2021 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ ᠤᠨ ᠨᠡᠷᠡᠰ ᠤᠨ ᠲᠠᠶᠢᠯᠪᠤᠷᠢ
ᠨᠡᠶᠢᠲᠡᠯᠡᠭᠰᠡᠨ ᠴᠠᠭ᠄
2021/3/14
   ᠨᠡᠷᠡᠰ ᠤᠨ ᠲᠠᠶᠢᠯᠪᠦᠷᠢ       ᠵᠢᠷᠭᠤᠭ᠎ᠠ ᠶᠢ ᠲᠣᠭᠲᠠᠭᠤᠨ ᠪᠠᠶᠢᠯᠭᠠᠬᠤ᠄ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ᠂ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ᠂ ᠭᠠᠳᠠᠭᠠᠳᠤ ᠪᠠᠯᠠ ᠶᠢ ᠲᠣᠭᠲᠠᠭᠤᠨ ᠪᠠᠶᠢᠯᠭᠠᠬᠤ᠂ ᠪᠠᠯᠠ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ᠂ ᠵᠢᠱᠢᠯᠲᠡ ᠶᠢ ᠲᠣᠭᠲᠠᠭᠤᠨ ᠪᠠᠶᠢᠯᠭᠠᠬᠤ᠃      ᠵᠢᠷᠭᠤᠭ᠎ᠠ ᠶᠢ ᠪᠠᠲᠤᠯᠠᠬᠤ᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭ᠎ᠠ ᠶᠢ ᠪᠠᠲᠤᠯᠠᠬᠤ᠃      ᠬᠤᠶᠠᠷ ᠪᠦᠲᠦᠭᠡᠭᠳᠡᠬᠦᠨ ᠨᠢᠭᠡ ᠲᠡᠮᠳᠡᠭᠲᠦ᠄ ᠪᠣᠬᠢᠷᠲᠤᠯ ᠥᠬᠡᠶ ᠢᠳᠡᠭᠡᠨ᠂ ᠣᠷᠭᠠᠨᠢᠭ ᠢᠳᠡᠭᠡᠨ᠂ ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ᠃      ᠭᠤᠷᠪᠠᠨ ᠣᠷᠣᠨ ᠭᠤᠷᠪᠠᠨ ᠱᠤᠭᠤᠮ᠄ ᠬᠤᠲᠠ ᠪᠠᠯᠭᠠᠰᠤ᠂ ᠲᠠᠷᠢᠶᠠᠯᠠᠩ᠂ ᠠᠮᠢ ᠠᠬᠤᠶ ᠶᠢᠨ ᠣᠷᠣᠨ ᠵᠠᠶ ᠪᠠ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠱᠤᠭᠤᠮ᠃      ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠄ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠡᠢ᠂ ᠬᠠᠮᠲᠤᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ᠃      ᠰᠢᠨ᠎ᠡ ᠬᠥᠭᠵᠢᠯᠲᠡ ᠶᠢᠨ ᠪᠠᠶᠢᠷᠢᠰᠢᠯ᠄ ᠤᠯᠤᠰ ᠤᠨ ᠳᠣᠲᠣᠭᠠᠳᠤ ᠶᠢᠨ ᠶᠡᠭᠡ ᠡᠷᠬᠢᠯᠳᠠ ᠪᠠᠷ ᠭᠤᠣᠯ ᠴᠣᠭᠴᠠ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠡᠷᠬᠢᠯᠳᠠ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ᠃      ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︽1536︾ ᠳᠡᠭᠡᠭᠰᠢᠯᠡᠭᠦᠯᠬᠦ ᠢᠨᠵᠧᠨᠧᠷᠢᠩ᠄ ᠪᠦᠬᠦ ᠬᠤᠲᠠ ᠶᠢᠨ ᠬᠦᠴᠦᠨ ᠢᠶᠠᠷ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠪᠠᠶᠢᠭᠤᠯᠤᠨ᠎ᠠ᠃ ᠤᠯᠠᠭᠠᠨᠬᠠᠳᠠ ᠶᠢᠨ ᠬᠠᠰ ᠯᠣᠣ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠠᠷᠠᠴᠢᠨ ᠬᠤᠰᠢᠭᠤᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠶᠤᠸᠠᠨ ᠪᠦᠦ ᠱᠠᠨ ᠤ ᠶᠡᠷᠦᠩᠬᠡᠢᠯᠡᠭᠰᠡᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠨᠢᠩᠴᠧᠩ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠠᠤᠬᠠᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ 5 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠬᠤᠩᠱᠠᠨ᠂ ᠰᠦᠩᠱᠠᠨ᠂ ᠬᠠᠷᠠᠴᠢᠨ 3 ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠤᠨ᠎ᠠ᠃ ᠠᠷᠤ ᠬᠤᠷᠴᠢᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠭᠠᠷᠢᠨ ᠵᠡᠭᠦᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠭᠠᠷᠢᠨ ᠪᠠᠷᠠᠭᠤᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠥᠪᠥᠷ ᠮᠣᠩᠭᠤᠯ ᠤᠨ ᠯᠢᠨᠰᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠡᠰᠢᠭᠲᠡᠨ ᠤ ᠣᠷᠴᠢᠯ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠬᠤᠩᠱᠠᠨ ᠤ ᠪᠣᠬᠢᠷᠲᠤᠯ ᠦᠭᠡᠶ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ 6 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃      ᠭᠤᠷᠪᠠ ᠶᠢ ᠨᠡᠮᠡᠭᠳᠡᠭᠦᠯᠵᠦ ᠭᠤᠷᠪᠠ ᠶᠢ ᠰᠢᠯᠢᠳᠡᠭᠵᠢᠭᠦᠯᠬᠦ᠄ ᠠᠵᠤ ᠠᠬᠤᠢ ᠶᠢᠨ ᠲᠠᠷᠢᠮᠠᠯ ᠤᠨ ᠲᠠᠯᠠᠪᠠᠢ ᠶᠢ ᠨᠡᠮᠡᠭᠳᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠠᠯᠠᠰᠢᠨ ᠦᠬᠡᠷ ᠤᠨ ᠲᠤᠭ᠎ᠠ ᠶᠢ ᠨᠡᠮᠡᠭᠳᠡᠭᠦᠯᠵᠦ᠂ ᠴᠢᠨᠠᠷ ᠰᠠᠶᠢᠲᠠᠢ ᠠᠯᠠᠰᠢᠨ ᠬᠤᠨᠢᠨ ᠤ ᠲᠤᠭ᠎ᠠ ᠶᠢ ᠰᠢᠯᠢᠳᠡᠭᠵᠢᠭᠦᠯᠵᠦ᠂ ᠭᠡᠷ ᠤᠨ ᠵᠢᠭᠦᠷᠲᠡᠨ ᠤ ᠲᠤᠭ᠎ᠠ ᠶᠢ ᠨᠡᠮᠡᠭᠳᠡᠭᠦᠯᠵᠦ᠂ ᠠᠮᠢᠳᠤ ᠭᠠᠭ᠋ᠠᠢ ᠶᠢᠨ ᠲᠤᠭ᠎ᠠ ᠶᠢ ᠰᠢᠯᠢᠳᠡᠭᠵᠢᠭᠦᠯᠦᠨ᠎ᠡ᠃      ᠬᠤᠶᠠᠷ ᠰᠢᠨ᠎ᠡ ᠨᠢᠭᠡ ᠭᠤᠤᠯᠳᠠᠯᠭᠠᠳᠠᠢ᠄ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠭᠤᠤᠯᠳᠠᠯᠭᠠᠳᠠᠢ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠃      ᠪᠠᠷᠢᠯᠭ᠎ᠠ ᠶᠢᠨ ᠭᠠᠵᠠᠷ ᠤᠨ ︽ᠵᠢᠷᠭᠤᠭᠠᠨ ᠵᠠᠭᠤᠨ ᠤ ᠵᠠᠭᠤ︾᠄ ᠪᠠᠷᠢᠯᠭ᠎ᠠ ᠶᠢᠨ ᠭᠠᠵᠠᠷ ᠢ ᠵᠠᠭᠤᠨ ᠤ ᠵᠠᠭᠤ ᠪᠠᠷ ᠬᠦᠷᠢᠶᠡᠯᠡᠨ ᠪᠢᠳᠡᠭᠦᠮᠵᠢᠯᠡᠬᠦ᠂ ᠣᠷᠣᠵᠤ ᠭᠠᠷᠬᠤ ᠲᠡᠷᠭᠡ ᠬᠥᠰᠬᠡ ᠶᠢ ᠵᠠᠭᠤᠨ ᠤ ᠵᠠᠭᠤ ᠪᠠᠷ ᠤᠬᠢᠶᠠᠵᠤ ᠴᠡᠪᠡᠷᠯᠡᠬᠦ᠂ ᠲᠠᠯᠠᠪᠤᠷ ᠭᠠᠵᠠᠷ ᠢ ᠵᠠᠭᠤᠨ ᠤ ᠵᠠᠭᠤ ᠪᠠᠷ ᠬᠠᠳᠠᠭᠤᠷᠠᠭᠤᠯᠬᠤ᠂ ᠰᠢᠷᠣᠶ ᠲᠡᠭᠡᠭᠡᠭᠦ ᠲᠡᠷᠭᠡ ᠬᠥᠰᠬᠡ ᠶᠢ ᠵᠠᠭᠤᠨ ᠤ ᠵᠠᠭᠤ ᠪᠠᠷ ᠪᠢᠲᠡᠭᠦᠮᠵᠢᠯᠡᠨ ᠲᠡᠭᠡᠭᠡᠪᠦᠷᠢᠯᠡᠬᠦ᠂ ᠡᠳ᠋ ᠪᠣᠳᠠᠰ ᠢ ᠵᠠᠭᠤᠨ ᠤ ᠵᠠᠭᠤ ᠪᠠᠷ ᠣᠪᠣᠭᠠᠯᠠᠵᠤ ᠪᠦᠷᠬᠦᠬᠦ᠂ ᠨᠤᠷᠠᠭᠠᠵᠤ ᠨᠡᠭᠦᠯᠭᠡᠬᠦ ᠲᠤᠬᠠᠶ ᠶᠢᠨ ᠲᠠᠯᠠᠪᠠᠶ ᠶᠢ ᠵᠠᠭᠤᠨ ᠤ ᠵᠠᠭᠤ ᠪᠠᠷ ᠤᠰᠤ ᠰᠦᠷᠴᠢᠨ ᠨᠣᠷᠠᠭᠠᠬᠤ᠃      ᠭᠤᠤᠯ ᠤᠨ ᠤᠷᠤᠰᠬᠠᠯ ᠤᠨ ᠵᠠᠮ ᠤᠨ ︽ᠳᠥᠷᠪᠡᠨ ᠲᠤᠷ᠎ᠠ ᠪᠠᠷ︾᠄ ᠳᠤᠷ᠎ᠠ ᠪᠠᠷ ᠮᠠᠯᠲᠠᠬᠤ᠂ ᠳᠤᠷ᠎ᠠ ᠪᠠᠷ ᠣᠪᠣᠭᠠᠯᠠᠬᠤ᠂ ᠳᠤᠷ᠎ᠠ ᠪᠠᠷ ᠪᠠᠷᠢᠬᠤ᠂ ᠳᠤᠷ᠎ᠠ ᠪᠠᠷ ᠡᠵᠡᠯᠡᠬᠦ᠃      ᠲᠠᠪᠤᠨ ᠬᠥᠮᠦᠵᠢᠯ ᠢ ᠵᠡᠷᠭᠡᠪᠡᠷ ᠬᠦᠭᠵᠢᠬᠦᠯᠬᠦ᠄ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠶᠢ ᠪᠥᠬᠦ ᠲᠠᠯ᠎ᠠ ᠪᠠᠷ ᠬᠥᠭᠵᠢᠭᠦᠯᠬᠦ᠃      ᠳᠥᠷᠪᠡᠨ ᠲᠠᠯ᠎ᠠ ᠶᠢᠨ ᠬᠠᠷᠢᠭᠤᠴᠠᠯᠭ᠎ᠠ᠄ ᠬᠠᠷᠢᠶᠠᠲᠤ ᠣᠷᠣᠨ ᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭ᠎ᠠ᠂ ᠬᠤᠪᠢ ᠬᠥᠮᠦᠨ ᠤ ᠬᠠᠷᠢᠭᠤᠴᠠᠯᠭ᠎ᠠ᠃      ︽ᠳᠥᠷᠪᠡᠨ ᠡᠷᠲᠡ︾ ᠶᠢᠨ ᠱᠠᠭᠠᠷᠳᠠᠯᠭ᠎ᠠ᠄ ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠲᠤᠰᠠᠭᠠᠷᠯᠠᠵᠤ᠂ ᠡᠷᠲᠡ ᠡᠮᠨᠡᠨ ᠵᠠᠰᠠᠬᠤ᠃      ᠲᠠᠪᠤ ᠶᠢ ᠮᠡᠳᠡᠷᠡᠨ ᠵᠥᠪᠰᠢᠶᠡᠷᠡᠬᠦ : ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ᠃ᠠᠶᠤᠯᠭᠦᠢ ᠦᠢᠯᠡᠳᠪᠦᠷᠢᠯᠡᠯ ᠤᠨ ︽ᠬᠤᠶᠠᠷ ᠦᠨᠳᠦᠰᠦᠨ︾ ᠤ ᠪᠠᠶᠢᠭᠤᠯᠤᠯᠲᠠ ᠶᠢᠨ ᠣᠨ᠄ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠰᠠᠭᠤᠷᠢ ᠪᠣᠯᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠣᠨ ᠢ ᠵᠢᠭᠠᠵᠤ ᠪᠤᠶ᠃      ᠭᠤᠷᠪᠠᠨ ᠨᠡᠶᠢᠭᠡᠮ ᠤᠨ ᠬᠢ ᠬᠠᠮᠲᠤᠷᠠᠨ ᠬᠥᠳᠡᠯᠦᠯᠴᠡᠬᠦ᠄ ᠨᠡᠶᠢᠭᠡᠮ ᠲᠣᠭᠤᠷᠢᠭ ᠢᠶᠠᠷ ᠲᠠᠪᠴᠠᠩ ᠪᠣᠯᠭᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠢᠶᠠᠷ ᠲᠤᠯᠭᠠᠭᠤᠷᠢ ᠪᠣᠯᠭᠠᠭᠰᠠᠨ ᠬᠠᠮᠲᠤᠷᠠᠨ ᠬᠥᠳᠡᠯᠦᠯᠴᠡᠬᠦ ᠲᠣᠭᠲᠠᠴᠠ᠃       ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ ᠳᠦᠷᠢᠮ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠶᠢᠨ ᠲᠦᠷᠢᠮ᠃      ᠲᠤᠯᠤᠭᠠᠨ ᠵᠦᠢᠯ ᠤᠨ ᠴᠢᠳᠠᠪᠤᠷᠢ᠄ ᠤᠯᠤᠰ ᠲᠥᠷᠥ ᠶᠢᠨ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ᠂ ᠣᠯᠠᠨ ᠲᠦᠮᠡᠨ ᠤ ᠠᠵᠢᠯ ᠤᠨ ᠴᠢᠳᠠᠪᠤᠷᠢ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ