ᠤᠯᠠᠭᠠᠨᠬᠠᠳᠠ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/12/14
     ᠠᠵᠢᠯ ᠤᠨ ᠡᠭᠦᠷᠭᠡ ᠬᠠᠷᠢᠭᠤᠴᠠᠯᠭ᠎ᠠ᠄      ᠤᠯᠠᠭᠠᠨᠬᠠᠳᠠ ᠬᠤᠲᠠ ᠶᠢᠨ ᠵᠠᠬᠢᠳᠠᠯ ᠰᠣᠷᠪᠤᠯᠵᠢᠯᠠᠯ ᠤᠨ ᠲᠣᠪᠴᠢᠶ᠎ᠠ ᠵᠠᠬᠢᠳᠠᠯ ᠰᠣᠷᠪᠤᠯᠵᠢᠯᠠᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠵᠠᠬᠢᠳᠠᠯ ᠰᠣᠷᠪᠤᠯᠵᠢᠯᠠᠯ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠣᠷᠪᠤᠯᠵᠢᠯᠠᠯ ᠤᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠪᠠ ᠭᠦᠢᠴᠡᠳᠭᠡᠬᠦ ᠠᠵᠢᠯ ᠢ ᠬᠠᠷᠢᠭᠤᠴᠠᠨ᠎ᠠ᠃      ︵ᠬᠤᠶᠠᠷ︶ ᠳᠡᠭᠡᠳᠦ ᠱᠠᠲᠤᠨ ᠤ ᠪᠠᠶᠢᠭᠤᠯᠭ᠎ᠠ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠤᠯᠭ᠎ᠠ ᠶᠢᠨ ᠲᠤᠰᠢᠶᠠᠭᠰᠠᠨ ᠵᠠᠬᠢᠳᠠᠯ ᠰᠣᠷᠪᠤᠯᠵᠢᠯᠠᠯ ᠤᠨ ᠵᠦᠢᠯᠡᠰ ᠢ ᠬᠠᠷᠢᠭᠤᠴᠠᠨ ᠳᠠᠭᠠᠭᠠᠨ ᠰᠢᠢᠳᠪᠦᠷᠢᠯᠡᠵᠦ᠂ ᠬᠤᠲᠠ ᠶᠢᠨ ᠵᠠᠰᠠᠭ ᠤᠨ ᠣᠷᠳᠣᠨ ᠳᠤ ᠳᠠᠪᠲᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠪᠠᠷ ᠭᠤᠶᠤᠴᠢᠯᠠᠭᠰᠠᠨ ᠵᠠᠬᠢᠳᠠᠯ ᠰᠣᠷᠪᠤᠯᠵᠢᠯᠠᠯ ᠤᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠨ᠎ᠡ᠃ ᠡᠯ᠎ᠡ ᠬᠤᠰᠢᠭᠤ ᠰᠢᠶᠠᠨ ᠲᠣᠭᠤᠷᠢᠭ ᠵᠢᠴᠢ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠵᠠᠬᠢᠳᠠᠯ ᠰᠣᠷᠪᠤᠯᠵᠢᠯᠠᠯ ᠤᠨ ᠵᠦᠢᠯᠡᠰ ᠢ ᠰᠢᠯᠵᠢᠭᠦᠯᠦᠨ ᠰᠢᠢᠳᠪᠦᠷᠢᠯᠡᠭᠦᠯᠵᠦ᠂ ᠲᠤᠰᠢᠶᠠᠨ ᠰᠢᠢᠳᠪᠦᠷᠢᠯᠡᠭᠦᠯᠦᠨ᠎ᠡ᠃      ︵ᠭᠤᠷᠪᠠ︶ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠣᠷᠪᠤᠯᠵᠢᠯᠠᠯ ᠤᠨ ᠠᠵᠢᠯ ᠢ ᠵᠣᠬᠢᠴᠠᠭᠤᠯᠤᠨ ᠵᠢᠯᠣᠭᠤᠳᠴᠤ᠂ ᠵᠠᠬᠢᠳᠠᠯ ᠰᠣᠷᠪᠤᠯᠵᠢᠯᠠᠯ ᠤᠨ ᠵᠦᠢᠯᠡᠰ ᠢ ᠰᠢᠢᠳᠪᠦᠷᠢᠯᠡᠵᠦ ᠪᠠᠶᠢᠭ᠎ᠠ ᠪᠠ ᠵᠠᠬᠢᠳᠠᠯ ᠰᠣᠷᠪᠤᠯᠵᠢᠯᠠᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠱᠠᠭᠠᠷᠳᠠᠨ ᠪᠠᠶᠢᠴᠠᠭᠠᠵᠤ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ ᠰᠣᠷᠪᠤᠯᠵᠢᠯᠠᠯ ᠤᠨ ᠵᠦᠢᠯᠡᠰ ᠢ ᠵᠣᠬᠢᠴᠠᠭᠤᠯᠤᠨ ᠱᠠᠭᠠᠷᠳᠠᠨ ᠰᠢᠢᠳᠪᠦᠷᠢᠯᠡᠨ᠎ᠡ᠃      ︵ᠳᠥᠷᠪᠡ︶ ᠵᠠᠬᠢᠳᠠᠯ ᠰᠣᠷᠪᠤᠯᠵᠢᠯᠠᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠬᠠᠷᠢᠭᠤᠴᠠᠨ᠎ᠠ᠃ ᠵᠠᠬᠢᠳᠠᠯ ᠰᠣᠷᠪᠤᠯᠵᠢᠯᠠᠯ ᠤᠨ ᠪᠠᠶᠢᠳᠠᠯ ᠢ ᠵᠠᠳᠠᠯᠤᠨ ᠰᠢᠨᠵᠢᠯᠡᠬᠦ ᠶᠢ ᠬᠠᠷᠢᠭᠤᠴᠠᠵᠤ᠂ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠨ᠂ ᠠᠷᠠᠳ ᠣᠯᠠᠨ ᠤ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠰᠠᠨᠠᠯ ᠪᠠ ᠰᠠᠨᠠᠭᠤᠯᠭ᠎ᠠ ᠳᠤᠷᠠᠳᠤᠨ᠎ᠠ᠃      ︵ᠲᠠᠪᠤ︶ ᠵᠠᠬᠢᠳᠠᠯ ᠰᠣᠷᠪᠤᠯᠵᠢᠯᠠᠯ ᠤᠨ ᠠᠵᠢᠯ ᠤᠨ ᠳᠦᠷᠢᠮ ᠤᠨ ᠥᠭᠡᠷᠡᠴᠢᠯᠡᠯᠲᠡ ᠪᠠ ᠵᠠᠬᠢᠳᠠᠯ ᠰᠣᠷᠪᠤᠯᠵᠢᠯᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠣᠷᠪᠤᠯᠵᠢᠯᠠᠯ ᠤᠨ ᠠᠵᠢᠯ ᠤᠨ ᠳᠦᠷᠢᠮᠵᠢᠭᠰᠡᠨ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠨ᠎ᠠ᠃ ᠪᠦᠬᠦ ᠬᠤᠲᠠ ᠶᠢᠨ ᠵᠠᠬᠢᠳᠠᠯ ᠰᠣᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠭᠠᠨ ᠵᠢᠯᠣᠭᠤᠳᠤᠨ᠎ᠠ᠃      ︵ᠵᠢᠷᠭᠤᠭ᠎ᠠ︶ ᠬᠤᠲᠠ ᠶᠢᠨ ᠵᠠᠬᠢᠳᠠᠯ ᠰᠣᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠤᠲᠠ ᠶᠢᠨ ᠵᠠᠬᠢᠳᠠᠯ ᠰᠣᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠲᠣᠭᠲᠠᠭᠠᠭᠰᠠᠨ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠱᠠᠭᠠᠷᠳᠠᠨ ᠪᠠᠶᠢᠴᠠᠭᠠᠨ᠎ᠠ᠃      ︵ᠳᠣᠯᠤᠭ᠎ᠠ︶ ᠵᠠᠬᠢᠳᠠᠯ ᠰᠣᠷᠪᠤᠯᠵᠢᠯᠠᠯ ᠤᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ ᠭᠠᠳᠠᠭᠰᠢ ᠰᠣᠯᠢᠯᠴᠠᠬᠤ ᠶᠢ ᠬᠠᠷᠢᠭᠤᠴᠠᠨ᠎ᠠ᠃      ︵ᠨᠠᠢᠮᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃      ᠬᠠᠷᠢᠯᠴᠠᠬᠤ ᠤᠳᠠᠰᠤ᠄ 0476 — 8827595      ᠠᠵᠢᠯᠯᠠᠬᠤ ᠬᠠᠶ᠋ᠢᠭ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠠ ᠮᠢᠩ ᠵᠡᠭᠡᠯᠢ ᠶᠢᠨ 13 ᠳ᠋ᠤᠭᠠᠷ ᠨᠣᠮᠧᠷ      ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 8᠄ 30 — 12᠄ 00 14᠄ 30 — 17᠄ 30
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ