ᠭᠤᠣᠯ ᠡᠭᠦᠷᠭᠡ ᠬᠠᠷᠢᠭᠤᠴᠠᠯᠭ᠎ᠠ᠄ | ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ᠂ ᠠᠵᠢᠯ | ᠲᠥᠷᠥᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ | ᠵᠠᠰᠠᠭ ᠤᠨ ᠣᠷᠳᠣᠨ ᠠᠴᠠ ᠡᠷᠬᠡ ᠣᠯᠭᠤᠭᠰᠠᠨ ᠶᠣᠰᠣᠭᠠᠷ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠢᠬᠤᠯᠠ ᠬᠡᠷᠡᠭᠰᠡᠯ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠵᠡᠩᠨᠡᠯᠲᠡ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠬᠠᠮᠢᠶᠠᠷᠤᠨ᠎ᠠ᠃ | ᠬᠥᠳᠡᠭᠡ ᠲᠤᠰᠬᠤᠨ ᠮᠠᠯᠵᠢᠬᠤ ᠣᠷᠣᠨ ᠤ ᠲᠠᠸᠠᠷ ᠤᠨ ᠭᠦᠢᠯᠭᠡᠭᠡᠨ ᠤ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ | ᠪᠠ ᠬᠠᠮᠢᠶᠠᠷᠬᠤ ᠶᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠤᠨ ᠣᠲᠣ ᠦᠶ᠎ᠡ ᠶᠢᠨ ᠡᠵᠡᠩᠨᠡᠯᠲᠡ ᠶᠢᠨ | ᠦᠢᠯᠡᠴᠢᠯᠡᠭᠡᠨ ᠤ ᠲᠣᠤᠷ ᠰᠦᠯᠵᠢᠶ᠎ᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠤᠳᠠᠯᠳᠤᠨ ᠠᠪᠴᠤ ᠪᠣᠷᠣᠯᠠᠭᠤᠯᠬᠤ | ᠲᠣᠤᠷ ᠰᠦᠯᠵᠢᠶ᠎ᠡ᠂ ᠬᠥᠳᠡᠭᠡ ᠲᠤᠰᠬᠤᠨ ᠮᠠᠯᠵᠢᠬᠤ ᠣᠷᠣᠨ ᠤ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠣᠲᠣ ᠦᠶ᠎ᠡ ᠶᠢᠨ ᠡᠵᠡᠩᠨᠡᠯᠲᠡ ᠶᠢᠨ ᠲᠣᠤᠷ | ᠰᠦᠯᠵᠢᠶ᠎ᠡ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠲᠣᠤᠷ ᠰᠦᠯᠵᠢᠶ᠎ᠡ᠂ ᠬᠤᠸᠠᠷ ᠫᠤᠤᠵᠢᠩ ᠡᠵᠡᠩᠨᠡᠬᠦ ᠲᠣᠤᠷ ᠰᠦᠯᠵᠢᠶ᠎ᠡ ᠵᠡᠷᠭᠡ ᠰᠢᠨ᠎ᠡ | ᠮᠠᠯᠵᠢᠬᠤ ᠲᠠᠷᠢᠶᠠᠯᠠᠬᠤ ᠣᠷᠣᠨ ᠤ ᠣᠲᠣ ᠦᠶ᠎ᠡ ᠶᠢᠨ ᠭᠦᠢᠯᠭᠡᠭᠡᠨ ᠤ ᠦᠢᠯᠡᠴᠢᠯᠡᠭᠡᠨ ᠤ ᠲᠣᠤᠷ ᠰᠦᠯᠵᠢᠶ᠎ᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠪᠣᠳᠠᠲᠠᠶ ᠬᠡᠷᠡᠭᠵᠢᠭᠦᠯᠦᠨ᠎ᠡ᠃ | ᠲᠠᠷᠢᠶᠠᠴᠢᠨ ᠮᠠᠯᠴᠢᠳ ᠤᠨ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠥᠭᠵᠢᠭᠦᠯᠬᠦ ᠶᠢ ᠬᠠᠷᠢᠭᠤᠴᠠᠵᠤ᠂ | ᠣᠷᠣᠨ ᠪᠦᠰᠡ ᠶᠢᠨ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢ ᠠᠵᠤ ᠦᠢᠯᠡᠰᠵᠢᠭᠦᠯᠦᠨ ᠡᠵᠡᠩᠨᠡᠬᠦ᠂ ᠲᠠᠷᠢᠶᠠᠯᠠᠩ ᠮᠠᠯ ᠠᠵᠤ ᠠᠬᠤᠶ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠵᠢᠴᠢ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠵᠡᠷᠭᠡ ᠠᠵᠢᠯ ᠳᠤ ᠣᠷᠣᠯᠴᠠᠬᠤ ᠶᠢ ᠬᠠᠷᠢᠭᠤᠴᠠᠨ᠎ᠠ᠃ | ᠴᠢᠬᠤᠯᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠴᠥᠭᠡᠨ ᠲᠣᠭᠠᠲᠤ | ᠦᠨᠳᠦᠰᠦᠲᠡᠨ ᠤ ᠣᠨᠴᠠ ᠬᠡᠷᠡᠭᠴᠡᠭᠡᠲᠦ ᠪᠦᠲᠦᠭᠡᠭᠳᠡᠬᠦᠨ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠵᠡᠷᠭᠡ ᠲᠠᠸᠠᠷ ᠨᠥᠭᠡᠴᠡᠯᠡᠵᠦ ᠬᠠᠩᠭᠠᠬᠤ ᠡᠭᠦᠷᠭᠡ ᠶᠢ | ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃ | ᠦᠨᠳᠦᠰᠦᠨ ᠱᠠᠲᠤᠨ ᠤ ᠬᠤᠷᠰᠢᠶ᠎ᠠ᠂ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶ᠎ᠠ ᠪᠣᠯᠤᠨ ᠲᠤᠰᠬᠠᠶ ᠠᠵᠢᠯ ᠤᠨ ᠬᠤᠷᠰᠢᠶ᠎ᠠ ᠪᠠᠷ ᠦᠨᠳᠦᠰᠦᠨ ᠵᠣᠬᠢᠶᠠᠨ | ᠪᠠᠶᠢᠭᠤᠯᠤᠯᠲᠠ ᠶᠢᠨ ᠬᠡᠯᠪᠡᠷᠢ ᠪᠣᠯᠭᠠᠬᠤ ᠶᠢ ᠬᠠᠷᠢᠭᠤᠴᠠᠵᠤ᠂ ᠦᠢᠯᠡᠴᠢᠯᠡᠭᠡᠨ ᠤ ᠬᠦᠷᠢᠶ᠎ᠡ ᠶᠢ ᠥᠷᠭᠡᠨ ᠢᠶᠠᠷ ᠥᠷᠭᠡᠳᠬᠡᠵᠦ᠂ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠪᠣᠯᠤᠨ ᠲᠠᠷᠢᠶᠠᠴᠢᠨ ᠮᠠᠯᠴᠢᠳ ᠤᠨ ᠠᠮᠢᠳᠤᠷᠠᠯ ᠳᠤ ᠦᠢᠯᠡᠴᠢᠯᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ | ᠲᠣᠰ ᠱᠠᠲᠤᠨ ᠤ ᠬᠤᠯᠪᠣᠭᠠᠲᠤ ᠬᠤᠷᠰᠢᠶ᠎ᠠ ᠶᠢᠨ ᠥᠮᠴᠢᠯᠡᠯᠲᠦ ᠡᠳ᠋ ᠬᠥᠷᠥᠩᠭᠡ ᠶᠢᠨ ᠪᠠᠯᠠ ᠭᠠᠷᠭᠠᠭᠴᠢ ᠶᠢᠨ ᠲᠥᠯᠥᠭᠡᠯᠡᠭᠴᠢ ᠶᠢᠨ ᠡᠭᠦᠷᠭᠡ ᠴᠢᠳᠠᠪᠤᠷᠢ ᠶᠢ | ᠬᠠᠷᠢᠭᠤᠴᠠᠨ ᠬᠡᠷᠡᠭᠵᠢᠭᠦᠯᠵᠦ᠂ ᠬᠤᠷᠰᠢᠶ᠎ᠠ ᠶᠢᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠳᠤ ᠬᠢᠨᠠᠯᠲᠠ ᠲᠠᠯᠪᠢᠨ᠎ᠠ᠃ | ᠲᠤᠰ ᠣᠷᠣᠨ ᠤ ᠪᠠᠨ ᠬᠠᠩᠭᠠᠨ ᠪᠣᠷᠣᠯᠠᠭᠤᠯᠬᠤ ᠬᠤᠷᠰᠢᠶ᠎ᠠ ᠶᠢ ᠲᠥᠯᠥᠭᠡᠯᠡᠨ ᠳᠡᠭᠡᠳᠦ ᠱᠠᠲᠤᠨ ᠤ ᠬᠤᠷᠰᠢᠶ᠎ᠠ ᠪᠠ ᠭᠠᠳᠠᠭᠠᠳᠤ ᠶᠢᠨ ᠬᠤᠷᠰᠢᠬᠰᠠᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠬᠤ ᠶᠢ ᠬᠠᠷᠢᠭᠤᠴᠠᠨ᠎ᠠ᠃ | | | ᠬᠠᠶ᠋ᠢᠭ᠄ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠬᠠᠰ ᠯᠤᠤ ᠶᠡᠭᠡ ᠵᠡᠭᠡᠯᠢ ᠶᠢᠨ 58 ᠳ᠋ᠤᠭᠠᠷ ᠨᠣᠮᠧᠷ | ᠬᠠᠷᠢᠯᠴᠠᠬᠤ ᠤᠲᠠᠰᠤ᠄ 0476 — 8425580 | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 14᠄ | 30 — 17᠄ 30 | |