ᠤᠯᠠᠭᠠᠨᠬᠠᠳᠠ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ
ᠨᠡᠶᠢᠲᠡᠯᠡᠭᠰᠡᠨ ᠴᠠᠭ᠄
2021/12/3
     ᠭᠤᠣᠯ ᠡᠭᠦᠷᠭᠡ ᠬᠠᠷᠢᠭᠤᠴᠠᠯᠭ᠎ᠠ᠄      ᠠᠮᠢ ᠠᠬᠤᠶ ᠣᠷᠴᠢᠨ ᠲᠣᠭᠤᠷᠢᠨ ᠤ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢ ᠵᠣᠬᠢᠶᠠᠨ ᠪᠠᠶᠢᠭᠤᠯᠤᠨ ᠬᠠᠷᠢᠭᠤᠴᠠᠵᠤ᠂ ᠬᠠᠮᠢᠶ᠎ᠠ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠤᠣᠯᠳᠠᠯᠭ᠎ᠠ ᠲᠠᠢ ᠣᠷᠣᠨ ᠪᠦᠰᠡ᠂ ᠰᠠᠪᠠ ᠭᠠᠵᠠᠷ᠂ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠢ ᠠᠬᠤᠶ ᠣᠷᠴᠢᠨ‌‍ᠲ᠋ᠣᠭᠤᠷᠢᠨ ᠤ ᠲᠥᠯᠥᠪᠵᠢᠭᠦᠯᠭᠡ ᠪᠠ ᠤᠰᠤᠨ ᠤ ᠴᠢᠳᠠᠮᠵᠢᠳᠤ ᠣᠷᠣᠨ ᠤ ᠬᠤᠪᠢᠶᠠᠷᠢᠯᠠᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠠᠮᠢ ᠠᠬᠤᠶ ᠣᠷᠴᠢᠨ ᠲᠣᠭᠤᠷᠢᠨ ᠤ ᠬᠤᠯᠪᠣᠭᠳᠠᠯ ᠪᠦᠬᠦᠢ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠮᠡᠷᠭᠡᠵᠢᠯ ᠤᠨ ᠵᠢᠷᠤᠮᠵᠢᠯ ᠢ ᠵᠢᠯᠣᠭᠤᠳᠤᠨ ᠬᠡᠷᠡᠭᠵᠢᠭᠦᠯᠦᠨ᠎ᠡ᠃      ᠠᠮᠢ ᠠᠬᠤᠶ ᠣᠷᠴᠢᠨ ᠲᠣᠭᠤᠷᠢᠨ ᠤ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠬᠦᠨᠳᠦ ᠣᠨᠴᠠ ᠶᠡᠭᠡ ᠣᠷᠴᠢᠨ ᠲᠣᠭᠤᠷᠢᠨ ᠤ ᠪᠣᠬᠢᠷᠲᠤᠯ ᠪᠣᠯᠤᠨ ᠠᠮᠢ ᠠᠬᠤᠶ ᠶᠢᠨ ᠡᠪᠳᠡᠭᠳᠡᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠲᠦᠷᠦᠭᠦᠯᠡᠨ ᠵᠣᠬᠢᠴᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠪᠠ ᠬᠦᠨᠳᠦ ᠣᠨᠴᠠ ᠶᠡᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ᠂ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠵᠢᠯᠣᠭᠤᠳᠤᠨ ᠵᠣᠬᠢᠴᠠᠭᠤᠯᠵᠤ᠂ ᠠᠮᠢ ᠠᠬᠤᠶ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠲᠦᠷᠢᠮ ᠢ ᠲᠦᠷᠦᠭᠦᠯᠡᠨ ᠵᠢᠯᠣᠭᠤᠳᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠣᠷᠣᠨ ᠪᠦᠰᠡ ᠠᠯᠤᠰᠯᠠᠭᠰᠠᠨ ᠣᠷᠴᠢᠨ ᠲᠣᠭᠤᠷᠢᠨ ᠤ ᠪᠣᠬᠢᠷᠲᠤᠯ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠵᠦ᠂ ᠭᠤᠣᠯᠳᠠᠯᠭ᠎ᠠ ᠲᠠᠢ ᠣᠷᠣᠨ ᠪᠦᠰᠡ᠂ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ᠎ᠠ᠃      ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠨᠠᠶᠢᠳᠠᠪᠤᠷᠢᠵᠢᠭᠤᠯᠤᠯᠲᠠ ᠶᠢ ᠬᠢᠨᠠᠵᠤ ᠬᠠᠮᠢᠶᠠᠷᠬᠤ ᠶᠢ ᠬᠠᠷᠢᠭᠤᠴᠠᠨ᠎ᠠ᠃ ᠡᠯ᠎ᠡ ᠲᠦᠷᠦᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠳᠦᠷᠢᠮ ᠢ ᠲᠣᠭᠲᠠᠭᠠᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠭᠠᠷ ᠮᠠᠨᠳᠠᠯ᠂ ᠤᠰᠤ ᠵᠡᠷᠭᠡ ᠶᠢᠨ ᠪᠣᠬᠢᠷᠲᠤᠯ ᠪᠣᠳᠠᠰ ᠬᠦᠯᠢᠶᠡᠨ ᠠᠪᠬᠤ ᠴᠢᠳᠠᠪᠤᠷᠢ ᠶᠢ ᠲᠣᠭᠲᠠᠭᠠᠵᠤ᠂ ᠪᠦᠬᠦ ᠬᠤᠲᠠ ᠶᠢᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠬᠦ ᠪᠣᠬᠢᠷᠲᠤᠯ ᠪᠣᠳᠠᠰ ᠤᠨ ᠨᠡᠷᠡᠶᠢᠳᠦᠯ ᠪᠠ ᠬᠢᠵᠠᠭᠠᠷᠯᠠᠬᠤ ᠭᠦᠢᠴᠡᠳᠬᠡᠯ ᠲᠤᠭ᠎ᠠ ᠶᠢ ᠳᠤᠷᠠᠳᠴᠤ ᠂ ᠣᠷᠣᠨ ᠨᠤᠲᠤᠭ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠯ ᠢ ᠬᠠᠷᠢᠭᠤᠴᠠᠨ ᠳᠤᠷᠠᠳᠴᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠬᠤᠲᠠ ᠶᠢᠨ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠠ᠃ ᠣᠷᠴᠢᠯ ᠠᠵᠤ ᠠᠬᠤᠶ ᠪᠠ ᠠᠮᠢ ᠠᠬᠤᠶ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠤ ᠦᠢᠯᠡᠰ ᠤᠨ ᠬᠥᠭᠵᠢᠯᠲᠡ ᠳᠤ ᠣᠷᠣᠯᠴᠠᠬᠤ ᠪᠠ ᠲᠡᠭᠦᠨ ᠢ ᠵᠢᠯᠣᠭᠤᠳᠤᠨ ᠠᠬᠢᠭᠤᠯᠤᠨ᠎ᠠ᠃      ᠪᠦᠬᠦ ᠬᠤᠲᠠ ᠶᠢᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠢᠯᠡᠨ ᠵᠠᠰᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠶ᠂ ᠱᠤᠤᠭᠢᠶᠠᠨ᠂ ᠭᠡᠷᠡᠯ᠂ ᠦᠮᠡᠬᠡᠶ ᠦᠨᠦᠷ ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠬᠢᠮᠢ ᠶᠢᠨ ᠪᠣᠳᠠᠰ᠂ ᠮᠠᠰᠢᠨ ᠲᠡᠷᠭᠡ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠲᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠬᠠᠮᠢᠶᠠᠷᠴᠤ᠂ ᠬᠤᠳᠠ ᠬᠥᠳᠡᠭᠡ ᠶᠢᠨ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠬᠢᠨᠠᠨ ᠵᠢᠯᠣᠭᠤᠳᠤᠨ᠎ᠠ᠃ ᠣᠷᠣᠨ ᠪᠦᠰᠡ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠵᠢᠯᠣᠭᠤᠳᠴᠤ᠂ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠬᠠᠮᠵᠢᠯᠴᠠᠭᠠᠨ ᠤ ᠲᠣᠭᠲᠠᠴᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠬᠤ ᠶᠢ ᠵᠣᠬᠢᠶᠠᠨ ᠪᠠᠶᠢᠭᠤᠯᠤᠨ᠂ ᠠᠮᠢ ᠠᠬᠤᠶ ᠣᠷᠴᠢᠨ ᠲᠣᠭᠤᠷᠢᠨ ᠳᠤ ᠨᠥᠯᠥᠭᠡ ᠲᠠᠢ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯᠯᠠᠭ᠎ᠠ᠂ ᠴᠢᠬᠤᠯᠠ ᠠᠮᠢ ᠠᠬᠤᠶ ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ ᠪᠠ ᠠᠮᠢ ᠠᠬᠤᠶ ᠶᠢᠨ ᠡᠪᠳᠡᠭᠳᠡᠯ ᠢ ᠰᠡᠷᠭᠦᠭᠡᠬᠦ ᠠᠵᠢᠯ ᠳᠤ ᠬᠢᠨᠠᠯᠲᠠ ᠲᠠᠯᠪᠢᠨ᠎ᠠ᠃ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠢ ᠲᠣᠭᠲᠠᠭᠠᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ᠂ ᠴᠢᠭᠢᠭᠯᠢᠭ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠵᠡᠷᠭᠡ ᠠᠵᠢᠯ ᠳᠤ ᠬᠢᠨᠠᠯᠲᠠ ᠲᠠᠯᠪᠢᠨ᠎ᠠ᠃ ᠬᠥᠳᠡᠭᠡ ᠲᠤᠰᠬᠤᠨ ᠮᠠᠯᠵᠢᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠵᠤ᠂ ᠠᠮᠢᠳᠤ ᠪᠣᠳᠠᠰ ᠤᠨ ᠮᠡᠷᠭᠡᠵᠢᠯ ᠤᠨ ᠣᠷᠴᠢᠨ ᠲᠣᠭᠤᠷᠢᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ᠂ ᠠᠮᠢᠳᠤ ᠪᠣᠳᠠᠰ ᠤᠨ ᠳᠦᠷᠰᠦ ︵ᠤᠳᠤᠮᠯᠠᠯ ᠤᠨ ᠡᠬᠢ ᠪᠠᠶᠠᠯᠢᠭ ᠪᠠᠭᠲᠠᠨ᠎ᠠ︶ ᠶᠢᠨ ᠠᠵᠢᠯ ᠢ ᠲᠦᠷᠦᠭᠦᠯᠡᠨ ᠬᠢᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠠᠵᠢᠯ ᠳᠤ ᠣᠷᠣᠯᠴᠠᠨ᠎ᠠ᠃      ᠴᠥᠮ᠎ᠡ ᠪᠣᠯᠤᠨ ᠰᠠᠴᠤᠷᠠᠭ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠴᠥᠮ᠎ᠡ ᠪᠣᠯᠤᠨ ᠰᠠᠴᠤᠷᠠᠭ ᠤᠨ ᠠᠶᠤᠯᠭᠦᠢ ᠶᠢᠨ ᠠᠵᠢᠯ ᠢ ᠵᠣᠬᠢᠴᠠᠭᠤᠯᠬᠤ ᠲᠣᠭᠲᠠᠴᠠ ᠶᠢᠨ ᠬᠤᠯᠪᠣᠭᠳᠠᠯ ᠪᠥᠬᠦᠢ ᠠᠵᠢᠯ ᠢ ᠲᠦᠷᠦᠭᠦᠯᠡᠨ ᠬᠠᠷᠢᠭᠤᠴᠠᠵᠤ᠂ ᠴᠥᠮ᠎ᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠣᠷᠣᠯᠴᠠᠨ᠂ ᠰᠠᠴᠤᠷᠠᠭ ᠤᠨ ᠣᠷᠴᠢᠨ ᠲᠣᠭᠤᠷᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠴᠥᠮ᠎ᠡ ᠶᠢᠨ ᠲᠥᠬᠦᠭᠡᠷᠦᠮᠵᠢ ᠪᠠ ᠰᠠᠴᠤᠷᠠᠭ ᠡᠭᠦᠰᠭᠡᠭᠴᠢ ᠶᠢᠨ ᠠᠶᠤᠯᠭᠦᠶ ᠶᠢ ᠬᠢᠨᠠᠨ ᠬᠠᠮᠢᠶᠠᠷᠴᠤ᠂ ᠴᠥᠮ᠎ᠡ ᠶᠢᠨ ᠲᠥᠬᠦᠭᠡᠷᠦᠮᠵᠢ᠂ ᠴᠥᠮ᠎ᠡ ᠶᠢᠨ ᠮᠡᠷᠭᠡᠵᠢᠯ ᠤᠨ ᠬᠡᠷᠡᠭᠯᠡᠯᠲᠡ᠂ ᠴᠠᠬᠢᠯᠭᠠᠨ ᠰᠣᠷᠢᠨᠵᠢᠨ ᠰᠠᠴᠤᠷᠠᠭ᠂ ᠰᠠᠴᠤᠷᠠᠭ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠴᠠ ᠳᠠᠬᠢ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠬᠠᠮᠢᠶᠠᠷᠤᠨ᠎ᠠ᠃      ᠠᠮᠢ ᠠᠬᠤᠶ ᠣᠷᠴᠢᠨ ᠲᠣᠭᠤᠷᠢᠨ ᠤ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠵᠤ ᠠᠬᠤᠶ ᠪᠠ ᠲᠧᠭᠨᠢᠭ ᠮᠡᠷᠭᠡᠵᠢᠯ ᠤᠨ ᠴᠢᠬᠤᠯᠠ ᠶᠡᠭᠡ ᠲᠦᠷᠦ ᠶᠢᠨ ᠪᠤᠳᠤᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠠᠵᠤ ᠠᠬᠤᠶ ᠶᠢ ᠨᠡᠭᠡᠭᠡᠨ ᠬᠥᠭᠵᠢᠭᠦᠯᠬᠦ ᠴᠢᠬᠤᠯᠠ ᠶᠡᠭᠡ ᠲᠥᠯᠥᠪᠯᠡᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠢ ᠡᠭᠦᠷᠭᠡᠯᠡᠨ᠎ᠡ᠃ ᠴᠢᠬᠤᠯᠠ ᠶᠡᠭᠡ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠣᠷᠣᠨ ᠪᠦᠰᠡ᠂ ᠲᠥᠯᠥᠪᠵᠢᠭᠦᠯᠭᠡ᠂ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠪᠢᠴᠢᠭ ᠮᠠᠲ᠋ᠧᠷᠢᠶᠠᠯ ᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠪᠤᠶᠤ ᠬᠢᠨᠠᠨ ᠪᠠᠶᠢᠴᠠᠭᠠᠨ᠎ᠠ᠃ ᠠᠮᠢ ᠠᠬᠤᠶ ᠣᠷᠴᠢᠨ ᠲᠣᠭᠤᠷᠢᠨ ᠤ ᠣᠷᠣᠬᠤ ᠵᠥᠪᠰᠢᠶᠡᠷᠡᠯ ᠤᠨ ᠲᠣᠳᠣᠷᠬᠠᠶ ᠬᠠᠭᠤᠳᠠᠰᠤ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ      ᠪᠥᠬᠦ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠦᠷᠢᠮ ᠪᠠ ᠵᠢᠷᠤᠮᠵᠢᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠦᠷᠳᠡᠭᠡ ᠴᠡᠭ ᠤᠨ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ᠂ ᠪᠣᠬᠢᠷᠲᠤᠯ ᠤᠨ ᠡᠬᠢ ᠶᠢ ᠬᠢᠨᠠᠨ ᠬᠡᠮᠵᠢᠬᠦ᠂ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠬᠤ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠢ ᠪᠠᠶᠢᠴᠠᠭᠠᠨ ᠦᠨᠡᠯᠡᠬᠦ᠂ ᠤᠷᠢᠳᠴᠢᠯᠠᠨ ᠰᠡᠷᠡᠮᠵᠢᠯᠡᠬᠦ ᠤᠷᠢᠳᠴᠢᠯᠠᠨ ᠵᠢᠱᠢᠬᠦ ᠶᠢ ᠵᠣᠬᠢᠶᠠᠨ ᠪᠠᠶᠢᠭᠤᠯᠵᠤ ᠂ ᠪᠦᠬᠦ ᠬᠤᠳᠠ ᠶᠢᠨ ᠠᠮᠢ ᠠᠬᠤᠶ ᠣᠷᠴᠢᠨ ᠲᠣᠭᠤᠷᠢᠨ ᠤ ᠬᠢᠨᠠᠨ ᠬᠡᠮᠵᠢᠬᠦ ᠰᠦᠯᠵᠢᠶ᠎ᠡ ᠪᠠ ᠠᠮᠢ ᠠᠬᠤᠶ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠰᠦᠯᠵᠢᠶ᠎ᠡ ᠶᠢ ᠵᠣᠬᠢᠶᠠᠨ ᠪᠠᠶᠢᠭᠤᠯᠤᠨ ᠬᠠᠮᠢᠶᠠᠷᠤᠨ᠎ᠠ᠃ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠵᠠᠷᠯᠠᠨ ᠨᠡᠶᠢᠲᠡᠯᠡᠬᠦ ᠲᠦᠷᠢᠮ ᠢ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠢᠨᠠᠷᠲᠠᠶ ᠮᠡᠳᠡᠭᠦᠯᠦᠯᠲᠡ ᠪᠠ ᠴᠢᠬᠤᠯᠠ ᠶᠡᠭᠡ ᠠᠮᠢ ᠠᠬᠤᠶ ᠣᠷᠴᠢᠨ ᠲᠣᠭᠤᠷᠢᠨ ᠤ ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠨ᠎ᠡ᠃      ᠪᠦᠬᠦ ᠬᠤᠲᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠵᠢᠴᠢ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮᠢᠶ᠎ᠠ ᠪᠥᠬᠦᠶ ᠠᠵᠢᠯ ᠢ ᠨᠠᠶᠢᠳᠠᠪᠤᠷᠢᠵᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠣᠷᠣᠨ ᠪᠦᠰᠡ ᠶᠢᠨ ᠬᠠᠮᠲᠤᠷᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠴᠠᠭᠤᠯᠤᠨ ᠥᠷᠨᠢᠭᠦᠯᠦᠨ᠎ᠡ᠃      ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠨᠢᠭᠡᠳᠦᠯᠲᠡᠶ ᠬᠠᠷᠢᠭᠤᠴᠠᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠠᠤᠯᠢ ᠠᠴᠠ ᠵᠦᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠨ᠎ᠡ᠃ ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠢ ᠤᠳᠤᠷᠢᠳᠤᠨ᠎ᠠ᠃      ᠠᠮᠢ ᠠᠬᠤᠶ ᠣᠷᠴᠢᠨ ᠲᠣᠭᠤᠷᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠵᠢᠯᠣᠭᠤᠳᠬᠤ ᠪᠠ ᠵᠣᠬᠢᠴᠠᠭᠤᠯᠬᠤ ᠶᠢ ᠵᠣᠬᠢᠶᠠᠨ ᠪᠠᠶᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠤᠯᠠᠨ ᠨᠡᠶᠢᠲᠡ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠤᠯᠴᠠᠬᠤ ᠶᠢ ᠠᠬᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠵᠦ᠂ ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠢᠨᠵᠧᠨᠧᠷᠢᠩ ᠤᠨ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠮᠡᠷᠭᠡᠵᠢᠯ ᠤᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠵᠣᠬᠢᠴᠠᠭᠤᠯᠤᠨ ᠨᠠᠶᠢᠳᠠᠪᠤᠷᠢᠵᠢᠭᠤᠯᠬᠤ ᠠᠵᠢᠯ ᠢ ᠡᠭᠦᠷᠭᠡᠯᠡᠨ᠎ᠡ᠃      ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠨᠢ ᠠᠮᠢ ᠠᠬᠤᠶ ᠪᠠ ᠬᠤᠲᠠ ᠬᠥᠳᠡᠭᠡ ᠶᠢᠨ ᠡᠯ᠎ᠡ ᠲᠥᠷᠥᠯ ᠤᠨ ᠪᠣᠬᠢᠷᠲᠤᠯ ᠭᠠᠳᠠᠭᠰᠢᠯᠠᠭᠤᠯᠬᠤ ᠶᠢ ᠬᠢᠨᠠᠨ ᠬᠠᠮᠢᠶᠠᠷᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠤᠯᠠᠨ ᠨᠡᠶᠢᠲᠡ ᠪᠠᠷ ᠢᠶᠠᠨ ᠬᠠᠮᠲᠤ ᠪᠠᠷ ᠣᠷᠣᠯᠴᠠᠭᠰᠠᠨ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠂ ᠬᠠᠮᠤᠭ ᠤᠨ ᠴᠢᠩᠭ᠎ᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠢ ᠴᠢᠩᠭ᠎ᠠ ᠰᠠᠬᠢᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠳᠦᠭᠡᠨ ᠪᠠᠶᠢᠭᠤᠯᠤᠨ᠎ᠠ᠃      ᠬᠠᠷᠢᠭᠤᠴᠠᠯᠭᠠᠲᠠᠨ᠄ ᠾᠧᠦ ᠴᠢᠦ ᠬᠠᠶ      ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠯᠢᠨ ᠬᠤᠸᠠᠩ ᠶᠡᠭᠡ ᠵᠡᠭᠡᠯᠢ ᠶᠢᠨ 23 ᠳ᠋ᠤᠭᠠᠷ ᠨᠣᠮᠧᠷ      ᠬᠠᠷᠢᠯᠴᠠᠬᠤ ᠤᠲᠠᠰᠤ᠄ 0476 — 8883603      ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 14᠄ 30 — 17᠄ 30
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ