ᠤᠯᠠᠭᠠᠨᠬᠠᠳᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ 2020 ᠣᠨ ᠤ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ
ᠨᠡᠶᠢᠲᠡᠯᠡᠭᠰᠡᠨ ᠴᠠᠭ᠄
2021/2/4
      2 ᠰᠠᠷ᠎ᠠ ᠶᠢᠨ 3 ᠤ ᠡᠳᠦᠷ᠂ ᠤᠯᠠᠭᠠᠨᠬᠠᠳᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ 2020 ᠣᠨ ᠤ ᠪᠥᠬᠦ ᠬᠤᠲᠠ ᠶᠢᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠶᠢᠨ ᠼᠠᠩ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠽᠸᠦ ᠵᠢᠶ ᠯᠦᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠬᠤᠯᠪᠣᠭᠳᠠᠯ ᠪᠥᠬᠦᠶ ᠪᠠᠶᠢᠳᠠᠯ ᠢ ᠮᠡᠳᠡᠭᠳᠡᠪᠡ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠬᠠᠭᠤᠯᠬᠤ ᠬᠡᠯᠲᠡᠰ ᠤᠨ ᠳᠠᠷᠤᠭ᠎ᠠ ᠪᠠ ᠱᠦ ᠭᠤᠸᠠᠩ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠬᠤᠲᠠ ᠳᠤ ᠰᠠᠭᠤᠭ᠎ᠠ ᠵᠢᠴᠢ ᠬᠤᠲᠠ ᠶᠢᠨ ᠲᠠᠰ ᠤᠨ ᠵᠠᠭᠤᠴᠢᠯᠠᠭᠤᠷ ᠤᠨ ᠰᠤᠷᠪᠤᠯᠵᠢᠯᠠᠭᠴᠢ ᠤᠷᠢᠯᠭ᠎ᠠ ᠪᠠᠷ ᠣᠷᠤᠯᠴᠠᠪᠠ᠃      ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠶᠢᠨ ᠼᠠᠩ ︽2020 ᠣᠨ ᠤ ᠪᠥᠬᠦ ᠬᠤᠲᠠ ᠶᠢᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠪᠠᠶᠢᠳᠠᠯ︾ ᠢ ᠵᠠᠷᠯᠠᠨ ᠮᠡᠳᠡᠭᠳᠡᠪᠡ       ᠰᠣᠨᠢᠨ ᠮᠡᠳᠡᠭᠡ ᠨᠡᠶᠢᠲᠡᠯᠡᠬᠦ ᠬᠤᠷᠠᠯ ᠨᠢ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠬᠤ᠂ ︽ᠭᠤᠷᠪᠠᠨ ᠦᠭᠡᠶ︾ ᠶᠢ ᠨᠢᠭᠡ ᠴᠤᠭᠴᠠᠵᠢᠭᠤᠯᠬᠤ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠬᠤ᠂ ᠲᠤᠰᠬᠠᠶ ᠵᠦᠢᠯ ᠢᠶᠠᠷ ᠵᠠᠰᠠᠬᠤ ᠶᠢ ᠭᠦᠨᠵᠡᠭᠡᠶᠢᠷᠡᠭᠦᠯᠬᠦ᠂ ᠣᠨᠤᠴᠠᠲᠠᠢ ᠬᠢᠨᠠᠯᠲᠠ ᠲᠠᠯᠪᠢᠬᠤ ᠶᠢ ᠴᠢᠩᠭᠠᠳᠬᠠᠬᠤ᠂ ᠳᠣᠯᠣᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠯᠲᠠ ᠶᠢ ᠪᠦᠬᠦᠨ ᠢ ᠬᠠᠮᠤᠷᠬᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠵᠡᠷᠭᠡ ᠵᠢᠷᠭᠤᠭᠠᠨ ᠲᠠᠯ᠎ᠠ ᠠᠴᠠ ᠡᠬᠢᠯᠡᠨ᠂ 2020 ᠣᠨ ᠤ ᠪᠥᠬᠦ ᠬᠤᠲᠠ ᠶᠢᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠡᠷᠭᠢᠴᠡᠭᠦᠯᠬᠦ ᠶᠢᠨ ᠬᠠᠮᠲᠤ ᠣᠨ ᠤ ᠭᠤᠤᠯᠳᠠᠯᠭ᠎ᠠ ᠲᠠᠢ ᠠᠵᠢᠯ ᠪᠣᠯᠤᠨ ᠴᠢᠬᠤᠯᠠ ᠶᠡᠭᠡ ᠨᠡᠶᠢᠭᠡᠮ ᠤᠨ ᠨᠥᠯᠥᠭᠡ ᠭᠠᠷᠭᠠᠭᠰᠠᠨ ᠬᠡᠷᠡᠭ ᠶᠠᠪᠤᠳᠠᠯ ᠢᠶᠠᠷ ᠭᠤᠤᠯᠯᠠᠭᠤᠯᠤᠨ᠂ 2020 ᠣᠨ ᠤ ᠰᠤᠷᠲᠠᠯ ᠢ ᠲᠥᠪ ᠪᠣᠯᠭᠠᠨ ᠢᠯᠵᠠᠷᠠᠯ ᠢ ᠡᠰᠡᠷᠭᠦᠴᠡᠬᠦ ᠠᠷᠪᠠᠨ ᠶᠡᠭᠡ ᠵᠠᠩᠭᠢᠯᠠᠭ᠎ᠠ ᠶᠢᠨ ᠦᠭᠡ ᠶᠢ ᠵᠠᠷᠯᠠᠨ ᠮᠡᠳᠡᠭᠳᠡᠪᠡ᠃       ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ᠂ 2020 ᠣᠨ ᠳᠤ ᠪᠦᠬᠦ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠬᠢᠨᠠᠯᠲᠠ ᠲᠠᠯᠪᠢᠵᠤ ᠪᠠᠲᠤᠯᠠᠨ ᠬᠡᠷᠡᠭᠵᠢᠭᠦᠯᠬᠦ᠂ ᠲᠡᠭᠦᠯᠳᠡᠷᠵᠢᠭᠦᠯᠦᠨ ᠬᠥᠭᠵᠢᠭᠦᠯᠬᠦ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠬᠤ ᠶᠢ ᠪᠤᠳᠤᠬᠤ ᠦᠭᠡᠢ᠂ ᠢᠯᠵᠠᠷᠠᠵᠤ ᠳᠡᠶᠢᠯᠬᠦ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠤᠨ᠂ ︽ᠵᠢᠷᠤᠮᠵᠢᠯ ᠲᠠᠢ ᠨᠠᠷᠢᠯᠢᠭ ᠣᠨᠣᠴᠠᠲᠠᠶ᠂ ᠪᠤᠰᠤᠳᠴᠢ ᠲᠥᠪ ᠭᠤᠣᠯᠴᠢ᠂ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠠᠮᠤᠷ ᠲᠦᠪᠰᠢᠨ ᠲᠣᠭᠲᠠᠭᠤᠨ ᠪᠠᠶᠢᠬᠤ︾ ᠠᠵᠢᠯ ᠤᠨ ᠣᠶᠢᠯᠠᠭᠠᠭᠳᠠᠬᠤᠨ ᠢ ᠭᠦᠨᠵᠡᠭᠡᠶᠢᠷᠡᠭᠦᠯᠦᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠬᠤ ᠪᠠ ᠬᠠᠤᠯᠢ ᠪᠠᠷ ᠵᠠᠰᠠᠬᠤ ᠪᠠᠶᠢᠭᠤᠯᠤᠯᠲᠠ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠳᠤ ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠳᠠ ᠦᠭᠡᠢ ᠲᠦᠯᠬᠢᠨ ᠠᠬᠢᠭᠤᠯᠬᠤ ᠬᠡᠷᠡᠭᠲᠡᠶ ᠭᠡᠪᠡ᠃       ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠽᠸᠦ ᠵᠢᠶ ᠯᠦᠩ ︽2020 ᠣᠨ ᠤ ᠰᠤᠷᠲᠠᠯ ᠢ ᠲᠥᠪ ᠪᠣᠯᠭᠠᠨ ᠢᠯᠵᠠᠷᠠᠯ ᠢ ᠡᠰᠡᠷᠭᠦᠴᠡᠬᠦ ᠠᠷᠪᠠᠨ ᠶᠡᠭᠡ ᠵᠠᠩᠭᠢᠯᠠᠭ᠎ᠠ ᠶᠢᠨ ᠦᠭᠡ︾ ᠶᠢ ᠵᠠᠷᠯᠠᠨ ᠮᠡᠳᠡᠭᠳᠡᠪᠡ       ᠵᠠᠷᠯᠠᠯ ᠳᠤ᠂ ᠨᠢᠭᠡ ᠵᠢᠯ ᠤᠨ ᠲᠤᠷᠰᠢ᠂ ᠪᠥᠬᠦ ᠬᠤᠲᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ 5920 ᠬᠤᠪᠢ ᠤᠳᠠᠭ᠎ᠠ ᠭᠥᠯᠢᠶᠡᠨ ᠠᠪᠴᠤ ᠰᠢᠢᠳᠪᠦᠷᠢᠯᠡᠨ᠂ ᠠᠰᠠᠭᠤᠳᠠᠯ ᠤᠨ ᠰᠦᠪᠡᠭᠴᠢ ᠶᠢ 3853 ᠬᠤᠪᠢ ᠰᠢᠢᠳᠪᠦᠷᠢᠯᠡᠵᠦ᠂ 1320 ᠬᠤᠪᠢ ᠶᠢ ᠬᠡᠷᠡᠭ ᠪᠣᠯᠭᠠᠨ ᠳᠡᠩᠰᠡᠯᠡᠵᠦ᠂ 1599 ᠬᠥᠮᠦᠨ ᠳᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠳᠬᠡᠯ ᠥᠭᠴᠦ᠂ 75 ᠬᠥᠮᠦᠨ ᠳᠤ ᠬᠤᠴᠤᠷᠭᠠᠨ ᠰᠢᠳᠭᠡᠭᠦ ᠠᠷᠭ᠎ᠠ ᠬᠡᠮᠵᠢᠶ᠎ᠡ ᠠᠪᠴᠤ᠂ 70 ᠬᠥᠮᠦᠨ ᠢ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠪᠡ︔ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢ 7.13 ᠳ᠋ᠦᠩᠰᠢᠭᠤᠷ ᠲᠥᠭᠦᠷᠢᠭ ᠬᠤᠷᠢᠶᠠᠨ ᠠᠪᠤᠪᠠ᠃ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠤᠨ 39 ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ 60 ᠬᠥᠮᠦᠨ ᠳᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠳᠬᠡᠯ ᠥᠭᠪᠡ︔ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ 77 ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ 110 ᠬᠥᠮᠦᠨ ᠳᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠳᠬᠡᠯ ᠥᠭᠪᠡ᠃ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠰᠠᠨᠠᠯ ᠢ 72 ᠪᠦᠯᠦᠭ 1046 ᠬᠥᠮᠦᠨ ᠤᠳᠠᠭ᠎ᠠ ᠬᠠᠷᠢᠭᠤᠯᠵᠤ᠂ 10 ᠬᠥᠮᠦᠨ ᠢ ᠦᠭᠡᠶᠢᠰᠬᠡᠬᠦ ᠴᠢᠨᠠᠷᠲᠠᠶ ᠰᠠᠨᠠᠯ ᠳᠤᠷᠠᠳᠪᠠ᠃ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ︽ᠲᠦᠷᠪᠡᠨ ᠬᠡᠯᠪᠡᠷᠢ︾ ᠶᠢ ᠨᠠᠷᠢᠯᠢᠭ ᠣᠨᠣᠴᠠᠲᠠᠶ ᠪᠠᠷ ᠬᠡᠷᠡᠭᠯᠡᠨ 5329 ᠬᠥᠮᠦᠨ ᠤᠳᠠᠭ᠎ᠠ ᠶᠢ ᠰᠢᠢᠳᠪᠦᠷᠢᠯᠡᠪᠡ᠂ ᠡᠭᠦᠨ ᠤ ᠳᠣᠲᠣᠷ᠎ᠠ ᠨᠢᠭᠡᠳᠦᠭᠡᠷ ᠵᠦᠢᠯ ᠤᠨ ᠬᠡᠯᠪᠡᠷᠢ᠂ ᠬᠤᠶᠠᠳᠤᠭᠠᠷ ᠵᠦᠢᠯ ᠤᠨ ᠬᠡᠯᠪᠡᠷᠢ᠂ ᠭᠤᠷᠪᠠᠳᠤᠭᠠᠷ ᠵᠦᠢᠯ ᠤᠨ ᠬᠡᠯᠪᠡᠷᠢ᠂ ᠳᠥᠷᠪᠡᠳᠦᠭᠡᠷ ᠵᠦᠢᠯ ᠤᠨ ᠬᠡᠯᠪᠡᠷᠢ ᠲᠤᠰᠪᠤᠷᠢ 69.1%᠂ 21.1%᠂ 4.7% ᠪᠠ 5.1% ᠶᠢ ᠡᠵᠡᠯᠡᠭᠰᠡᠨ ᠢ ᠵᠢᠭᠠᠵᠤ ᠭᠠᠷᠭᠠᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠪᠠᠰᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ᠂ ᠶᠠᠳᠠᠭᠤ ᠶᠢ ᠲᠡᠳᠬᠦᠬᠦ ᠬᠦᠷᠢᠶᠡᠨ ᠤ ᠢᠯᠵᠢᠷᠡᠯ ᠪᠣᠯᠤᠨ ᠰᠤᠷᠲᠠᠯ ᠤᠨ ᠠᠰᠠᠭᠤᠳᠠᠯ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠢᠯᠵᠢᠷᠡᠯ ᠪᠣᠯᠤᠨ ︽ᠠᠷᠤ ᠲᠦᠰᠢᠭ︾ ᠤᠨ ᠠᠰᠠᠭᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠢᠷᠡᠯ ᠤᠨ ᠠᠰᠠᠭᠤᠳᠠᠯ᠂ ᠦᠨᠳᠦᠰᠦᠨ ᠱᠠᠲᠤᠨ ᠤ ︽ᠪᠢᠴᠢᠯ ᠢᠯᠵᠢᠷᠡᠯ︾ ᠢ ᠴᠡᠪᠡᠷᠯᠡᠨ ᠠᠷᠢᠯᠭᠠᠬᠤ ᠵᠡᠷᠭᠡ ᠲᠤᠰᠬᠠᠢ ᠵᠠᠰᠠᠯᠲᠠ ᠵᠢᠴᠢ ᠪᠤᠰᠤᠳ ᠠᠵᠢᠯ ᠤᠨ ᠲᠤᠭ᠎ᠠ ᠪᠠᠷᠢᠮᠲᠠ ᠶᠢ ᠨᠡᠶᠢᠳᠡᠯᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ