ᠤᠯᠠᠭᠠᠨᠬᠠᠳᠠ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/12/16
     ᠭᠤᠣᠯ ᠡᠭᠦᠷᠭᠡ ᠬᠠᠷᠢᠭᠤᠴᠠᠯᠭ᠎ᠠ᠄      ᠨᠢᠭᠡᠳᠦᠭᠡᠷ ᠵᠣᠷᠪᠤᠰ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠤᠯᠠᠭᠠᠨᠬᠠᠳᠠ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠤᠯᠠᠭᠠᠨᠬᠠᠳᠠ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ      ᠬᠤᠶᠠᠳᠤᠭᠠᠷ ᠵᠤᠷᠪᠤᠰ᠄ ᠤᠯᠠᠭᠠᠨᠬᠠᠳᠠ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠪᠣᠯ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠭᠠᠵᠠᠷ ᠤᠨ ᠲᠠᠰ ᠪᠣᠯᠤᠨ᠎ᠠ᠃ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠨᠢᠭᠡᠳᠦᠯᠲᠡᠶ ᠬᠠᠮᠢᠶᠠᠷᠴᠤ ᠵᠣᠬᠢᠴᠠᠭᠤᠯᠤᠨ᠎ᠠ᠃      ᠭᠤᠷᠪᠠᠳᠤᠭᠠᠷ ᠵᠤᠷᠪᠤᠰ ᠤᠯᠠᠭᠠᠨᠬᠠᠳᠠ ᠬᠤᠲᠠ ᠶᠢᠨ ᠪᠠᠶᠢᠭᠤᠯᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠪᠠᠶᠢᠭᠤᠯᠤᠯᠭ᠎ᠠ ᠶᠢᠨ ᠶᠠᠪᠤᠳᠠᠯ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠲᠦᠷᠢᠮ ᠲᠣᠭᠲᠠᠭᠠᠯ ᠪᠣᠯᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠠᠶᠢᠭᠤᠯᠤᠯᠭ᠎ᠠ ᠶᠢᠨ ᠶᠠᠪᠤᠳᠠᠯ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠪᠥᠬᠦ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠪᠠ ᠲᠥᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ᠂ ᠪᠠᠲᠤᠯᠠᠭ᠎ᠠ ᠪᠠ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠵᠤ᠂ ᠵᠢᠯᠣᠭᠤᠳᠴᠤ᠂ ᠬᠢᠨᠠᠯᠲᠠ ᠲᠠᠯᠪᠢᠨ᠎ᠠ᠃      ︵ᠬᠤᠶᠠᠷ︶ ᠪᠥᠬᠦ ᠬᠤᠲᠠ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠳᠣᠭᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠦᠷᠢᠮ ᠤᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠲᠦᠯᠬᠢᠨ ᠠᠬᠢᠭᠤᠯᠤᠨ᠎ᠠ᠃ ᠪᠥᠬᠦ ᠬᠤᠲᠠ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠳᠣᠭᠢᠷᠠᠭᠤᠯᠬᠤ᠂ ᠰᠢᠨᠡᠳᠬᠡᠬᠦ᠂ ᠰᠢᠢᠳᠪᠦᠷᠢᠯᠡᠬᠦ ᠵᠢᠴᠢ ᠪᠠᠷᠢᠮᠵᠢᠶ᠎ᠠ ᠶᠢ ᠬᠢᠨᠠᠨ ᠬᠠᠷᠭᠤᠭᠤᠯᠬᠤ ᠠᠵᠢᠯ ᠢ ᠭᠦᠢᠴᠡᠳᠭᠡᠨ᠎ᠡ᠃ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠯᠪᠠᠨ ᠬᠡᠷᠡᠭᠯᠡᠭᠡᠨ ᠤ ᠬᠡᠷ ᠪᠠᠶᠢᠰᠢᠩ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠡᠷᠬᠡ ᠶᠢᠨ ᠬᠠᠷᠢᠶᠠᠯᠠᠯ ᠢ ᠳᠠᠩᠰᠠᠯᠠᠬᠤ᠂ ᠬᠡᠷᠡᠭᠯᠡᠵᠦ ᠳᠣᠭᠢᠷᠠᠭᠤᠯᠬᠤ ᠠᠵᠢᠯ ᠢ ᠵᠢᠷᠤᠮᠵᠢᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠠᠯᠪᠠᠨ ᠬᠡᠷᠡᠭᠯᠡᠭᠡᠨ ᠤ ᠬᠡᠷ ᠪᠠᠶᠢᠰᠢᠩ ᠢ ᠰᠢᠢᠳᠪᠦᠷᠢᠯᠡᠬᠦ᠂ ᠥᠭᠡᠷᠡᠴᠢᠯᠡᠬᠦ᠂ ᠰᠡᠯᠪᠢᠨ ᠵᠠᠰᠠᠬᠤ ᠵᠡᠷᠭᠡ ᠠᠵᠢᠯ ᠢ ᠵᠢᠯᠣᠭᠤᠳᠴᠤ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠬᠡᠷ ᠪᠠᠶᠢᠰᠢᠩ ᠢ ᠢᠯᠭᠠᠷᠠᠭᠤᠯᠤᠨ ᠴᠡᠪᠡᠷᠯᠡᠨ ᠴᠡᠭᠴᠡᠯᠡᠬᠦ ᠡᠭᠦᠷᠭᠡ ᠶᠢ ᠵᠣᠬᠢᠶᠠᠨ ᠪᠠᠶᠢᠭᠤᠯᠤᠨ ᠪᠡᠶᠡᠯᠡᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠪᠠᠶᠢᠭᠤᠯᠬᠤ ᠶᠢ ᠳᠥᠯᠭᠢᠨ ᠠᠬᠢᠭᠤᠯᠤᠨ᠎ᠠ᠃      ︵ᠲᠥᠷᠪᠡ︶ ᠪᠦᠬᠦ ᠬᠤᠲᠠ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ ᠠᠵᠢᠯ ᠢ ᠬᠠᠷᠢᠭᠤᠴᠠᠨ᠎ᠠ᠃ ᠪᠥᠬᠦ ᠬᠤᠳᠠ ᠶᠢᠨ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠥᠬᠦᠢ ᠲᠥᠷᠢᠮ᠂ ᠵᠢᠷᠤᠮᠵᠢᠯ᠂ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠪᠥᠬᠦ ᠬᠤᠲᠠ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠪᠣᠳᠠᠲᠠᠶ ᠠᠵᠢᠯ ᠢ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠵᠢᠯᠣᠭᠤᠳᠤᠨ ᠬᠡᠷᠡᠭᠵᠢᠭᠦᠯᠵᠦ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ  ᠡᠨᠧᠷᠭᠢ ᠠᠷᠪᠢᠯᠠᠬᠤ ᠶᠢᠨ ᠤᠬᠠᠭᠤᠯᠭ᠎ᠠ᠂ ᠬᠥᠮᠦᠵᠢᠯ ᠪᠠ ᠪᠣᠯᠪᠠᠰᠤᠷᠠᠭᠤᠯᠤᠯ ᠵᠡᠷᠭᠡ ᠠᠵᠢᠯ ᠢ ᠥᠷᠨᠢᠭᠦᠯᠦᠨ᠎ᠡ᠃      ︵ᠲᠠᠪᠤ︶ ᠪᠥᠬᠦ ᠬᠤᠲᠠ ᠶᠢᠨ ᠠᠯᠪᠠᠨ ᠶᠠᠪᠤᠳᠠᠯ ᠤᠨ ᠵᠣᠴᠢᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠯᠪᠠᠨ ᠶᠠᠪᠤᠳᠠᠯ ᠤᠨ ᠵᠣᠴᠢᠯᠠᠬᠤ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠦᠷᠢᠮ ᠢ ᠲᠡᠭᠦᠯᠳᠡᠷᠵᠢᠭᠦᠯᠵᠦ᠂ ᠠᠯᠪᠠᠨ ᠶᠠᠪᠤᠳᠠᠯ ᠤᠨ ᠵᠣᠴᠢᠯᠠᠬᠤ ᠶᠢᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠤᠲᠠ ᠶᠢᠨ ᠲᠣᠰ ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠶᠠᠪᠤᠳᠠᠯ ᠤᠨ ᠵᠣᠴᠢᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠠᠯᠪᠠᠨ ᠶᠠᠪᠤᠳᠠᠯ ᠤᠨ ᠵᠣᠴᠢᠯᠠᠬᠤ ᠶᠢᠨ ᠦᠢᠯᠡᠴᠢᠯᠡᠭᠡᠨ ᠤ ᠨᠡᠶᠢᠭᠡᠮᠴᠢᠯᠡᠭᠰᠡᠨ ᠥᠭᠡᠷᠡᠴᠢᠯᠡᠯᠲᠡ ᠶᠢ ᠠᠬᠢᠭᠤᠯᠵᠤ᠂ ᠨᠡᠶᠢᠭᠡᠮ ᠤᠨ ᠡᠬᠢ ᠪᠠᠶᠠᠯᠢᠭ ᠢ ᠪᠦᠲᠦᠮᠵᠢᠲᠡᠶ ᠠᠰᠢᠭᠯᠠᠨ ᠠᠯᠪᠠᠨ ᠶᠠᠪᠤᠳᠠᠯ ᠤᠨ ᠵᠣᠴᠢᠯᠠᠬᠤ ᠳᠤ ᠬᠤᠨᠣᠬᠤ᠂ ᠬᠤᠭᠤᠯᠠ ᠢᠳᠡᠬᠦ᠂ ᠲᠡᠷᠭᠡ ᠬᠡᠷᠡᠭᠯᠡᠬᠦ ᠵᠡᠷᠭᠡ ᠦᠢᠯᠡᠴᠢᠯᠡᠭᠡ ᠬᠠᠩᠭᠠᠨ᠎ᠠ᠃      ︵ᠵᠢᠷᠭᠤᠭ᠎ᠠ︶ ᠬᠤᠲᠠ ᠶᠢᠨ ᠲᠣᠰ ᠱᠠᠲᠤᠨ ᠤ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ᠂ ᠲᠦᠷᠢᠮ ᠢ ᠲᠤᠭᠤᠷᠪᠢᠨ ᠲᠣᠭᠲᠠᠭᠠᠵᠤ᠂ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠲᠥᠷᠥᠯ ᠵᠦᠢᠯ ᠪᠠ ᠨᠣᠷᠮ᠎ᠠ ᠶᠢᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠥᠬᠦ ᠬᠤᠲᠠ ᠶᠢᠨ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠨᠡᠶᠢᠭᠡᠮᠴᠢᠯᠡᠭᠰᠡᠨ ᠥᠭᠡᠷᠡᠴᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠵᠤ ᠲᠦᠯᠬᠢᠨ ᠠᠬᠢᠭᠤᠯᠤᠨ᠎ᠠ᠃      ︵ᠳᠤᠯᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ᠂ ᠭᠦᠢᠴᠡᠳᠬᠡᠬᠦ ᠪᠠᠷᠢᠮᠵᠢᠶ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠬᠠᠷᠭᠤᠭᠤᠯᠬᠤ ᠶᠢᠨ ᠬᠠᠮᠲᠤ  ᠰᠢᠢᠳᠪᠦᠷᠢᠯᠡᠬᠦ ᠰᠠᠨᠠᠯ ᠳᠤᠷᠠᠳᠤᠨ᠎ᠠ᠃      ︵ᠨᠠᠢᠮᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠲᠠᠪᠤᠳᠤᠭᠠᠷ ᠵᠤᠷᠪᠤᠰ᠄ ᠤᠯᠠᠭᠠᠨᠬᠠᠳᠠ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 15 ᠪᠣᠯᠤᠨ᠎ᠠ᠃ ᠲᠣᠪᠴᠢᠶᠠᠨ ᠳᠠᠷᠤᠭ᠎ᠠ 1 ᠬᠥᠮᠦᠨ ︵ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︶᠂ ᠳᠡᠳ᠋ ᠲᠣᠪᠴᠢᠶᠠᠨ ᠳᠠᠷᠤᠭ᠎ᠠ 2 ᠬᠥᠮᠦᠨ ᠢ ᠲᠣᠬᠢᠷᠠᠭᠤᠯᠤᠨ᠎ᠠ︔ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 9 ᠬᠥᠮᠦᠨ ︵5 ᠵᠢᠩᠬᠢᠨᠢ ︵ᠪᠠᠶᠢᠭᠤᠯᠤᠯᠭ᠎ᠠ ᠶᠢᠨ ᠨᠠᠮ ᠤᠨ ᠶᠠᠪᠤᠳᠠᠯ ᠤᠨ ᠲᠤᠰᠬᠠᠶ ᠠᠵᠢᠯ ᠤᠨ ᠵᠠᠩᠭᠢᠯᠠᠭ᠎ᠠ ᠶᠢᠨ ᠤᠳᠤᠷᠢᠳᠬᠤ ᠲᠤᠰᠢᠶᠠᠯ ᠤᠨ ᠲᠤᠭ᠎ᠠ 1 ᠬᠥᠮᠦᠨ ᠪᠠᠭᠲᠠᠨ᠎ᠠ︶ 4 ᠳᠡᠳ᠋︶᠃      ᠵᠢᠷᠭᠤᠳᠤᠭᠠᠷ ᠵᠤᠷᠪᠤᠰ᠄ ᠤᠯᠠᠭᠠᠨᠬᠠᠳᠠ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃      ᠳᠣᠯᠣᠳᠤᠭᠠᠷ ᠵᠤᠷᠪᠤᠰ᠄ ᠲᠣᠰ ᠲᠣᠭᠲᠠᠭᠠᠯ ᠤᠨ ᠲᠠᠶᠢᠯᠪᠤᠷᠢᠯᠠᠯᠲᠠ ᠶᠢ ᠭᠦᠢᠴᠡᠳᠭᠡᠬᠦ ᠠᠵᠢᠯ ᠢ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠬᠡᠷ ᠠᠴᠠ ᠬᠠᠷᠢᠭᠤᠴᠠᠵᠤ᠂ ᠲᠣᠬᠢᠷᠠᠭᠤᠯᠤᠯᠲᠠ ᠬᠢᠬᠦ ᠶᠢ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠬᠡᠷ ᠠᠴᠠ ᠲᠣᠭᠲᠠᠭᠠᠭᠰᠠᠨ ᠠᠯᠬᠤᠮ ᠳᠠᠷᠠᠭᠠᠯᠠᠯ ᠢᠶᠠᠷ ᠭᠦᠢᠴᠡᠳᠬᠡᠨ᠎ᠡ᠃      ᠨᠠᠢᠮᠠᠳᠤᠭᠠᠷ ᠵᠤᠷᠪᠤᠰ᠄ ᠲᠣᠰ ᠲᠣᠭᠲᠠᠭᠠᠯ ᠢ 2019 ᠣᠨ ᠤ 4 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠠᠵᠢᠯᠯᠠᠬᠤ ᠭᠠᠵᠠᠷ᠄ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ    ᠠᠵᠢᠯᠯᠠᠬᠤ ᠴᠠᠭ᠄ 8᠄ 30 — 12᠄ 00᠂ 14᠄ 30 — 17᠄ 30    ᠬᠠᠷᠢᠯᠴᠠᠬᠤ ᠤᠲᠠᠰᠤ᠄ 0476 — 8333106
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ