ᠬᠤᠪᠢ ᠬᠦᠮᠦᠨ ᠤ ᠬᠡᠷᠡᠭ ᠡᠷᠬᠢᠯᠡᠬᠦ᠄ ᠰᠤᠷᠭᠠᠭᠤᠯᠢ ᠶᠢᠨ ᠲᠡᠷᠭᠡ ᠬᠡᠷᠡᠭᠯᠡᠬᠦ ᠵᠥᠪᠰᠢᠶᠡᠷᠡᠯ
ᠨᠡᠶᠢᠲᠡᠯᠡᠭᠰᠡᠨ ᠴᠠᠭ᠄
2021/12/23
ᠦᠨᠳᠦᠰᠦᠨ ᠮᠡᠳᠡᠭᠡ ᠵᠠᠩᠭᠢ
校车使用许可.jpg
ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ᠄       1. ᠲᠡᠷᠭᠡ ᠬᠥᠰᠬᠡ ᠨᠢ ᠰᠤᠷᠭᠠᠭᠤᠯᠢ ᠶᠢᠨ ᠲᠡᠷᠭᠡ ᠶᠢᠨ ᠤᠯᠤᠰ ᠤᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠵᠦ᠂ ᠮᠠᠰᠢᠨ ᠲᠡᠷᠭᠡ ᠶᠢᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠶᠢ ᠣᠯᠤᠭᠰᠠᠨ ᠪᠥᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠨᠢᠭᠡᠨᠲᠡ ᠳᠠᠩᠰᠠᠯᠠᠭᠤᠯᠤᠨ ᠪᠦᠷᠢᠳᠬᠡᠭᠦᠯᠦᠭᠰᠡᠨ ᠪᠠᠶᠢᠬᠤ ᠬᠡᠷᠡᠭᠲᠡᠶ︔       2. ᠰᠤᠷᠭᠠᠭᠤᠯᠢ ᠶᠢᠨ ᠲᠡᠷᠭᠡ ᠵᠢᠯᠣᠭᠤᠳᠬᠤ ᠬᠢᠷᠢ ᠬᠡᠮ ᠣᠯᠤᠭᠰᠠᠨ ᠵᠢᠯᠣᠭᠤᠴᠢ ᠲᠠᠢ ᠪᠠᠶᠢᠬᠤ ᠬᠡᠷᠡᠭᠲᠡᠢ︔       3. ᠶᠠᠪᠤᠬᠤ ᠵᠠᠮ ᠱᠤᠭᠤᠮ᠂ ᠶᠠᠪᠤᠬᠤ ᠴᠠᠭ ᠪᠠ ᠵᠣᠭᠰᠣᠬᠤ ᠥᠷᠲᠡᠭᠡ ᠶᠢ ᠪᠠᠭᠲᠠᠭᠠᠭᠰᠠᠨ ᠵᠦᠶ ᠵᠣᠬᠢᠰᠲᠠᠶ ᠪᠥᠭᠡᠳ ᠪᠣᠯᠤᠮᠵᠢᠲᠠᠶ ᠰᠤᠷᠭᠠᠭᠤᠯᠢ ᠶᠢᠨ ᠲᠡᠷᠭᠡ ᠶᠢᠨ ᠠᠵᠢᠯᠯᠠᠭᠠᠨ ᠤ ᠲᠥᠰᠦᠯ ᠲᠠᠢ ᠪᠠᠶᠢᠬᠤ ᠬᠡᠷᠡᠭᠲᠡᠢ︔        4. ᠪᠦᠷᠢᠨ ᠲᠡᠭᠦᠯᠳᠡᠷ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠲᠠᠢ ᠪᠠᠶᠢᠬᠤ ᠬᠡᠷᠡᠭᠲᠡᠢ︔       5. ᠮᠠᠰᠢᠨ ᠲᠡᠷᠭᠡᠨ ᠤ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ ᠳᠤ ᠨᠢᠭᠡᠨᠲᠡ ᠣᠷᠤᠭᠰᠠᠨ ᠪᠠᠶᠢᠬᠤ ᠬᠡᠷᠡᠭᠲᠡᠢ᠃ᠲᠣᠭᠳᠠᠭᠠᠭᠰᠠᠨ ᠦᠨᠳᠦᠰᠦᠯᠡᠯ᠄      ︽ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ︵2012 ᠣᠨ ᠤ 4 ᠰᠠᠷ᠎ᠠ ᠶᠢᠨ 5 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 617 ᠳ᠋ᠤᠭᠠᠷ ᠲᠣᠭᠠᠲᠤ︶ ᠤᠨ ᠠᠷᠪᠠᠨ ᠲᠠᠪᠤᠳᠤᠭᠠᠷ ᠵᠤᠷᠪᠤᠰ᠄ ᠰᠤᠷᠭᠠᠭᠤᠯᠢ ᠪᠤᠶᠤ ᠰᠤᠷᠭᠠᠭᠤᠯᠢ ᠶᠢᠨ ᠲᠡᠷᠭᠡ ᠶᠢᠨ ᠦᠢᠯᠡᠴᠢᠯᠡᠭᠡ ᠬᠠᠩᠭᠠᠭᠴᠢ ᠰᠤᠷᠭᠠᠭᠤᠯᠢ ᠶᠢᠨ ᠲᠡᠷᠭᠡ ᠬᠡᠷᠡᠭᠯᠡᠬᠦ ᠵᠥᠪᠰᠢᠶᠡᠷᠡᠯ ᠢ ᠭᠤᠶᠤᠴᠢᠯᠠᠨ ᠤᠯᠬᠤ ᠳᠤ᠂ ᠰᠢᠶᠠᠨ ᠤ ᠱᠠᠲᠤᠨ ᠤ ᠪᠤᠶᠤ ᠲᠣᠭᠤᠷᠢᠭ ᠪᠦᠬᠦᠢ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠢᠴᠢᠭ ᠤᠨ ᠭᠤᠶᠤᠴᠢᠯᠠᠯ ᠪᠣᠯᠤᠨ ᠲᠤᠰ ᠳᠦᠷᠢᠮ ᠤᠨ ᠠᠷᠪᠠᠨ ᠳᠥᠷᠪᠡᠳᠦᠭᠡᠷ ᠵᠤᠷᠪᠤᠰ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠶᠢ ᠭᠡᠷᠡᠴᠢᠯᠡᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠶᠤᠴᠢᠯᠠᠯ ᠤᠨ ᠮᠠᠲ᠋ᠧᠷᠢᠶᠠᠯ ᠢ ᠣᠯᠤᠭᠰᠠᠨ ᠡᠳᠦᠷ ᠠᠴᠠ ᠡᠬᠢᠯᠡᠨ 3 ᠠᠵᠢᠯ ᠤᠨ ᠡᠳᠦᠷ ᠤᠨ ᠳᠣᠲᠣᠷ᠎ᠠ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠲᠤ ᠲᠤᠰᠪᠤᠷᠢ ᠬᠦᠷᠭᠡᠵᠦ ᠰᠠᠨᠠᠯ ᠬᠤᠷᠢᠶᠠᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ 3 ᠠᠵᠢᠯ ᠤᠨ ᠡᠳᠦᠷ ᠤᠨ ᠳᠣᠲᠣᠷ᠎ᠠ ᠰᠠᠨᠠᠯ ᠢᠶᠠᠨ ᠬᠠᠷᠢᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠷᠢᠭᠤ ᠥᠭᠬᠦ ᠰᠠᠨᠠᠯ ᠢ ᠣᠯᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠭᠰᠠᠨ ᠰᠠᠨᠠᠯ ᠢᠶᠠᠨ ᠳᠤᠷᠠᠳᠴᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠬᠦ ᠪᠠᠷ ᠲᠣᠭᠲᠠᠭᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠤᠷᠭᠠᠭᠤᠯᠢ ᠶᠢᠨ ᠲᠡᠷᠭᠡ ᠶᠢᠨ ᠳᠡᠮᠳᠡᠭ ᠫᠠᠶᠢᠰᠠ ᠣᠯᠭᠤᠬᠤ ᠶᠢᠨ ᠬᠠᠮᠲᠤ ᠮᠠᠰᠢᠨ ᠲᠡᠷᠭᠡᠨ ᠤ ᠵᠠᠮᠨᠠᠬᠤ ᠦᠨᠡᠮᠯᠡᠯ ᠳᠡᠭᠡᠷ᠎ᠡ ᠰᠤᠷᠭᠠᠭᠤᠯᠢ ᠶᠢᠨ ᠲᠡᠷᠭᠡ ᠶᠢᠨ ᠲᠦᠷᠦᠯ ᠵᠦᠢᠯ ᠪᠣᠯᠤᠨ ᠬᠢᠨᠠᠨ ᠠᠴᠢᠶᠠᠯᠠᠭᠰᠠᠨ ᠬᠥᠮᠦᠨ ᠤ ᠲᠤᠭ᠎ᠠ ᠶᠢ ᠴᠣᠬᠤᠬᠤ ᠬᠡᠷᠡᠭᠲᠡᠶ᠃ ᠵᠥᠪᠰᠢᠶᠡᠷᠡᠭᠰᠡᠨ ᠦᠭᠡᠢ ᠪᠠᠶᠢᠪᠠᠯ᠂ ᠤᠴᠢᠷ ᠰᠢᠯᠲᠠᠭᠠᠨ ᠢᠶᠠᠨ ᠪᠢᠴᠢᠭ ᠢᠶᠠᠷ ᠲᠣᠳᠣᠷᠬᠠᠶᠢᠯᠠᠨ᠎ᠠ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ᠄      ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ᠭᠦᠢᠴᠡᠳᠭᠡᠬᠦ ᠭᠠᠵᠠᠷ᠄       ᠰᠢᠨ᠎ᠡ ᠬᠤᠲᠠ ᠲᠣᠭᠤᠷᠢᠭ ᠤᠨ ᠯᠢᠨ ᠬᠤᠸᠠᠩ ᠶᠡᠭᠡ ᠵᠡᠭᠡᠯᠢ ᠶᠢᠨ 25 ᠳ᠋ᠤᠭᠠᠷ ᠨᠣᠮᠧᠷ᠂ ᠵᠢᠦ ᠲᠢᠶᠠᠨ ᠵᠢᠶᠠᠨ ᠬᠤᠸᠠ ᠪᠦᠯᠦᠭᠯᠡᠯ ᠤᠨ ᠳᠡᠳ᠋ ᠠᠰᠠᠷ ᠤᠨ ᠪᠠᠷᠠᠭᠤᠨ ᠠᠰᠠᠷ᠂ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 2008 ᠳ᠋ᠤᠭᠠᠷ ᠰᠤᠷᠭᠠᠨ ᠬᠥᠮᠦᠵᠢᠯ ᠤᠨ ᠲᠣᠪᠴᠢᠶ᠎ᠠ ᠶᠢᠨ ᠴᠣᠩᠬᠤᠷᠤᠭᠭᠦᠢᠴᠡᠳᠭᠡᠬᠦ ᠴᠠᠭ᠄       ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 2᠄ 30 — 5᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄       37 ᠳ᠋ᠤᠭᠠᠷ ᠵᠠᠮ ᠤᠨ ᠲᠡᠷᠭᠡᠨ ᠳᠤ ᠰᠠᠭᠤᠵᠤ ᠮᠦᠽᠧᠢ ᠳᠤ ᠪᠠᠭᠤᠭᠠᠳ 621 ᠮᠧᠲᠷ ᠠᠯᠬᠤᠨ᠎ᠠ᠃ 66 ᠳ᠋ᠤᠭᠠᠷ ᠵᠠᠮ ᠤᠨ ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ K99 ᠳ᠋ᠦ᠋ᠭᠡᠷ ᠵᠠᠮ ᠤᠨ ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ 35 ᠳ᠋ᠤᠭᠠᠷ ᠵᠠᠮ ᠤᠨ ᠲᠡᠷᠭᠡᠨ ᠳᠤ ᠰᠠᠭᠤᠵᠤ ᠹᠦ᠋ ᠰᠢᠩ ᠳ᠋ᠦᠩ ᠹᠠᠩ ᠪᠠᠭᠤᠳᠠᠯ ᠳᠤ ᠪᠠᠭᠤᠭᠠᠳ 947 ᠮᠧᠲᠷ ᠠᠯᠬᠤᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ