55% ᠶᠢ ᠡᠵᠡᠯᠡᠨ᠎ᠡ᠃ ᠤᠰᠤᠨ ᠤ ᠣᠷᠴᠢᠨ ᠲᠣᠭᠤᠷᠢᠨ ᠤ ᠭᠤᠤᠯᠳᠠᠯᠭ᠎ᠠ ᠲᠠᠢ | ᠬᠠᠮᠢᠶᠠᠷᠤᠨ ᠡᠵᠡᠮᠳᠡᠬᠦ ᠣᠷᠣᠨ᠂ ᠠᠭᠠᠷ ᠮᠠᠨᠳᠠᠯ ᠤᠨ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ᠂ ᠭᠠᠵᠠᠷ ᠳᠣᠤᠷᠠᠬᠢ ᠤᠰᠤ ᠶᠢ | ᠨᠡᠭᠡᠭᠡᠨ ᠮᠠᠯᠲᠠᠬᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ᠂ ᠠᠮᠢ ᠠᠬᠤᠶ ᠶᠢᠨ ᠬᠡᠷᠡᠭᠯᠡᠬᠦ ᠤᠰᠤᠨ ᠤ ᠬᠠᠩᠭᠠᠯᠭ᠎ᠠ ᠶᠢᠨ ᠣᠷᠣᠨ᠂ ᠭᠠᠵᠠᠷ ᠰᠢᠷᠣᠶ ᠶᠢᠨ | ᠡᠬᠢ ᠪᠠᠶᠠᠯᠢᠭ ᠤᠨ ᠬᠠᠮᠢᠶᠠᠷᠤᠨ ᠡᠵᠡᠮᠳᠡᠬᠦ ᠣᠷᠣᠨ ᠵᠡᠷᠭᠡ ᠶᠢ ᠪᠦᠬᠦᠨ ᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠡ ᠳᠤ ᠣᠷᠣᠭᠤᠯᠤᠨ᠎ᠠ᠃ ᠡᠭᠦᠨ ᠳᠤ᠂ | ᠤᠰᠤᠨ ᠤ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠠᠵᠤ ᠦᠢᠯᠡᠳᠪᠦᠷᠢ ᠶᠢᠨ ᠪᠣᠬᠢᠷᠲᠤᠯ᠂ ᠲᠠᠷᠢᠶᠠᠯᠠᠩ ᠤᠨ ᠪᠣᠬᠢᠷᠲᠤᠯ ᠤᠨ | ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠶᠢ ᠪᠠᠭᠲᠠᠭᠠᠨ᠎ᠠ᠃ ᠠᠭᠠᠷ ᠮᠠᠨᠳᠠᠯ ᠤᠨ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ | ᠣᠷᠣᠨ ᠳᠤ ᠬᠦᠯᠢᠶᠡᠭᠴᠢ ᠶᠢᠨ ᠰᠡᠷᠭᠡᠭ ᠣᠷᠣᠨ᠂ ᠥᠨᠳᠥᠷ ᠭᠠᠳᠠᠭᠰᠢᠯᠠᠭᠤᠯᠤᠯᠲᠠ ᠶᠢᠨ ᠣᠷᠣᠨ᠂ ᠪᠠᠶᠢᠷᠢᠰᠢᠭᠤᠯᠤᠯᠲᠠ ᠶᠢᠨ ᠰᠡᠷᠭᠡᠭ ᠣᠷᠣᠨ ᠪᠠ ᠰᠤᠯᠠ | ᠲᠠᠷᠬᠠᠯᠲᠠ ᠶᠢᠨ ᠣᠷᠣᠨ ᠶᠢ ᠪᠠᠭᠲᠠᠭᠠᠨ᠎ᠠ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠠᠮᠤᠷ | ᠲᠦᠪᠰᠢᠨ ᠢᠶᠠᠷ ᠠᠰᠢᠭᠯᠠᠬᠤ ᠲᠥᠷᠥᠯ᠂ ᠴᠢᠩᠭ᠎ᠠ ᠬᠠᠮᠢᠶᠠᠷᠤᠨ ᠡᠵᠡᠮᠳᠡᠬᠦ ᠲᠥᠷᠥᠯ ᠤᠨ ᠲᠠᠷᠢᠶᠠᠯᠠᠩ ᠳᠤ ᠬᠡᠷᠡᠭᠯᠡᠬᠦ ᠭᠠᠵᠠᠷ ᠶᠢ ᠪᠠᠭᠲᠠᠭᠠᠨ᠎ᠠ᠃ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠳᠣᠲᠣᠷᠠᠬᠢ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠤᠨ | ᠨᠠᠷᠢᠨ ᠬᠠᠭᠤᠳᠠᠰᠤ ᠳᠠᠬᠢ ᠠᠵᠤ ᠠᠬᠤᠶᠢᠯᠠᠯ ᠪᠣᠬᠢᠷᠲᠤᠭᠰᠠᠨ ᠭᠠᠵᠠᠷ ᠤᠨ ᠨᠡᠷᠡᠰ ᠤᠨ ᠵᠢᠭᠰᠠᠭᠠᠯᠲᠠ ᠳᠠᠬᠢ ᠭᠠᠵᠠᠷ ᠢ ᠤᠷᠢᠳᠠᠪᠠᠷ ᠬᠠᠮᠢᠶᠠᠷᠤᠨ ᠡᠵᠡᠮᠳᠡᠨ᠎ᠡ᠃ | ᠤᠰᠤᠨ ᠤ ᠡᠬᠢ ᠪᠠᠶᠠᠯᠢᠭ ᠤᠨ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠠᠮᠢ ᠠᠬᠤᠶ ᠶᠢᠨ ᠬᠡᠷᠡᠭᠯᠡᠬᠦ ᠤᠰᠤ ᠶᠢ ᠨᠥᠬᠦᠪᠥᠷᠢᠯᠡᠨ ᠬᠠᠩᠭᠠᠬᠤ | ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ᠂ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠶᠢ | ᠪᠠᠭᠲᠠᠭᠠᠨ᠎ᠠ ᠃ ᠭᠠᠵᠠᠷ ᠰᠢᠷᠣᠶ ᠶᠢᠨ ᠡᠬᠢ ᠪᠠᠶᠠᠯᠢᠭ ᠤᠨ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠬᠤᠲᠠ ᠶᠢᠨ ᠱᠠᠲᠤᠨ ᠠᠴᠠ ᠳᠡᠭᠡᠭᠰᠢᠬᠢ ᠨᠡᠭᠡᠭᠡᠨ | ᠬᠥᠭᠵᠢᠭᠦᠯᠬᠦ ᠣᠷᠣᠨ᠂ ᠬᠤᠲᠠ ᠪᠠᠯᠭᠠᠰᠤ ᠶᠢᠨ ᠣᠷᠣᠨ ᠵᠠᠶ᠂ ᠠᠭᠤᠷᠬᠠᠶ ᠶᠢᠨ ᠣᠷᠣᠨ ᠶᠢ ᠪᠠᠭᠲᠠᠭᠠᠨ᠎ᠠ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ | ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠪᠣᠯ ᠬᠤᠲᠠ ᠪᠠᠯᠭᠠᠰᠤ ᠶᠢᠨ ᠪᠣᠬᠢᠷᠲᠤᠯ ᠶᠡᠬᠡᠲᠡᠶ ᠲᠦᠯᠡᠰᠢ ᠶᠢᠨ ᠰᠢᠲᠠᠬᠤ ᠶᠢ ᠴᠠᠭᠠᠵᠠᠯᠠᠬᠤ ᠣᠷᠣᠨ ᠪᠣᠯᠤᠨ᠎ᠠ᠃ | ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ ᠨᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠵᠣᠬᠢᠴᠠᠭᠤᠯᠭ᠎ᠠ ᠪᠠᠷ ᠭᠤᠣᠯ ᠪᠣᠯᠭᠠᠵᠤ᠂ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠡᠵᠡᠮᠳᠡᠬᠦ | ᠪᠠ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠭᠤᠷᠪᠠ︶ ᠡᠩ ᠤᠨ ᠬᠠᠮᠢᠶᠠᠷᠤᠨ ᠡᠵᠡᠮᠳᠡᠬᠦ ᠨᠢᠭᠡᠴᠡ᠃ ᠨᠡᠶᠢᠲᠡ 10 ᠪᠠᠶᠢᠵᠤ᠂ ᠲᠠᠯᠠᠪᠠᠶ ᠨᠢ 25106.68 ᠬᠠᠪᠲᠠᠭᠠᠢ ᠳᠦᠷᠪᠡᠯᠵᠢᠨ ᠺᠢᠯᠤᠮᠧᠲ᠋ᠧᠷ | ᠪᠠᠶᠢᠵᠤ᠂ ᠪᠥᠬᠦ ᠬᠤᠲᠠ ᠶᠢᠨ ᠨᠤᠲᠤᠭ ᠳᠡᠪᠢᠰᠬᠡᠷ ᠤᠨ ᠲᠠᠯᠠᠪᠠᠶ ᠶᠢᠨ 28.89% ᠶᠢ ᠡᠵᠡᠯᠡᠨ᠎ᠡ᠃ ᠡᠭᠦᠨ ᠳᠤ ᠤᠷᠢᠳᠠᠪᠠᠷ ᠬᠠᠮᠠᠭᠠᠯᠠᠬᠤ ᠨᠢᠭᠡᠴᠡ ᠪᠠ | ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠡ ᠠᠴᠠ ᠪᠤᠰᠤᠳ ᠣᠷᠣᠨ ᠪᠦᠰᠡ ᠶᠢ ᠪᠠᠭᠲᠠᠭᠠᠵᠤ᠂ ᠤᠯᠠᠭᠠᠨᠬᠠᠳᠠ ᠬᠤᠲᠠ ᠶᠢᠨ ᠵᠠᠰᠠᠭ ᠵᠠᠬᠢᠷᠭᠠᠨ ᠤ ᠵᠠᠭᠠᠭ | ᠬᠢᠵᠠᠭᠠᠷ ᠢᠶᠠᠷ ᠬᠦᠷᠢᠶ᠎ᠡ ᠬᠡᠪᠴᠢᠶ᠎ᠡ ᠶᠢ ᠲᠣᠭᠲᠠᠭᠠᠨ᠎ᠠ᠃ ᠡᠩ ᠤᠨ ᠬᠠᠮᠢᠶᠠᠷᠤᠨ ᠡᠵᠡᠮᠳᠡᠬᠦ ᠨᠢᠭᠡᠴᠢ ᠨᠢ ᠭᠤᠣᠯᠳᠠᠭᠤ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠦᠨᠳᠦᠰᠦᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ | | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠡᠷᠡᠭᠯᠡᠬᠦ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ︽ᠭᠤᠷᠪᠠᠨ ᠱᠤᠭᠤᠮ ᠨᠢᠭᠡ ᠬᠠᠭᠤᠳᠠᠰᠤ︾ ᠤᠨ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ᠂ ᠣᠷᠣᠨ ᠪᠦᠰᠡ ᠶᠢᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠠᠵᠤ ᠦᠢᠯᠡᠰ ᠤᠨ | ᠪᠠᠶᠢᠷᠢᠰᠢᠭᠤᠯᠤᠯᠲᠠ ᠪᠣᠯᠤᠨ ᠪᠦᠲᠦᠴᠡ ᠶᠢᠨ ᠲᠤᠬᠢᠷᠠᠭᠤᠯᠤᠯᠳᠠ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ᠂ ᠴᠢᠬᠤᠯᠠ ᠶᠡᠭᠡ ᠲᠦᠷᠦᠯ ᠵᠦᠢᠯ ᠤᠨ ᠭᠠᠵᠠᠷ | ᠰᠣᠩᠭᠤᠯᠲᠠ ᠵᠡᠷᠭᠡ ᠲᠠᠯ᠎ᠠ ᠲᠠᠢ ᠪᠦᠲᠦᠮᠵᠢᠲᠡᠢ ᠵᠣᠯᠭᠠᠭᠤᠯᠬᠤ ᠶᠢ ᠴᠢᠩᠭᠠᠳᠬᠠᠬᠤ ᠬᠡᠷᠡᠭᠲᠡᠢ᠃ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ | ᠲᠥᠰᠦᠯ ᠢ ᠲᠣᠭᠲᠠᠭᠠᠬᠤ ᠳᠠᠭᠠᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ᠂ ᠠᠮᠢ ᠠᠬᠤᠶ ᠶᠢᠨ ᠣᠷᠴᠢᠨ ᠲᠣᠭᠤᠷᠢᠨ ᠤ | ᠵᠥᠪᠰᠢᠶᠡᠷᠡᠯ ᠤᠨ ᠱᠠᠭᠠᠷᠳᠠᠯᠭ᠎ᠠ ᠶᠢ ᠴᠢᠬᠤᠯᠠ ᠦᠨᠳᠦᠰᠦᠯᠡᠯ ᠪᠣᠯᠭᠠᠵᠤ᠂ ︽ᠭᠤᠷᠪᠠᠨ ᠱᠤᠭᠤᠮ ᠨᠢᠭᠡ ᠬᠠᠭᠤᠳᠠᠰᠤ︾ ᠯᠤᠭ᠎ᠠ ᠶᠢᠨ ᠵᠣᠬᠢᠴᠠᠯᠳᠤ ᠴᠢᠨᠠᠷᠲᠠᠶ | ᠵᠠᠳᠠᠯᠤᠯᠲᠠ ᠶᠢ ᠴᠢᠩᠭᠠᠳᠬᠠᠨ᠎ᠠ᠃ ᠡᠭᠦᠨ ᠤ ᠵᠡᠷᠭᠡᠪᠡᠷ᠂ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠪᠣᠬᠢᠷᠲᠤᠯ ᠢ | ᠰᠡᠷᠭᠡᠶᠢᠯᠡᠨ ᠵᠠᠰᠠᠬᠤ᠂ ᠠᠮᠢ ᠠᠬᠤᠢ ᠶᠢ ᠬᠠᠮᠠᠭᠠᠯᠠᠬᠤ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠴᠢᠬᠤᠯᠠ | ᠦᠨᠳᠦᠰᠦᠯᠡᠯ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠠᠮᠢ ᠠᠬᠤᠢ᠂ ᠤᠰᠤ᠂ | ᠠᠭᠠᠷ ᠮᠠᠨᠳᠠᠯ᠂ ᠬᠥᠷᠥᠰᠥ ᠰᠢᠷᠣᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠦᠨᠡᠯᠡᠬᠦ ᠵᠥᠪᠰᠢᠶᠡᠷᠡᠯ᠂ | ᠪᠣᠬᠢᠷᠲᠤᠯ ᠭᠠᠳᠠᠭᠰᠢᠯᠠᠭᠤᠯᠬᠤ ᠶᠢ ᠵᠥᠪᠰᠢᠶᠡᠷᠡᠬᠦ ᠵᠡᠷᠭᠡ ᠣᠷᠴᠢᠨ ᠲᠣᠭᠤᠷᠢᠨ ᠤ ᠬᠠᠮᠢᠶᠠᠷᠤᠯᠲᠠ ᠳᠤ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠦᠷ᠎ᠡ | ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠲᠦᠪᠰᠢᠨ ᠢᠶᠠᠷ ᠬᠠᠮᠠᠭᠠᠯᠠᠬᠤ ᠶᠢ ᠠᠬᠢᠭᠤᠯᠤᠨ᠎ᠠ᠃ | ︵ᠬᠤᠶᠠᠷ︶ ᠲᠠᠪᠴᠠᠩ ᠢ ᠵᠣᠯᠭᠠᠭᠤᠯᠬᠤ ᠵᠢᠴᠢ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠴᠢᠩᠭᠠᠷᠠᠭᠤᠯᠤᠨ᠎ᠠ᠃ ᠬᠤᠲᠠ ᠶᠢᠨ ᠠᠮᠢ ᠠᠬᠤᠶ ᠶᠢᠨ ᠣᠷᠴᠢᠨ | ᠲᠣᠭᠤᠷᠢᠨ ᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠬᠡᠷᠡᠭᠯᠡᠭᠡᠨ ᠤ ᠲᠠᠪᠴᠠᠩ ᠯᠤᠭ᠎ᠠ ᠵᠣᠯᠭᠠᠭᠤᠯᠬᠤ ᠶᠢ ᠲᠦᠷᠦᠭᠦᠯᠡᠨ ᠰᠠᠶᠢᠲᠤᠷ ᠬᠢᠵᠦ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠲᠤᠭ᠎ᠠ ᠪᠠᠷᠢᠮᠲᠠ ᠶᠢᠨ | ᠬᠡᠷᠡᠭᠯᠡᠭᠡᠨ ᠤ ᠰᠢᠰᠲ᠋ᠧᠮ ᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ᠂ ᠬᠤᠯᠪᠣᠭᠳᠠᠯ ᠪᠥᠬᠦᠶ ᠰᠠᠯᠠᠭ᠎ᠠ ᠮᠥᠴᠢᠷ | ᠤᠨ ᠲᠤᠬᠠᠶᠢᠯᠠᠭᠰᠠᠨ ᠠᠵᠢᠯ ᠤᠨ ᠲᠠᠪᠴᠠᠩ ᠯᠤᠭ᠎ᠠ ᠵᠣᠯᠭᠠᠭᠤᠯᠬᠤ ᠶᠢ ᠴᠢᠩᠭᠠᠳᠬᠠᠵᠤ᠂ ᠨᠠᠶᠢᠷᠠᠭᠤᠯᠤᠨ ᠵᠣᠬᠢᠶᠠᠭᠰᠠᠨ ᠦᠷ᠎ᠡ ᠪᠦᠲᠦᠭᠡᠯ ᠢ ᠮᠡᠳᠡᠭᠡ ᠵᠠᠩᠭᠢᠵᠢᠭᠤᠯᠤᠨ | ᠬᠡᠷᠡᠭᠯᠡᠬᠦ ᠪᠠ ᠲᠤᠭ᠎ᠠ ᠪᠠᠷᠢᠮᠲᠠ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠶ᠃ | ︵ᠭᠤᠷᠪᠠ︶ ᠦᠷ᠎ᠡ ᠪᠦᠲᠦᠭᠡᠯ ᠢ ᠬᠥᠳᠡᠯᠦᠩᠭᠦᠶ ᠪᠠᠷ ᠰᠢᠨᠡᠳᠬᠡᠬᠦ ᠶᠢ ᠬᠡᠷᠡᠭᠵᠢᠭᠦᠯᠦᠨ᠎ᠡ᠃ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ︽ᠭᠤᠷᠪᠠᠨ ᠱᠤᠭᠤᠮ ᠨᠢᠭᠡ ᠬᠠᠭᠤᠳᠠᠰᠤ︾ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ | ᠵᠢᠱᠢᠬᠦ ᠶᠢ ᠴᠠᠭ ᠲᠤᠨᠢ ᠳᠣᠭᠢᠷᠠᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠨ ︽ᠭᠤᠷᠪᠠᠨ ᠱᠤᠭᠤᠮ ᠨᠢᠭᠡ | ᠬᠠᠭᠤᠳᠠᠰᠤ︾ ᠶᠢ ᠰᠢᠨᠡᠳᠬᠡᠨ ᠳᠣᠭᠢᠷᠠᠭᠤᠯᠬᠤ ᠲᠥᠰᠦᠯ ᠢ ᠨᠠᠶᠢᠷᠠᠭᠤᠯᠤᠨ ᠵᠣᠬᠢᠶᠠᠵᠤ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠶᠠᠷᠢᠯᠴᠠᠭᠤᠯᠵᠤ | ᠨᠡᠶᠢᠲᠡᠯᠡᠨ᠎ᠡ᠃ ᠤᠯᠤᠰ ᠪᠣᠯᠤᠨ ᠣᠷᠣᠨ ᠨᠤᠲᠤᠭ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠬᠠᠷᠠᠯᠲᠠ ᠵᠡᠷᠭᠡ ᠶᠢᠨ | ᠬᠤᠪᠢᠷᠠᠯᠲᠠ ᠠᠴᠠ ᠪᠣᠯᠵᠤ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠭᠤᠯᠭ᠎ᠠ ᠳᠤ ᠲᠤᠬᠢᠷᠠᠭᠤᠯᠤᠯᠳᠠ ᠬᠢᠬᠦ ᠴᠢᠬᠤᠯᠠᠲᠠᠢ ᠪᠣᠯ᠂ ᠲᠡᠰ ᠳᠠᠷᠠᠭᠠᠯᠠᠯ | ᠶᠣᠰᠣᠭᠠᠷ ᠴᠠᠭ ᠲᠤᠬᠠᠢ ᠳᠤᠨᠢ ᠰᠢᠨᠡᠳᠬᠡᠬᠦ ᠪᠠ ᠬᠥᠳᠡᠯᠦᠩᠭᠦᠢ ᠪᠠᠷ ᠰᠢᠨᠡᠳᠬᠡᠬᠦ ᠶᠢ ᠥᠷᠨᠢᠭᠦᠯᠬᠦ ᠬᠡᠷᠡᠭᠲᠡᠢ᠃ | ︵ᠳᠥᠷᠪᠡ︶ ᠬᠤᠯᠪᠣᠭᠳᠠᠯ ᠪᠥᠬᠦᠶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ︽ᠭᠤᠷᠪᠠᠨ ᠱᠤᠭᠤᠮ ᠨᠢᠭᠡ ᠬᠠᠭᠤᠳᠠᠰᠤ︾ ᠶᠢ | ᠬᠡᠷᠡᠭᠵᠢᠭᠦᠯᠬᠦ᠂ ᠦᠨᠡᠯᠡᠨ ᠵᠢᠱᠢᠬᠦ᠂ ᠲᠣᠬᠢᠷᠠᠭᠤᠯᠤᠨ ᠰᠢᠨᠡᠳᠬᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠬᠤᠲᠠ ᠶᠢᠨ ᠠᠮᠢ ᠠᠬᠤᠶ ᠶᠢᠨ | ᠣᠷᠴᠢᠨ ᠲᠣᠭᠤᠷᠢᠨ ᠤ ᠲᠣᠪᠴᠢᠶ᠎ᠠ ᠨᠢ ᠣᠷᠳᠣ ᠬᠤᠭᠤᠴᠠᠭᠠᠨ ᠤ ᠲᠣᠭᠲᠠᠪᠤᠷᠢᠲᠠᠶ ᠲᠤᠰᠬᠠᠶ ᠮᠡᠷᠭᠡᠵᠢᠯ ᠤᠨ ᠪᠦᠯᠬᠦᠮ ᠢ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ | ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠢ ᠬᠡᠷᠡᠭᠵᠢᠭᠦᠯᠬᠦ᠂ ᠦᠨᠡᠯᠡᠨ ᠵᠢᠱᠢᠬᠦ᠂ ᠰᠢᠨᠡᠳᠬᠡᠵᠦ ᠳᠣᠭᠢᠷᠠᠭᠤᠯᠬᠤ ᠪᠠ ᠤᠬᠠᠭᠤᠯᠬᠤ ᠵᠡᠷᠭᠡ | ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠲᠤᠰᠬᠠᠶ ᠵᠦᠢᠯ ᠤᠨ ᠪᠠᠯᠠ ᠮᠥᠩᠭᠦ | ᠳᠣᠭᠢᠷᠠᠭᠤᠯᠵᠤ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠢ ᠬᠡᠷᠡᠭᠵᠢᠭᠦᠯᠬᠦ᠂ ᠦᠨᠡᠯᠡᠨ ᠵᠢᠱᠢᠬᠦ᠂ ᠰᠢᠨᠡᠳᠬᠡᠨ ᠳᠣᠭᠢᠷᠠᠭᠤᠯᠬᠤ᠂ ᠲᠤᠭ᠎ᠠ | ᠪᠠᠷᠢᠮᠲᠠ ᠶᠢ ᠬᠡᠷᠡᠭᠯᠡᠬᠦ ᠪᠠ ᠬᠠᠮᠠᠭᠠᠯᠠᠬᠤ ᠵᠡᠷᠭᠡ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ | ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠶ ᠭᠦᠢᠴᠡᠳᠬᠡᠵᠦ᠂ ᠢᠳᠡᠪᠬᠢᠲᠡᠶ ᠪᠠᠷ ᠬᠠᠮᠵᠢᠯᠴᠠᠨ᠂ ᠪᠥᠬᠦ ᠬᠤᠲᠠ ᠶᠢᠨ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ | |