ᠤᠯᠠᠭᠠᠨᠬᠠᠳᠠ ᠬᠤᠲᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/12

      ᠬᠥᠮᠦᠵᠢᠯ ᠴᠡᠭᠴᠡᠯᠡᠯᠲᠡ ᠳᠤ ᠬᠢᠨᠠᠯᠲᠠ ᠲᠠᠯᠪᠢᠬᠤ ᠪᠠ ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠨᠡᠶᠢᠲᠡᠯᠡᠪᠡ 

      3 ᠰᠠᠷ᠎ᠠ ᠶᠢᠨ 10᠎ ᠤ ᠡᠳᠦᠷ᠂ ᠤᠯᠠᠭᠠᠨᠬᠠᠳᠠ ᠬᠤᠲᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠩᠬᠠᠳᠤᠭᠠᠷ

ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ

ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ

ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠰᠢᠤᠢ ᠵᠧᠨ ᠱᠠᠨ ᠬᠤᠷᠠᠯ ᠡᠷᠬᠢᠯᠡᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠲᠠ ᠶᠢᠨ

ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢ ᡁᠢ ᠭᠠᠩ ᠬᠥᠮᠦᠵᠢᠯ ᠴᠡᠭᠴᠡᠯᠡᠯᠲᠡ ᠶᠢᠨ ᠦᠨᠳᠦᠰᠦᠨ ᠠᠭᠤᠯᠭ᠎ᠠ᠂ ᠠᠵᠢᠯ ᠤᠨ ᠬᠠᠷᠠᠯᠲᠠ᠂

ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠪᠣᠯᠤᠨ ᠠᠵᠢᠯ ᠤᠨ ᠲᠣᠬᠢᠷᠠᠭᠤᠯᠤᠯᠲᠠ ᠶᠢ ᠲᠠᠨᠢᠯᠴᠠᠭᠤᠯᠪᠠ᠃ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ

ᠬᠤᠷᠢᠶᠠᠨ ᠤ ᠳᠠᠷᠤᠭ᠎ᠠ ᠫᠠᠨ ᠶᠦᠩ ᠷᠦ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠵᠢᠶᠠᠨ ᠫᠢᠩ ᠬᠤᠷᠠᠯ ᠳᠤ ᠣᠷᠣᠯᠴᠠᠵᠤ᠂

ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂

ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃

      ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ

ᠱᠠᠲᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ

ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠭᠢᠨᠳᠠᠨ ᠤ ᠣᠷᠣᠨ ᠲᠤᠭ᠎ᠠ ᠳᠤ ᠪᠠᠶᠢᠭ᠎ᠠ ᠠᠵᠢᠯ ᠤᠨ ᠪᠠᠶᠢᠷᠢ ᠳᠤ ᠪᠠᠶᠢᠭ᠎ᠠ ᠪᠥᠬᠦ

ᠺᠠᠳ᠋ᠷ ᠴᠠᠭᠳᠠᠭ᠎ᠠ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠳ ᠤᠨ ᠳᠤᠮᠳᠠ ᠥᠷᠨᠢᠭᠦᠯᠦᠨ᠎ᠡ᠃

2021 ᠣᠨ ᠤ 2 ᠰᠠᠷ᠎ᠠ ᠶᠢᠨ ᠰᠡᠭᠦᠯᠴᠢ ᠠᠴᠠ ᠡᠬᠢᠯᠡᠨ 6 ᠰᠠᠷ᠎ᠠ ᠶᠢᠨ ᠰᠡᠭᠦᠯᠴᠢ ᠪᠣᠯᠲᠠᠯ᠎ᠠ ᠦᠨᠳᠦᠰᠦᠨ ᠳᠡᠭᠡᠨ ᠳᠠᠭᠤᠰᠴᠤ᠂ 4 ᠰᠠᠷ᠎ᠠ ᠣᠷᠴᠢᠮ ᠤᠨ

ᠬᠤᠭᠤᠴᠠᠭ᠎ᠠ ᠶᠢ ᠥᠩᠭᠡᠷᠡᠭᠡᠨ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ᠂ ᠳ᠋ᠦᠩᠨᠡᠨ ᠳᠡᠭᠡᠭᠰᠢᠯᠡᠭᠦᠯᠬᠦ ᠭᠤᠷᠪᠠᠨ ᠬᠡᠰᠡᠭ

ᠬᠤᠪᠢᠶᠠᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠬᠤ᠂ ᠤᠯᠠᠨ ᠢ ᠲᠦᠢᠪᠡᠭᠡᠭᠰᠡᠳ ᠢ ᠠᠷᠢᠯᠭᠠᠬᠤ᠂ ᠬᠡᠮ ᠠᠷᠬᠠᠭ ᠢ ᠴᠡᠭᠴᠡᠯᠡᠨ ᠵᠠᠰᠠᠬᠤ᠂

ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠲᠦᠷᠪᠡᠨ ᠵᠦᠢᠯ ᠤᠨ ᠡᠭᠦᠷᠭᠡ ᠶᠢ ᠲᠤᠪᠤᠶᠢᠯᠭᠠᠨ ᠪᠠᠲᠤᠳᠬᠠᠨ᠎ᠠ᠃ ᠬᠥᠮᠦᠵᠢᠯ ᠴᠡᠭᠴᠡᠯᠡᠯᠲᠡ ᠪᠠᠷ

ᠳᠠᠮᠵᠢᠭᠤᠯᠤᠨ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠳᠤ ᠣᠷᠣᠰᠢᠵᠤ ᠪᠠᠶᠢᠭ᠎ᠠ ᠤᠯᠤᠰ ᠲᠦᠷᠦ ᠶᠢᠨ ᠤᠬᠠᠮᠰᠠᠷ ᠪᠠᠲᠤ ᠪᠤᠰᠤ᠂ ᠬᠠᠤᠯᠢ ᠴᠠᠭᠠᠵᠠ

ᠠᠷᠢᠭᠤᠨ ᠴᠢᠬᠡᠴᠢ ᠪᠤᠰᠤ᠂ ᠬᠠᠤᠯᠢ ᠬᠡᠷᠡᠭᠵᠢᠭᠦᠯᠦᠯᠲᠡ ᠲᠥᠪ ᠭᠤᠣᠯᠴᠢ ᠪᠤᠰᠤ᠂ ᠤᠴᠢᠷ ᠶᠠᠪᠤᠳᠠᠯ ᠲᠣᠬᠢᠶᠠᠯᠳᠤᠪᠠᠯ ᠬᠠᠷᠢᠭᠤᠴᠠᠯᠭ᠎ᠠ ᠡᠭᠦᠷᠭᠡᠯᠡᠬᠦ ᠦᠭᠡᠢ᠂ ᠣᠪᠣᠷ

ᠰᠤᠷᠲᠠᠯ ᠴᠢᠩᠭ᠎ᠠ ᠪᠢᠰᠢ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠪᠦᠬᠦ ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ

ᠲᠦᠷᠦ ᠶᠢᠨ ᠠᠮᠢ ᠠᠬᠤᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠬᠢᠯᠭ᠎ᠠ ᠪᠠᠲᠤ ᠣᠪᠣᠷ ᠰᠤᠷᠲᠠᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃

      ᠰᠢᠤᠢ ᠵᠧᠨ ᠱᠠᠨ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠢ

ᠲᠥᠯᠥᠭᠡᠯᠡᠨ ᠲᠥᠪ ᠴᠢᠩᠭ᠎ᠠ ᠪᠠᠷ ᠠᠮᠠᠯᠠᠭᠰᠠᠨ ᠨᠢ᠄ ᠤᠯᠠᠭᠠᠨᠬᠠᠳᠠ ᠬᠤᠳᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ

ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠠᠷᠠᠳ ᠤᠯᠠᠨ ᠤ ᠬᠠᠮᠤᠭ ᠠᠴᠠ ᠬᠦᠰᠡᠨ ᠡᠷᠡᠮᠡᠯᠵᠡᠵᠦ ᠪᠠᠶᠢᠭ᠎ᠠ ᠶᠠᠪᠤᠳᠠᠯ ᠠᠴᠠ

ᠡᠬᠢᠯᠡᠨ ᠬᠢᠵᠦ᠂ ᠬᠠᠮᠤᠭ ᠠᠴᠠ ᠬᠠᠨᠤᠮᠵᠢ ᠦᠭᠡᠢ ᠵᠦᠢᠯ ᠠᠴᠠ ᠡᠬᠢᠯᠡᠨ ᠥᠭᠡᠷᠡᠴᠢᠯᠡᠵᠦ᠂ ᠪᠦᠬᠦ ᠲᠠᠯ᠎ᠠ ᠪᠠᠷ ᠰᠤᠷᠲᠠᠯ ᠢ ᠴᠡᠭᠴᠡᠯᠡᠨ ᠰᠠᠬᠢᠯᠭ᠎ᠠ ᠶᠢ ᠴᠢᠩᠳᠠᠯᠠᠵᠤ᠂

ᠢᠯᠵᠢᠷᠡᠯ ᠢ ᠡᠰᠡᠷᠭᠦᠴᠡᠨ ᠴᠠᠭᠳᠠᠭ᠎ᠠ ᠶᠢ ᠬᠦᠴᠦᠷᠬᠡᠭᠵᠢᠭᠦᠯᠵᠦ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠬᠤ᠂ ᠤᠯᠠᠨ ᠢ ᠲᠦᠢᠪᠡᠭᠡᠭᠰᠡᠳ ᠢ

ᠠᠷᠢᠯᠭᠠᠬᠤ᠂ ᠬᠡᠮ ᠠᠷᠬᠠᠭ ᠢ ᠴᠡᠭᠴᠡᠯᠡᠨ ᠵᠠᠰᠠᠬᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠲᠦᠷᠪᠡᠨ ᠵᠦᠢᠯ ᠤᠨ ᠡᠭᠦᠷᠭᠡ ᠶᠢ ᠳᠤᠪᠤᠶᠢᠮ᠎ᠠ

ᠰᠠᠶᠢᠲᠤᠷ ᠠᠳᠬᠤᠨ᠎ᠠ᠃ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ᠂ ᠳ᠋ᠦᠩᠨᠡᠨ ᠳᠡᠭᠡᠭᠰᠢᠯᠡᠭᠦᠯᠬᠦ ᠭᠤᠷᠪᠠᠨ

ᠭᠤᠭᠴᠤᠭ᠎ᠠ ᠶᠢ ᠯᠠᠪᠳᠠᠭᠤᠨ ᠢᠶᠠᠷ ᠠᠬᠢᠭᠤᠯᠵᠤ᠂ ᠨᠠᠮ ᠪᠣᠯᠤᠨ ᠠᠷᠠᠳ ᠲᠦᠮᠡᠨ ᠳᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠨᠠᠮ ᠢ ᠴᠢᠩᠭ᠎ᠠ

ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠢᠲᠡᠭᠡᠯ ᠵᠣᠷᠢᠭ ᠢᠶᠠᠨ ᠦᠵᠡᠭᠦᠯᠵᠦ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠵᠦ ᠬᠠᠤᠯᠢ ᠪᠠᠷᠢᠬᠤ ᠰᠠᠶᠢᠨ

ᠰᠠᠶᠢᠬᠠᠨ ᠲᠦᠷᠢ ᠲᠥᠷᠬᠦ ᠶᠢ ᠤᠯᠠᠮ ᠨᠢᠭᠡ ᠠᠯᠬᠤᠮ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠴᠡᠷᠢᠭ ᠢ ᠳᠠᠪᠲᠠᠨ

ᠪᠣᠯᠪᠠᠰᠤᠷᠠᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠤᠯᠠᠭᠠᠨᠬᠠᠳᠠ᠂ ᠬᠠᠤᠯᠢᠵᠢᠯ ᠤᠨ ᠤᠯᠠᠭᠠᠨᠬᠠᠳᠠ ᠶᠢ ᠪᠦᠳᠦᠭᠡᠨ ᠪᠠᠶᠢᠭᠤᠯᠬᠤ ᠳᠤ ᠪᠠᠲᠤ

ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠪᠣᠳᠠᠲᠤ ᠠᠵᠢᠯᠯᠠᠭ᠎ᠠ ᠪᠣᠯᠤᠨ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100

ᠵᠢᠯ ᠤᠨ ᠤᠢ ᠶᠢ ᠪᠡᠯᠭᠡᠯᠡᠨ᠎ᠡ᠃

    ᠰᠢᠦᠢ ᠵᠧᠨ ᠱᠠᠨ᠂ ᠡᠯ᠎ᠡ ᠰᠣᠨᠢᠨ ᠮᠡᠳᠡᠭᠡᠨ ᠤ ᠵᠠᠭᠤᠴᠢᠯᠠᠭᠤᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠥᠬᠦ ᠬᠦᠴᠦᠨ ᠢᠶᠠᠷ ᠢᠶᠠᠨ ᠬᠠᠮᠵᠢᠯᠴᠠᠨ᠂

ᠬᠥᠮᠦᠵᠢᠯ ᠴᠡᠭᠴᠡᠯᠡᠯᠲᠡ ᠶᠢᠨ ᠦᠨᠳᠦᠰᠦᠨ ᠠᠭᠤᠯᠭ᠎ᠠ᠂ ᠠᠵᠢᠯ ᠤᠨ ᠬᠠᠷᠠᠯᠲᠠ᠂ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠪᠠ ᠠᠵᠢᠯ ᠤᠨ ᠲᠣᠬᠢᠷᠠᠭᠤᠯᠤᠯᠲᠠ ᠵᠢᠴᠢ

ᠮᠡᠳᠡᠭᠡᠯᠡᠬᠦ ᠲᠥᠰᠦᠯ ᠳᠤ ᠳᠤᠷᠠᠳᠤᠭᠰᠠᠨ ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠵᠠᠬᠢᠳᠠᠯ ᠤᠨ ᠬᠠᠶᠢᠷᠴᠠᠭ ᠪᠠ ᠰᠢᠤᠳᠠᠨ ᠤ ᠬᠠᠶᠢᠷᠴᠠᠭ ᠢ ᠶᠡᠭᠡ ᠪᠠᠷ ᠤᠬᠠᠭᠤᠯᠤᠨ

ᠮᠡᠳᠡᠭᠡᠯᠡᠵᠦ᠂ ᠬᠥᠮᠦᠨ ᠪᠦᠬᠦᠨ ᠳᠤ ᠮᠡᠳᠡᠭᠦᠯᠦᠨ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ

ᠠᠵᠢᠯ ᠤᠨ ᠡᠬᠢᠯᠡᠯᠲᠡ ᠪᠠ ᠤᠷᠤᠭᠰᠢᠲᠠᠶ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃

 

    ᠣᠯᠠᠨ ᠲᠦᠮᠡᠨ ᠤ ᠬᠥᠮᠦᠵᠢᠯ ᠴᠡᠭᠴᠡᠯᠡᠯᠲᠡ ᠳᠤ ᠬᠢᠨᠠᠯᠲᠠ ᠲᠠᠯᠪᠢᠬᠤ ᠳᠤ ᠲᠥᠬᠦᠮ ᠦᠵᠡᠭᠦᠯᠬᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ

ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠬᠤ ᠶᠢᠨ ᠲᠥᠯᠥᠭᠡ᠂ ᠡᠳᠦᠭᠡ ᠪᠥᠬᠦ ᠬᠤᠲᠠ ᠶᠢᠨ ᠤᠯᠤᠰ ᠲᠥᠷᠥ ᠬᠠᠤᠯᠢ

ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠳᠤ ᠬᠢᠨᠠᠯᠲᠠ ᠲᠠᠯᠪᠢᠬᠤ ᠪᠠ ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ

ᠨᠡᠶᠢᠭᠡᠮ ᠨᠡᠶᠢᠲᠡ ᠳᠤ ᠨᠡᠶᠢᠲᠡᠯᠡᠵᠦ᠂ ᠥᠷᠭᠡᠨ ᠣᠯᠠᠨ ᠲᠦᠮᠡᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠪᠠ ᠤᠯᠤᠰ ᠲᠥᠷᠥ ᠬᠠᠤᠯᠢ ᠴᠠᠭᠠᠵᠠ ᠶᠢᠨ

ᠺᠠᠳ᠋ᠷ ᠴᠠᠭᠳᠠᠭ᠎ᠠ ᠶᠢᠨ ᠬᠠᠤᠯᠢ ᠰᠠᠬᠢᠯᠭ᠎ᠠ ᠶᠢ ᠵᠥᠷᠢᠴᠡᠭᠰᠡᠨ ᠰᠦᠪᠡᠭᠴᠢ ᠶᠢ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃

ᠤᠯᠠᠭᠠᠨᠬᠠᠳᠠ ᠬᠤᠲᠠ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠶᠢᠨ

ᠨᠢᠭᠤᠴᠠ ᠶᠢ ᠴᠢᠩᠭ᠎ᠠ ᠬᠠᠮᠠᠭᠠᠯᠠᠨ᠎ᠠ᠃

    ᠢᠯᠡᠴᠢᠯᠡᠨ ᠮᠡᠳᠡᠭᠦᠯᠬᠦ ᠤᠲᠠᠰᠤ᠄ 0476 — 8282753

    ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ᠄ ᠤᠯᠠᠭᠠᠨᠬᠠᠳᠠ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠲᠥᠪ ᠤᠨ ᠨᠢᠭᠡᠳᠦᠭᠡᠷ

ᠳᠠᠪᠬᠤᠷᠯᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ

      ᠢᠮᠧᠯ᠄ jyzdjubao@163.com

    ᠰᠢᠤᠳᠠᠨ ᠢᠶᠠᠷ ᠢᠯᠡᠭᠡᠬᠦ ᠬᠠᠶ᠋ᠢᠭ᠄ ᠤᠯᠠᠭᠠᠨᠬᠠᠳᠠ ᠬᠤᠲᠠ ᠶᠢᠨ ᠬᠠᠰ ᠯᠤᠤ ᠶᠡᠭᠡ ᠵᠡᠭᠡᠯᠢ ᠶᠢᠨ 1 ᠳ᠋ᠦ᠋ᠭᠡᠷ ᠨᠣᠮᠧᠷ ᠤᠯᠠᠭᠠᠨᠬᠠᠳᠠ ᠬᠤᠲᠠ ᠶᠢᠨ ᠨᠠᠮ ᠵᠠᠰᠠᠭ ᠤᠨ

ᠶᠡᠷᠦᠩᠬᠡᠶᠢᠯᠡᠭᠰᠡᠨ ᠠᠰᠠᠷ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ

      ᠬᠦᠯᠢᠶᠡᠨ ᠠᠪᠬᠤ ᠤᠲᠠᠰᠤᠨ ᠤ ᠴᠠᠭ᠄ ᠠᠵᠢᠯ ᠤᠨ ᠡᠳᠦᠷ 08:30-12:00    14:30-17:30

    ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠡᠳᠦᠷ ᠬᠤᠭᠤᠴᠠᠭ᠎ᠠ᠄ 2021 ᠣᠨ ᠤ 6 ᠰᠠᠷ᠎ᠠ ᠶᠢᠨ 15᠎ ᠤ ᠡᠳᠦᠷ

ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ