ᠦᠨᠳᠦᠰᠦᠨ ᠮᠡᠳᠡᠭᠡ ᠵᠠᠩᠬᠢ᠄ | | | | ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ᠄ | 1. ᠳᠠᠩᠰᠠᠯᠠᠭᠤᠯᠤᠭᠰᠠᠨ ᠬᠦᠷᠦᠩᠭᠡ ᠨᠢ ᠠᠷᠠᠳ ᠤᠨ ᠵᠣᠭᠤᠰ ᠢᠶᠠᠷ ᠬᠤᠶᠠᠷ ᠵᠠᠭᠤᠨ ᠲᠦᠮᠡᠨ ᠲᠥᠭᠦᠷᠢᠭ ᠠᠴᠠ ᠳᠤᠲᠠᠭᠤ ᠪᠠᠶᠢᠵᠤ ᠪᠣᠯᠬᠤ ᠦᠭᠡᠢ︔ | 2. ᠲᠤᠬᠠᠶᠢᠯᠠᠭᠰᠠᠨ ᠠᠵᠢᠯ ᠢᠶᠠᠨ ᠥᠷᠨᠢᠭᠦᠯᠬᠦ ᠲᠣᠬᠢᠷᠠᠯᠴᠠᠭᠰᠠᠨ ᠲᠣᠭᠲᠠᠮᠠᠯ ᠡᠵᠡᠩᠨᠡᠯᠲᠡ ᠶᠢᠨ ᠲᠠᠯᠠᠪᠤᠷ ᠭᠠᠵᠠᠷ ᠪᠠ ᠲᠥᠬᠦᠭᠡᠷᠦᠮᠵᠢ ᠲᠠᠢ ᠪᠠᠶᠢᠬᠤ ᠬᠡᠷᠡᠭᠲᠡᠢ︔ | | 3. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠨᠡᠶᠢᠴᠡᠭᠰᠡᠨ ᠬᠥᠳᠡᠯᠮᠦᠷᠢ ᠬᠦᠴᠦ ᠲᠣᠮᠢᠯᠠᠬᠤ ᠬᠠᠮᠢᠶᠠᠷᠤᠯᠲᠠ ᠶᠢᠨ ᠲᠦᠷᠢᠮ ᠲᠠᠢ | ᠪᠠᠶᠢᠬᠤ ᠬᠡᠷᠡᠭᠲᠡᠢ᠃ | | | ᠲᠣᠭᠳᠠᠭᠠᠭᠰᠠᠨ ᠦᠨᠳᠦᠰᠦᠯᠡᠯ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾ ︵2007 ᠣᠨ ᠤ 6 ᠰᠠᠷ᠎ᠠ ᠶᠢᠨ 29 ᠤ ᠡᠳᠦᠷ ᠤᠨ | ᠲᠡᠷᠢᠭᠦᠯᠡᠭᠴᠢ ᠶᠢᠨ ᠵᠠᠷᠯᠢᠭ 65 ᠳ᠋ᠤᠭᠠᠷ ᠲᠣᠭᠠᠲᠤ᠂ 2012 ᠣᠨ ᠤ 12 ᠰᠠᠷ᠎ᠠ ᠶᠢᠨ 28 ᠤ ᠡᠳᠦᠷ ᠵᠠᠰᠠᠪᠤᠷᠢ ᠣᠷᠣᠭᠤᠯᠪᠠ︶ ᠶᠢᠨ ᠲᠠᠪᠢᠨ ᠳᠣᠯᠣᠳᠤᠭᠠᠷ | ᠵᠤᠷᠪᠤᠰ᠄ ᠬᠥᠳᠡᠯᠮᠦᠷᠢ ᠬᠦᠴᠦ ᠲᠣᠮᠢᠯᠠᠬᠤ ᠲᠤᠬᠠᠶᠢᠯᠠᠭᠰᠠᠨ ᠠᠵᠢᠯ ᠢ ᠡᠵᠡᠩᠨᠡᠬᠦ ᠳᠤ ᠬᠥᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠤᠯᠢ | ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠠᠪᠬᠤ ᠪᠠᠷ ᠭᠤᠶᠤᠴᠢᠯᠠᠬᠤ ᠬᠡᠷᠡᠭᠲᠡᠶ︔ ᠵᠥᠪᠰᠢᠶᠡᠷᠡᠯ ᠣᠯᠤᠭᠰᠠᠨ ᠪᠠᠶᠢᠪᠠᠯ᠂ ᠬᠠᠤᠯᠢ ᠶᠣᠰᠣᠭᠠᠷ ᠺᠣᠮᠫᠠᠨᠢ ᠶᠢᠨ | ᠲᠠᠩᠰᠠᠯᠠᠯᠳᠠ ᠶᠢ ᠬᠢᠯᠭᠡᠨ᠎ᠡ᠃ ᠵᠥᠪᠰᠢᠶᠡᠷᠡᠯ ᠦᠭᠡᠢ ᠪᠠᠷ ᠶᠠᠮᠠᠷᠪᠠ ᠨᠢᠭᠡᠴᠡ ᠪᠠ ᠬᠤᠪᠢ ᠬᠥᠮᠦᠨ ᠬᠥᠳᠡᠯᠮᠦᠷᠢ ᠬᠦᠴᠦ ᠲᠣᠮᠢᠯᠠᠬᠤ ᠲᠤᠬᠠᠶᠢᠯᠠᠭᠰᠠᠨ ᠠᠵᠢᠯ ᠢ | ᠡᠵᠡᠩᠨᠡᠵᠦ ᠪᠣᠯᠬᠤ ᠦᠭᠡᠢ᠃ ︽ᠬᠥᠳᠡᠯᠮᠦᠷᠢ ᠬᠦᠴᠦ ᠲᠣᠮᠢᠯᠠᠬᠤ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾ ︵2013 ᠣᠨ ᠤ 6 ᠰᠠᠷ᠎ᠠ ᠶᠢᠨ | 20 ᠤ ᠡᠳᠦᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠵᠠᠷᠯᠢᠭ 19 ᠳ᠋ᠦ᠋ᠭᠡᠷ ᠲᠣᠭᠠᠲᠤ︶ ᠶᠢᠨ ᠬᠤᠶᠠᠳᠤᠭᠠᠷ | ᠵᠤᠷᠪᠤᠰ᠄ ᠬᠥᠳᠡᠯᠮᠦᠷᠢ ᠬᠦᠴᠦ ᠲᠣᠮᠢᠯᠠᠬᠤ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠵᠤ | ᠵᠥᠪᠰᠢᠶᠡᠷᠡᠬᠦ ᠵᠢᠴᠢ ᠬᠤᠯᠪᠣᠭᠳᠠᠯ ᠪᠦᠬᠦᠢ ᠬᠢᠨᠠᠯᠲᠠ ᠪᠠᠶᠢᠴᠠᠭᠠᠯᠲᠠ ᠵᠡᠷᠭᠡ ᠳᠤ ᠲᠤᠰ ᠠᠷᠭ᠎ᠠ ᠬᠡᠷᠡᠭᠯᠡᠭᠳᠡᠨ᠎ᠡ᠃ ᠭᠤᠷᠪᠠᠳᠤᠭᠠᠷ ᠵᠤᠷᠪᠤᠰ᠄ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠲᠣᠭᠲᠠᠭᠠᠭᠰᠠᠨ ᠵᠥᠪᠰᠢᠶᠡᠷᠡᠯ ᠤᠨ ᠬᠠᠷᠢᠶᠠᠯᠠᠯ ᠤᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠤ ᠪᠠᠨ | ᠳᠣᠲᠣᠷᠠᠬᠢ ᠬᠥᠳᠡᠯᠮᠦᠷᠢ ᠬᠦᠴᠦ ᠲᠣᠮᠢᠯᠠᠬᠤ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠵᠢᠴᠢ ᠬᠤᠯᠪᠤᠭᠳᠠᠭᠰᠠᠨ ᠬᠢᠨᠠᠯᠲᠠ ᠪᠠᠶᠢᠴᠠᠭᠠᠯᠲᠠ ᠶᠢ ᠬᠠᠷᠢᠭᠤᠴᠠᠨ᠎ᠠ᠃ | | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ᠄ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ | | | ᠭᠦᠢᠴᠡᠳᠭᠡᠬᠦ ᠭᠠᠵᠠᠷ᠄ | ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠠ ᠮᠢᠩ ᠵᠡᠭᠡᠯᠢ ᠶᠢᠨ 8 ᠳ᠋ᠤᠭᠠᠷ ᠨᠣᠮᠧᠷ᠂ ᠤᠯᠠᠭᠠᠨᠬᠠᠳᠠ ᠬᠤᠲᠠ ᠶᠢᠨ ᠨᠡᠶᠢᠭᠡᠮ ᠤᠨ | ᠳᠠᠭᠠᠳᠬᠠᠯ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ᠂ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠤᠪᠢᠶᠠᠷᠢ ᠲᠢᠩᠬᠢᠮ ᠤᠨ ᠨᠢᠭᠡᠳᠦᠭᠡᠷ ᠲᠢᠩᠬᠢᠮ | | | ᠭᠦᠢᠴᠡᠳᠭᠡᠬᠦ ᠴᠠᠭ᠄ | ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 2᠄ 30 — 5᠄ | 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶ | | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ | 7 ᠳ᠋ᠤᠭᠠᠷ ᠵᠠᠮ᠂ 6 ᠳ᠋ᠤᠭᠠᠷ ᠵᠠᠮ ᠤᠨ ᠲᠡᠷᠭᠡᠨ ᠳᠤ ᠰᠠᠭᠤᠵᠤ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠥᠷᠲᠡᠭᠡ ᠳᠤ ᠪᠠᠭᠤᠵᠤ᠂ ᠬᠠᠰ ᠯᠤᠤ | ᠶᠡᠭᠡ ᠵᠡᠭᠡᠯᠢ ᠶᠢ ᠳᠠᠭᠠᠵᠤ ᠵᠡᠭᠦᠨᠰᠢ 50 ᠮᠧᠲᠷ ᠶᠠᠪᠤᠭᠰᠠᠨ ᠤ ᠳᠠᠷᠠᠭ᠎ᠠ ᠵᠡᠭᠦᠨᠰᠢ ᠡᠷᠭᠢᠵᠦ 200 ᠮᠧᠲᠷ ᠶᠠᠪᠤᠵᠤ ᠳ᠋ᠠ ᠮᠢᠩ ᠵᠡᠭᠡᠯᠢ ᠳᠤ ᠣᠷᠣᠵᠤ᠂ ᠵᠡᠭᠦᠨᠰᠢ 50 | ᠮᠧᠲᠷ ᠶᠠᠪᠤᠪᠠᠯ ᠬᠦᠷᠦᠨ᠎ᠡ︔ 35 ᠳ᠋ᠤᠭᠠᠷ ᠵᠠᠮ᠂ 21 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠵᠠᠰᠠᠭ ᠤᠨ ᠣᠷᠳᠣᠨ ᠤ | ᠥᠷᠲᠡᠭᠡᠨ ᠳᠤ ᠪᠠᠭᠤᠵᠤ ᠴᠢᠤᠸᠠᠨ ᠨᠢᠩ ᠵᠡᠭᠡᠯᠢ ᠶᠢ ᠳᠠᠭᠠᠵᠤ ᠵᠡᠭᠦᠨᠰᠢ 340 ᠮᠧᠲᠷ ᠶᠠᠪᠤᠭᠰᠠᠨ ᠤ ᠳᠠᠷᠠᠭ᠎ᠠ ᠪᠠᠷᠠᠭᠤᠨᠰᠢ ᠡᠷᠭᠢᠵᠦ ᠵᠢᠨᠱᠠᠨ ᠵᠠᠮ ᠢᠶᠠᠷ 180 ᠮᠧᠲᠷ | ᠶᠠᠪᠤᠵᠤ᠂ ᠵᠡᠭᠦᠨᠰᠢ ᠡᠷᠭᠢᠵᠦ ᠳ᠋ᠡ ᠮᠢᠩ ᠵᠡᠭᠡᠯᠢ ᠳᠤ ᠣᠷᠣᠵᠤ 260 ᠮᠧᠲᠷ ᠶᠠᠪᠤᠪᠠᠯ ᠬᠦᠷᠦᠨ᠎ᠡ᠃ | | | | |