ᠤᠯᠠᠭᠠᠨᠬᠠᠳᠠ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/12/30
     ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠪᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠦᠷᠢᠮ᠂ ᠲᠥᠯᠥᠪᠵᠢᠭᠦᠯᠭᠡ᠂ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠪᠥᠬᠦ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠬᠡᠷᠡᠭᠵᠢᠭᠦᠯᠦᠨ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠲᠥᠯᠬᠢᠨ ᠠᠬᠢᠭᠤᠯᠤᠨ᠎ᠠ᠃      ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠬᠥᠳᠡᠯᠦᠩᠭᠦᠶ ᠪᠠᠷ ᠳᠣᠭᠢᠷᠠᠭᠤᠯᠬᠤ ᠪᠠ ᠣᠷᠣᠨ ᠪᠦᠰᠡ ᠶᠢᠨ ᠳᠣᠭᠢᠷᠠᠭᠤᠯᠤᠨ ᠲᠡᠩᠴᠡᠭᠦᠯᠬᠦ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠠᠯᠠ ᠴᠤᠭᠯᠠᠭᠤᠯᠬᠤ ᠬᠢᠷᠢ ᠬᠡᠮᠵᠢᠶ᠎ᠡ ᠲᠠᠢ ᠵᠣᠬᠢᠴᠠᠯᠳᠤᠭᠰᠠᠨ ᠣᠯᠭᠤᠮᠵᠢ ᠶᠢ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠦᠨ᠎ᠡ᠃      ︵ᠳᠥᠷᠪᠡ︶ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠲᠥᠭᠦᠭᠡᠷᠦᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠡᠮᠴᠢᠯᠡᠭᠡᠨ ᠤ ᠳᠠᠭᠠᠳᠬᠠᠯ ᠤᠨ ᠭᠠᠷᠴᠠᠭ ᠢ ᠵᠥᠪᠰᠢᠶᠡᠷᠡᠨ ᠣᠷᠣᠭᠤᠯᠬᠤ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃      ︵ᠲᠠᠪᠤ︶ ᠤᠯᠤᠰ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠲᠥᠬᠦᠭᠡᠷᠦᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠪᠠ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠢᠶᠠᠷ ᠭᠤᠤᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠥᠷᠢᠮ ᠢ ᠪᠠᠶᠢᠭᠤᠯᠤᠨ ᠲᠣᠭᠲᠠᠭᠠᠨ᠎ᠠ᠃      ︵ᠵᠢᠷᠭᠤᠭ᠎ᠠ︶ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠯᠡᠯᠴᠡᠭᠡᠷ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠳᠣᠯᠤᠭ᠎ᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠤ ᠭᠠᠵᠠᠷ ᠲᠤ ᠡᠮᠴᠢᠯᠡᠭᠦᠯᠬᠦ ᠶᠢᠨ ᠬᠠᠮᠢᠶᠠᠷᠤᠯᠲᠠ ᠪᠠ ᠵᠠᠷᠤᠳᠠᠯ ᠢ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃      ︵ᠨᠠᠢᠮᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃      ︵ᠶᠢᠰᠦ︶ ᠡᠭᠦᠷᠭᠡ ᠴᠢᠳᠠᠪᠤᠷᠢ ᠪᠠᠨ ᠬᠤᠪᠢᠷᠠᠭᠤᠯᠬᠤ᠃ ᠨᠢᠭᠡᠳᠦᠯᠲᠡᠶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠪᠥᠬᠦ ᠠᠷᠠᠳ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ ᠶᠢ ᠪᠠᠲᠤᠯᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠡᠮᠴᠢᠯᠡᠭᠡᠨ ᠤ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠤᠨ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃      ︵ᠠᠷᠪᠠ︶ ᠬᠤᠯᠪᠣᠭᠳᠠᠯ ᠪᠥᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃      ᠬᠤᠲᠠ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠲᠠ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠲᠦᠷᠢᠮ ᠪᠠ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ      ᠠᠵᠢᠯᠯᠠᠬᠤ ᠭᠠᠵᠠᠷ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ D ᠰᠠᠭᠤᠳᠠᠯ ᠤᠨ ᠲᠠᠪᠤᠳᠤᠭᠠᠷ ᠳᠠᠪᠬᠤᠷ ᠠᠰᠠᠷ      ᠠᠵᠢᠯᠯᠠᠬᠤ ᠴᠠᠭ᠄ 8᠄ 30 — 12᠄ 00᠂ 14᠄ 30 — 15᠄ 30      ᠬᠠᠷᠢᠯᠴᠠᠬᠤ ᠤᠲᠠᠰᠤ᠄ 0476 — 8781079
ᠢᠷᠡᠯᠲᠡ᠄ ᠲᠣᠲᠣᠷᠬᠠᠢ ᠦᠭᠡᠢ