ᠭᠤᠷᠪᠠ᠂ 2021 ᠣᠨ ᠤ ᠭᠤᠣᠯᠳᠠᠯᠭᠠᠲᠠᠢ ᠠᠵᠢᠯ | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠡᠬᠢᠯᠡᠯᠲᠡ ᠨᠢ ᠪᠦᠬᠦ ᠲᠠᠯ᠎ᠠ ᠶᠢ | ᠲᠣᠭᠲᠠᠭᠠᠵᠤ᠂ ᠡᠬᠢᠯᠡᠯᠲᠡ ᠨᠢ ᠪᠦᠬᠦ ᠶᠠᠪᠤᠴᠠ ᠶᠢ ᠲᠤᠭᠲᠠᠭᠠᠳᠠᠭ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ | ᠬᠤᠷᠠᠯᠳᠤᠭᠠᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠣᠭᠲᠠᠭᠤᠨ ᠮᠥᠷᠲᠡᠭᠡᠨ ᠤᠷᠤᠭᠰᠢᠯᠠᠭᠤᠯᠬᠤ ᠠᠵᠢᠯ ᠤᠨ ᠶᠡᠷᠦᠩᠬᠡᠶ ᠠᠶᠢᠵᠢᠮ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠠᠵᠤ ᠠᠬᠤᠶ ᠶᠢᠨ ᠪᠦᠲᠦᠭᠡᠨ | ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠰᠢᠰᠲ᠋ᠧᠮᠲᠦ | ᠦᠵᠡᠯᠲᠡ ᠶᠢ ᠪᠠᠷᠢᠮᠲᠠᠯᠠᠨ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠯᠡᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ︽ᠵᠢᠷᠭᠤᠭ᠎ᠠ ᠶᠢ ᠬᠠᠮᠠᠭᠠᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ | ᠣᠷᠣᠨ ᠪᠠᠶᠢᠷᠢ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠦᠨᠡᠨᠬᠦ | ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ᠃ | ᠪᠦᠬᠦ ᠬᠤᠲᠠ ᠶᠢᠨ ᠠᠵᠤ ᠠᠬᠤᠶ ᠨᠡᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠣᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ | ᠥᠷᠲᠡᠭ ᠢ 6% ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7% ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 6% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ | ᠲᠤᠭ᠎ᠠ ᠶᠢ 6% ᠪᠠᠷ ᠨᠡᠮᠡᠭᠳᠡᠭᠦᠯᠦᠨ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠵᠠᠷᠤᠴᠠᠭᠤᠯᠵᠤ ᠪᠣᠯᠬᠤ | ᠣᠷᠣᠯᠭ᠎ᠠ ᠶᠢ 6.5% ᠪᠠᠷ ᠨᠡᠮᠡᠭᠳᠡᠭᠦᠯᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠵᠠᠷᠤᠴᠠᠭᠤᠯᠵᠤ ᠪᠣᠯᠬᠤ ᠣᠷᠣᠯᠭ᠎ᠠ ᠶᠢ 7% ᠪᠠᠷ ᠨᠡᠮᠡᠭᠳᠡᠭᠦᠯᠦᠨ᠂ ᠰᠠᠭᠤᠭᠠᠯᠢ ᠠᠷᠠᠳ ᠤᠨ ᠬᠡᠷᠡᠭᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ | ᠭᠤᠤᠯ ᠪᠣᠯᠬᠤ ᠪᠣᠬᠢᠷ ᠪᠣᠳᠠᠰ ᠤᠨ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠬᠤᠲᠠ ᠪᠠᠯᠭᠠᠰᠤ ᠶᠢᠨ ᠪᠠᠶᠢᠴᠠᠭᠠᠭᠰᠠᠨ ᠠᠵᠢᠯ | ᠠᠯᠳᠠᠭᠰᠠᠳ ᠤᠨ ᠨᠣᠷᠮ᠎ᠠ ᠶᠢ 6% ᠶᠢᠨ ᠳᠣᠲᠣᠷ᠎ᠠ ᠬᠢᠵᠠᠭᠠᠷᠯᠠᠨ᠎ᠠ᠃ | | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠣᠭᠤᠷᠢᠨ ᠳᠤ᠂ ᠪᠢᠳᠡ ᠨᠠᠢᠮᠠᠨ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠄ | | ︵ᠨᠢᠭᠡ︶ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠭᠦ ᠳᠤ ᠬᠦᠴᠦᠨ ᠢᠶᠠᠨ ᠲᠥᠪᠯᠡᠷᠡᠭᠦᠯᠦᠨ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠡᠷᠡᠰ | ᠭᠤᠶᠢᠪᠢᠰᠢ ᠦᠭᠡᠢ ᠪᠠᠶᠢᠭᠤᠯᠤᠨ᠎ᠠ | ᠠᠵᠤ ᠦᠢᠯᠡᠰ ᠤᠨ ᠣᠷᠣᠨ ᠵᠠᠶ ᠶᠢᠨ ᠪᠠᠶᠢᠷᠢᠰᠢᠯ ᠢ ᠨᠡᠩ ᠰᠢᠯᠢᠳᠡᠭᠵᠢᠭᠦᠯᠬᠦ ᠶᠢ ᠠᠬᠢᠭᠤᠯᠤᠨ᠎ᠠ᠃ ᠣᠷᠣᠨ ᠵᠠᠶ᠂ ᠣᠷᠣᠨ ᠪᠦᠰᠡ ᠪᠠ ᠬᠤᠰᠢᠭᠤ ᠰᠢᠶᠠᠨ | ᠲᠣᠭᠤᠷᠢᠭ ᠤᠨ ᠲᠥᠯᠥᠪᠵᠢᠭᠦᠯᠭᠡ ᠳᠠᠬᠢ ᠵᠢᠯᠣᠭᠤᠳᠣᠯᠭ᠎ᠠ ᠪᠠᠨ ᠴᠢᠩᠭᠠᠳᠬᠠᠵᠤ᠂ ᠪᠠᠶᠢᠷᠢ ᠲᠣᠭᠲᠠᠭᠠᠯᠲᠠ ᠨᠢ ᠣᠨᠣᠪᠴᠢᠲᠠᠶ᠂ ᠵᠠᠭᠠᠭ ᠬᠢᠵᠠᠭᠠᠷ ᠨᠢ ᠲᠣᠳᠣᠷᠬᠠᠶ᠂ | ᠨᠢᠭᠡᠳᠦᠯᠲᠡᠶ ᠵᠣᠯᠭᠠᠭᠤᠯᠤᠭᠰᠠᠨ ᠲᠥᠯᠥᠪᠵᠢᠭᠦᠯᠭᠡ ᠶᠢᠨ ᠰᠢᠰᠲ᠋ᠧᠮᠵᠢ ᠶᠢ ᠪᠣᠶ ᠪᠣᠯᠭᠠᠵᠤ᠂ ᠭᠤᠤᠯ ᠬᠤᠲᠠ ᠲᠣᠭᠤᠷᠢᠭ᠂ ᠭᠤᠤᠯ ᠬᠤᠲᠠ ᠲᠣᠭᠤᠷᠢᠭ ᠤᠨ ᠲᠤᠭᠤᠷᠢᠮ | ᠪᠠ ᠬᠤᠶᠢᠲᠤ ᠬᠡᠰᠡᠭ ᠤᠨ ᠬᠤᠰᠢᠭᠤ ᠰᠢᠶᠠᠨ ᠤ ᠵᠦᠷᠢᠶᠡᠴᠢᠯᠡᠭᠰᠡᠨ ᠬᠥᠭᠵᠢᠯᠲᠡ ᠶᠢ ᠠᠬᠢᠭᠤᠯᠤᠨ᠎ᠠ᠃ ᠬᠤᠲᠠ ᠰᠢᠶᠠᠨ ᠬᠤᠶᠠᠷ ᠱᠠᠲᠤᠨ ᠤ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠶᠡᠷᠥᠩᠬᠡᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ᠂ ︽ᠨᠢᠭᠡ ᠯᠡ ᠵᠢᠷᠤᠭ︾ ᠤᠨ ᠮᠡᠳᠡᠭᠡ ᠵᠠᠩᠭᠢ ᠶᠢᠨ ᠲᠠᠪᠴᠠᠩ ᠪᠠ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠰᠢᠰᠲ᠋ᠧᠮ ᠢ ᠵᠡᠷᠭᠡᠪᠡᠷ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠵᠢᠭᠡᠯᠡᠯᠭᠡ ᠶᠢᠨ | ᠲᠡᠮᠳᠡᠭᠲᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠨᠡᠶᠢᠭᠡᠮ ᠤᠨ ᠬᠥᠷᠥᠩᠭᠡ ᠶᠢ ᠲᠠᠲᠠᠨ ᠣᠷᠣᠯᠴᠠᠭᠤᠯᠵᠤ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ︽1536︾ ᠳᠡᠭᠡᠭᠰᠢᠯᠡᠭᠦᠯᠬᠦ ᠢᠨᠵᠧᠨᠧᠷᠢᠩ ᠢ ᠲᠥᠪᠯᠡᠷᠡᠭᠦᠯᠦᠨ ᠬᠡᠷᠡᠭᠵᠢᠭᠦᠯᠦᠨ᠎ᠡ᠃ ᠣᠷᠣᠨ ᠠᠯᠤᠰᠯᠠᠭᠰᠠᠨ ᠠᠵᠤ ᠠᠬᠤᠶ ᠶᠢ | ᠢᠳᠡᠪᠬᠢᠲᠡᠶ ᠪᠠᠷ ᠬᠥᠭᠵᠢᠭᠦᠯᠵᠦ᠂ ᠠᠵᠤ ᠦᠢᠯᠡᠳᠪᠦᠷᠢ ᠶᠢᠨ ᠲᠥᠷᠥᠯ ᠵᠦᠢᠯᠡᠰ ᠢ ᠬᠦᠷᠢᠶᠡᠯᠡᠩ ᠲᠣᠭᠤᠷᠢᠭ ᠲᠡᠰᠢ ᠲᠥᠪᠯᠡᠷᠡᠭᠦᠯᠬᠦ ᠶᠢ ᠵᠣᠷᠢᠬᠵᠢᠭᠤᠯᠵᠤ᠂ | ᠬᠥᠳᠡᠯᠮᠦᠷᠢ ᠬᠤᠷᠠᠭᠰᠠᠨ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠶᠢᠨ ᠲᠦᠷᠦᠯ ᠵᠦᠢᠯᠡᠰ ᠢ ᠬᠤᠲᠠ ᠪᠠᠯᠭᠠᠰᠤ ᠲᠡᠰᠢ ᠲᠥᠪᠯᠡᠷᠡᠭᠦᠯᠬᠦ ᠶᠢ | ᠲᠡᠮᠵᠢᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠢᠪᠲᠤᠯᠤᠯᠲᠠ ᠲᠠᠢ ᠪᠣᠯᠭᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ | ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠨ᠂ ︽ᠪᠡᠭᠡᠵᠢᠩ ᠳᠤ ᠰᠤᠳᠤᠯᠤᠨ ᠨᠡᠪᠴᠢᠭᠦᠯᠵᠦ᠂ ᠤᠯᠠᠭᠠᠨᠬᠠᠳᠠ ᠳᠤ ᠤᠯᠠᠷᠢᠭᠤᠯᠤᠨ ᠨᠠᠶᠢᠳᠠᠪᠤᠷᠢᠵᠢᠭᠤᠯᠬᠤ︾ ᠭᠡᠳᠡᠷᠭᠦ ᠴᠢᠭᠯᠡᠯᠲᠦ | ᠤᠷᠤᠨ ᠠᠯᠣᠰᠯᠠᠬᠤ ᠵᠠᠭᠪᠤᠷ ᠶᠣᠰᠣᠭᠠᠷ᠂ ᠪᠡᠭᠡᠵᠢᠩ · ᠤᠯᠠᠭᠠᠨᠬᠠᠳᠠ ᠶᠢᠨ ᠠᠵᠤ ᠦᠢᠯᠡᠰ ᠤᠨ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠡᠷᠦᠩᠬᠡᠶ ᠭᠠᠵᠠᠷ ᠢ ᠪᠠᠶᠢᠭᠤᠯᠤᠨ᠎ᠠ᠃ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠠᠴᠢᠶᠠᠯᠠᠪᠤᠷᠢ ᠶᠢ 10 ᠰᠢᠨ᠎ᠡ ᠪᠠᠷ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠦᠢᠯᠡᠳᠦᠯ ᠢ | ᠪᠠᠳᠠᠷᠠᠭᠤᠯᠵᠤ᠂ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠯᠠᠷᠢᠭᠤᠯᠬᠤ ᠡᠷᠴᠢᠮ ᠢ ᠴᠢᠩᠭᠠᠷᠠᠭᠤᠯᠤᠨ᠂ ᠪᠥᠬᠦ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠵᠣᠯᠭᠠᠭᠤᠯᠬᠤ ᠶᠡᠭᠡ ᠬᠤᠷᠠᠯ ᠢ ᠰᠠᠶᠢᠲᠤᠷ ᠡᠷᠭᠢᠯᠡᠨ᠎ᠡ᠃ ᠳᠡᠭᠡᠳᠦ ᠰᠤᠷᠭᠠᠭᠤᠯᠢ | ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠭᠠᠨᠬᠠᠳᠠ ᠶᠢᠨ ᠹᠦ᠋ | ᠨᠠ ᠺᠠᠩ ᠬᠢᠭᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠢᠮᠢ ᠶᠢᠨ ᠰᠣᠳᠣᠯᠭᠠᠨ ᠤ ᠭᠠᠵᠠᠷ᠂ ᠤᠯᠠᠭᠠᠨᠬᠠᠳᠠ ᠶᠢᠨ ᠠᠨ ᠪᠠᠩ ᠬᠢᠭᠡᠳ | ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠠᠮᠲᠤᠷᠠᠯᠴᠠᠭ᠎ᠠ ᠶᠢ ᠭᠤᠣᠯᠳᠠᠯᠭᠠᠲᠠᠢ ᠠᠬᠢᠭᠤᠯᠵᠤ᠂ ᠥᠪᠥᠷ ᠮᠣᠩᠭᠤᠯ ᠤᠨ ᠲᠥᠬᠦᠭᠡᠷᠦᠮᠵᠢᠲᠦ | ᠢᠳᠡᠰᠢᠨ ᠨᠣᠭᠤᠭ᠎ᠠ ᠶᠢᠨ ᠦᠷ᠎ᠠ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠰᠠᠶᠢᠲᠤᠷ ᠪᠥᠳᠥᠭᠡᠨ ᠪᠠᠶᠢᠭᠤᠯᠤᠨ᠎ᠠ᠃ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠵᠦ᠂ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠲᠥᠷᠥ ᠶᠢᠨ ᠪᠣᠳᠣᠯᠭ᠎ᠠ ᠨᠤᠭᠤᠳ ᠢ ᠲᠣᠭᠲᠠᠭᠠᠨ ᠨᠡᠶᠢᠲᠡᠯᠡᠵᠦ᠂ ᠤᠯᠠᠭᠠᠨᠬᠠᠳᠠ ᠶᠢᠨ ᠴᠢᠨᠠᠷ ᠰᠠᠶᠢᠲᠠᠶ ᠬᠥᠭᠵᠢᠯᠲᠡ ᠳᠤ ᠣᠶᠤᠨ ᠤ ᠳᠡᠮᠵᠢᠯᠭᠡ | ᠬᠠᠩᠭᠠᠨ᠎ᠠ᠃ | ᠠᠵᠤ ᠦᠢᠯᠡᠳᠪᠦᠷᠢ ᠶᠢᠨ ᠠᠵᠤ ᠠᠬᠤᠶ ᠶᠢᠨ ᠦᠷᠭᠦᠯᠵᠢᠯᠡᠨ ᠨᠡᠮᠡᠭᠳᠡᠬᠦ ᠶᠢ ᠲᠦᠯᠬᠢᠨ ᠠᠬᠢᠭᠤᠯᠤᠨ᠎ᠠ᠃ ᠭᠤᠣᠯᠳᠠᠯᠭᠠᠲᠠᠢ ᠠᠵᠤ ᠦᠢᠯᠡᠳᠪᠦᠷᠢ ᠶᠢᠨ ᠲᠥᠷᠥᠯ | ᠵᠦᠢᠯ ᠢ 140 ᠠᠴᠠ ᠳᠡᠭᠡᠭᠰᠢ ᠬᠡᠷᠡᠭᠵᠢᠭᠦᠯᠵᠦ᠂ ᠴᠢ ᠾᠦᠢ ᠶᠢᠨ ᠬᠥᠩᠭᠡᠨ ᠴᠠᠭᠠᠨ ᠤ ᠢᠰᠦᠯ ᠵᠡᠷᠭᠡ ᠴᠢᠬᠤᠯᠠ ᠶᠡᠭᠡ ᠲᠥᠷᠥᠯ ᠵᠦᠢᠯ ᠢ ᠲᠣᠭᠲᠠᠭᠤᠨ ᠢᠶᠠᠷ | ᠬᠡᠷᠡᠭᠵᠢᠭᠦᠯᠬᠦ ᠶᠢ ᠠᠬᠢᠭᠤᠯᠵᠤ᠂ ᠤᠯᠠᠭᠠᠨᠬᠠᠳᠠ ᠶᠢᠨ ᠡᠮ ᠦᠢᠯᠡᠳᠬᠦ ᠣᠯᠠᠨ ᠴᠢᠳᠠᠮᠵᠢᠳᠣ ᠦᠢᠯᠡᠳᠪᠦᠷᠢ ᠶᠢᠨ ᠲᠠᠰᠤᠭ ᠵᠡᠷᠭᠡ ᠲᠥᠷᠥᠯ ᠵᠦᠢᠯ ᠢ ᠠᠵᠢᠯ | ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠨᠢᠩ ᠪᠣᠣ ᠶᠢᠨ ᠴᠠᠬᠢᠭᠤᠷ ᠮᠠᠩᠭᠠᠨ ᠤ ᠬᠠᠶᠢᠯᠤᠰᠢ᠂ ᠵᠦᠩ ᠲᠠᠩ ᠣᠨᠴᠣᠭᠤᠶ ᠪᠣᠯᠣᠳ ᠲᠡᠮᠦᠷ ᠨᠠᠷᠢᠯᠢᠭ | ᠪᠣᠯᠣᠳ ᠵᠡᠷᠭᠡ ᠨᠢᠭᠡ ᠪᠦᠯᠦᠭ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠰᠢᠤᠢ ᠿᠢ ᠪᠣᠯᠣᠳ | ᠬᠡᠦᠷᠰᠢᠭᠦᠯᠦᠯᠲᠡ ᠶᠢ ᠨᠢᠭᠡ ᠴᠤᠭᠴᠠᠵᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠬᠦ ᠪᠠᠷ ᠬᠦᠴᠦᠯᠡᠨ ᠴᠢᠷᠮᠠᠶᠢᠨ᠎ᠠ᠃ ᠬᠡᠯᠬᠢᠶᠡᠯᠡᠨ | ᠬᠤᠯᠪᠣᠭᠠᠯᠠᠵᠤ ᠳᠠᠬᠢᠨ ᠵᠣᠬᠢᠶᠠᠨ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ | ᠨᠥᠬᠦᠪᠥᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠩᠭᠡᠲᠦ ᠲᠡᠮᠦᠷᠯᠢᠭ ᠬᠠᠶᠢᠯᠤᠭᠤᠯᠬᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠨᠡᠬᠡᠮᠡᠯ ᠵᠡᠷᠭᠡ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠵᠤ᠂ | ᠵᠢᠯ ᠤᠨ ᠳᠣᠲᠣᠷ᠎ᠠ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠢ 100 ᠠᠴᠠ ᠳᠡᠭᠡᠭᠰᠢ ᠬᠡᠷᠡᠭᠵᠢᠭᠦᠯᠦᠨ᠎ᠡ᠃ ᠠᠮᠢᠳᠤ ᠪᠣᠳᠠᠰ ᠤᠨ ᠡᠮ ᠡᠮᠨᠡᠯᠭᠡ᠂ ᠴᠠᠬᠢᠮ | ᠮᠡᠳᠡᠭᠡ ᠵᠠᠩᠭᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠴᠡᠷᠢᠭ ᠠᠷᠠᠳ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠲᠤᠭᠠᠵᠢᠭᠤᠯᠤᠭᠰᠠᠨ ᠥᠭᠡᠷᠡᠴᠢᠯᠡᠯᠲᠡ ᠶᠢ ᠲᠦᠷᠭᠡᠳᠬᠡᠨ᠂ ᠤᠳᠤ | ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠲᠦᠰᠢᠭ ᠲᠤᠯᠭᠠᠭᠤᠷᠢ ᠬᠠᠩᠭᠠᠨ᠎ᠠ᠃ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ ︽ᠭᠤᠷᠪᠠ ᠶᠢ ᠨᠡᠮᠡᠭᠳᠡᠭᠦᠯᠵᠦ ᠭᠤᠷᠪᠠ ᠶᠢ ᠰᠢᠯᠢᠳᠡᠭᠵᠢᠭᠦᠯᠬᠦ︾ | ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠪᠥᠬᠦ ᠬᠤᠲᠠ ᠶᠢᠨ ᠬᠦᠴᠦᠨ ᠢ ᠳᠠᠶᠢᠴᠢᠯᠠᠨ ᠠᠯᠠᠰᠢᠨ ᠦᠬᠡᠷ ᠤᠨ ᠠᠵᠤ ᠦᠢᠯᠡᠰ᠂ ᠲᠥᠬᠦᠭᠡᠷᠥᠮᠵᠢᠲᠦ ᠲᠠᠷᠢᠶᠠᠯᠠᠩ | ᠪᠠ ᠴᠢᠨᠠᠷ ᠰᠠᠶᠢᠲᠠᠶ ᠲᠡᠵᠢᠭᠡᠯ ᠡᠪᠡᠰᠦᠨ ᠤ ᠠᠵᠤ ᠦᠢᠯᠡᠰ ᠢ ᠬᠥᠭᠵᠢᠭᠦᠯᠵᠦ᠂ ᠵᠢᠯ ᠤᠨ ᠳᠣᠲᠣᠷ᠎ᠠ ᠦᠬᠡᠷ 30 ᠲᠦᠮᠡᠨ ᠲᠣᠯᠣᠭᠠᠶ᠂ ᠴᠢᠨᠠᠷ ᠰᠠᠶᠢᠲᠠᠶ ᠪᠣᠷᠣ | ᠴᠠᠷᠭᠠᠰᠤ 20 ᠲᠦᠮᠡᠨ ᠮᠥ᠂ ᠬᠥᠬᠡ ᠳᠠᠷᠤᠰᠢ ᠶᠢᠨ ᠡᠷᠳᠡᠨᠢ ᠰᠢᠰᠢ 25 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ 10 ᠲᠦᠮᠡᠨ ᠮᠥ ᠲᠦᠬᠦᠭᠡᠷᠦᠮᠵᠢᠲᠦ | ᠲᠠᠷᠢᠶᠠᠯᠠᠩ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠡᠯ᠎ᠡ ᠭᠠᠵᠠᠷ ᠣᠷᠣᠨ ᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠳᠠᠪᠠᠭᠤᠯᠢᠭ | ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠶᠢ ᠬᠦᠲᠦᠯᠦᠨ ᠵᠢᠯᠤᠭᠤᠳᠣᠨ᠎ᠠ᠃ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ | ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠣᠲᠣ ᠦᠶ᠎ᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠦᠷᠢᠶᠡᠯᠡᠩ ᠤᠨ ᠭᠤᠤᠯ ᠲᠣᠭᠤᠷᠢᠭ᠂ ᠬᠤᠲᠠ ᠶᠢᠨ ᠡᠭᠦᠯᠳᠡᠷ ᠤᠨ ᠦᠬᠡᠷ ᠤᠨ ᠥᠷᠲᠡᠭᠡ᠂ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠲᠤᠷᠰᠢᠯᠲᠠ ᠶᠢᠨ ᠰᠠᠭᠤᠷᠢᠨ ᠭᠠᠵᠠᠷ ᠪᠠ ᠳᠤᠮᠳᠠᠳᠤ ᠤᠯᠤᠰ ᠤᠨ ᠤᠮᠠᠷᠠᠲᠤ ᠶᠢᠨ ᠣᠯᠠᠨ ᠤᠯᠤᠰ ᠤᠨ ᠴᠢᠬᠢ | ᠮᠣᠳᠣᠨ ᠤ ᠤᠨᠴᠠᠯᠢᠭᠳᠤ ᠵᠢᠵᠢᠭ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ | ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠠᠰᠠᠭᠤᠳᠠᠯ ᠢ ᠢᠯᠭᠠᠨ ᠪᠠᠶᠢᠴᠠᠭᠠᠬᠤ ᠴᠡᠭᠴᠡᠯᠡᠨ | ᠰᠠᠶᠢᠵᠢᠷᠠᠭᠤᠯᠬᠤ ᠶᠢ ᠥᠷᠨᠢᠭᠦᠯᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠬᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ | ᠰᠡᠷᠭᠡᠶᠢᠯᠡᠨ ᠬᠤᠷᠢᠭᠯᠠᠵᠤ᠂ ᠠᠮᠤ ᠪᠤᠳᠠᠭ᠎ᠠ ᠲᠠᠷᠢᠬᠤ ᠲᠠᠯᠠᠪᠠᠢ ᠪᠠ ᠵᠠᠭᠤᠨ ᠳ᠋ᠦᠩᠰᠢᠭᠤᠷ ᠵᠢᠩ ᠠᠮᠤ ᠪᠤᠳᠠᠭᠠᠨ ᠤ ᠤᠨᠠᠯᠲᠠ ᠶᠢᠨ ᠴᠢᠳᠠᠪᠤᠷᠢ ᠶᠢ | ᠲᠣᠭᠲᠠᠪᠤᠷᠢᠵᠢᠭᠤᠯᠤᠨ᠎ᠠ᠃ ᠤᠯᠠᠭᠠᠨᠬᠠᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ | ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠨᠠᠷᠠᠲᠤ ᠲᠡᠮᠳᠡᠭᠲᠦ ᠪᠠ ᠲᠠᠸᠠᠷ ᠤᠨ ᠲᠡᠮᠳᠡᠭ ᠢ ᠥᠷᠭᠦᠯᠵᠢᠯᠡᠨ ᠪᠤᠶᠢᠵᠢᠭᠤᠯᠵᠤ᠂ ᠨᠥᠯᠥᠭᠡᠯᠡᠬᠦ ᠬᠦᠴᠦᠨ ᠪᠠ | ᠠᠯᠳᠠᠷᠰᠢᠯ ᠢ ᠳᠡᠭᠡᠭᠰᠢᠯᠡᠭᠦᠯᠦᠨ᠎ᠡ᠃ | ᠦᠢᠯᠡᠴᠢᠯᠡᠭᠡᠨ ᠤ ᠦᠢᠯᠡᠰ ᠤᠨ ᠪᠠᠭᠲᠠᠭᠠᠮᠵᠢ ᠶᠢ ᠥᠷᠭᠡᠳᠬᠡᠨ ᠳᠡᠰ ᠲᠡᠪᠰᠢᠬᠦ ᠶᠢ ᠠᠬᠢᠭᠤᠯᠤᠨ᠎ᠠ᠃ ᠲᠤᠰᠬᠠᠶ ᠵᠠᠬ᠎ᠠ ᠳᠡᠯᠭᠡᠭᠦᠷ ᠵᠡᠷᠭᠡ ᠠᠷᠠᠯᠵᠢᠶ᠎ᠠ | ᠬᠤᠳᠠᠯᠳᠤᠭᠠᠨ ᠤ ᠦᠢᠯᠡᠰ ᠤᠨ ᠬᠥᠭᠵᠢᠯᠲᠡ ᠶᠢ ᠳᠡᠮᠵᠢᠵᠦ᠂ ᠰᠢᠨᠬᠤᠸᠠ ᠵᠠᠪᠠᠭᠠᠨ ᠵᠡᠭᠡᠯᠢ ᠵᠡᠷᠭᠡ ᠤᠯᠠᠮᠵᠢᠯᠠᠯᠲᠤ ᠬᠤᠳᠠᠯᠳᠤᠭᠠᠨ ᠤ ᠵᠡᠭᠡᠯᠢ ᠲᠣᠭᠤᠷᠢᠭ ᠢ | ᠥᠭᠡᠷᠡᠴᠢᠯᠡᠨ ᠳᠡᠭᠡᠭᠰᠢᠯᠡᠭᠦᠯᠵᠦ᠂ ᠲᠤᠮᠤ ᠵᠡᠭᠦᠨ ᠬᠤᠶᠢᠲᠤ ᠶᠢᠨ ᠠᠷᠢᠬᠢᠨ ᠬᠡᠷᠡᠭᠰᠡᠯ ᠤᠨ ᠵᠠᠬ᠎ᠠ ᠳᠡᠯᠭᠡᠭᠦᠷ᠂ ᠨᠢᠩᠴᠧᠩ ᠤᠨ ᠤᠯᠠᠨ ᠤᠯᠤᠰ ᠤᠨ ᠬᠤᠳᠠᠯᠳᠤᠭᠠᠨ ᠤ | ᠬᠤᠳᠠ ᠵᠡᠷᠭᠡ ᠲᠤᠰᠬᠠᠶ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠰᠦᠯᠵᠢᠶᠡᠨ ᠤ ᠣᠳᠣᠨ ᠤ ᠠᠵᠤ ᠠᠬᠤᠶ᠂ ᠰᠢᠭᠤᠳ ᠨᠡᠪᠲᠡᠷᠡᠭᠦᠯᠬᠦ | ᠠᠵᠤ ᠠᠬᠤᠶ᠂ ᠰᠥᠨᠢ ᠶᠢᠨ ᠠᠵᠤ ᠠᠬᠤᠶ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠠᠷ ᠬᠥᠭᠵᠢᠭᠦᠯᠦᠨ᠎ᠡ᠃ ︽ᠵᠢᠭᠤᠯᠴᠢᠯᠠᠯ ᠤᠨ | ᠵᠢᠷᠭᠤᠭᠠᠨ ᠰᠣᠳᠣ︾ ᠶᠢ ᠦᠷᠭᠦᠯᠵᠢᠯᠡᠨ ᠪᠣᠶ ᠪᠣᠯᠭᠠᠵᠤ᠂ 51 ᠭᠤᠤᠯᠳᠠᠯᠭᠠᠲᠠᠶ ᠰᠣᠶᠣᠯ ᠤᠨ ᠵᠢᠭᠤᠯᠴᠢᠯᠠᠯ ᠤᠨ ᠲᠥᠷᠥᠯ ᠵᠦᠢᠯ ᠢ ᠬᠡᠷᠡᠭᠵᠢᠭᠦᠯᠦᠨ᠂ | ᠵᠢᠭᠤᠯᠴᠢᠯᠠᠭᠴᠢᠳ ᠤᠨ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ᠂ ᠨᠠᠩ ᠣᠯᠠᠨ ᠰᠣᠳᠣᠨ ᠵᠢᠭᠤᠯᠴᠢᠯᠠᠯ ᠤᠨ ᠵᠠᠮ | ᠱᠤᠭᠤᠮ ᠢ ᠭᠠᠷᠭᠠᠨ᠎ᠠ᠃ ᠬᠡᠰᠢᠭᠲᠡᠨ ᠬᠤᠰᠢᠭᠤᠨ ᠤ ᠤᠯᠤᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠶᠢ | ᠠᠬᠢᠭᠤᠯᠵᠤ᠂ ᠬᠠᠷᠠᠴᠢᠨ ᠬᠤᠰᠢᠭᠤ᠂ ᠨᠢᠩᠴᠧᠩ ᠰᠢᠶᠠᠨ ᠤ ᠥᠪᠡᠷᠲᠡᠭᠡᠨ ᠵᠠᠰᠠᠬᠤ ᠣᠷᠣᠨ ᠤ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠲᠣᠭᠤᠷᠢᠭ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠭᠤᠷᠪᠠᠳᠤᠭᠠᠷ ᠬᠤᠭᠤᠴᠠᠭᠠᠨ ᠤ ᠪᠥᠬᠦ ᠬᠤᠲᠠ ᠶᠢᠨ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ | ᠬᠤᠷᠠᠯ ᠢ ᠰᠠᠶᠢᠲᠤᠷ ᠡᠷᠭᠢᠯᠡᠨ᠎ᠡ᠃ ᠮᠥᠩᠭᠦᠨ ᠭᠦᠢᠯᠭᠡᠭᠡᠨ ᠳᠠᠭᠠᠳᠬᠠᠯ᠂ ᠰᠤᠷᠭᠠᠨ ᠬᠥᠮᠦᠵᠢᠯ ᠪᠣᠯᠪᠠᠰᠤᠷᠠᠭᠤᠯᠤᠯ᠂ ᠨᠠᠰᠤᠲᠠᠨ ᠢ ᠠᠰᠠᠷᠠᠵᠤ ᠨᠢᠯᠬᠠᠰ ᠢ | ᠰᠠᠭᠠᠲᠠᠭᠤᠯᠬᠤ᠂ ᠬᠡᠷ ᠤᠨ ᠶᠠᠪᠤᠳᠠᠯ ᠤᠨ ᠦᠢᠯᠡᠴᠢᠯᠡᠭᠡ᠂ ᠪᠡᠶ᠎ᠡ ᠴᠢᠭᠢᠷᠠᠭᠵᠢᠭᠤᠯᠤᠨ ᠰᠡᠯᠡᠭᠦᠴᠡᠬᠦ᠂ ᠮᠡᠳᠡᠭᠡ ᠵᠠᠩᠭᠢ ᠶᠢᠨ ᠯᠠᠪᠯᠠᠭ᠎ᠠ᠂ ᠰᠢᠯᠭᠠᠨ ᠪᠠᠶᠢᠴᠠᠭᠠᠵᠤ | ᠭᠡᠷᠡᠴᠢᠯᠡᠬᠦ᠂ ᠺᠠᠷᠲ᠋ᠣᠨ ᠵᠢᠷᠤᠭ ᠲᠥᠯᠥᠪᠯᠡᠭᠡ ᠵᠡᠷᠭᠡ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠳᠤᠮᠳᠠᠳᠤ ᠤᠯᠤᠰ · | ᠤᠯᠠᠭᠠᠨᠬᠠᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠤᠨ᠎ᠠ᠃ | | ︵ᠬᠤᠶᠠᠷ︶ ᠳᠣᠲᠣᠭᠠᠳᠤ ᠬᠡᠷᠡᠭᠴᠡᠭᠡ ᠪᠠᠨ ᠥᠷᠭᠡᠳᠭᠡᠬᠦ ᠳᠤ ᠬᠦᠴᠦᠨ ᠢᠶᠠᠨ ᠲᠥᠪᠯᠡᠷᠡᠭᠦᠯᠦᠨ᠂ ᠬᠤᠣᠰ ᠡᠷᠬᠢᠯᠳᠡᠳᠦ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠢᠳᠡᠪᠬᠢᠲᠡᠢ ᠠᠭᠤᠰᠤᠯᠴᠠᠨ᠎ᠠ | ᠪᠦᠲᠦᠮᠵᠢᠲᠡᠶ ᠪᠡᠯᠡ ᠣᠷᠣᠭᠤᠯᠤᠯᠲᠠ ᠶᠢ ᠨᠠᠷᠢᠯᠢᠭ ᠣᠨᠣᠴᠠᠲᠠᠶ ᠪᠠᠷ ᠥᠷᠭᠡᠳᠬᠡᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ | ᠵᠢᠴᠢ ᠲᠤᠰᠬᠠᠶ ᠵᠦᠢᠯ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ︽ᠬᠤᠶᠠᠷ ᠰᠢᠨ᠎ᠡ ᠨᠢᠭᠡ ᠭᠤᠣᠯᠳᠠᠯᠭᠠᠲᠠᠢ︾᠂ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠨᠡᠶᠢᠭᠡᠮ ᠠᠷᠠᠳ ᠤᠨ ᠠᠮᠢᠳᠤᠷᠠᠯ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠨᠢᠭᠡ | ᠪᠦᠯᠦᠭ ᠴᠢᠬᠤᠯᠠ ᠶᠡᠭᠡ ᠨᠥᠭᠡᠴᠡ ᠲᠥᠷᠥᠯ ᠵᠦᠢᠯ ᠢ ᠰᠤᠳᠤᠯᠤᠨ ᠰᠦᠪᠡᠭᠴᠢᠯᠡᠬᠦ ᠪᠠ ᠲᠥᠪᠯᠡᠷᠡᠭᠦᠯᠦᠨ ᠠᠬᠢᠭᠤᠯᠵᠤ᠂ ᠤᠯᠤᠰ ᠥᠪᠡᠷᠲᠡᠭᠡᠨ ᠵᠠᠰᠠᠬᠤ ᠣᠷᠣᠨ ᠤ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠨ᠎ᠠ᠃ ᠤᠯᠤᠰ ᠥᠪᠡᠷᠲᠡᠭᠡᠨ ᠵᠠᠰᠠᠬᠤ ᠣᠷᠣᠨ ᠤ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠪᠠ ᠰᠢᠨ᠎ᠡ ᠪᠠᠷ ᠨᠡᠮᠡᠭᠳᠡᠭᠰᠡᠨ | ᠵᠢᠭᠡᠯᠡᠯᠭᠡ ᠶᠢᠨ ᠲᠡᠮᠳᠡᠭᠲᠦ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠳᠡᠭᠡᠷ᠎ᠡ ᠵᠢᠯ ᠤᠨ ᠬᠢ ᠠᠴᠠ ᠪᠠᠰᠠ ᠳᠡᠭᠡᠭᠰᠢᠯᠡᠬᠦ ᠶᠢ ᠦᠨᠡᠨᠬᠦ ᠪᠠᠲᠤᠯᠠᠨ᠎ᠠ᠃ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠪᠥᠬᠦ ᠵᠢᠯ ᠳᠤ ᠪᠡᠯᠡ ᠤᠷᠤᠭᠤᠯᠤᠯᠲᠠ ᠨᠢ 5000 ᠲᠦᠮᠡᠨ ᠲᠥᠭᠦᠷᠢᠭ ᠠᠴᠠ | ᠳᠡᠭᠡᠭᠰᠢᠬᠢ ︵ᠨᠡᠶᠢᠭᠡᠮ ᠤᠨ ᠦᠢᠯᠡᠰ ᠤᠨ 1000 ᠲᠦᠮᠡᠨ ᠲᠥᠭᠦᠷᠢᠭ ᠠᠴᠠ ᠳᠡᠭᠡᠭᠰᠢᠬᠢ︶ ᠭᠤᠤᠯᠳᠠᠯᠭᠠᠲᠠᠶ ᠲᠥᠷᠥᠯ ᠵᠦᠢᠯ ᠢ 500 ᠠᠴᠠ ᠳᠡᠭᠡᠭᠰᠢ ᠠᠵᠢᠯ | ᠡᠬᠢᠯᠡᠭᠦᠯᠦᠨ ᠪᠠᠷᠢᠯᠭ᠎ᠠ ᠡᠬᠢᠯᠡᠭᠦᠯᠵᠦ᠂ 600 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠭᠤᠤᠯᠳᠠᠯᠭᠠᠲᠠᠶ ᠵᠠᠮ | ᠬᠠᠷᠢᠯᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠶᠤᠤ ᠴᠧᠩ ᠽᠢ ᠠᠴᠠ ᠫᠢᠩ ᠴᠢᠤᠸᠠᠨ ᠬᠥᠷᠬᠦ ᠨᠢᠭᠡᠳᠦᠭᠡᠷ ᠳᠡᠰ ᠤᠨ | ᠵᠠᠰᠠᠮᠠᠯ ᠵᠠᠮ ᠵᠡᠷᠭᠡ ᠪᠠᠶᠢᠭᠤᠯᠵᠤ ᠪᠠᠶᠢᠭ᠎ᠠ 7 ᠲᠥᠷᠥᠯ ᠵᠦᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠪᠣᠷᠣᠬᠤᠲᠠ ᠠᠴᠠ ᠴᠢᠪᠠᠭ᠎ᠠ ᠬᠥᠷᠬᠦ ᠣᠷᠣᠨ | ᠨᠤᠲᠤᠭ ᠤᠨ ᠥᠨᠳᠥᠷ ᠬᠤᠷᠳᠤᠴᠠᠲᠤ ᠵᠠᠰᠠᠮᠠᠯ ᠵᠠᠮ᠂ ᠲᠠᠪᠢᠨ ᠭᠡᠷ ᠠᠴᠠ ᠯᠢᠨᠰᠢ ᠬᠥᠷᠬᠦ ᠬᠤᠶᠠᠳᠤᠭᠠᠷ ᠳᠡᠰ ᠤᠨ ᠵᠠᠰᠠᠮᠠᠯ ᠵᠠᠮ᠂ ᠤᠯᠠᠭᠠᠨᠬᠠᠳᠠ ᠠᠴᠠ ᠰᠢᠶᠤᠤ ᠺᠠ | ᠯᠠ ᠬᠥᠷᠬᠦ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ᠬᠠᠰ ᠯᠣᠣ ᠨᠢᠰᠬᠡᠯ ᠤᠨ ᠪᠠᠭᠤᠳᠠᠯ ᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠶᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ 5 | ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠥᠲᠥᠭᠡᠨ ᠪᠠᠶᠢᠭᠤᠯᠤᠨ᠎ᠠ᠃ ᠤᠯᠠᠭᠠᠨᠬᠠᠳᠠ ᠠᠴᠠ ᠳ᠋ᠠᠪᠠᠨ ᠬᠦᠷᠬᠦ ᠠᠶᠠᠨᠴᠢᠳ ᠤᠨ ᠲᠡᠮᠦᠷ ᠵᠠᠮ᠂ | ᠤᠯᠠᠭᠠᠨᠬᠠᠳᠠ ᠠᠴᠠ ᠲᠦᠩᠯᠢᠶᠣᠤ ᠬᠥᠷᠬᠦ 500 ᠺᠢᠯᠤᠸᠣᠯᠲ ᠤᠨ ᠴᠠᠬᠢᠯᠭᠠᠨ ᠰᠦᠯᠵᠢᠶ᠎ᠡ᠂ ᠬᠤᠲᠠ ᠶᠢᠨ ᠳᠣᠲᠣᠷᠠᠬᠢ ᠣᠷᠣᠨ ᠠᠯᠤᠰᠯᠠᠨ ᠤᠰᠤ ᠲᠠᠲᠠᠬᠤ ᠵᠡᠷᠭᠡ | ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠲᠥᠷᠭᠡᠨ ᠠᠬᠢᠭᠤᠯᠵᠤ᠂ ᠴᠤᠤᠶᠠᠩ ᠠᠴᠠ ᠤᠯᠠᠭᠠᠨᠬᠠᠳᠠ ᠬᠥᠷᠬᠦ ᠬᠡᠶ ᠳᠠᠮᠵᠢᠭᠤᠯᠬᠤ ᠬᠤᠭᠤᠯᠠᠶ ᠶᠢᠨ | ᠢᠨᠵᠧᠨᠧᠷᠢᠩ ᠢ ᠪᠠᠶᠢᠭᠤᠯᠤᠨ ᠳᠠᠭᠤᠰᠬᠠᠵᠤ ᠬᠡᠶ ᠨᠡᠪᠲᠡᠷᠡᠭᠦᠯᠬᠦ ᠶᠢ ᠦᠨᠡᠨᠬᠦ ᠪᠠᠲᠤᠯᠠᠨ᠎ᠠ᠃ | ᠤᠳᠤ ᠦᠶ᠎ᠡ ᠶᠢᠨ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠣᠲᠣ ᠦᠶ᠎ᠡ ᠶᠢᠨ ᠭᠦᠢᠯᠭᠡᠭᠡᠨ ᠤ ᠠᠵᠤ ᠠᠬᠤᠶᠢᠯᠠᠯ ᠢ ᠢᠳᠡᠪᠬᠢᠲᠡᠢ ᠪᠤᠶᠢᠵᠢᠭᠤᠯᠤᠨ | ᠂ ᠭᠦᠢᠯᠭᠡᠭᠡᠨ ᠤ ᠪᠡᠯᠡᠳᠬᠡᠮᠵᠢ ᠶᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠂ ᠣᠯᠠᠨ ᠬᠡᠯᠪᠡᠷᠢ ᠶᠢᠨ ᠬᠤᠯᠪᠣᠭᠠᠯᠠᠭᠰᠠᠨ ᠲᠡᠭᠡᠭᠡᠪᠦᠷᠢ ᠶᠢ ᠬᠥᠭᠵᠢᠭᠦᠯᠦᠨ᠎ᠡ᠃ | ᠳᠤᠮᠳᠠᠳᠤ ᠤᠯᠤᠰ · ᠤᠯᠠᠭᠠᠨᠬᠠᠳᠠ ᠶᠢᠨ ᠶᠠ ᠴᠢ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠠᠷᠠᠯᠵᠢᠶ᠎ᠠ ᠬᠤᠳᠠᠯᠳᠤᠭᠠᠨ ᠤ ᠬᠦᠷᠢᠶᠡᠯᠡᠩ ᠤᠨ ᠪᠥᠲᠦᠭᠡᠨ | ᠪᠠᠶᠢᠭᠤᠯᠤᠯᠲᠠ ᠶᠢ ᠠᠬᠢᠭᠤᠯᠵᠤ᠂ ᠤᠯᠠᠭᠠᠨᠬᠠᠳᠠ ᠶᠢᠨ ᠬᠢᠯᠢ ᠠᠯᠤᠰᠯᠠᠭᠰᠠᠨ ᠴᠠᠬᠢᠮ ᠠᠷᠠᠯᠵᠢᠶᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠦᠢᠯᠡᠴᠢᠯᠡᠭᠡᠨ ᠤ | ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠶᠢ ᠦᠨᠡᠨᠬᠦ ᠪᠠᠲᠤᠯᠠᠨ᠎ᠠ᠃ ᠬᠥᠳᠡᠭᠡ ᠲᠣᠰᠬᠤᠨ ᠤ ᠴᠠᠬᠢᠮ ᠬᠤᠳᠠᠯᠳᠤᠭᠠᠨ ᠤ ᠶᠠᠪᠤᠳᠠᠯ ᠢ | ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠬᠤᠲᠠ ᠳᠤ ᠣᠷᠣᠭᠤᠯᠬᠤ ᠪᠠ ᠠᠵᠤ ᠦᠢᠯᠡᠳᠪᠦᠷᠢ ᠶᠢᠨ ᠪᠦᠲᠦᠭᠡᠭᠳᠡᠬᠦᠨ ᠢ | ᠬᠥᠳᠡᠭᠡ ᠪᠠᠭᠤᠯᠭᠠᠬᠤ ᠳᠤ ᠰᠠᠭᠠᠳ ᠥᠬᠡᠶ ᠨᠡᠪᠲᠡᠷᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠬᠤ᠂ ᠲᠠᠷᠢᠶᠠᠯᠠᠩ ᠳᠤ | ᠬᠤᠯᠪᠣᠭᠳᠠᠬᠤ ᠲᠠᠸᠠᠷ ᠪᠠ ᠦᠢᠯᠡᠴᠢᠯᠡᠭᠡᠨ ᠤ ᠬᠡᠷᠡᠭᠯᠡᠭᠡ ᠶᠢ ᠵᠡᠷᠭᠡᠪᠡᠷ ᠲᠠᠰ ᠳᠡᠪᠰᠢᠭᠦᠯᠬᠦ ᠭᠦᠢᠯᠭᠡᠭᠡᠨ ᠤ ᠰᠢᠰᠲ᠋ᠧᠮᠵᠢ ᠶᠢ ᠪᠣᠶ ᠪᠣᠯᠭᠠᠬᠤ ᠶᠢ ᠠᠬᠢᠭᠤᠯᠤᠨ᠂ ᠴᠠᠬᠢᠮ | ᠬᠤᠳᠠᠯᠳᠤᠭᠠᠨ ᠤ ᠶᠠᠪᠤᠳᠠᠯ ᠢ ᠬᠥᠳᠡᠭᠡ ᠲᠤᠰᠬᠤᠨ ᠮᠠᠯᠵᠢᠬᠤ ᠣᠷᠣᠨ ᠳᠤ ᠣᠷᠣᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠦᠷ᠎ᠡ ᠪᠦᠲᠦᠭᠡᠯ ᠢ | ᠪᠠᠬᠢᠵᠢᠭᠦᠯᠵᠦ᠂ ᠰᠢᠨᠵᠢᠯᠡᠬᠦ ᠤᠬᠠᠭᠠᠨᠴᠢ ᠪᠦᠲᠦᠮᠵᠢᠲᠡᠶ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠠᠶᠤᠯᠭᠦᠢ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ | ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠬᠦ ᠪᠠᠷᠠᠭ᠎ᠠ ᠶᠢᠨ ᠬᠢᠵᠢᠭ ᠳᠡᠯᠭᠡᠷᠡᠭᠦᠯᠬᠦ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ | ᠭᠠᠳᠠᠭᠠᠳᠤ ᠨᠡᠭᠡᠭᠡᠯᠳᠡ ᠶᠢᠨ ᠰᠢᠨ᠎ᠡ ᠪᠠᠶᠢᠷᠢᠰᠢᠯ ᠢ ᠲᠦᠷᠭᠡᠪᠴᠢᠯᠡᠨ ᠪᠤᠢ ᠪᠣᠯᠭᠠᠨ᠎ᠠ᠃ ︽ᠪᠡᠭᠡᠵᠢᠩ ᠲᠢᠶᠠᠨᠵᠢᠨ ᠾᠧᠪᠧᠢ ᠳᠤ ᠭᠦᠨᠵᠡᠭᠡᠢ ᠠᠭᠤᠰᠤᠯᠴᠠᠵᠤ᠂ | ᠪᠦᠸᠧᠬᠠᠢ ᠲᠠᠩᠭᠢᠰ ᠳᠠᠭᠠᠤ ᠣᠷᠣᠨ ᠲᠠᠢ ᠢᠳᠡᠪᠬᠢᠲᠡᠢ ᠵᠣᠯᠭᠠᠭᠤᠯᠵᠤ᠂ ᠶᠡᠭᠡ ᠡᠷᠭᠢᠯᠲᠡ ᠳᠤ ᠪᠦᠬᠦ ᠲᠠᠯ᠎ᠠ ᠪᠠᠷ ᠠᠭᠤᠰᠤᠯᠴᠠᠬᠤ︾ ᠨᠡᠬᠡᠬᠡᠯᠳᠡ ᠶᠢᠨ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠵᠦ᠂ ᠵᠢᠨᠵᠧᠦ ᠭᠠᠷᠠᠮ᠂ ᠲᠢᠶᠠᠨᠵᠢᠨ ᠭᠠᠷᠠᠮ ᠵᠡᠷᠭᠡ ᠲᠠᠯᠠᠢ ᠳᠠᠭᠠᠤ ᠭᠠᠷᠠᠮ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠪᠣᠳᠠᠲᠤ ᠠᠬᠢᠴᠠ ᠲᠠᠢ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠦᠴᠦᠯᠡᠴᠡ ᠪᠠᠨ | ᠦᠷᠭᠦᠯᠵᠢᠯᠡᠨ ᠴᠢᠩᠭᠠᠳᠬᠠᠵᠤ᠂ ᠠᠵᠤ ᠦᠢᠯᠡᠰ ᠤᠨ ᠳᠦᠢᠮᠤ ᠵᠢᠷᠤᠭ ᠢ ᠲᠦᠷᠭᠡᠳᠬᠡᠨ ᠲᠣᠭᠲᠠᠭᠠᠵᠤ᠂ ᠠᠷᠠᠯᠵᠢᠶᠠᠴᠢᠨ ᠤᠷᠢᠬᠤ ᠳᠦᠰᠤᠪ ᠵᠢᠷᠤᠭ ᠢ ᠵᠢᠷᠤᠭᠯᠠᠵᠤ᠂ | ᠭᠤᠤᠯᠳᠠᠯᠭᠠᠲᠠᠶ ᠭᠠᠵᠠᠷ ᠣᠷᠣᠨ ᠪᠠ ᠭᠤᠤᠯᠳᠠᠯᠭᠠᠲᠠᠶ ᠠᠵᠤ ᠦᠢᠯᠡᠰ ᠲᠤ ᠴᠢᠭᠯᠡᠭᠦᠯᠦᠨ ᠣᠨᠣᠴᠠᠲᠠᠢ ᠪᠠᠷ ᠠᠷᠠᠯᠵᠢᠶᠠᠴᠢᠨ ᠤᠷᠢᠵᠤ᠂ ᠠᠵᠤ ᠦᠢᠯᠡᠰ ᠤᠨ | ᠬᠡᠯᠬᠢᠶ᠎ᠡ ᠶᠢᠨ ᠪᠦᠬᠦᠯᠢ ᠴᠣᠭᠴᠠ ᠶᠢᠨ ᠰᠢᠯᠵᠢᠯᠲᠡ ᠪᠠ ᠬᠤᠯᠪᠣᠭᠳᠠᠬᠤ ᠠᠵᠤ ᠦᠢᠯᠡᠰ ᠤᠨ ᠬᠠᠮᠵᠢᠯᠴᠠᠨ ᠰᠢᠯᠵᠢᠬᠦ ᠶᠢ ᠢᠳᠡᠪᠬᠢᠲᠡᠶ ᠪᠠᠷ ᠵᠠᠯᠭᠠᠨ ᠠᠪᠴᠤ᠂ ᠵᠢᠯ ᠤᠨ | ᠳᠣᠲᠣᠷ᠎ᠠ ᠠᠷᠠᠯᠵᠢᠶᠠᠴᠢᠨ ᠤᠷᠢᠬᠤ ᠲᠥᠷᠥᠯ ᠵᠦᠢᠯ ᠢ 360 ᠠᠴᠠ ᠳᠡᠭᠡᠭᠰᠢ ᠨᠠᠶᠢᠳᠠᠪᠤᠷᠢᠵᠢᠭᠤᠯᠵᠤ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ | ᠪᠠᠶᠢᠰᠢᠩ 135 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠣᠶᠣ ᠰᠢᠨᠡᠳᠭᠡᠨ ᠪᠠᠶᠢᠭᠤᠯᠤᠨ᠎ᠠ᠃ ᠬᠤᠳᠠᠯᠳᠤᠭᠠᠴᠢᠳ ᠤᠨ ᠡᠪᠯᠡᠯ᠂ ᠠᠵᠢᠯ ᠲᠦᠷᠦᠯ ᠤᠨ | ᠨᠡᠶᠢᠭᠡᠮᠯᠢᠭ ᠤᠨ ᠬᠥᠭᠵᠢᠯᠲᠡ ᠪᠦᠳᠦᠭᠡᠨ ᠪᠠᠶᠢᠭᠤᠯᠤᠯᠲᠠ ᠶᠢ ᠲᠡᠮᠵᠢᠵᠤ᠂ ᠳᠥᠷᠪᠡᠳᠦᠭᠡᠷ ᠬᠤᠭᠤᠴᠠᠭᠠᠨ ᠤ ᠤᠯᠠᠭᠠᠨᠬᠠᠳᠠ ᠨᠤᠲᠤᠭ ᠲᠠᠢ ᠰᠣᠳᠤᠨᠴᠤᠳ ᠤᠨ | ᠴᠤᠭᠯᠠᠭᠠᠨ ᠢ ᠰᠠᠶᠢᠲᠤᠷ ᠪᠡᠯᠡᠳᠬᠡᠨ᠎ᠡ᠃ ᠭᠠᠳᠠᠭᠠᠳᠤ ᠠᠷᠠᠯᠵᠢᠶᠠᠨ ᠤ ᠭᠤᠣᠯᠳᠠᠯᠭᠠᠲᠠᠢ ᠠᠵᠤ ᠠᠬᠤᠶᠢᠯᠠᠯ ᠤᠨ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ ᠪᠦᠬᠦ | ᠵᠢᠯ ᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠡᠷᠥᠩᠬᠡᠢ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ 6% ᠨᠡᠮᠡᠭᠳᠡᠭᠦᠯᠦᠨ᠎ᠡ᠃ | | ︵ᠭᠤᠷᠪᠠ︶ ᠪᠣᠬᠢᠷᠳᠤᠯ ᠦᠭᠡᠢ ᠬᠥᠭᠵᠢᠯᠲᠡ ᠳᠤ ᠬᠦᠴᠦᠨ ᠢᠶᠠᠨ ᠲᠥᠪᠯᠡᠷᠡᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ | ᠰᠠᠶᠢᠲᠤᠷ ᠠᠳᠬᠤᠨ᠎ᠠ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠭᠰᠠᠨ ᠠᠰᠠᠭᠤᠳᠠᠯ ᠢ 80% ᠠᠴᠠ ᠢᠯᠡᠭᠦᠦ | ᠪᠡᠶᠡᠯᠡᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠳᠠᠬᠢᠨ ᠢᠯᠡᠷᠡᠬᠦ ᠥᠬᠡᠶ | ᠪᠠᠶᠢᠬᠤ ᠶᠢ ᠦᠨᠡᠨᠬᠦ ᠪᠠᠲᠤᠯᠠᠨ᠎ᠠ᠃ ᠬᠤᠳᠠ ᠶᠢᠨ ᠬᠤᠭ ᠲᠣᠭᠤᠰᠣ ᠶᠢᠨ ᠪᠣᠬᠢᠷᠳᠣᠯ ᠢ ᠵᠠᠰᠠᠬᠤ ᠠᠵᠢᠯ ᠢ ᠲᠤᠪᠤᠶᠢᠮ᠎ᠠ ᠰᠠᠶᠢᠲᠤᠷ ᠠᠳᠬᠤᠵᠤ᠂ ᠪᠠᠷᠢᠯᠭ᠎ᠠ ᠶᠢᠨ | ᠭᠠᠵᠠᠷ ᠤᠨ ︽ᠵᠢᠷᠭᠤᠭᠠᠨ ᠵᠠᠭᠤᠨ ᠤ ᠵᠠᠭᠤ︾ ᠶᠢ ᠬᠡᠷᠡᠭᠵᠢᠭᠦᠯᠵᠦ᠂ ᠬᠤᠭ ᠬᠠᠶᠠᠭᠳᠠᠮᠠᠯ ᠤᠨ ᠲᠡᠷᠭᠡ ᠶᠢᠨ ᠭᠤᠭᠤᠵᠢᠭᠤᠯᠬᠤ᠂ ᠬᠤᠯᠠᠭᠠᠶᠢᠯᠠᠨ ᠲᠡᠭᠡᠭᠡᠪᠦᠷᠢᠯᠡᠬᠦ | ᠳᠤᠷ᠎ᠠ ᠪᠠᠷ ᠢᠶᠠᠨ ᠤᠷᠬᠢᠬᠤ ᠵᠡᠷᠭᠡ ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ ᠰᠤᠯᠠ ᠨᠡᠭᠦᠷᠡᠰᠦᠨ ᠤ ᠰᠢᠲᠠᠯᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯ ᠢ ᠴᠢᠩᠭᠠᠳᠬᠠᠵᠤ᠂ ᠮᠠᠰᠢᠨᠲᠤ ᠲᠡᠷᠭᠡᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ ᠲᠦᠯᠬᠢᠨ ᠠᠬᠢᠭᠤᠯᠤᠨ᠎ᠠ᠃ ᠤᠯᠤᠰ ᠤᠨ ᠪᠠᠷᠢᠮᠵᠢᠶ᠎ᠡ ᠶᠢᠨ | ᠣᠭᠲᠣᠯᠤᠭᠠᠰᠤ ᠶᠢᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠬᠦ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ | ᠵᠡᠷᠭᠡ ᠬᠠᠤᠯᠢ ᠪᠣᠰᠤ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠦᠬᠦᠨ ᠢ | ᠪᠠᠷᠢᠮᠵᠢᠶ᠎ᠠ ᠳᠤ ᠬᠦᠷᠦᠭᠦᠯᠦᠨ ᠠᠵᠢᠯᠯᠠᠭᠤᠯᠬᠤ ᠶᠢ ᠠᠬᠢᠭᠤᠯᠤᠨ᠎ᠠ᠃ ᠠᠶᠤᠯᠲᠠᠶ ᠬᠠᠶᠠᠭᠳᠠᠮᠠᠯ ᠪᠣᠳᠠᠰ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠲᠤᠪᠤᠶᠢᠮ᠎ᠠ ᠰᠠᠶᠢᠲᠤᠷ ᠠᠳᠬᠤᠵᠤ᠂ ᠬᠦᠨᠳᠦ ᠲᠡᠮᠦᠷᠯᠢᠭ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ | ᠲᠠᠷᠢᠶᠠᠯᠠᠩ ᠮᠠᠯ ᠠᠵᠤ ᠠᠬᠤᠶ ᠶᠢᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠦᠢᠯᠡᠳᠪᠦᠷᠢᠯᠡᠯ ᠠᠮᠢᠳᠤᠷᠠᠯ ᠤᠨ | ᠬᠠᠶᠠᠭᠳᠠᠮᠠᠯ ᠪᠣᠳᠠᠰ ᠢ ᠡᠬᠢ ᠪᠠᠶᠠᠯᠢᠬᠵᠢᠭᠤᠯᠤᠨ ᠠᠰᠢᠭᠯᠠᠬᠤ ᠶᠢ ᠠᠬᠢᠭᠤᠯᠤᠨ᠎ᠠ᠃ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ | ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ | ᠬᠤᠣᠰ ᠡᠵᠡᠮᠳᠡᠯ ᠤᠨ ᠣᠨ ᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠨ᠎ᠠ᠃ ᠨᠡᠭᠦᠷᠡᠰᠦᠲᠥ᠋ᠷᠥᠭᠴᠢ ᠶᠢ ᠪᠠᠷᠢᠮᠵᠢᠶ᠎ᠠ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠡᠬᠡᠳᠤ ᠱᠠᠳᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠳᠤ ᠣᠷᠣᠯᠴᠠᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ ᠣᠷᠴᠢᠨ ᠠᠬᠤᠶ ᠶᠢᠨ ᠬᠠᠮᠠᠭᠠᠯᠠᠯᠲᠠ ᠶᠢᠨ ᠬᠠᠤᠯᠢ | ᠬᠡᠷᠡᠭᠵᠢᠭᠦᠯᠬᠦ᠂ ᠬᠢᠨᠠᠯᠲᠠ ᠲᠠᠯᠪᠢᠬᠤ ᠪᠠ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ ᠬᠦᠴᠦᠷᠬᠡᠭ ᠶᠡᠭᠡ | ᠨᠡᠶᠢᠯᠡᠮᠡᠯ ᠬᠦᠴᠦᠨ ᠢ ᠪᠣᠶ ᠪᠣᠯᠭᠠᠨ᠎ᠠ᠃ | ᠠᠮᠢ ᠠᠬᠤᠶ ᠶᠢᠨ ᠬᠠᠮᠠᠭᠠᠯᠠᠯᠲᠠ ᠪᠠ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠤᠯᠠᠭᠠᠨᠬᠠᠳᠠ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠵᠤ | ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ︾ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠤᠯᠤᠰ ᠤᠨ ᠰᠢᠨ᠎ᠡ ᠨᠢᠭᠡ ᠡᠭᠡᠯᠵᠢ ᠶᠢᠨ | ᠨᠤᠲᠤᠭ ᠪᠡᠯᠴᠢᠭᠡᠷ ᠤᠨ ᠠᠮᠢ ᠠᠬᠤᠶ ᠶᠢᠨ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ᠂ ᠲᠣᠭᠤᠷᠢᠭ ᠬᠤᠪᠢᠶᠠᠨ ᠡᠭᠡᠯᠵᠢᠯᠡᠨ ᠮᠠᠯᠵᠢᠬᠤ᠂ ᠬᠦᠷᠢᠶᠡᠯᠡᠭᠰᠡᠨ ᠲᠤᠤᠷ ᠢ ᠵᠠᠳᠠᠯᠬᠤ ᠵᠡᠷᠭᠡ | ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠠᠶᠢᠭᠠᠯᠢ ᠶᠢᠨ ᠨᠤᠲᠤᠭ ᠪᠡᠯᠴᠢᠭᠡᠷ ᠢ ᠬᠠᠮᠠᠭᠠᠯᠠᠵᠤ᠂ ᠨᠤᠲᠤᠭ ᠪᠡᠯᠴᠢᠭᠡᠷ ᠤᠨ ᠬᠡᠰᠡᠭ ᠪᠤᠰᠠᠭ ᠪᠠᠶᠢᠬᠤ ᠠᠰᠠᠭᠤᠳᠠᠯ ᠢ | ᠰᠢᠢᠳᠪᠦᠷᠢᠯᠡᠨ᠎ᠡ᠃ ᠰᠢᠰᠲ᠋ᠧᠮ ᠲᠠᠢ ᠪᠠᠷ ᠲᠥᠯᠥᠪᠯᠡᠬᠦ ᠶᠢ ᠪᠠᠷᠢᠮᠲᠠᠯᠠᠵᠤ᠂ ᠰᠠᠪᠠ ᠭᠠᠵᠠᠷ ᠢᠶᠠᠷ ᠨᠢᠭᠡᠴᠢ ᠪᠣᠯᠭᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ | ᠨᠠᠭᠤᠷ ᠪᠦᠷᠢᠳᠦ ᠪᠡᠯᠴᠢᠭᠡᠷ ᠡᠯᠡᠰᠦᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ᠎ᠡ᠃ ᠤᠯᠤᠰ ᠤᠨ | ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠶ ᠰᠢᠭᠤᠶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠵᠢᠯ ᠤᠨ ᠳᠣᠲᠣᠷ᠎ᠠ ᠣᠶᠢᠵᠢᠭᠤᠯᠬᠤ ᠲᠠᠯᠠᠪᠠᠶ ᠶᠢ 60 ᠲᠦᠮᠡᠨ ᠮᠥ᠂ ᠡᠯᠡᠰᠦᠷᠬᠡᠭᠵᠢᠯ ᠢ ᠶᠡᠷᠦᠩᠭᠡᠢᠯᠡᠨ ᠵᠠᠰᠠᠬᠤ ᠶᠢ 60 ᠲᠦᠮᠡᠨ ᠮᠦ ᠰᠢᠨ᠎ᠡ ᠪᠠᠷ | ᠨᠡᠮᠡᠭᠳᠡᠭᠦᠯᠦᠨ᠎ᠡ᠃ ᠮᠠᠭᠤᠳᠠᠭᠰᠠᠨ ᠣᠶ ᠮᠤᠳᠤ ᠪᠠ ᠮᠠᠭᠤᠳᠠᠭᠰᠠᠨ ᠨᠤᠲᠤᠭ ᠪᠡᠯᠴᠢᠭᠡᠷ ᠢ ᠥᠭᠡᠷᠡᠴᠢᠯᠡᠨ ᠵᠠᠰᠠᠵᠤ ᠰᠡᠷᠭᠦᠭᠡᠬᠦ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠵᠦ᠂ ᠵᠢᠯ ᠤᠨ ᠳᠣᠲᠣᠷ᠎ᠠ ᠮᠠᠭᠤᠳᠠᠭᠰᠠᠨ ᠣᠶ ᠮᠣᠳᠣ 30 ᠲᠦᠮᠡᠨ ᠮᠥ᠂ ᠮᠠᠭᠤᠳᠠᠭᠰᠠᠨ ᠨᠤᠲᠤᠭ ᠪᠡᠯᠴᠢᠭᠡᠷ ᠢ 20 ᠲᠦᠮᠡᠨ ᠮᠥ ᠵᠠᠰᠠᠨ ᠰᠡᠷᠭᠦᠭᠡᠬᠦ ᠶᠢ | ᠪᠡᠶᠡᠯᠡᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠰᠢᠰᠲ᠋ᠧᠮ ᠤᠨ ᠦᠢᠯᠡᠴᠢᠯᠡᠭᠡᠨ ᠤ ᠴᠢᠳᠠᠮᠵᠢ ᠶᠢᠨ ᠥᠷᠲᠡᠭ ᠢ ᠦᠨᠡᠯᠡᠨ ᠵᠢᠱᠢᠬᠦ ᠶᠢ | ᠡᠬᠢᠯᠡᠭᠦᠯᠵᠦ᠂ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠨ᠎ᠡ᠃ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ | ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠶ ᠶᠢᠨ ᠬᠠᠮᠠᠭᠠᠯᠠᠯᠲᠠ ᠪᠠ ᠪᠥᠲᠥᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ | ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢᠨ | ᠬᠠᠲᠠᠭᠤ ᠬᠢᠵᠠᠭᠠᠷᠯᠠᠯ ᠪᠠ ᠬᠢᠨᠠᠯᠲᠠ ᠲᠠᠯᠪᠢᠵᠤ ᠬᠠᠣᠯᠢ ᠬᠡᠷᠡᠭᠵᠢᠭᠦᠯᠬᠦ ᠬᠦᠴᠦᠯᠡᠴᠡ ᠪᠠᠨ ᠴᠢᠩᠭᠠᠳᠬᠠᠵᠤ᠂ ᠪᠠᠷᠠᠭᠤᠨ ᠯᠢᠶᠣᠣ ᠾᠧ ᠭᠤᠤᠯ ᠤᠨ ᠰᠠᠪᠠ ᠭᠠᠵᠠᠷ ᠤᠨ | ︽ᠤᠰᠤᠨ ᠤ ᠬᠡᠮᠵᠢᠶ᠎ᠡ ᠪᠠᠷ ᠶᠠᠪᠤᠭᠳᠠᠭᠤᠯᠵᠤ︾ ᠤᠰᠤᠨ ᠤ ᠬᠡᠮᠵᠢᠶ᠎ᠡ ᠪᠠᠷ ᠬᠡᠷᠡᠭᠴᠡᠭᠡ ᠶᠢ ᠲᠤᠭᠳᠠᠭᠠᠬᠤ ᠶᠢ ᠦᠷᠭᠦᠯᠵᠢᠯᠡᠨ ᠠᠬᠢᠭᠤᠯᠵᠤ᠂ ᠵᠢᠯ ᠤᠨ ᠳᠣᠲᠣᠷ᠎ᠠ ᠪᠥᠬᠦ | ᠬᠤᠲᠠ ᠶᠢᠨ ᠤᠰᠤᠨ ᠤ ᠡᠬᠢ ᠪᠠᠶᠠᠯᠢᠭ ᠤᠨ ᠦᠨᠡᠯᠡᠯᠲᠡ ᠵᠢᠴᠢ ᠲᠤᠯᠭᠠᠭᠤᠷᠢᠯᠠᠬᠤ ᠴᠢᠳᠠᠪᠤᠷᠢ ᠶᠢᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠵᠤ ᠳᠠᠭᠤᠰᠬᠠᠨ᠎ᠠ᠃ ᠭᠤᠣᠯ ᠤᠨ ᠣᠷᠣᠰᠬᠠᠯ ᠤᠨ ᠵᠠᠮ ᠤᠨ ︽ᠳᠦᠷᠪᠡᠨ ᠳᠤᠷ᠎ᠠ ᠪᠠᠷ︾ ᠢ ᠴᠡᠪᠡᠷᠯᠡᠨ ᠵᠠᠰᠠᠬᠤ ᠠᠵᠢᠯ ᠢ ᠦᠷᠭᠦᠯᠵᠢᠯᠡᠨ | ᠥᠷᠨᠢᠭᠦᠯᠵᠦ᠂ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠ ᠪᠠᠶᠢᠴᠠᠭᠠᠬᠤ ᠠᠵᠢᠯ ᠤᠨ ᠨᠡᠶᠢᠲᠡ ᠶᠢᠨ | ᠠᠰᠠᠷᠠᠮᠵᠢ ᠶᠢᠨ ᠵᠠᠷᠭᠤ ᠶᠢᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ | ᠬᠠᠷᠢᠭᠤᠴᠠᠯᠭ᠎ᠠ ᠶᠢᠨ ᠰᠢᠰᠲ᠋ᠧᠮ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ︽ᠤᠯᠠᠭᠠᠨᠬᠠᠳᠠ ᠬᠤᠲᠠ ᠶᠢᠨ ᠭᠠᠵᠠᠷ ᠳᠣᠣᠷᠠᠬᠢ ᠤᠰᠤ ᠶᠢ ᠬᠠᠮᠠᠭᠠᠯᠠᠬᠤ | ᠳᠦᠷᠢᠮ︾ ᠢ ᠴᠢᠩᠭ᠎ᠠ ᠬᠡᠷᠡᠭᠵᠢᠭᠦᠯᠵᠦ᠂ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠪᠠ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠲᠠᠷᠢᠶᠠᠯᠠᠩ ᠤᠨ | ᠤᠰᠤ ᠠᠷᠪᠢᠯᠠᠬᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ 70 ᠲᠦᠮᠡᠨ ᠮᠥ ᠲᠠᠷᠢᠶᠠᠨ ᠭᠠᠵᠠᠷ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠤᠳᠤ ᠪᠠᠶᠢᠭ᠎ᠠ | ᠤᠰᠤᠯᠠᠯᠲᠠ ᠶᠢᠨ ᠭᠠᠵᠠᠷ ᠪᠠ ᠲᠦᠬᠦᠭᠡᠷᠦᠮᠵᠢᠲᠦ ᠲᠠᠷᠢᠶᠠᠯᠠᠩ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠥᠭᠡᠷᠡᠴᠢᠯᠡᠯᠲᠡ ᠶᠢ ᠲᠥᠷᠭᠡᠳᠭᠡᠵᠦ᠂ ᠬᠠᠭᠤᠷᠠᠶ | ᠲᠠᠷᠢᠶᠠᠯᠠᠩ ᠤᠨ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ᠂ ᠲᠡᠭᠰᠢ ᠱᠠᠲᠤᠨ ᠲᠠᠷᠢᠶ᠎ᠠ ᠪᠠᠷ ᠭᠤᠣᠯ ᠪᠣᠯᠭᠠᠭᠰᠠᠨ ᠬᠠᠭᠤᠷᠠᠶ ᠭᠠᠵᠠᠷ ᠤᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠭᠡᠨ ᠠᠬᠢᠭᠤᠯᠵᠤ᠂ ᠤᠰᠤ ᠶᠡᠭᠡ ᠬᠤᠷᠣᠭᠳᠠᠭᠤᠯᠬᠤ ᠲᠠᠷᠢᠮᠠᠯ ᠤᠨ ᠲᠠᠷᠢᠬᠤ ᠲᠠᠯᠠᠪᠠᠢ ᠶᠢ ᠪᠠᠭᠠᠰᠬᠠᠨ᠎ᠠ᠃ | ᠳᠠᠬᠢᠯᠲᠠ ᠤᠰᠤ ᠶᠢ ᠰᠢᠢᠳᠪᠦᠷᠢᠯᠡᠬᠦ ᠤᠷ᠎ᠠ ᠮᠡᠷᠭᠡᠰᠢᠯ ᠪᠠ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠶᠢ ᠠᠬᠢᠭᠤᠯᠵᠤ᠂ ᠳᠠᠬᠢᠯᠲᠠ ᠤᠰᠤᠨ ᠤ | ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ ᠤᠰᠤᠨ ᠤ ᠱᠠᠲᠤᠯᠢᠭ ᠦᠨ᠎ᠡ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠤᠨ᠂ ᠤᠰᠤ ᠶᠢ ᠠᠷᠪᠢᠯᠠᠵᠤ ᠬᠡᠷᠡᠭᠯᠡᠬᠦ ᠶᠢᠨ | ᠪᠠᠶᠢᠩᠭᠤᠵᠢᠭᠤᠯᠤᠭᠰᠠᠨ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠵᠤ᠂ ᠪᠥᠬᠦ ᠨᠡᠶᠢᠭᠡᠮ ᠢᠶᠠᠷ ᠢᠶᠠᠨ ᠤᠰᠤ ᠠᠷᠪᠢᠯᠠᠬᠤ ᠶᠢ ᠤᠷᠢᠳᠠᠪᠠᠷ ᠬᠡᠷᠡᠭᠵᠢᠭᠦᠯᠦᠭᠰᠡᠨ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠣᠷᠣᠨ ᠪᠦᠰᠡ ᠠᠯᠤᠰᠯᠠᠨ ᠤᠰᠤ ᠬᠠᠩᠭᠠᠬᠤ ᠶᠢᠨ ᠤᠯᠠᠭᠠᠨᠬᠠᠳᠠ ᠶᠢᠨ ᠰᠠᠯᠪᠤᠷᠢ ᠱᠤᠭᠤᠮ ᠤᠨ ᠢᠨᠵᠧᠨᠧᠷᠢᠩ ᠢ | ᠵᠥᠪᠰᠢᠶᠡᠷᠡᠭᠦᠯᠦᠨ ᠠᠵᠢᠯ ᠡᠬᠢᠯᠡᠭᠦᠯᠬᠦ ᠪᠠᠷ ᠴᠢᠷᠮᠠᠶᠢᠵᠤ᠂ ᠳ᠋ᠦᠩ ᠲᠡᠶᠢᠽᠢ ᠤᠰᠤᠨ ᠴᠥᠭᠦᠷᠥᠮ ᠤᠨ ᠵᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | | ︵ᠳᠥᠷᠪᠡ︶ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠳᠤ ᠬᠦᠴᠦ ᠪᠠᠨ ᠲᠥᠪᠯᠡᠷᠡᠭᠦᠯᠦᠨ᠂ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ | ᠲᠥᠪ ᠬᠤᠲᠠ ᠶᠢ ᠲᠦᠷᠭᠡᠳᠬᠡᠨ ᠪᠠᠶᠢᠭᠤᠯᠤᠨ᠎ᠠ | ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠬᠤᠰᠢᠭᠤᠴᠢ ᠣᠷᠣᠨ ᠤ ᠪᠠᠶᠢᠭᠤᠯᠤᠯᠲᠠ ᠶᠢ ᠲᠥᠷᠭᠡᠳᠭᠡᠨ᠎ᠡ᠃ ᠲᠥᠪ ᠬᠤᠲᠠ ᠶᠢᠨ ᠠᠵᠤ ᠦᠢᠯᠡᠰ ᠪᠠ | ᠬᠤᠲᠠ ᠶᠢ ᠠᠭᠤᠰᠤᠯᠴᠠᠭᠤᠯᠤᠨ ᠬᠥᠭᠵᠢᠭᠦᠯᠬᠦ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠢᠨᠠᠨ ᠲᠣᠭᠲᠠᠭᠠᠬᠤ ᠠᠵᠢᠯ ᠢ ᠪᠡᠶᠡᠯᠡᠭᠦᠯᠵᠦ᠂ 6 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ︽ᠬᠤᠶᠠᠷ ᠲᠣᠭᠤᠷᠢᠭ ᠨᠢᠭᠡ ᠬᠤᠰᠢᠭᠤ︾ ᠶᠢᠨ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠬᠤᠰᠢᠭᠤᠴᠢ | ᠲᠣᠭᠤᠷᠢᠭ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢ ᠲᠣᠭᠲᠠᠭᠠᠯᠲᠠ ᠲᠣᠳᠣᠷᠬᠠᠶ᠂ | ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠬᠥᠭᠵᠢᠶᠡᠨᠲᠡᠶ᠂ ᠦᠢᠯᠡᠴᠢᠯᠡᠭᠡᠨ ᠤ ᠲᠤᠯᠭᠠᠭᠤᠷᠢᠯᠠᠯ ᠬᠦᠴᠦᠲᠡᠶ᠂ ᠠᠮᠢᠳᠤᠷᠠᠯ ᠤᠨ ᠪᠡᠯᠡᠳᠬᠡᠮᠵᠢ ᠪᠦᠷᠢᠨ | ᠲᠡᠭᠦᠯᠳᠡᠷ ᠠᠵᠤ ᠦᠢᠯᠡᠰ ᠤᠨ ᠰᠢᠨ᠎ᠡ ᠬᠤᠲᠠ ᠶᠢ ᠴᠣᠭᠴᠠᠯᠠᠨ ᠪᠠᠶᠢᠭᠤᠯᠤᠨ᠎ᠠ᠃ ᠥᠪᠡᠷ ᠥᠪᠡᠷ ᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠬᠦ | ᠨᠢᠭᠡ ᠪᠦᠯᠦᠭ ᠭᠤᠤᠯᠳᠠᠯᠭᠠᠲᠠᠶ ᠲᠥᠷᠥᠯ ᠵᠦᠢᠯ ᠢ ᠬᠠᠮᠲᠤ ᠳᠤᠨᠢ ᠲᠥᠯᠥᠪᠯᠡᠵᠦ ᠨᠥᠭᠡᠴᠡᠯᠡᠨ᠎ᠡ᠃ ᠲᠣᠭᠠᠴᠢᠯᠠᠭᠰᠠᠨ ᠠᠵᠤ ᠦᠢᠯᠡᠰ᠂ ᠶᠡᠷᠦᠩᠬᠡᠢ ᠭᠠᠵᠠᠷ ᠤᠨ ᠠᠵᠤ | ᠠᠬᠤᠢ᠂ ᠴᠠᠬᠢᠮ ᠮᠡᠳᠡᠭᠡ ᠵᠠᠩᠭᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠭᠤᠣᠯᠳᠠᠯᠭᠠᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ | ᠨᠡᠶᠢᠭᠡᠮ ᠲᠣᠭᠤᠷᠢᠭ᠂ ᠲᠤᠰᠬᠠᠢ ᠠᠰᠠᠷ ᠲᠠᠭᠳᠤ᠂ ᠠᠵᠤ ᠦᠢᠯᠡᠳᠪᠦᠷᠢ ᠶᠢᠨ ᠶᠡᠷᠦᠩᠬᠡᠶᠢᠯᠡᠭᠰᠡᠨ ᠴᠣᠭᠴᠠ᠂ ᠤᠶᠤᠨᠲᠤ ᠪᠢᠴᠢᠯ ᠦᠢᠯᠡᠳᠪᠦᠷᠢ ᠵᠡᠷᠭᠡ ᠬᠠᠮ | ᠬᠡᠯᠪᠡᠷᠢ ᠶᠢᠨ ᠣᠷᠣᠨ ᠵᠠᠢ ᠶᠢᠨ ᠠᠴᠢᠶᠠᠯᠠᠪᠤᠷᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠦᠢᠯᠡᠰ ᠪᠠ ᠬᠤᠳᠠ ᠶᠢᠨ ᠠᠭᠤᠰᠤᠯᠴᠠᠯ ᠳᠤ ᠬᠦᠴᠦᠲᠡᠢ | ᠳᠡᠮᠵᠢᠯᠭᠡ ᠬᠠᠩᠭᠠᠨ᠎ᠠ᠃ | ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠬᠤᠲᠠ ᠶᠢᠨ ᠰᠢᠨᠡᠴᠢᠯᠡᠯᠲᠡ ᠶᠢᠨ | ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠤᠤᠯ ᠬᠤᠲᠠ ᠲᠣᠭᠤᠷᠢᠭ ᠤᠨ ᠳᠤᠮᠳᠠ ᠲᠣᠭᠤᠷᠢᠯ ᠵᠠᠮ ᠤᠨ ᠲᠥᠷᠭᠡᠨᠵᠢᠬᠦ ᠥᠭᠡᠷᠡᠴᠢᠯᠡᠯᠲᠡ᠂ ᠶᠡᠭᠡ | ᠳᠤᠯᠠᠭᠠᠨ ᠤ ᠵᠥᠷᠢᠶ᠎ᠡ ᠪᠠᠷ ᠢᠯᠴᠢ ᠬᠠᠩᠭᠠᠬᠤ᠂ ᠤᠰᠤ ᠬᠠᠩᠭᠠᠬᠤ ᠬᠤᠭᠤᠯᠠᠶ ᠲᠤᠤᠷ ᠤᠨ ᠬᠤᠯᠪᠣᠯᠳᠤᠨ ᠨᠡᠪᠲᠡᠷᠡᠯᠴᠡᠬᠦ ᠵᠡᠷᠭᠡ 127 ᠭᠤᠤᠯᠳᠠᠯᠭᠠᠲᠠᠶ ᠬᠤᠲᠠ ᠶᠢᠨ | ᠶᠠᠪᠤᠳᠠᠯ ᠤᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠢ 200 ᠲᠦᠮᠡᠨ ᠲᠡᠭᠰᠢ ᠳᠥᠷᠪᠡᠯᠵᠢᠨ | ᠮᠧᠲᠷ ᠠᠴᠠ ᠳᠡᠭᠡᠭᠰᠢ ᠥᠭᠡᠷᠡᠴᠢᠯᠡᠨ᠎ᠡ᠃ ᠬᠤᠭ ᠨᠣᠪᠰᠢ ᠶᠢ ᠲᠥᠷᠥᠯ ᠬᠤᠪᠢᠶᠠᠬᠤ ᠶᠢ ᠲᠦᠷᠭᠡᠳᠬᠡᠨ ᠬᠡᠷᠡᠭᠵᠢᠭᠦᠯᠵᠦ᠂ ᠭᠤᠣᠯ ᠬᠤᠲᠠ ᠲᠤᠭᠤᠷᠢᠭ ᠤᠨ ᠬᠤᠭ | ᠨᠣᠪᠰᠢ ᠶᠢ ᠰᠢᠢᠳᠪᠦᠷᠢᠯᠡᠬᠦ ᠬᠤᠶᠠᠳᠤᠭᠠᠷ ᠬᠤᠭᠤᠴᠠᠭ᠎ᠠ᠂ ᠪᠠᠷᠢᠯᠭ᠎ᠠ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠬᠵᠢᠭᠤᠯᠤᠨ ᠠᠰᠢᠭᠯᠠᠬᠤ᠂ | ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠬᠵᠢᠭᠤᠯᠤᠨ ᠠᠰᠢᠭᠯᠠᠬᠤ ᠵᠡᠷᠭᠡ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ ᠬᠠᠰᠢᠶ᠎ᠠ ᠶᠢ ᠨᠤᠷᠠᠭᠠᠨ ᠢᠯᠡ | ᠨᠣᠭᠤᠭᠠᠷᠠᠭᠤᠯᠬᠤ᠂ ᠵᠠᠮ ᠢ ᠴᠡᠪᠡᠷᠰᠢᠭᠦᠯᠬᠦ᠂ ᠬᠤᠲᠠ ᠶᠢᠨ ᠪᠢᠴᠢᠯ ᠥᠭᠡᠷᠡᠴᠢᠯᠡᠯᠲᠡ᠂ ᠬᠡᠷ ᠤᠨ ᠭᠠᠳᠠᠨᠠᠬᠢ ᠵᠠᠷ ᠮᠡᠳᠡᠭᠡ ᠪᠠ ᠠᠰᠠᠷ ᠤᠨ ᠣᠷᠣᠢ ᠳᠠᠬᠢ ᠫᠠᠶᠢᠰᠠ | ᠢᠯᠡᠷᠬᠡᠢᠯᠡᠯ ᠶᠢ ᠵᠠᠰᠠᠬᠤ᠂ ᠲᠡᠷᠭᠡ ᠵᠣᠭᠰᠤᠭᠠᠬᠤ ᠡᠮᠬᠢ ᠲᠢᠭᠯᠢᠮ ᠢ ᠵᠠᠰᠠᠬᠤ ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠪᠥᠬᠦ ᠣᠷᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠤᠬᠠᠶ ᠶᠢᠨ ᠲᠠᠯᠠᠪᠤᠷ ᠤᠨ ᠬᠤᠷᠠᠯ ᠤᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠠᠳᠠᠯ ᠠᠬᠤᠶ ᠶᠢᠨ ᠠᠵᠢᠯ ᠲᠥᠷᠥᠯ ᠤᠨ ᠰᠢᠨ᠎ᠡ ᠶᠢ ᠡᠭᠦᠳᠬᠦ ᠠᠵᠢᠯᠯᠠᠭ᠎ᠠ ᠶᠢ ᠥᠷᠨᠢᠭᠦᠯᠵᠦ᠂ ᠠᠳᠠᠯ ᠠᠬᠤᠶ ᠶᠢᠨ ᠦᠢᠯᠡᠴᠢᠯᠡᠭᠡᠨ ᠢ ᠨᠠᠷᠢᠯᠢᠬᠵᠢᠭᠤᠯᠬᠤ᠂ | ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠣᠯᠠᠨ ᠡᠰᠢᠵᠢᠭᠦᠯᠬᠦ ᠳᠠᠰᠢ ᠬᠥᠭᠵᠢᠭᠦᠯᠬᠦ ᠶᠢ ᠠᠬᠢᠭᠤᠯᠤᠨ᠎ᠠ᠃ ᠨᠡᠶᠢᠭᠡᠮ ᠤᠨ ᠬᠥᠷᠥᠩᠭᠡ ᠶᠢᠨ ᠪᠣᠰᠤᠭ᠎ᠠ ᠴᠣᠭᠴᠠᠲᠤ | ᠬᠡᠯᠪᠡᠷᠢ ᠶᠢᠨ ᠲᠡᠷᠭᠡ ᠵᠣᠭᠰᠣᠭᠠᠬᠤ ᠲᠠᠯᠠᠪᠠᠶ ᠪᠠ ᠤᠶᠤᠨᠲᠤ ᠲᠡᠷᠭᠡ ᠵᠣᠭᠰᠣᠭᠠᠬᠤ ᠰᠢᠰᠲ᠋ᠧᠮ ᠢ ᠪᠠᠶᠢᠭᠤᠯᠬᠤ ᠶᠢ ᠵᠣᠷᠢᠬᠵᠢᠭᠤᠯᠵᠤ᠂ ᠣᠯᠠᠨ ᠠᠷᠭ᠎ᠠ ᠵᠠᠮ ᠢᠶᠠᠷ ᠲᠡᠷᠭᠡ | ᠵᠣᠭᠰᠣᠭᠠᠬᠤ ᠪᠠᠶᠢᠷᠢ ᠶᠢ ᠨᠡᠮᠡᠭᠳᠡᠭᠦᠯᠦᠨ᠎ᠡ᠃ | | ︵ᠲᠠᠪᠤ︶ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦ ᠪᠠᠨ ᠲᠥᠪᠯᠡᠷᠡᠭᠦᠯᠦᠨ᠂ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠨ᠎ᠡ | ᠲᠣᠭᠤᠷᠢᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ ᠡᠵᠡᠩᠨᠡᠯᠲᠡ ᠠᠷᠠᠯᠵᠢᠶᠠᠨ ᠤ | ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠠᠷᠠᠯᠵᠢᠶᠠᠨ ᠤ ᠣᠷᠴᠢᠨ | ᠲᠣᠭᠤᠷᠢᠨ ᠢ ᠰᠢᠯᠢᠳᠡᠭᠵᠢᠭᠦᠯᠬᠦ ᠲᠤᠰᠬᠠᠶ ᠵᠦᠢᠯ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠬᠤ | ᠱᠠᠭᠠᠷᠳᠠᠯᠭ᠎ᠠ ᠶᠢᠨ ᠪᠠᠷᠢᠮᠵᠢᠶ᠎ᠠ ᠲᠠᠢ ᠬᠠᠷᠭᠤᠭᠤᠯᠵᠤ᠂ ᠮᠥᠷᠳᠡᠨ ᠱᠠᠭᠠᠷᠳᠠᠵᠤ ᠰᠢᠢᠳᠪᠦᠷᠢᠯᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠭᠤ | ᠲᠤᠰᠬᠠᠭᠰᠠᠨ ᠠᠰᠠᠭᠤᠳᠠᠯ ᠢ ᠪᠦᠬᠦᠨ ᠢ ᠴᠠᠭ ᠲᠤᠬᠠᠶ ᠳᠤᠨᠢ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠪᠠᠷ ᠲᠣᠬᠢᠶᠠᠯ ᠪᠤᠯᠭᠠᠬᠤ ᠶᠢ ᠪᠠᠷᠢᠮᠲᠠᠯᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠪᠥᠬᠦ ᠲᠠᠯ᠎ᠠ ᠪᠠᠷ | ᠥᠷᠨᠢᠭᠦᠯᠵᠦ᠂ ᠠᠰᠠᠭᠤᠳᠠᠯ ᠤᠨ ᠰᠢᠯᠲᠠᠭᠠᠨ ᠢ ᠭᠦᠨᠵᠡᠭᠡᠶ ᠵᠠᠳᠠᠯᠤᠨ ᠰᠢᠨᠵᠢᠯᠡᠵᠦ᠂ ᠪᠠᠶᠢᠩᠭᠤ ᠶᠢᠨ ᠴᠢᠨᠠᠷᠲᠠᠶ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠬᠤ | ᠤᠷᠲᠤᠮᠵᠢ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠨ ᠳᠡᠭᠡᠭᠰᠢᠯᠡᠬᠦ ᠶᠢ | ᠳᠥᠯᠭᠢᠨ ᠠᠬᠢᠭᠤᠯᠤᠨ᠎ᠠ᠃ | ᠵᠠᠬ᠎ᠠ ᠳᠡᠯᠭᠡᠭᠦᠷ ᠤᠨ ᠭᠤᠤᠯ ᠴᠣᠭᠴᠠ ᠳᠤ ᠪᠥᠬᠦ ᠬᠦᠴᠦᠨ ᠢᠶᠠᠷ ᠢᠶᠠᠨ ᠦᠢᠯᠡᠴᠢᠯᠡᠨ᠎ᠠ᠃ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ | ᠰᠢᠯᠢᠳᠡᠭᠵᠢᠭᠦᠯᠬᠦ 33 ᠵᠤᠷᠪᠤᠰ ᠰᠢᠨ᠎ᠡ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ︽ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ | ᠰᠢᠯᠢᠳᠡᠭᠵᠢᠭᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠣᠨ︾ ᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠲᠤᠰᠬᠠᠯ ᠶᠡᠬᠡᠲᠡᠶ ᠡᠪᠡᠷᠰᠢᠶᠡᠯ ᠲᠠᠢ ᠲᠦᠭᠵᠢᠷᠡᠯ ᠲᠠᠢ ᠲᠦᠪᠡᠭᠲᠡᠶ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠳᠤᠮᠳᠠ ᠵᠢᠵᠢᠭ ᠪᠢᠴᠢᠯ | ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢ ᠳᠡᠮᠵᠢᠵᠦ᠂ ᠡᠯ᠎ᠡ ᠱᠠᠲᠤᠨ ᠤ | ᠨᠡᠶᠢᠲᠡᠯᠡᠭᠰᠡᠨ ᠠᠵᠤ ᠠᠬᠤᠶᠢᠯᠠᠯ ᠳᠤ ᠠᠰᠢᠭ ᠬᠦᠷᠲᠡᠭᠡᠵᠦ ᠲᠡᠳᠬᠦᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠵᠠᠰᠠᠭ ᠪᠠᠩᠬᠢ ᠠᠵᠤ | ᠠᠬᠤᠶᠢᠯᠠᠯ ᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠢᠶᠠᠷ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠬᠦ᠂ ᠡᠷᠡᠭᠦᠯ ᠪᠤᠰᠤ ᠵᠢᠭᠡᠯᠡᠯᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ᠂ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ | ᠰᠢᠯᠢᠳᠡᠭᠵᠢᠭᠦᠯᠦᠨ ᠵᠠᠰᠠᠬᠤ ᠵᠡᠷᠭᠡ ᠮᠥᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠦᠭᠡᠢ ᠦᠵᠡᠭᠳᠡᠯ ᠢ ᠵᠠᠰᠠᠬᠤ ᠭᠤᠷᠪᠠᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠥᠷᠨᠢᠭᠦᠯᠵᠦ᠂ ᠮᠥᠩᠭᠦᠨ ᠭᠦᠢᠯᠭᠡᠭᠡᠨ ᠤ ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠬᠦ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠣᠭᠠᠴᠢᠯᠠᠭᠰᠠᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠷᠭᠡᠳᠬᠡᠵᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠢᠭᠡᠳᠬᠡᠨ ᠠᠭᠤᠰᠤᠯᠴᠠᠭᠤᠯᠬᠤ ᠶᠢ ᠴᠢᠩᠭᠠᠳᠬᠠᠵᠤ᠂ ᠲᠣᠮᠣ ᠲᠤᠭ᠎ᠠ ᠪᠠᠷᠢᠮᠲᠠ ᠶᠢᠨ | ᠦᠢᠯᠡᠴᠢᠯᠡᠭᠡᠨ ᠤ ᠬᠡᠷᠡᠭᠯᠡᠭᠡᠨ ᠤ ᠲᠠᠪᠴᠠᠩ ᠢ ᠪᠠᠶᠢᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠵᠤ᠂ ︽ᠲᠤᠭ᠎ᠠ ᠪᠠᠷᠢᠮᠲᠠ ᠶᠢ ᠢᠯᠡᠭᠦᠬᠡᠨ | ᠬᠡᠷᠡᠭᠯᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠦᠨᠡᠨᠬᠦ ᠪᠡᠶᠡᠯᠡᠭᠦᠯᠦᠨ᠎ᠡ᠃ ᠲᠦᠷᠦᠯ ᠵᠦᠢᠯ ᠢᠶᠠᠷ ᠮᠠᠩᠯᠠᠶᠢᠯᠠᠭᠤᠯᠬᠤ ᠦᠢᠯᠠᠭᠠᠭᠳᠠᠬᠤᠨ ᠢ ᠪᠤᠢ | ᠪᠣᠯᠭᠠᠵᠤ᠂ ᠲᠥᠷᠥᠯ ᠵᠦᠢᠯ ᠤᠨ ᠬᠠᠮᠢᠶᠠᠷᠤᠭᠴᠢ ᠶᠢᠨ ᠲᠦᠷᠢᠮ ᠢ ᠬᠡᠷᠡᠭᠵᠢᠭᠦᠯᠵᠦ᠂ ᠱᠠᠲᠤ ᠬᠤᠪᠢᠶᠠᠨ ᠨᠢᠭᠡ ᠨᠢᠭᠡ ᠪᠠᠷ ᠬᠠᠮᠢᠶᠠᠷᠤᠭᠴᠢ ᠶᠢᠨ ᠦᠢᠯᠡᠴᠢᠯᠡᠭᠡ | ᠬᠠᠩᠭᠠᠵᠤ᠂ ᠲᠣᠭᠠᠴᠢᠯᠠᠭᠰᠠᠨ ᠠᠷᠭ᠎ᠠ ᠪᠠᠷᠢᠯ ᠢ ᠵᠡᠷᠭᠡᠪᠡᠷ ᠬᠡᠷᠡᠭᠯᠡᠨ ᠲᠥᠷᠥᠯ ᠵᠦᠢᠯ ᠤᠨ ᠬᠠᠮᠢᠶᠠᠷᠤᠭᠴᠢ ᠶᠢᠨ APP ᠲᠠᠪᠴᠠᠩ ᠢ ᠨᠡᠭᠡᠭᠡᠨ᠂ ᠴᠠᠭ ᠲᠤᠬᠠᠶ ᠳᠤᠨᠢ | ᠬᠢᠨᠠᠨ ᠡᠵᠡᠮᠳᠡᠵᠦ᠂ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ | 12345 ᠬᠠᠯᠠᠮᠰᠢᠯ ᠤᠲᠠᠰᠤ ᠶᠢ ᠨᠡᠪᠲᠡᠷᠡᠭᠦᠯᠵᠦ᠂ ᠵᠠᠰᠠᠭ ᠵᠠᠬᠢᠷᠭ᠎ᠠ ᠠᠵᠤ ᠠᠬᠤᠶᠢᠯᠠᠯ ᠤᠨ ᠨᠡᠪᠲᠡᠷᠡᠯᠴᠡᠨ ᠬᠠᠷᠢᠯᠴᠠᠬᠤ ᠪᠠᠶᠢᠩᠭᠤ ᠶᠢᠨ ᠲᠣᠭᠲᠠᠴᠠ ᠶᠢ | ᠪᠠᠶᠢᠭᠤᠯᠵᠤ᠂ ᠪᠦᠬᠦ ᠬᠤᠳᠠ ᠶᠢᠨ ᠬᠡᠪᠴᠢᠶᠡᠨ ᠳᠤ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ | ᠥᠷᠨᠢᠭᠦᠯᠦᠨ᠎ᠡ᠃ ᠬᠤᠲᠠ ᠶᠢᠨ ᠲᠣᠰ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠬᠤᠰᠢᠭᠤ ᠰᠢᠶᠠᠨ ᠲᠣᠭᠤᠷᠢᠭ ᠤᠨ ᠡᠵᠡᠩᠨᠡᠯᠲᠡ ᠠᠷᠠᠯᠵᠢᠶᠠᠨ ᠤ ᠣᠷᠴᠢᠨ | ᠲᠣᠭᠤᠷᠢᠨ ᠤ ᠦᠨᠡᠯᠡᠯᠲᠡ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ᠎ᠡ᠃ | | ︵ᠵᠢᠷᠭᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠢᠶᠠᠨ ᠲᠥᠪᠯᠡᠷᠡᠭᠦᠯᠦᠨ᠂ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ | ᠮᠠᠯᠵᠢᠬᠤ ᠣᠷᠣᠨ ᠮᠠᠯᠴᠢᠨ ᠲᠠᠷᠢᠶᠠᠴᠢᠨ ᠤ ᠠᠵᠢᠯ ᠢ ᠪᠠᠲᠤᠲᠠᠢ ᠰᠠᠶᠢᠨ ᠬᠢᠨ᠎ᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠨ᠎ᠡ᠃ ᠣᠲᠣ ᠶᠢᠨ ᠪᠠᠶᠢᠭ᠎ᠠ ᠭᠤᠤᠯ | ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ | ᠵᠣᠯᠭᠠᠭᠤᠯᠬᠤ ᠶᠢ ᠪᠠᠲᠤᠯᠠᠨ᠎ᠠ᠃ ᠣᠷᠣᠯᠭ᠎ᠠ ᠵᠠᠷᠤᠯᠭ᠎ᠠ ᠶᠢᠨ ᠬᠢᠷᠢ ᠲᠦᠪᠰᠢᠨ ᠤ ᠬᠤᠪᠢᠷᠠᠯᠲᠠ᠂ ᠠᠵᠢᠯ ᠣᠯᠭᠤᠯᠲᠠ ᠶᠢᠨ ᠪᠠᠶᠢᠳᠠᠯ᠂ ︽ᠬᠤᠶᠠᠷ ᠲᠤ ᠵᠣᠪᠠᠭ᠋ᠤ ᠥᠬᠡᠶ | ᠭᠤᠷᠪᠠ ᠶᠢ ᠪᠠᠲᠤᠯᠠᠬᠤ︾ ᠪᠠ ᠠᠶᠤᠯᠭᠦᠢ ᠢᠳᠡᠬᠦ ᠣᠰᠣ ᠶᠢ ᠪᠠᠬᠢᠵᠢᠭᠦᠯᠦᠭᠰᠡᠨ ᠪᠠᠶᠢᠳᠠᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠦᠷᠭᠦᠯᠵᠢᠯᠡᠨ ᠨᠠᠷᠢᠯᠢᠭ | ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠳᠠᠬᠢᠨ ᠶᠠᠳᠠᠭᠤᠷᠠᠬᠤ ᠥᠬᠡᠶ᠂ ᠵᠠᠬ᠎ᠠ | ᠬᠢᠵᠠᠭᠠᠷ ᠤᠨ ᠬᠥᠮᠦᠨ ᠠᠮᠠ ᠶᠢᠨ ᠶᠠᠳᠠᠭᠤᠷᠠᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ ᠶᠠᠳᠠᠭᠤ ᠶᠢ ᠲᠡᠳᠬᠦᠬᠦ ᠠᠵᠤ ᠦᠢᠯᠡᠰ ᠢ ᠬᠥᠭᠵᠢᠭᠦᠯᠦᠨ | ᠪᠤᠵᠠᠭᠠᠶᠢᠷᠠᠭᠤᠯᠵᠤ᠂ ᠲᠠᠷᠢᠶᠠᠯᠠᠩ ᠮᠠᠯᠵᠢᠯ ᠳᠤ ᠬᠤᠯᠪᠤᠭᠳᠠᠬᠤ ᠪᠡᠯᠡ ᠮᠥᠩᠭᠦ ᠶᠢᠨ ᠨᠡᠶᠢᠳᠭᠡᠯᠲᠡ ᠤᠷᠤᠭᠤᠯᠤᠯᠲᠠ ᠶᠢ ᠥᠷᠭᠦᠯᠵᠢᠯᠡᠨ ᠶᠡᠭᠡᠳᠭᠡᠵᠦ᠂ ᠬᠥᠳᠡᠭᠡ | ᠲᠤᠰᠬᠤᠨ ᠮᠠᠯᠵᠢᠬᠤ ᠣᠷᠣᠨ ᠤ ᠤᠨᠴᠠᠯᠢᠭᠲᠣ ᠠᠵᠤ ᠦᠢᠯᠡᠰ ᠤᠨ ᠬᠡᠪᠴᠢᠶ᠎ᠡ ᠪᠠᠨ ᠥᠷᠭᠡᠳᠭᠡᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠤᠨ᠎ᠠ᠃ | ᠤᠯᠤᠰ ᠤᠨ ᠶᠠᠳᠠᠭᠤ ᠶᠢ ᠲᠡᠳᠬᠦᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠶᠠᠳᠠᠭᠤ ᠠᠴᠠ | ᠠᠩᠭᠢᠵᠢᠷᠠᠭᠤᠯᠬᠤ ᠬᠤᠰᠢᠭᠤ ᠰᠢᠶᠠᠨ ᠲᠣᠭᠤᠷᠢᠭ ᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠤᠯᠳᠠᠯᠭᠠᠲᠠᠶ ᠬᠠᠪᠰᠤᠷᠤᠨ ᠲᠡᠳᠬᠦᠬᠦ ᠰᠢᠶᠠᠨ ᠤ ᠡᠩᠨᠡᠭᠡ ᠳᠤ ᠣᠷᠣᠭᠤᠯᠬᠤ ᠪᠠᠷ ᠬᠦᠴᠦᠯᠡᠨ ᠴᠢᠷᠮᠠᠶᠢᠨ᠎ᠠ᠃ | ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠰᠠᠶᠢᠲᠤᠷ ᠬᠢᠵᠦ᠂ ᠬᠥᠳᠡᠭᠡ ᠲᠤᠰᠬᠤᠨ ᠤ ᠪᠠᠶᠢᠭᠤᠯᠤᠯᠲᠠ ᠶᠢ ᠲᠦᠷᠦᠯ ᠬᠤᠪᠢᠶᠠᠨ ᠬᠡᠷᠡᠭᠵᠢᠭᠦᠯᠵᠦ᠂ ᠰᠢᠶᠠᠨ ᠤ ᠬᠤᠲᠠ᠂ ᠰᠢᠶᠠᠩ ᠪᠠᠯᠭᠠᠰᠤ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠢ ᠭᠠᠴᠠᠭ᠎ᠠ ᠲᠣᠰᠬᠤᠨ ᠳᠠᠰᠢ ᠤᠷᠲᠤᠳᠬᠠᠬᠤ ᠶᠢ ᠠᠬᠢᠭᠤᠯᠤᠨ᠎ᠠ᠃ ᠬᠥᠳᠡᠭᠡ ᠲᠤᠰᠬᠤᠨ ᠮᠠᠯᠵᠢᠬᠤ ᠣᠷᠣᠨ ᠤ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ ︽ᠵᠣᠷᠯᠣᠩ ᠤᠨ ᠥᠭᠡᠷᠡᠴᠢᠯᠡᠯᠲᠡ︾᠂ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠵᠡᠷᠭᠡ ᠠᠵᠢᠯ ᠢ ᠠᠬᠢᠭᠤᠯᠤᠨ᠎ᠠ᠃ ︽ᠬᠥᠳᠡᠭᠡ | ᠲᠣᠰᠬᠤᠨ ᠤ ᠵᠠᠮ ᠤᠨ ᠳᠥᠷᠪᠡᠨ ᠰᠠᠶᠢᠲᠤᠷ︾ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ᠵᠠᠮ ᠬᠠᠷᠢᠯᠴᠠᠭᠠᠨ ᠤ ᠲᠥᠷᠥᠯ ᠵᠦᠢᠯ ᠢ | ᠲᠤᠰᠬᠤᠨ ᠡᠷᠦᠬᠡ ᠳᠤ ᠨᠡᠪᠲᠡᠷᠡᠭᠦᠯᠬᠦ ᠲᠡᠰᠢ ᠬᠡᠯᠪᠠᠶᠢᠯᠭᠡᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠠᠵᠢᠯᠯᠠᠭ᠎ᠠ ᠶᠢ | ᠥᠷᠨᠢᠭᠦᠯᠵᠦ᠂ ᠵᠢᠯ ᠤᠨ ᠳᠣᠲᠣᠷ᠎ᠠ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ 150 ᠪᠠᠶᠢᠭᠤᠯᠤᠨ᠎ᠠ᠃ | ᠬᠥᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠠᠬᠢᠭᠤᠯᠤᠨ᠎ᠠ᠃ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ ᠢ | ᠪᠠᠷᠢᠮᠲᠠᠯᠠᠵᠤ᠂ ᠮᠠᠯᠴᠢᠨ ᠲᠠᠷᠢᠶᠠᠴᠢᠨ ᠤ ᠭᠤᠤᠯ ᠴᠣᠭᠴᠠ ᠶᠢᠨ ᠪᠠᠶᠢᠷᠢ ᠰᠠᠭᠤᠷᠢ ᠶᠢ ᠳᠣᠪᠤᠶᠢᠯᠭᠠᠵᠤ᠂ ᠮᠠᠯᠴᠢᠨ ᠲᠠᠷᠢᠶᠠᠴᠢᠨ ᠤ ᠪᠡᠶᠡᠴᠢ ᠴᠢᠳᠠᠮᠠᠭᠠᠶ ᠴᠢᠨᠠᠷ ᠢ | ᠭᠦᠢᠴᠡᠳ ᠪᠠᠳᠠᠷᠠᠭᠤᠯᠤᠨ᠎ᠠ᠃ ᠠᠷᠤ ᠬᠤᠷᠴᠢᠨ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ | ᠬᠡᠷᠡᠭᠵᠢᠭᠦᠯᠵᠦ᠂ ᠯᠠᠪᠳᠠᠭᠤᠨ ᠪᠠᠲᠤᠲᠠᠶ ᠠᠬᠢᠭᠤᠯᠵᠤ᠂ ᠪᠤᠰᠤᠳ ᠭᠠᠵᠠᠷ ᠣᠷᠣᠨ ᠳᠤ ᠲᠣᠰ ᠲᠣᠰ 1 ᠳᠠᠪᠠᠭᠤᠯᠢᠭ ᠠᠵᠤ ᠦᠢᠯᠡᠰ᠂ 2 ᠰᠤᠮᠤ ᠰᠢᠶᠠᠩ ᠪᠠᠯᠭᠠᠰᠤ᠂ | 3 ᠭᠠᠴᠠᠭ᠎ᠠ ᠲᠣᠰᠬᠤᠨ ᠢ ᠰᠣᠩᠭᠤᠵᠤ᠂ ᠤᠷᠢᠳᠠᠪᠠᠷ ᠲᠤᠷᠰᠢᠯᠲᠠ ᠬᠢᠵᠦ᠂ ᠴᠡᠭ ᠢᠶᠠᠷ ᠨᠡᠶᠢᠳᠡᠮ ᠢ ᠳᠠᠶᠢᠴᠢᠯᠠᠨ᠂ ᠮᠠᠯᠵᠢᠬᠤ ᠲᠠᠷᠢᠶᠠᠯᠠᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ | ᠠᠷᠭ᠎ᠠ ᠶᠢ ᠴᠢᠷᠮᠠᠶᠢᠨ ᠪᠣᠶ ᠪᠣᠯᠭᠠᠵᠤ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠠᠵᠢᠯ ᠤᠨ ᠰᠢᠪᠲᠤᠯᠤᠯᠲᠠ ᠶᠢᠨ ᠴᠢᠨᠠᠷᠲᠠᠶ | ᠠᠬᠢᠴᠠ ᠲᠠᠢ ᠪᠣᠯᠬᠤ ᠶᠢ ᠠᠬᠢᠭᠤᠯᠤᠨ᠎ᠠ᠃ | | ︵ᠲᠤᠯᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠬᠦᠴᠦᠨ ᠢᠶᠠᠨ ᠲᠥᠪᠯᠡᠷᠡᠭᠦᠯᠦᠨ᠂ ᠠᠷᠠᠳ ᠤᠨ ᠠᠮᠢᠳᠤᠷᠠᠯ ᠤᠨ ᠲᠦᠪᠰᠢᠨ ᠢ ᠦᠷᠭᠦᠯᠵᠢᠯᠡᠨ | ᠲᠡᠭᠡᠭᠰᠢᠯᠡᠭᠦᠯᠦᠨ᠎ᠡ | ᠠᠵᠢᠯ ᠣᠯᠭᠤᠯᠲᠠ ᠶᠢ ᠬᠦᠴᠦᠯᠡᠨ ᠲᠤᠭᠲᠠᠪᠤᠷᠢᠵᠢᠭᠤᠯᠬᠤ ᠪᠠ ᠦᠷᠭᠡᠳᠭᠡᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭᠠᠲᠠᠶ ᠬᠥᠮᠦᠰ ᠲᠤ ᠠᠵᠢᠯ ᠣᠯᠭᠤᠬᠤ ᠠᠵᠢᠯ ᠢ | ᠲᠣᠪᠤᠶᠢᠮ᠎ᠠ ᠰᠠᠶᠢᠲᠤᠷ ᠠᠳᠬᠤᠵᠤ᠂ ᠵᠢᠯ ᠤᠨ ᠳᠣᠲᠣᠷ᠎ᠠ ᠬᠤᠲᠠ ᠪᠠᠯᠭᠠᠰᠤ ᠶᠢᠨ 2.1 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠵᠦ᠂ ︽ | ᠠᠵᠢᠯ ᠲᠠᠢ ᠬᠥᠮᠦᠨ ᠦᠭᠡᠢ︾ ᠬᠡᠷ ᠪᠦᠯᠢ ᠦᠭᠡᠢ ᠪᠠᠶᠢᠬᠤ ᠶᠢ ᠥᠷᠭᠦᠯᠵᠢ ᠪᠠᠲᠤᠯᠠᠵᠤ᠂ 67 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠨ᠎ᠠ᠃ | ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠠᠵᠢᠯᠯᠠᠭ᠎ᠠ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠡᠯ᠎ᠡ ᠵᠦᠢᠯ ᠤᠨ ᠤᠷᠮᠠᠰᠢᠭᠤᠯᠬᠤ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠠᠵᠢᠯ ᠠᠯᠳᠠᠯᠲᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠠᠵᠢᠯ ᠤᠯᠬᠤ ᠳᠤ ᠬᠦᠴᠢᠷᠲᠡᠶ ᠬᠥᠮᠦᠰ ᠢ | ᠦᠨᠳᠦᠰᠦᠨ ᠵᠦᠢᠯ ᠢᠶᠠᠷ ᠨᠢ ᠲᠥᠪᠬᠢᠨᠡᠭᠦᠯᠦᠨ ᠠᠵᠢᠯ ᠤᠯᠭᠤᠨ᠎ᠠ᠃ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ | ᠲᠦᠷᠭᠡᠪᠴᠢᠯᠡᠨ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠲᠡᠮᠵᠢᠨ᠎ᠡ᠃ | ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠣᠨᠴᠠᠯᠢᠭᠲᠤ ᠰᠣᠶᠣᠯ ᠤᠨ ᠨᠠᠷᠠᠲᠤ ᠲᠡᠮᠳᠡᠭᠲᠦ ᠶᠢ ᠡᠭᠦᠳᠦᠨ ᠪᠦᠲᠦᠭᠡᠬᠦ | ᠢᠨᠵᠧᠨᠧᠷᠢᠩ ᠢ ᠡᠬᠢᠯᠡᠭᠦᠯᠵᠦ᠂ ᠬᠤᠲᠠ ᠶᠢᠨ ᠨᠣᠮ ᠤᠨ ᠰᠠᠩ᠂ ᠬᠤᠪᠢᠰᠬᠠᠯ ᠤᠨ ᠲᠡᠤᠬᠡ ᠶᠢᠨ ᠮᠦᠽᠧᠶ ᠶᠢᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ | ᠠᠬᠢᠭᠤᠯᠤᠨ᠎ᠠ᠃ ᠪᠠᠭᠠᠷᠢᠨ ᠪᠠᠷᠠᠭᠤᠨ ᠬᠤᠰᠢᠭᠤᠨ ᠤ ᠭᠡᠰᠡᠷ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ ᠤᠯᠤᠰ ᠤᠨ ᠳᠡᠰ ᠤᠨ ᠰᠣᠶᠣᠯ ᠤᠨ | ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠪᠠ ᠠᠷᠤ ᠬᠤᠷᠴᠢᠨ ᠬᠤᠰᠢᠭᠤᠨ ᠤ ᠮᠣᠩᠭᠤᠯ ᠦᠨᠳᠦᠰᠦᠲᠡᠨ ᠤ ᠨᠡᠭᠦᠳᠡᠯ ᠮᠠᠯᠵᠢᠯ ᠤᠨ ᠰᠣᠶᠣᠯ ᠤᠨ ᠠᠮᠢ | ᠠᠬᠤᠶ ᠶᠢᠨ ᠬᠠᠮᠠᠭᠠᠯᠠᠯᠲᠠ ᠶᠢᠨ ᠣᠷᠣᠨ ᠢ ᠲᠤᠰ ᠲᠤᠰ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠣᠶᠣᠯ ᠤᠨ ᠠᠮᠢ ᠠᠬᠤᠶ ᠶᠢᠨ | ᠬᠠᠮᠠᠭᠠᠯᠠᠯᠲᠠ ᠶᠢᠨ ᠣᠷᠣᠨ ᠳᠤ ᠮᠡᠳᠡᠭᠦᠯᠬᠦ ᠢᠶᠠᠷ ᠠᠬᠢᠭᠤᠯᠵᠤ᠂ ︽ᠳᠤᠮᠳᠠᠳᠤ ᠤᠯᠤᠰ ᠤᠨ ᠲᠠᠮᠠᠭᠠᠲᠤ ᠬᠤᠲᠠ︾ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ | ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ | ᠪᠠᠬᠢᠵᠢᠭᠦᠯᠵᠦ᠂ ᠦ᠋ ᠠᠨ ᠵᠧᠦ ᠶᠢᠨ ᠯᠢᠶᠣᠤ ᠶᠢᠨ ᠰᠤᠪᠤᠷᠭ᠎ᠠ ᠶᠢ ᠰᠡᠯᠪᠢᠨ ᠵᠠᠰᠠᠬᠤ ᠳᠠᠷᠠᠭᠠᠴᠢ ᠶᠢᠨ ᠠᠵᠢᠯ ᠢ ᠰᠠᠶᠢᠲᠤᠷ ᠬᠢᠵᠦ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠳᠠᠷᠤᠭ᠎ᠠ ᠶᠢᠨ ᠳᠦᠷᠢᠮ ᠢ ᠲᠤᠷᠰᠢᠨ ᠬᠡᠷᠡᠭᠵᠢᠭᠦᠯᠬᠦ ᠠᠵᠢᠯ ᠢ ᠰᠠᠶᠢᠲᠤᠷ ᠠᠳᠬᠤᠨ᠎ᠠ᠃ ᠰᠣᠶᠣᠯ ᠢ ᠬᠥᠳᠡᠭᠡ ᠪᠠᠭᠤᠯᠭᠠᠬᠤ᠂ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠵᠡᠷᠭᠡ ᠤᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠪᠦᠬᠦ ᠠᠷᠠᠳ ᠢᠶᠠᠷ ᠢᠶᠠᠨ ᠨᠣᠮ | ᠤᠩᠰᠢᠬᠤ᠂ ᠪᠦᠬᠦ ᠠᠷᠠᠳ ᠢᠶᠠᠷ ᠢᠶᠠᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠦᠨ᠎ᠡ᠃ | ᠰᠤᠷᠭᠠᠨ ᠬᠥᠮᠦᠵᠢᠯ ᠤᠨ ᠭᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠣᠯ ᠬᠤᠲᠠ ᠲᠣᠭᠤᠷᠢᠭ ᠤᠨ ᠪᠠᠶᠢᠭᠤᠯᠵᠤ ᠪᠠᠶᠢᠭ᠎ᠠ 5 | ᠰᠤᠷᠭᠠᠭᠤᠯᠢ ᠶᠢᠨ ᠵᠢᠯ ᠤᠨ ᠳᠣᠲᠣᠷ᠎ᠠ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ︽ᠲᠠᠪᠤᠨ ᠬᠥᠮᠦᠵᠢᠯ︾ ᠢ ᠵᠡᠷᠭᠡᠪᠡᠷ ᠬᠥᠭᠵᠢᠭᠦᠯᠬᠦ᠂ | ᠬᠡᠷ ᠪᠦᠯᠢ ᠪᠠ ᠰᠤᠷᠭᠠᠭᠤᠯᠢ ᠬᠠᠮᠲᠤᠷᠠᠨ ᠬᠥᠮᠦᠵᠢᠭᠦᠯᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠳᠥᠯᠭᠢᠨ ᠠᠬᠢᠭᠤᠯᠵᠤ᠂ ᠨᠠᠷᠢᠯᠢᠭ ᠣᠨᠣᠴᠠᠲᠠᠶ ᠵᠢᠭᠠᠨ | ᠰᠤᠷᠭᠠᠯᠲᠠ ᠶᠢᠨ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠤᠨ᠎ᠠ᠃ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ | ᠬᠥᠮᠦᠵᠢᠯ ᠤᠨ ᠰᠠᠶᠢᠨ ᠰᠠᠶᠢᠬᠠᠨ ᠠᠮᠢ ᠠᠬᠤᠶ ᠶᠢ ᠪᠤᠢ ᠪᠣᠯᠭᠠᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠠ | ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠲᠤᠷ ᠬᠢᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ | ᠳᠠᠷᠠᠭᠠᠬᠢ ᠦᠢᠯᠡᠴᠢᠯᠡᠭᠡᠨ ᠤ ᠲᠤᠷᠰᠢᠯᠲᠠ ᠶᠢᠨ ᠠᠵᠢᠯ ᠢ ᠥᠷᠨᠢᠭᠦᠯᠦᠨ᠎ᠡ᠃ ᠠᠷᠤ ᠬᠤᠷᠴᠢᠨ ᠬᠤᠰᠢᠭᠤᠨ ᠤ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠦᠨᠡᠯᠡᠨ ᠲᠤᠭᠲᠠᠭᠠᠯᠲᠠ ᠶᠢ ᠥᠩᠭᠡᠷᠡᠭᠡᠬᠦ ᠶᠢ ᠪᠠᠲᠤᠯᠠᠵᠤ᠂ ᠯᠢᠨᠰᠢ᠂ ᠠᠷᠤ ᠬᠤᠷᠴᠢᠨ ᠬᠤᠰᠢᠭᠤ᠂ | ᠶᠤᠸᠠᠨ ᠪᠦᠦ ᠱᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠦᠯᠬᠦ ᠢᠨᠵᠧᠨᠧᠷᠢᠩ ᠢ ᠡᠬᠢᠯᠡᠭᠦᠯᠦᠨ᠎ᠡ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠲᠠᠪᠤ ᠶᠢ ᠨᠢᠭᠡᠳᠦᠯᠲᠡᠶ ᠲᠥᠯᠥᠪᠯᠡᠬᠦ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ | ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢᠨ ᠰᠢᠯᠢᠳᠡᠭ ᠢ ᠬᠥᠮᠦᠵᠢᠭᠦᠯᠬᠦ ᠠᠵᠢᠯᠯᠠᠭᠠᠨ ᠤ ᠲᠥᠯᠥᠪᠯᠡᠭᠡ ︵2020 — | 2023 ᠣᠨ︶ ᠶᠢ ᠡᠬᠢᠯᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠬᠡᠷᠡᠭ ᠡᠷᠬᠢᠯᠡᠭᠴᠢᠳ ᠤᠨ ᠲᠦᠷᠢᠮ ᠢ ᠰᠦᠪᠡᠭᠴᠢᠯᠡᠨ ᠬᠡᠷᠡᠭᠵᠢᠭᠦᠯᠵᠦ᠂ | ᠤᠯᠠᠭᠠᠨᠬᠠᠳᠠ ᠳᠡᠭᠡᠳᠦ ᠰᠤᠷᠭᠠᠭᠤᠯᠢ ᠶᠢᠨ ᠤᠯᠠᠭᠠᠨᠬᠠᠳᠠ ᠶᠡᠭᠡ ᠰᠤᠷᠭᠠᠭᠤᠯᠢ ᠶᠢ ᠡᠭᠦᠳᠦᠨ ᠪᠠᠶᠢᠭᠤᠯᠬᠤ ᠶᠢ ᠳᠡᠮᠵᠢᠵᠦ᠂ ᠤᠯᠠᠭᠠᠨᠬᠠᠳᠠ ᠶᠢᠨ ᠬᠡᠷᠡᠭᠯᠡᠭᠡᠨ ᠤ | ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠵᠢᠯ ᠤᠨ ᠳᠣᠲᠣᠷ᠎ᠠ ᠪᠠᠷᠢᠯᠭ᠎ᠠ ᠳᠠᠭᠤᠰᠬᠤ ᠶᠢ ᠦᠨᠡᠨᠬᠦ | ᠪᠠᠲᠤᠯᠠᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠡᠷᠡᠭᠦᠯ ᠡᠩᠬᠡ ᠤᠯᠠᠭᠠᠨᠬᠠᠳᠠ︾ ᠶᠢᠨ ᠠᠵᠢᠯᠯᠠᠭ᠎ᠠ ᠶᠢ | ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢ ᠪᠦᠷᠢᠨᠰᠢᠬᠦᠯᠦᠨ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠬᠤᠲᠠ ᠶᠢᠨ ᠬᠤᠪᠢᠶᠠᠷᠢ ᠬᠤᠷᠢᠶ᠎ᠠ᠂ ᠬᠤᠲᠠ ᠶᠢᠨ ᠬᠡᠤᠬᠡᠳ ᠤᠨ | ᠡᠮᠨᠡᠯᠭᠡ ᠶᠢᠨ ᠬᠤᠷᠢᠶ᠎ᠠ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠵᠡᠷᠭᠡ ᠰᠢᠨ᠎ᠡ ᠪᠠᠷ ᠪᠠᠶᠢᠭᠤᠯᠬᠤ ᠥᠭᠡᠷᠡᠴᠢᠯᠡᠨ ᠪᠠᠶᠢᠭᠤᠯᠬᠤ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠶᠤᠸᠠᠨ ᠪᠦᠦ ᠱᠠᠨ ᠲᠣᠭᠤᠷᠢᠭ᠂ ᠠᠤᠬᠠᠨ ᠬᠤᠰᠢᠭᠤᠨ ᠤ ᠨᠢᠭᠲᠠ ᠬᠡᠯᠪᠡᠷᠢ ᠶᠢᠨ | ᠡᠮᠨᠡᠯᠭᠡ ᠶᠢᠨ ᠬᠤᠯᠪᠣᠭᠠᠲᠤ ᠴᠣᠭᠴᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠪᠥᠬᠦ ᠠᠷᠠᠳ ᠤᠨ ᠡᠷᠡᠭᠦᠯ | ᠮᠡᠨᠳᠦ ᠶᠢᠨ ᠬᠥᠮᠦᠵᠢᠯ᠂ ᠬᠢᠲᠠᠳ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠵᠡᠷᠭᠡ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠢ ᠡᠷᠴᠢᠮᠲᠠᠢ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠲᠠᠬᠢᠨ ᠬᠢᠨᠠᠬᠤ ᠠᠵᠢᠯ ᠢ | ᠰᠠᠶᠢᠲᠤᠷ ᠬᠢᠨ᠎ᠠ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠲᠥᠯᠥᠪᠯᠡᠭᠡ ᠶᠢ | ᠭᠦᠨᠵᠡᠭᠡᠶ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠶ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠳᠠᠭᠠᠳᠬᠠᠯ ᠮᠡᠬᠡᠯᠡᠨ ᠬᠢᠬᠠᠬᠤ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ | ᠳᠠᠭᠠᠳᠬᠠᠯ ᠳᠤ ᠤᠷᠤᠯᠴᠠᠭᠰᠠᠳ ᠤᠨ ᠡᠷᠡᠭᠦᠯ ᠮᠡᠨᠳᠦ ᠶᠢᠨ ᠬᠥᠮᠦᠵᠢᠯ ᠳᠤ ᠣᠷᠣᠯᠴᠠᠬᠤ ᠶᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠯᠤᠭ᠎ᠠ | ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠰᠣᠳᠣᠯᠣᠨ ᠲᠤᠭᠳᠠᠭᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮ ᠪᠠ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ᠵᠠᠰᠠᠭ ᠤᠨ ᠣᠷᠳᠣᠨ ᠤ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠭᠤᠤᠯ ᠬᠤᠲᠠ ᠲᠣᠭᠤᠷᠢᠭ ᠤᠨ ᠡᠮᠴᠢᠯᠡᠭᠡ ᠠᠰᠠᠷᠠᠮᠵᠢ ᠶᠢ ᠤᠶᠠᠯᠳᠤᠭᠤᠯᠤᠭᠰᠠᠨ | ᠨᠠᠰᠤᠵᠢᠯ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠶᠢ ᠠᠷᠠᠯᠵᠢᠶᠠᠵᠢᠭᠤᠯᠬᠤ ᠦᠵᠡᠭᠳᠡᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠰᠠᠨᠠᠭ᠎ᠠ ᠠᠮᠤᠷ ᠨᠠᠰᠤᠵᠢᠯ ᠤᠨ ᠠᠰᠠᠷᠠᠮᠵᠢ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠬᠡᠷ ᠲᠡᠭᠡᠨ ᠨᠠᠰᠤᠲᠠᠶᠢᠴᠤᠳ ᠢ ᠠᠰᠠᠷᠠᠬᠤ᠂ ᠨᠡᠶᠢᠭᠡᠮ ᠲᠣᠭᠤᠷᠢᠭ ᠤᠨ ᠰᠢᠭᠢᠳᠬᠡᠯᠳᠦ ᠮᠠᠶ᠋ᠢᠭ ᠤᠨ | ᠨᠠᠰᠤᠲᠠᠶᠢᠴᠤᠳ ᠢ ᠠᠰᠠᠷᠠᠬᠤ ᠪᠠ ᠬᠥᠳᠡᠭᠡ ᠲᠤᠰᠬᠤᠨ ᠮᠠᠯᠵᠢᠬᠤ ᠣᠷᠣᠨ ᠤ ᠬᠠᠷᠢᠯᠴᠠᠨ ᠬᠠᠪᠰᠤᠷᠤᠯᠴᠠᠵᠤ ᠨᠠᠰᠤᠲᠠᠶᠢᠴᠤᠳ ᠢ ᠠᠰᠠᠷᠠᠬᠤ ᠶᠢ ᠠᠬᠢᠭᠤᠯᠤᠨ᠎ᠠ᠃ | ᠬᠤᠲᠠ ᠶᠢᠨ ᠮᠡᠳᠡᠷᠡᠯ ᠤᠨ ᠡᠪᠡᠳᠴᠢᠲᠡᠨ ᠤ ᠠᠰᠠᠷᠠᠮᠵᠢ ᠶᠢᠨ ᠬᠦᠷᠢᠶᠡᠯᠡᠩ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ | ᠠᠬᠢᠭᠤᠯᠤᠨ᠎ᠠ᠃ ᠨᠡᠢᠭᠡᠮ ᠤᠨ ᠠᠪᠤᠷᠠᠨ ᠲᠡᠳᠭᠦᠯᠲᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ | ᠡᠲᠡᠭᠡᠳ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠡᠲᠡᠭᠡᠳ᠂ ᠬᠡᠷ ᠲᠡᠭᠡᠨ ᠬᠤᠴᠣᠷᠤᠭᠰᠠᠨ ᠬᠡᠤᠬᠡᠳ᠂ ᠥᠨᠥᠴᠢᠨ ᠬᠡᠤᠬᠡᠳ᠂ ᠵᠡᠮᠳᠡᠭᠴᠦᠳ᠂ ᠲᠡᠨᠦᠭᠦᠴᠢᠯᠡᠨ | ᠭᠤᠶᠢᠷᠠᠨᠴᠢᠯᠠᠵᠤ ᠪᠠᠶᠢᠭ᠎ᠠ ᠬᠥᠮᠦᠰ ᠵᠡᠷᠭᠡ ᠪᠠᠭᠤᠷᠠᠶᠢᠴᠤᠳ ᠤᠨ ᠦᠨᠳᠦᠰᠦᠨ ᠠᠮᠢᠳᠤᠷᠠᠯ ᠪᠠ ᠡᠯ᠎ᠡ ᠵᠦᠢᠯ ᠤᠨ ᠡᠷᠬᠡ ᠠᠰᠢᠭ ᠢ ᠪᠥᠬᠦ ᠬᠦᠴᠦᠨ ᠢᠶᠠᠷ ᠢᠶᠠᠨ | ᠪᠠᠲᠤᠯᠠᠨ᠎ᠠ᠃ | | ︵ᠨᠠᠢᠮᠠ︶ ᠨᠡᠶᠢᠭᠡᠮ ᠤᠨ ᠵᠠᠰᠠᠯᠲᠠ ᠳᠤ ᠬᠦᠴᠦ ᠪᠠᠨ ᠲᠥᠪᠯᠡᠷᠡᠭᠦᠯᠦᠨ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ | ᠬᠠᠮᠠᠭᠠᠯᠠᠨ ᠪᠠᠲᠤᠯᠠᠨ᠎ᠠ | ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠥᠷᠭᠦᠯᠵᠢ ᠰᠠᠶᠢᠲᠤᠷ ᠠᠳᠬᠤᠨ᠎ᠠ᠃ ᠮᠢᠨᠴᠦᠭᠦᠷᠡᠬᠦ ᠦᠵᠡᠯ ᠢ ᠡᠷᠡᠰ ᠲᠡᠪᠴᠢᠵᠦ᠂ ︽ᠳᠥᠷᠪᠡᠨ ᠲᠠᠯ᠎ᠠ ᠶᠢᠨ | ᠬᠠᠷᠢᠭᠤᠴᠠᠯᠭ᠎ᠠ︾ ᠶᠢ ᠪᠣᠳᠠᠲᠠᠶᠢᠵᠢᠭᠤᠯᠤᠨ᠂ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠥᠮᠦᠨ ᠪᠣᠳᠠᠰ ᠢ ᠵᠡᠷᠭᠡᠪᠡᠷ ᠰᠡᠷᠭᠡᠶᠢᠯᠡᠬᠦ᠂ | ᠣᠷᠴᠢᠨ ᠲᠣᠭᠤᠷᠢᠨ ᠢ ᠵᠡᠷᠭᠡᠪᠡᠷ ᠪᠠᠶᠢᠴᠠᠭᠠᠬᠤ ᠶᠢ ᠪᠠᠷᠢᠮᠲᠠᠯᠠᠨ᠂ ᠭᠤᠤᠯᠳᠠᠯᠭᠠᠳᠠᠢ ᠬᠥᠮᠦᠰ᠂ ᠭᠤᠤᠯᠳᠠᠯᠭᠠᠳᠠᠢ ᠲᠠᠯᠠᠪᠤᠷ ᠭᠠᠵᠠᠷ᠂ ᠭᠤᠤᠯᠳᠠᠯᠭᠠᠳᠠᠢ ᠣᠷᠣᠨ | ᠪᠦᠰᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ | ᠬᠡᠷᠡᠭᠵᠢᠭᠦᠯᠬᠦ ᠶᠢ ᠪᠡᠶᠡᠯᠡᠭᠦᠯᠦᠨ᠎ᠡ᠃ ᠨᠡᠭᠦᠯᠲᠡ ᠰᠤᠷᠪᠤᠯᠵᠢ ᠶᠢ ᠬᠠᠶᠢᠬᠤ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠪᠣᠯᠪᠠᠰᠤᠷᠠᠯ ᠰᠤᠷᠢᠯᠲᠠ ᠬᠢᠬᠦ ᠪᠠ ᠡᠳ᠋ | ᠪᠣᠳᠠᠰ ᠢ ᠨᠥᠭᠡᠴᠡᠯᠡᠬᠦ ᠵᠡᠷᠭᠡ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ | ᠪᠠ ᠬᠠᠯᠠᠭᠤᠷᠠᠯ ᠤᠨ ᠡᠭᠦᠳᠡᠨ ᠡᠮᠨᠡᠯᠭᠡ ᠶᠢᠨ ᠬᠠᠮᠢᠶᠠᠷᠤᠯᠲᠠ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ | ᠵᠢᠷᠤᠮ ᠲᠠᠢ ᠰᠠᠶᠢᠲᠤᠷ ᠬᠢᠵᠦ᠂ ︽ᠬᠠᠮᠤᠭ ᠡᠷᠲᠡ ᠢᠯᠡᠷᠡᠭᠦᠯᠵᠦ᠂ ᠬᠠᠮᠤᠭ ᠪᠠᠭ᠎ᠠ ᠲᠠᠷᠬᠠᠭᠠᠬᠤ︾ ᠰᠡᠷᠭᠡᠶᠢᠯᠡᠨ ᠡᠵᠡᠮᠳᠡᠬᠦ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ | ᠬᠢᠯᠪᠠᠷ ᠪᠤᠰᠤ ᠪᠠᠷ ᠣᠯᠤᠭᠰᠠᠨ ᠠᠵᠢᠯ ᠤᠨ ᠦᠷ᠎ᠡ ᠪᠦᠲᠦᠭᠡᠯ ᠢ ᠰᠠᠶᠢᠲᠤᠷ ᠪᠠᠲᠤᠳᠬᠠᠨ᠎ᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ︽ᠲᠠᠪᠤ ᠶᠢ ᠮᠡᠳᠡᠷᠡᠨ ᠵᠥᠪᠰᠢᠶᠡᠷᠡᠬᠦ︾ ᠶᠢ ᠦᠨᠡᠨᠬᠦ ᠴᠢᠩᠭᠠᠳᠬᠠᠨ᠎ᠠ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠲᠤᠤᠱᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠬᠢᠨᠠᠮᠠᠭᠠᠶ | ᠰᠤᠷᠤᠯᠴᠠᠨ ᠤᠬᠠᠭᠤᠯᠵᠤ ᠲᠤᠤᠱᠯᠠᠭᠤᠯᠤᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠠᠵᠢᠯ ᠢ ᠰᠠᠶᠢᠲᠤᠷ ᠥᠷᠨᠢᠭᠦᠯᠦᠨ᠎ᠡ᠃ ᠤᠯᠠᠭᠠᠨᠬᠠᠳᠠ ᠶᠢᠨ ᠲᠡᠤᠬᠡ ᠰᠣᠶᠣᠯ ᠤᠨ ᠮᠠᠲ᠋ᠧᠷᠢᠶᠠᠯ ᠢ ᠴᠤᠭᠯᠠᠭᠤᠯᠬᠤ ᠡᠮᠬᠢᠳᠬᠡᠬᠦ ᠪᠠ ᠠᠳᠠᠯᠢ ᠪᠤᠰᠤ ᠴᠠᠭ | ᠦᠶ᠎ᠡ ᠶᠢᠨ ᠤᠯᠠᠭᠠᠨᠬᠠᠳᠠ ᠶᠢᠨ ᠬᠢᠯᠢ ᠳᠣᠲᠣᠷᠠᠬᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭᠰᠠᠨ ᠲᠡᠤᠬᠡ ᠶᠢ ᠠᠭᠤᠳᠠᠯᠬᠤ ᠶᠢ | ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ ᠡᠯ᠎ᠡ ᠲᠦᠷᠦᠯ ᠤᠨ | ᠬᠠᠭᠠᠴᠠᠭᠤᠯᠤᠨ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠥᠨᠢ ᠤᠳᠠᠭᠠᠨ ᠠᠮᠤᠷ ᠲᠦᠪᠰᠢᠨ ᠪᠠᠶᠢᠬᠤ ᠶᠢ | ᠦᠨᠡᠨᠬᠦ ᠪᠠᠲᠤᠯᠠᠨ᠎ᠠ᠃ | ᠠᠶᠤᠯᠭᠦᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ︽ᠬᠤᠶᠠᠷ ᠦᠨᠳᠦᠰᠦᠨ︾ ᠤ ᠪᠠᠶᠢᠭᠤᠯᠤᠯᠲᠠ ᠶᠢᠨ ᠣᠨ ᠤ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠨᠠᠭᠰᠢᠳᠠ ᠴᠢᠩᠭᠠᠳᠬᠠᠵᠤ᠂ ︽ | ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠡᠳᠡᠷᠬᠦ ᠰᠢᠬᠠᠮᠳᠠᠭᠤᠯᠤᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ | ᠵᠠᠰᠠᠯᠲᠠ ᠶᠢ ᠲᠥᠪᠯᠡᠷᠡᠭᠦᠯᠦᠨ ᠥᠷᠨᠢᠭᠦᠯᠵᠦ᠂ ᠣᠶᠤᠨᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠪᠥᠬᠦ ᠬᠤᠲᠠ ᠶᠢᠨ ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ | ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠎ᠡ᠃ ᠤᠯᠤᠰ ᠤᠨ ᠶᠡᠷᠦᠩᠬᠡᠶ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠶᠡᠭᠡ ᠠᠮᠤᠷ ᠲᠦᠪᠰᠢᠨ ᠤ ᠣᠶᠢᠯᠠᠭᠠᠭᠳᠠᠬᠤᠨ ᠢ | ᠪᠠᠲᠤ ᠪᠠᠬᠢ ᠪᠤᠢ ᠪᠣᠯᠭᠠᠵᠤ᠂ ᠤᠯᠤᠰ ᠲᠦᠷᠦ᠂ ᠦᠵᠡᠯ ᠤᠬᠠᠮᠰᠠᠷ ᠤᠨ ᠬᠡᠯᠪᠡᠷᠢ᠂ ᠠᠵᠤ ᠠᠬᠤᠶ᠂ ᠮᠥᠩᠭᠦᠨ ᠭᠦᠢᠯᠭᠡᠭᠡ᠂ ᠨᠡᠶᠢᠭᠡᠮ᠂ ᠭᠠᠳᠠᠭᠠᠳᠤ ᠣᠷᠴᠢᠨ | ᠠᠬᠤᠶ ᠵᠡᠷᠭᠡ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠠᠩᠬᠠᠷᠤᠨ ᠴᠢᠩᠭ᠎ᠠ ᠰᠡᠷᠭᠡᠶᠢᠯᠡᠵᠦ᠂ ᠠᠮᠤᠷ ᠲᠦᠪᠰᠢᠨ ᠪᠥᠭᠡᠳ | ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃ | ᠬᠤᠳᠠ ᠬᠥᠳᠡᠭᠡ ᠶᠢᠨ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠣᠯᠪᠠᠰᠤᠨ ᠬᠤᠳᠠ ᠪᠠᠶᠢᠭᠤᠯᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠴᠢᠩᠭᠠᠳᠬᠠᠵᠤ᠂ ᠬᠤᠳᠠ ᠶᠢᠨ | ᠠᠷᠠᠳ ᠤᠨ ᠪᠣᠯᠪᠠᠰᠤᠨ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ | ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢᠲᠡᠶ ᠤᠯᠠᠭᠠᠨᠬᠠᠳᠠ ᠶᠢ ᠪᠠᠶᠢᠭᠤᠯᠤᠨ᠎ᠠ᠃ ︽ᠭᠤᠷᠪᠠᠨ ᠨᠡᠢᠭᠡᠮ ᠤᠨ ᠬᠢ ᠬᠠᠮᠲᠤᠷᠠᠨ ᠬᠥᠳᠡᠯᠦᠯᠴᠡᠬᠦ︾ ᠲᠣᠭᠲᠠᠴᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠷᠠᠳ ᠤᠨ ᠪᠦᠯᠬᠦᠮ ᠤᠨ ᠨᠡᠶᠢᠭᠡᠮ ᠤᠨ ᠵᠠᠰᠠᠯᠲᠠ ᠳᠤ ᠥᠷᠭᠡᠨ ᠢᠶᠠᠷ ᠣᠷᠣᠯᠴᠠᠬᠤ ᠶᠢ ᠳᠡᠮᠵᠢᠵᠦ᠂ ᠨᠠᠰᠤᠲᠠᠶᠢᠴᠤᠳ ᠤᠨ | ᠪᠡᠶ᠎ᠡ ᠶᠢᠨ ᠲᠠᠮᠢᠷ ᠤᠨ ᠨᠡᠶᠢᠭᠡᠮᠯᠢᠭ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠵᠡᠷᠭᠡ ᠶᠢᠨ ᠨᠠᠰᠤᠲᠠᠶᠢᠴᠤᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠨ᠎ᠡ᠃ ᠬᠥᠳᠡᠭᠡ ᠲᠤᠰᠬᠤᠨ | ᠮᠠᠯᠵᠢᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠩ ᠳᠠᠳᠬᠠᠯ ᠢᠶᠠᠨ ᠥᠭᠡᠷᠡᠴᠢᠯᠡᠬᠦ ᠶᠢ ᠢᠳᠡᠪᠬᠢᠲᠡᠶ ᠰᠠᠨᠠᠭᠠᠴᠢᠯᠠᠨ᠎ᠠ᠃ | ᠬᠥᠳᠡᠭᠡ ᠲᠤᠰᠬᠤᠨ ᠮᠠᠯᠵᠢᠬᠤ ᠣᠷᠣᠨ ᠤ ᠵᠠᠰᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠡᠷᠡᠲᠦ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠂ | ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠪᠣᠯᠪᠠᠰᠤᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠥᠷᠭᠦᠯᠵᠢᠯᠡᠨ ᠠᠬᠢᠭᠤᠯᠵᠤ᠂ | ᠵᠢᠯ ᠤᠨ ᠳᠣᠲᠣᠷ᠎ᠠ ᠪᠥᠬᠦ ᠬᠤᠲᠠ ᠶᠢᠨ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠲᠦᠭᠡᠮᠡᠯ ᠦᠢᠯᠡᠴᠢᠯᠡᠭᠡ ᠶᠢᠨ ᠨᠡᠶᠢᠳᠡᠮ ᠬᠡᠷᠡᠭᠵᠢᠭᠦᠯᠦᠭᠳᠡᠬᠦ ᠶᠢ | ᠪᠡᠶᠡᠯᠡᠭᠦᠯᠦᠨ᠎ᠡ᠃ | ᠠᠮᠤᠷ ᠠᠮᠤᠭᠤᠯᠠᠩ ᠤᠯᠠᠭᠠᠨᠬᠠᠳᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠦᠢᠯᠡᠳᠦᠯ ᠢ | ᠪᠠᠳᠠᠷᠠᠭᠤᠯᠵᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠠᠢᠮᠠᠳᠤᠭᠠᠷ ᠲᠠᠪᠤᠨ | ᠵᠢᠯ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠡᠬᠢᠯᠡᠭᠦᠯᠵᠦ᠂ ᠨᠡᠶᠢᠭᠡᠮ ᠳᠠᠶᠠᠭᠠᠷ ᠲᠤ ᠬᠠᠤᠯᠢ ᠰᠤᠷᠤᠯᠴᠠᠬᠤ᠂ ᠬᠠᠤᠯᠢ ᠰᠠᠬᠢᠬᠤ᠂ ᠬᠠᠤᠯᠢ | ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠪᠥᠬᠦ ᠬᠤᠲᠠ ᠶᠢᠨ ᠶᠡᠭᠡ ᠡᠶᠡᠳᠡᠭᠦᠯᠭᠡ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ | ᠬᠠᠤᠯᠢ ᠴᠠᠭᠠᠵᠠ ᠶᠢᠨ ᠡᠶᠡᠳᠡᠭᠦᠯᠭᠡ ᠶᠢᠨ ᠬᠤᠯᠪᠣᠭᠠᠯᠠᠨ ᠬᠥᠳᠡᠯᠦᠯᠴᠡᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠳᠠᠬᠢᠨ ᠲᠠᠪᠲᠠᠨ ᠵᠠᠬᠢᠳᠠᠯ ᠰᠤᠷᠪᠤᠯᠵᠢᠯᠠᠭ᠎ᠠ ᠬᠢᠬᠦ ᠶᠢ | ᠲᠥᠪᠯᠡᠷᠡᠭᠦᠯᠦᠨ ᠵᠠᠰᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠠᠨ | ᠲᠦᠮᠡᠨ ᠤ ᠵᠦᠢ ᠶᠣᠰᠣᠨ ᠤ ᠪᠠ ᠬᠠᠤᠯᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠪᠦᠲᠦᠮᠵᠢᠲᠡᠶ ᠪᠠᠷ ᠰᠢᠢᠳᠪᠦᠷᠢᠯᠡᠵᠦ᠂ ᠵᠢᠭᠤᠷᠠᠯᠳᠤᠨ ᠰᠤᠷᠪᠤᠯᠵᠢᠯᠠᠵᠤ | ᠦᠢᠮᠡᠭᠦᠯᠦᠨ ᠰᠤᠷᠪᠤᠯᠵᠢᠯᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠪᠦᠬᠦ ᠤᠯᠤᠰ ᠤᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ | ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠤᠶᠠᠷ ᠪᠤᠯᠢᠶᠠᠬᠤ ᠨᠢᠭᠡ ᠬᠤᠯᠠᠭᠠᠶᠢᠯᠠᠬᠤ᠂ ᠱᠠᠯᠢᠭ ᠵᠠᠪᠬᠠᠶ ᠵᠦᠢᠯ ᠵᠣᠭᠤᠰ ᠨᠠᠭᠠᠳᠬᠤ᠂ ᠬᠤᠣᠷᠲᠤ ᠡᠳ᠋ | ᠫᠠᠨᠽᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ | ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ | | ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠎ᠠ | ᠲᠥᠯᠥᠭᠡᠯᠡᠭᠴᠢᠳ ᠡ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠴᠢᠬᠤᠯᠠ ᠲᠡᠦᠬᠡᠨ ᠴᠠᠭ ᠦᠶ᠎ᠡ ᠳᠤ᠂ ᠬᠥᠭᠵᠢᠯᠲᠡ ᠶᠢᠨ | ᠡᠭᠦᠷᠭᠡ ᠨᠡᠩ ᠬᠦᠨᠳᠦ ᠨᠦᠰᠡᠷ᠂ ᠲᠤᠯᠭᠠᠷᠠᠬᠤ ᠥᠷᠢᠰᠥᠯᠳᠦᠭᠡᠨ ᠨᠡᠩ ᠬᠠᠲᠠᠭᠤ ᠴᠢᠩᠭ᠎ᠠ ᠶᠤᠮ᠂ ᠪᠢᠳᠡ ᠦᠨᠡᠨᠴᠢ ᠰᠢᠳᠤᠷᠭᠤ ᠪᠠ ᠬᠠᠷᠢᠭᠤᠴᠠᠯᠭ᠎ᠠ ᠡᠭᠦᠷᠭᠡᠯᠡᠬᠦ ᠶᠢ | ᠨᠡᠩ ᠴᠢᠬᠤᠯᠠᠴᠢᠯᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ | ᠲᠠᠷᠬᠠᠨ ᠡᠭᠦᠷᠭᠡ ᠪᠠᠨ ᠦᠨᠡᠨᠬᠦ ᠡᠭᠦᠷᠭᠡᠯᠡᠵᠦ᠂ ᠪᠦᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠢᠯᠡᠳᠦᠯᠭᠡ ᠳᠤᠮᠳᠠ ᠨᠡᠩ ᠶᠡᠭᠡ ᠵᠢᠳᠬᠦᠯ | ᠴᠢᠷᠮᠠᠶᠢᠯᠭ᠎ᠠ ᠭᠠᠷᠭᠠᠨ᠎ᠠ᠃ | ︵ᠨᠢᠭᠡ︶ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠤᠨᠴᠠᠭᠠᠢᠢᠯᠠᠨ ᠥᠪᠥᠷ ᠮᠣᠩᠭᠤᠯ ᠢ ᠲᠣᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠪᠠᠲᠤ | ᠲᠤᠤᠱᠯᠠᠭᠤᠯᠵᠤ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ | ᠴᠢᠭᠯᠡᠯ ᠢ ᠣᠨᠣᠪᠴᠢᠲᠠᠶ ᠡᠵᠡᠮᠳᠡᠵᠦ᠂ ᠤᠯᠤᠰ ᠲᠥᠷᠥ ᠶᠢᠨ ᠦᠷ᠎ᠡ ᠪᠦᠲᠦᠮᠵᠢ ᠶᠢ ᠴᠢᠬᠤᠯᠠᠴᠢᠯᠠᠨ᠂ ᠤᠯᠤᠰ ᠲᠥᠷᠥ ᠶᠢᠨ ᠨᠥᠯᠥᠭᠡ ᠶᠢ ᠪᠣᠳᠣᠯᠬᠢᠯᠠᠵᠤ᠂ ᠤᠯᠤᠰ | ᠲᠥᠷᠥ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ᠂ ᠬᠡᠷᠡᠭᠵᠢᠭᠦᠯᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠡᠯ᠎ᠡ | ᠵᠦᠢᠯ ᠤᠨ ᠠᠵᠢᠯ ᠤᠨ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨᠬᠦ ᠪᠠᠲᠤᠯᠠᠵᠤ᠂ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ | ᠦᠨᠡᠨ ᠪᠣᠳᠠᠲᠠᠶ ᠠᠵᠢᠯ ᠤᠨ ᠦᠷ᠎ᠡ ᠪᠦᠲᠦᠮᠵᠢ ᠪᠠᠷ ︽ᠳᠥᠷᠪᠡᠨ ᠤᠬᠠᠮᠰᠠᠷ︾ ᠢ ᠦᠢᠯᠡᠳᠦᠯᠭᠡᠵᠢᠭᠦᠯᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ | ︵ᠬᠤᠶᠠᠷ︶ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠲᠤᠳᠬᠠᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠢᠷᠡᠭᠡᠳᠦᠶ ᠳᠤ ᠠᠰᠢᠭᠲᠠᠶ ᠪᠠᠶᠢᠯᠭᠠᠬᠤ | ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠵᠠᠮᠨᠠᠬᠤ ᠶᠢ | ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠲᠤᠭᠲᠠᠴᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ | ᠪᠠᠶᠢᠭᠤᠯᠤᠨ᠎ᠠ᠃ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ | ︽ᠭᠤᠷᠪᠠᠨ ᠵᠦᠢᠯ ᠤᠨ ᠲᠦᠷᠢᠮ︾ ᠢ ᠬᠡᠷᠡᠭᠵᠢᠭᠦᠯᠦᠨ᠎ᠡ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ | ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠬᠢᠨᠠᠨ ᠪᠤᠳᠤᠯᠳᠠ ᠶᠢᠨ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ᠂ ᠬᠠᠤᠯᠢ | ᠴᠠᠭᠠᠵᠠ ᠶᠢᠨ ᠬᠢᠨᠠᠯᠲᠠ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠵᠠᠰᠠᠭ ᠵᠠᠬᠢᠷᠭᠠᠨ ᠤ | ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠬᠠᠤᠯᠢ ᠶᠣᠰᠣᠭᠠᠷ ᠭᠦᠢᠴᠡᠳᠬᠡᠵᠦ᠂ ︽ᠭᠤᠷᠪᠠᠨ ᠴᠢᠬᠤᠯᠠ ᠨᠢᠭᠡ ᠶᠡᠭᠡ︾ ᠵᠡᠷᠭᠡ ᠲᠦᠷᠢᠮ ᠢ | ᠨᠠᠶᠢᠳᠠᠪᠤᠷᠢᠵᠢᠭᠤᠯᠵᠤ᠂ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ ᠪᠠ ᠬᠠᠤᠯᠢᠵᠢᠭᠤᠯᠤᠯᠲᠠ ᠶᠢ ᠦᠨᠡᠨᠬᠦ ᠪᠠᠲᠤᠯᠠᠨ᠎ᠠ᠃ | ︵ᠭᠤᠷᠪᠠ︶ ᠦᠷ᠎ᠡ ᠠᠰᠢᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠦᠵᠡᠯ ᠰᠠᠨᠠᠭ᠎ᠠ᠂ ᠰᠢᠨ᠎ᠡ ᠮᠡᠳᠡᠯᠭᠡ᠂ ᠰᠢᠨ᠎ᠡ ᠤᠨᠤᠯ ᠤᠨ | ᠰᠤᠷᠤᠯᠴᠠᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷᠴᠤᠳ ᠤᠨ ︽ᠲᠤᠯᠤᠭᠠᠨ ᠵᠦᠢᠯ ᠤᠨ ᠴᠢᠳᠠᠪᠤᠷᠢ︾ ᠶᠢ ᠬᠦᠴᠦᠯᠡᠨ | ᠳᠡᠭᠡᠭᠰᠢᠯᠡᠭᠦᠯᠦᠨ᠎ᠡ᠃ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ︽ᠬᠠᠳᠠᠭᠠᠰᠤ ᠬᠠᠳᠠᠬᠤ︾ | ᠵᠣᠷᠢᠭ ᠰᠠᠨᠠᠭ᠎ᠠ ᠪᠠᠷ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠲᠥᠪ ᠬᠤᠷᠢᠶᠠᠨ ᠤ ᠨᠠᠢᠮᠠᠨ ᠵᠤᠷᠪᠤᠰ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ | ᠡᠭᠦᠰᠦᠨ ᠳᠡᠯᠭᠡᠷᠡᠬᠦ ᠶᠢ ᠡᠷᠡᠰ ᠰᠡᠷᠭᠡᠶᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠡᠭᠡᠯ ᠶᠡᠷᠦᠮᠳᠡᠭ᠂ ᠠᠯᠵᠠᠭᠤ ᠵᠠᠯᠬᠠᠭᠤ᠂ ᠰᠤᠯᠠ ᠵᠠᠳᠠᠭᠠᠢ᠂ ᠡᠮᠬᠢ ᠵᠢᠷᠦᠮ | ᠦᠭᠡᠢ ᠵᠡᠷᠭᠡ ᠰᠤᠷᠲᠠᠯ ᠤᠨ ᠠᠷᠬᠠᠭ ᠭᠡᠮ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠣᠷᠳᠣᠨ ᠤ ᠬᠦᠷᠢᠶᠡᠨ ᠳᠠᠬᠢ ᠲᠥᠪ ᠪᠤᠰᠤ ᠰᠤᠷᠲᠠᠯ ᠢ | ᠦᠷᠭᠦᠯᠵᠢᠯᠡᠨ ᠵᠠᠯᠠᠷᠠᠭᠤᠯᠤᠨ ᠵᠠᠰᠠᠨ᠎ᠠ᠃ ᠦᠢᠯᠡᠴᠢᠯᠡᠬᠦ ᠣᠪᠣᠷ ᠢᠶᠠᠨ ᠤᠯᠠᠮ ᠨᠢᠭᠡ ᠠᠯᠬᠤᠮ ᠰᠠᠶᠢᠵᠢᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ | ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ | ︵ᠲᠦᠷᠪᠡ︶ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ︽ᠨᠢᠭᠡ ᠠᠵᠢᠯ ᠤᠨ ᠪᠠᠶᠢᠷᠢ ᠳᠤ ᠬᠤᠶᠠᠷ | ᠬᠠᠷᠢᠭᠤᠴᠠᠯᠭ᠎ᠠ ᠲᠠᠢ ᠪᠠᠶᠢᠬᠤ︾ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠤᠬᠠᠮᠰᠠᠷ ᠪᠠ ᠬᠢᠵᠠᠭᠠᠷ ᠱᠤᠭᠤᠮ ᠤᠨ ᠰᠡᠳᠬᠢᠬᠦᠶ ᠶᠢ ᠴᠢᠩᠭᠠᠳᠬᠠᠵᠤ᠂ ᠨᠠᠮ ᠤᠨ | ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠢᠯᠵᠠᠷᠠᠯ ᠢ ᠡᠰᠡᠷᠭᠦᠴᠡᠬᠦ ᠲᠡᠮᠡᠴᠡᠯ ᠢ | ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ | ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠲᠦᠯᠬᠢᠨ ᠠᠬᠢᠭᠤᠯᠤᠨ᠎ᠠ᠃ | ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠤᠣᠯᠳᠠᠯᠭᠠᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠨ | ᠪᠤᠳᠤᠯᠳᠠ ᠶᠢᠨ ᠬᠢᠨᠠᠯᠲᠠ ᠶᠢ ᠴᠢᠩᠭᠠᠳᠬᠠᠨ᠎ᠠ᠃ ᠪᠡᠶ᠎ᠡ ᠪᠠᠷ ᠢᠶᠠᠨ ᠲᠦᠷᠦᠭᠦᠯᠡᠨ ᠦᠷᠭᠦᠯᠵᠢᠯᠡᠨ ︽ᠭᠠᠮᠨᠠᠨ ᠠᠮᠢᠳᠤᠷᠠᠵᠤ︾᠂ ᠰᠠᠶᠢᠲᠤᠷ ᠠᠷᠪᠢᠯᠠᠨ ᠭᠠᠮᠨᠠᠵᠤ᠂ ︽ | ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ | | ᠲᠥᠯᠥᠭᠡᠯᠡᠭᠴᠢᠳ ᠡ᠂ ᠬᠡᠲᠦ ᠶᠢᠨ ᠲᠥᠰᠦᠪ ᠪᠢᠳᠡᠨ ᠢ ᠤᠷᠮᠠᠰᠢᠭᠤᠯᠤᠨ ᠲᠠᠪᠰᠢᠭᠤᠯᠵᠣ ᠪᠠᠶᠢᠨ᠎ᠠ᠂ ᠡᠷᠡᠯᠬᠡᠭᠯᠡᠨ ᠲᠡᠮᠡᠴᠡᠵᠦ ᠭᠡᠷᠡᠯ ᠰᠠᠴᠤᠷᠠᠩᠭᠤᠶ ᠦᠢᠯᠡᠰ ᠢ | ᠪᠦᠲᠦᠭᠡᠶ᠎ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠯᠥᠭᠡ ᠦᠳᠡᠰᠢ ᠶᠢ ᠲᠡᠮᠡᠴᠡᠨ ᠡᠷᠡᠮᠡᠬᠡᠶᠢᠯᠡᠨ | ᠤᠷᠤᠭᠰᠢᠯᠠᠵᠤ᠂ ᠤᠯᠠᠭᠠᠨᠬᠠᠳᠠ ᠬᠤᠳᠠ ᠶᠢᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠴᠥᠬᠦᠷᠡᠰᠢ | ᠦᠬᠡᠢ ᠲᠡᠮᠡᠴᠡᠵᠡᠭᠡᠶ᠎ᠡ︕ | |