ᠬᠤᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠡᠷᠭᠢᠴᠡᠭᠦᠯᠦᠯ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠠᠷᠠᠯᠠᠯ | ᠲᠥᠯᠥᠭᠡᠯᠡᠭᠴᠢᠳ ᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠬᠤᠲᠠ ᠶᠢᠨ ᠬᠥᠭᠵᠢᠯᠲᠡ ᠶᠢᠨ ᠲᠡᠦᠬᠡᠨ ᠳᠡᠭᠡᠷᠡᠬᠢ | ᠣᠨᠴᠠ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠲᠠᠢ ᠲᠠᠪᠤᠨ ᠵᠢᠯ ᠪᠣᠯᠤᠨ᠎ᠠ᠃ ᠣᠨᠴᠠᠭᠠᠶᠢᠯᠠᠨ 2019 ᠣᠨ ᠤ 7 ᠰᠠᠷ᠎ᠠ ᠶᠢᠨ 15 ᠤ ᠡᠳᠦᠷ᠂ ᠶᠡᠷᠦᠩᠬᠡᠶ | ᠱᠦᠵᠢ ᠰᠢ ᠶᠢᠨ ᠫᠢᠩ ᠤᠯᠠᠭᠠᠨᠬᠠᠳᠠ ᠳᠤ ᠢᠷᠡᠵᠦ ᠰᠢᠨᠵᠢᠯᠡᠨ ᠪᠠᠶᠢᠴᠠᠭᠠᠵᠤ ᠵᠢᠭᠠᠨ ᠵᠢᠯᠣᠭᠤᠳᠪᠠ᠃ ᠡᠨᠡ ᠪᠣᠯ ᠮᠠᠨ ᠤ ᠬᠤᠲᠠ ᠶᠢᠨ ᠡᠯ᠎ᠡ ᠦᠨᠳᠦᠰᠦᠲᠡᠨ ᠤ | ᠠᠷᠠᠳ ᠲᠦᠮᠡᠨ ᠳᠤ ᠥᠭᠭᠦᠭᠰᠡᠨ ᠲᠣᠳᠤᠨᠤ ᠬᠠᠯᠠᠮᠵᠢᠯᠠᠯ ᠪᠠ ᠯᠣᠲᠤ ᠶᠡᠭᠡ ᠵᠣᠷᠢᠬᠵᠢᠭᠤᠯᠤᠯ ᠪᠣᠯᠤᠨ᠎ᠠ᠂ ᠪᠥᠬᠦ ᠬᠤᠲᠠ ᠳᠠᠶᠠᠭᠠᠷ ᠤᠷᠮᠠᠰᠢᠨ ᠵᠣᠷᠢᠬᠵᠢᠵᠤ᠂ ᠰᠢᠨ᠎ᠡ | ᠴᠠᠭ ᠦᠶ᠎ᠡ ᠶᠢᠨ ᠤᠯᠠᠭᠠᠨᠬᠠᠳᠠ ᠶᠢᠨ ᠴᠢᠨᠠᠷ ᠰᠠᠶᠢᠲᠠᠶ ᠬᠥᠭᠵᠢᠯᠲᠡ ᠳᠤ ᠠᠤᠭ᠎ᠠ ᠶᠡᠭᠡ ᠬᠦᠴᠦᠨ ᠨᠡᠮᠡᠷᠢᠯᠡᠪᠡ᠃ ᠥᠩᠭᠡᠷᠡᠭᠰᠡᠨ ᠲᠠᠪᠤᠨ ᠵᠢᠯ ᠤᠨ ᠠᠵᠢᠯ ᠢᠶᠠᠨ | ᠡᠷᠭᠢᠴᠡᠭᠦᠯᠪᠡᠯ᠂ ᠪᠥᠬᠦ ᠬᠤᠲᠠ ᠶᠢᠨ ᠠᠷᠠᠳ ᠲᠦᠮᠡᠨ ᠵᠠᠮ ᠨᠡᠭᠡᠭᠡᠨ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠨ᠂ ᠡᠯ᠎ᠡ ᠵᠦᠢᠯ ᠤᠨ ᠠᠵᠢᠯ ᠦᠢᠯᠡᠰ ᠤᠨ | ᠬᠥᠭᠵᠢᠯᠲᠡ ᠢᠯᠡᠳᠲᠡ ᠠᠮᠵᠢᠯᠲᠠ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠰᠢᠢᠳᠪᠦᠷᠢᠲᠦ ᠴᠢᠨᠠᠷᠲᠠᠢ ᠠᠮᠵᠢᠯᠲᠠ ᠤᠯᠪᠠ᠃ | ᠲᠠᠪᠤᠨ ᠵᠢᠯ ᠤᠨ ᠲᠤᠷᠰᠢ᠂ ᠪᠢᠳᠡ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠶᠡᠬᠡᠰᠬᠡᠬᠦ ᠶᠢ ᠪᠠᠷᠢᠮᠲᠠᠯᠠᠵᠤ᠂ ᠣᠷᠤᠨ ᠨᠤᠲᠤᠭ ᠤᠨ ᠪᠣᠳᠠᠲᠤ ᠬᠦᠴᠦᠨ ᠢ | ᠲᠠᠰᠤᠷᠠᠯᠲᠠ ᠥᠬᠡᠶ ᠳᠡᠭᠡᠭᠰᠢᠯᠡᠭᠦᠯᠪᠡ᠃ ᠪᠥᠬᠦ ᠬᠤᠲᠠ ᠶᠢᠨ ᠣᠷᠤᠨ ᠨᠤᠲᠤᠭ ᠤᠨ ᠦᠢᠯᠡᠳᠪᠦᠷᠢᠯᠡᠯ ᠤᠨ ᠪᠥᠬᠦ ᠥᠷᠲᠡᠭ ᠵᠢᠯ ᠪᠦᠷᠢ ᠳᠤᠮᠳᠠᠴᠢ ᠪᠠᠷ 4.6% | ᠨᠡᠮᠡᠭᠳᠡᠵᠦ᠂ ᠶᠡᠷᠦᠩᠬᠡᠶ ᠬᠡᠮᠵᠢᠶ᠎ᠡ ᠨᠢ 1763.6 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠳᠥᠷᠪᠡᠳᠦᠭᠡᠷ ᠲᠤ᠂ ᠥᠪᠥᠷ ᠮᠣᠩᠭᠤᠯ ᠤᠨ ᠵᠡᠭᠦᠨ | ᠬᠡᠰᠡᠭ ᠤᠨ ᠭᠠᠵᠠᠷ ᠣᠷᠣᠨ ᠤ ᠲᠡᠷᠢᠭᠦᠨ ᠳᠤ᠂ ᠵᠡᠭᠦᠨ ᠬᠤᠶᠢᠲᠤ ᠣᠷᠣᠨ ᠤ ᠳᠣᠯᠣᠳᠤᠭᠠᠷ ᠲᠤ ᠳᠤᠭᠳᠠᠭᠤᠨ ᠪᠠᠶᠢᠷᠢᠯᠠᠪᠠ᠃ ᠲᠣᠭᠲᠠᠮᠠᠯ ᠬᠦᠷᠦᠩᠭᠡ ᠶᠢᠨ ᠪᠡᠯᠡ | ᠣᠷᠣᠭᠤᠯᠤᠯᠲᠠ ᠨᠢ ᠵᠢᠯ ᠪᠦᠷᠢ ᠳᠤᠮᠳᠠᠴᠢ ᠪᠠᠷ 1.5% ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠨᠢ | ᠵᠢᠯ ᠪᠦᠷᠢ ᠳᠤᠮᠳᠠᠴᠢ ᠪᠠᠷ 4.2% ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠭᠤᠨ ᠳ᠋ᠦᠩᠰᠢᠭᠤᠷ ᠲᠥᠭᠦᠷᠢᠭ ᠢ ᠳᠠᠪᠠᠵᠤ᠂ 118. | 2 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 2.5% ᠨᠡᠮᠡᠭᠳᠡᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ 614.6 | ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 8.2% ᠨᠡᠮᠡᠭᠳᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠮᠤᠨ ᠪᠦᠷᠢ ᠶᠢᠨ | ᠳᠡᠭᠰᠢᠳᠬᠡᠬᠡᠳ ᠵᠠᠷᠤᠴᠠᠭᠤᠯᠵᠤ ᠪᠣᠯᠬᠤ ᠣᠷᠣᠯᠭ᠎ᠠ ᠵᠢᠯ ᠪᠦᠷᠢ ᠲᠡᠭᠰᠢᠳᠬᠡᠭᠡᠳ ᠲᠤᠰᠪᠤᠷᠢ 6.7% ᠪᠠ 9.3% ᠨᠡᠮᠡᠭᠳᠡᠵᠦ᠂ ᠢᠮᠠᠭᠲᠠ ᠠᠵᠤ ᠠᠬᠤᠶ ᠶᠢᠨ | ᠨᠡᠮᠡᠭᠳᠡᠯ ᠤᠨ ᠬᠤᠷᠳᠤᠴᠠ ᠠᠴᠠ ᠳᠠᠪᠠᠭᠰᠠᠨ ᠪᠠᠶᠢᠨ᠎ᠠ᠃ | ᠲᠠᠪᠤᠨ ᠵᠢᠯ ᠤᠨ ᠲᠤᠷᠰᠢ᠂ ᠪᠢᠳᠡ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ | ᠠᠬᠢᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ 152 ᠰᠢᠨ᠎ᠡ ᠪᠠᠷ ᠨᠡᠮᠡᠭᠳᠡᠵᠦ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ 83 ᠡᠷᠦᠬᠡ ᠪᠣᠯᠵᠤ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠳᠡᠰ ᠳᠡᠪᠰᠢᠵᠦ ᠤᠯᠤᠰ ᠤᠨ ᠲᠡᠰ ᠤᠨ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠬᠤ ᠨᠢ ᠤᠳᠠᠯ ᠦᠭᠡᠢ ᠵᠥᠪᠰᠢᠶᠡᠷᠡᠭᠳᠡᠵᠦ᠂ ᠵᠡᠭᠦᠨ ᠬᠡᠰᠡᠭ ᠤᠨ ᠠᠵᠤ ᠦᠢᠯᠡᠳᠪᠦᠷᠢ ᠶᠢᠨ ᠬᠤᠩᠭᠢᠯ ᠤᠨ ᠪᠦᠲᠦᠭᠡᠨ | ᠪᠠᠶᠢᠭᠤᠯᠤᠯᠲᠠ ᠠᠩᠬ᠎ᠠ ᠠᠯᠬᠤᠮ ᠬᠡᠪᠴᠢᠶᠡᠵᠢᠪᠡ᠃ ᠵᠠᠭᠤᠨ ᠲᠦᠮᠡᠨ ᠲᠣᠨ ᠤ ᠵᠡᠰ ᠤᠨ ᠳᠠᠪᠠᠭᠤᠯᠢᠭ ᠦᠢᠯᠡᠳᠪᠦᠷᠢᠯᠡᠬᠦ ᠴᠢᠳᠠᠪᠤᠷᠢ ᠶᠢ ᠨᠢᠭᠡᠨᠲᠡ ᠪᠤᠢ ᠪᠣᠯᠭᠠᠵᠤ᠂ | ᠵᠠᠭᠤᠨ ᠳ᠋ᠦᠩᠰᠢᠭᠤᠷ ᠤᠨ ᠲᠡᠰ ᠤᠨ ᠠᠮᠢᠳᠤ ᠪᠣᠳᠠᠰ ᠤᠨ ᠡᠮ ᠡᠮᠨᠡᠯᠭᠡ᠂ ᠵᠠᠭᠤᠨ ᠳ᠋ᠦᠩᠰᠢᠭᠤᠷ ᠤᠨ ᠲᠡᠰ ᠤᠨ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ | ᠂ ᠮᠢᠩᠭᠠᠨ ᠳ᠋ᠦᠩᠰᠢᠭᠤᠷ ᠤᠨ ᠲᠡᠰ ᠤᠨ ᠲᠡᠮᠦᠷᠯᠢᠭ ᠪᠣᠯᠪᠠᠰᠤᠷᠠᠭᠤᠯᠬᠤ᠂ ᠮᠢᠩᠭᠠᠨ ᠲᠦᠮᠡᠨ ᠺᠢᠯᠣᠸᠠᠲ ᠤᠨ ᠲᠡᠰ ᠤᠨ ᠴᠡᠪᠡᠷ ᠡᠨᠧᠷᠭᠢ ᠶᠢᠨ ︽ᠬᠤᠣᠰ ᠵᠠᠭᠤ | ᠬᠤᠣᠰ ᠮᠢᠩᠭ᠎ᠠ︾ ᠶᠢᠨ ᠰᠠᠭᠤᠷᠢᠨ ᠭᠠᠵᠠᠷ ᠢ ᠲᠦᠷᠭᠡᠳᠭᠡᠨ ᠪᠠᠶᠢᠭᠤᠯᠵᠤ᠂ ᠳᠡᠳ᠋ ᠭᠠᠷᠠᠮ ᠣᠶᠢᠷᠠᠯᠴᠠᠭ᠎ᠠ ᠠᠵᠤ ᠦᠢᠯᠡᠰ ᠤᠨ ᠲᠣᠭᠤᠷᠢᠭ ᠢ ᠡᠬᠢᠯᠡᠭᠦᠯᠪᠡ᠃ ᠪᠦᠬᠦ | ᠬᠤᠲᠠ ᠶᠢᠨ ᠠᠮᠤ ᠪᠤᠳᠠᠭᠠᠨ ᠤ ᠤᠨᠠᠯᠲᠠ ᠨᠢ ᠨᠠᠢᠮᠠᠨ ᠵᠢᠯ ᠳᠠᠷᠠᠭᠠᠯᠠᠨ ᠵᠠᠭᠤᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠲᠦᠬᠦᠭᠡᠷᠦᠮᠵᠢᠲᠦ | ᠲᠠᠷᠢᠶᠠᠯᠠᠩ ᠤᠨ ᠲᠠᠯᠠᠪᠠᠶ ᠪᠣᠯᠤᠨ ᠮᠠᠯ ᠤᠨ ᠲᠤᠭ᠎ᠠ ᠲᠣᠯᠣᠭᠠᠶ ᠨᠢ ᠥᠪᠡᠷᠲᠡᠭᠡᠨ ᠵᠠᠰᠠᠬᠤ ᠣᠷᠣᠨ ᠳᠤ ᠲᠡᠷᠢᠭᠦᠯᠡᠵᠦ᠂ ᠥᠨᠳᠥᠷ ᠦᠷ᠎ᠡ ᠠᠰᠢᠭᠲᠤ ᠤᠰᠤ ᠠᠷᠪᠢᠯᠠᠬᠤ | ᠲᠠᠷᠢᠮᠠᠯ ᠤᠨ ᠲᠠᠯᠠᠪᠠᠶ 516 ᠲᠦᠮᠡᠨ ᠮᠥ ᠳᠤ ᠬᠦᠷᠴᠦ᠂ ᠠᠮᠤ ᠪᠤᠳᠠᠭᠠᠨ ᠤ ᠪᠠ ᠠᠵᠤ ᠠᠬᠤᠢ ᠶᠢᠨ ᠲᠠᠷᠢᠮᠠᠯ ᠤᠨ ᠬᠠᠷᠢᠴᠠᠯ ᠢ 68᠄ 32 ᠪᠣᠯᠭᠠᠨ | ᠰᠢᠯᠢᠳᠡᠭᠵᠢᠭᠦᠯᠵᠦ᠂ ᠤᠯᠠᠭᠠᠨᠬᠠᠳᠠ ᠬᠤᠲᠠ ᠨᠢ ᠥᠪᠥᠷ ᠮᠣᠩᠭᠤᠯ ᠤᠨ ᠠᠩᠬᠠᠳᠠᠭᠴᠢ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠲᠣᠭᠤᠷᠢᠭ ᠤᠨ | ︽ᠢᠳᠡᠰᠢᠨ ᠨᠣᠭᠤᠭ᠎ᠠ︾ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠪᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ | ᠪᠠᠷᠠᠭ᠎ᠠ ᠶᠢᠨ ᠭᠦᠢᠯᠭᠡᠭᠡᠨ ᠤ ᠭᠤᠣᠯ ᠠᠴᠢᠶᠠᠯᠠᠪᠤᠷᠢ ᠶᠢᠨ ᠬᠤᠲᠠ ᠪᠠᠷ ᠵᠥᠪᠰᠢᠶᠡᠷᠡᠭᠳᠡᠵᠦ᠂ ︽ᠴᠠᠬᠢᠮ ᠬᠤᠳᠠᠯᠳᠤᠭᠠᠨ ᠤ ᠶᠠᠪᠤᠳᠠᠯ ᠢ ᠬᠥᠳᠡᠭᠡ ᠲᠤᠰᠬᠤᠨ ᠮᠠᠯᠵᠢᠬᠤ | ᠣᠷᠤᠨ ᠳᠤ ᠣᠷᠤᠭᠤᠯᠬᠤ ᠶᠡᠷᠥᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠦᠯ ᠵᠦᠢᠯ︾ ᠤᠨ ᠨᠡᠶᠢᠳᠡᠮ ᠪᠦᠷᠬᠦᠯᠲᠡ ᠶᠢ ᠪᠡᠶᠡᠯᠡᠭᠦᠯᠪᠡ᠃ ︽ᠵᠢᠷᠭᠤᠭᠠᠨ ᠶᠡᠭᠡ | ᠵᠢᠭᠤᠯᠴᠢᠯᠠᠯ ᠤᠨ ᠰᠣᠳᠤ︾ ᠪᠠᠷ ᠭᠤᠣᠯ ᠪᠣᠯᠭᠠᠭᠰᠠᠨ ︽ᠭᠤᠷᠪᠠᠨ ᠠᠯᠬᠤᠮ ᠢᠶᠠᠷ ᠶᠠᠪᠤᠬᠤ︾ ᠵᠢᠭᠤᠯᠴᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ᠠᠰᠬᠠᠲᠤ ᠶᠢᠨ ᠴᠢᠯᠠᠭᠤᠨ ᠣᠢ ᠨᠢ ᠤᠯᠤᠰ ᠤᠨ 5A ᠲᠡᠰ ᠤᠨ ᠦᠵᠡᠮᠵᠢ ᠶᠢᠨ ᠣᠷᠣᠨ ᠪᠣᠯᠤᠨ ᠳᠡᠪᠰᠢᠵᠦ᠂ ᠪᠦᠬᠦ ᠬᠤᠲᠠ | ᠵᠤᠭᠠᠴᠠᠭᠰᠠᠳ ᠢ ᠨᠡᠶᠢᠲᠡ 8657 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 1349 ᠳ᠋ᠦᠩᠰᠢᠭᠤᠷ ᠲᠥᠭᠦᠷᠢᠭ ᠪᠡᠶᠡᠯᠡᠭᠦᠯᠪᠡ | ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ 18 ᠰᠢᠨ᠎ᠡ ᠪᠠᠷ ᠨᠡᠮᠡᠭᠳᠡᠵᠦ᠂ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠨᠢ ︽ᠠᠷᠪᠠᠨ | ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ ᠲᠣᠰᠪᠣᠷᠢ 1111 ᠳ᠋ᠦᠩᠰᠢᠭᠤᠷ ᠲᠥᠭᠦᠷᠢᠭ ᠪᠠ 992 ᠳ᠋ᠦᠩᠰᠢᠭᠤᠷ ᠲᠥᠭᠦᠷᠢᠭ ᠨᠡᠮᠡᠭᠳᠡᠵᠦ᠂ | 74.3% ᠪᠠ 85.3% ᠪᠠᠷ ᠨᠡᠮᠡᠭᠳᠡᠵᠦ᠂ ᠰᠲ᠋ᠣᠺ ᠤᠨ ᠵᠠᠬ᠎ᠠ ᠳᠤ ᠭᠠᠷᠴᠤ᠂ ᠠᠵᠢᠯ ᠡᠷᠬᠢᠯᠡᠭᠰᠡᠨ ᠠᠵᠤ ᠠᠬᠤᠶᠢᠯᠠᠯ 242 ᠪᠣᠯᠪᠠ᠃ | ᠲᠠᠪᠤᠨ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠨᠡᠭᠡᠭᠡᠯᠲᠡ ᠶᠢ ᠪᠠᠷᠢᠮᠲᠠᠯᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠦᠷᠭᠦᠯᠵᠢᠯᠡᠨ ᠴᠢᠩᠭᠠᠷᠠᠪᠠ᠃ | ᠵᠠᠰᠠᠭ ᠤᠨ ᠣᠷᠳᠣᠨ ᠤ ᠬᠦᠷᠢᠶ᠎ᠡ ᠬᠡᠪᠴᠢᠶᠡᠨ ᠳᠠᠬᠢ 578 ᠭᠤᠣᠯᠳᠠᠯᠭᠠᠲᠠᠢ ᠥᠭᠡᠷᠡᠴᠢᠯᠡᠯᠲᠡ ᠶᠢᠨ ᠡᠭᠦᠷᠭᠡ ᠶᠢ ᠬᠡᠷᠡᠭᠵᠢᠭᠦᠯᠦᠨ᠂ 266 ᠥᠭᠡᠷᠡᠴᠢᠯᠡᠯᠲᠡ ᠶᠢᠨ | ᠦᠷ᠎ᠡ ᠪᠦᠲᠦᠭᠡᠯ ᠣᠯᠵᠤ᠂ ᠲᠥᠷᠦ ᠶᠢᠨ ᠶᠠᠪᠤᠳᠠᠯ ᠤᠨ ᠬᠤᠷᠢᠶ᠎ᠠ ᠠᠴᠠ ᠮᠠᠨ ᠤ ᠬᠤᠲᠠ ᠶᠢ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭᠠᠨ ᠤ ᠬᠡᠯᠪᠡᠷᠢ ᠶᠢ ᠳᠡᠯᠭᠡᠷᠡᠭᠦᠯᠦᠭᠰᠡᠨ ᠦᠷ᠎ᠡ ᠪᠦᠲᠦᠮᠵᠢ ᠢᠯᠡᠷᠬᠡᠢ ᠬᠤᠲᠠ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢᠲᠡᠢ ᠭᠠᠵᠠᠷ ᠤᠷᠤᠨ ᠢᠶᠠᠷ ᠬᠥᠬᠢᠭᠦᠯᠪᠡ᠃ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ | ᠦᠷᠭᠦᠯᠵᠢᠯᠡᠨ ᠰᠠᠶᠢᠵᠢᠷᠠᠵᠤ᠂ ᠠᠷᠠᠯᠵᠢᠶᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠬᠤᠰᠢᠭᠤᠷᠠᠵᠤ | ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ 95 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠬᠡᠯᠲᠦᠷᠢᠭᠦᠯᠵᠦ ᠬᠠᠰᠤᠪᠠ᠃ ︽ | ᠤᠯᠠᠭᠠᠨᠬᠠᠳᠠ ᠨᠤᠲᠤᠭ ᠲᠠᠢ ᠰᠣᠳᠣᠨᠴᠣᠳ ᠤᠨ ᠴᠤᠭᠯᠠᠭᠠᠨ︾ ᠢᠶᠠᠷ ᠴᠢᠬᠤᠯᠠ ᠲᠠᠪᠴᠠᠩ ᠪᠣᠯᠭᠠᠭᠰᠠᠨ ᠠᠷᠠᠯᠵᠢᠶᠠᠴᠢᠨ ᠤᠷᠢᠵᠤ ᠪᠡᠯᠡ ᠲᠠᠲᠠᠬᠤ ᠰᠢᠨ᠎ᠡ ᠬᠡᠯᠪᠡᠷᠢ ᠶᠢ | ᠬᠡᠷᠡᠭᠵᠢᠭᠦᠯᠵᠦ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ᠂ ᠤᠯᠤᠰ ᠤᠨ ᠳᠣᠲᠣᠭᠠᠳᠤ ᠪᠠ ᠣᠷᠣᠨ ᠤ ᠭᠠᠳᠠᠨᠠᠬᠢ ᠪᠡᠯᠡ ᠮᠥᠩᠭᠦ ᠶᠢ | ᠨᠡᠶᠢᠲᠡ 1324 ᠳ᠋ᠦᠩᠰᠢᠭᠤᠷ ᠲᠥᠭᠦᠷᠢᠭ ᠣᠷᠣᠭᠤᠯᠵᠤ ᠠᠪᠴᠢᠷᠠᠪᠠ᠃ ᠤᠯᠠᠭᠠᠨᠬᠠᠳᠠ ᠮᠠᠨᠵᠤᠤᠷ ᠧᠦ᠋ᠷᠣᠫᠠ ᠶᠢᠨ ᠣᠯᠠᠨ ᠤᠯᠤᠰ ᠤᠨ ᠡᠭᠡᠯᠵᠢ ᠶᠢᠨ ᠭᠠᠯᠲᠤ | ᠲᠡᠷᠭᠡ ᠨᠡᠪᠲᠡᠷᠡᠵᠦ᠂ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠭᠠᠳᠠᠭᠠᠳᠤ ᠠᠴᠠ ᠣᠷᠣᠭᠤᠯᠬᠤ ᠲᠤᠷᠰᠢᠯᠲᠠ ᠶᠢᠨ ᠴᠡᠭ ᠤᠨ | ᠬᠤᠲᠠ ᠪᠠᠷ ᠵᠥᠪᠰᠢᠶᠡᠷᠡᠭᠳᠡᠪᠡ᠃ | ᠲᠠᠪᠤᠨ ᠵᠢᠯ ᠤᠨ ᠲᠤᠷᠰᠢ᠂ ᠪᠢᠳᠠ ᠵᠣᠬᠢᠴᠠᠩᠭᠤᠢ ᠬᠥᠭᠵᠢᠯᠲᠡ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ | ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ 353 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠤᠲᠠ ᠲᠣᠭᠤᠷᠢᠭ ᠤᠨ ᠵᠠᠮ | 300 ᠺᠢᠯᠣᠮᠧᠲᠷ᠂ ᠡᠯ᠎ᠡ ᠲᠥᠷᠥᠯ ᠤᠨ ᠬᠤᠭᠤᠯᠠᠢ ᠲᠣᠣᠷ 1968 ᠺᠢᠯᠣᠮᠧᠲᠷ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠪᠣᠬᠢᠷ ᠤᠰᠤ ᠰᠢᠢᠳᠪᠦᠷᠢᠯᠡᠬᠦ | ᠴᠢᠳᠠᠪᠤᠷᠢ ᠶᠢ 9.5 ᠲᠦᠮᠡᠨ ᠲᠣᠨ᠂ ᠢᠯᠴᠢ ᠬᠠᠩᠭᠠᠬᠤ ᠲᠠᠯᠠᠪᠠᠢ 2850 ᠲᠦᠮᠡᠨ ᠲᠡᠭᠰᠢ ᠳᠥᠷᠪᠡᠯᠵᠢᠨ ᠮᠧᠲᠷ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ | ᠲᠡᠷᠭᠡ ᠶᠢ 653 ᠰᠢᠨ᠎ᠡ ᠪᠠᠷ ᠨᠡᠮᠡᠭᠳᠡᠭᠦᠯᠵᠦ᠂ ᠤᠯᠤᠰ ᠤᠨ ᠴᠡᠴᠡᠷᠯᠢᠭᠵᠢᠭᠰᠡᠨ ᠬᠤᠲᠠ ᠶᠢ ᠠᠮᠵᠢᠯᠲᠠ ᠲᠠᠢ ᠪᠠᠷ ᠪᠥᠲᠦᠭᠡᠨ ᠪᠠᠶᠢᠭᠤᠯᠵᠤ᠂ ᠭᠤᠣᠯ ᠬᠤᠲᠠ ᠵᠢᠴᠢ | ᠬᠤᠰᠢᠭᠤ ᠰᠢᠶᠠᠨ ᠤ ᠲᠥᠪ ᠪᠠᠯᠭᠠᠰᠤᠨ ᠤ ᠳᠠᠭᠠᠭᠠᠴᠠ ᠶᠢᠨ ᠴᠢᠳᠠᠪᠤᠷᠢ ᠪᠠ ᠰᠠᠭᠤᠷᠢᠰᠢᠬᠤ ᠳᠤ ᠲᠣᠬᠢᠷᠠᠮᠵᠢᠲᠠᠢ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ | ᠪᠦᠬᠦ ᠬᠤᠲᠠ ᠳᠤ 470 ᠺᠢᠯᠣᠮᠧᠲᠷ ᠳᠡᠭᠡᠳᠦ ᠲᠠᠰ ᠤᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ 8100 ᠺᠢᠯᠣᠮᠧᠲᠷ ᠬᠥᠳᠡᠭᠡ ᠲᠣᠰᠬᠤᠨ ᠤ ᠵᠠᠰᠠᠮᠠᠯ ᠵᠠᠮ ᠢ | ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ ᠨᠥᠬᠦᠴᠡᠯ ᠪᠦᠷᠢᠳᠦᠭᠦᠯᠦᠭᠰᠡᠨ ᠪᠠᠶᠢᠭᠤᠯᠤᠯᠳᠠᠲᠤ ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ | ᠵᠠᠮ ᠢ ᠵᠠᠭᠤᠨ ᠤ ᠵᠠᠭᠤ ᠪᠠᠷ ᠨᠡᠪᠲᠡᠷᠡᠭᠦᠯᠵᠦ᠂ ᠠᠶᠠᠨᠴᠢᠳ ᠤᠨ ᠲᠡᠷᠭᠡ ᠨᠡᠪᠳᠡᠷᠡᠬᠦ ᠶᠢ ᠪᠡᠶᠡᠯᠡᠭᠦᠯᠵᠦ᠂ ᠬᠠᠰ ᠯᠣᠣ ᠨᠢᠰᠬᠡᠯ ᠤᠨ ᠪᠠᠭᠤᠳᠠᠯ ᠤᠨ ᠵᠢᠯ ᠤᠨ ᠢᠷᠡᠵᠦ | ᠶᠠᠪᠤᠬᠤ ᠠᠶᠠᠨᠴᠢᠳ 180 ᠲᠦᠮᠡᠨ ᠬᠥᠮᠦᠨ ᠤᠳᠠᠭ᠎ᠠ ᠶᠢ ᠳᠠᠪᠠᠵᠤ᠂ ᠣᠯᠠᠨ ᠵᠢᠯ ᠬᠦᠰᠡᠭᠰᠡᠨ ᠥᠨᠳᠦᠷ ᠬᠤᠷᠳᠤᠴᠠᠲᠤ ᠲᠡᠮᠦᠷ ᠵᠠᠮ ᠤᠨ ᠬᠦᠰᠡᠯ ᠪᠡᠶᠡᠯᠡᠭᠳᠡᠪᠡ᠃ | ᠳ᠋ᠦᠩ ᠲᠠᠶᠢᠽᠢ ᠤᠰᠤᠨ ᠴᠥᠭᠦᠷᠥᠮ ᠢ ᠡᠬᠢᠯᠡᠨ ᠪᠠᠶᠢᠭᠤᠯᠵᠤ᠂ ᠣᠷᠣᠨ ᠠᠯᠤᠰᠯᠠᠨ ᠤᠰᠤ ᠲᠠᠲᠠᠬᠤ ᠢᠨᠵᠧᠨᠧᠷᠢᠩ ᠴᠢᠬᠤᠯᠠ ᠶᠡᠭᠡ ᠠᠬᠢᠯᠲᠠ ᠲᠠᠢ ᠪᠣᠯᠵᠤ᠂ | ᠡᠨᠧᠷᠭᠢ᠂ ᠴᠠᠬᠢᠯᠭᠠᠨ ᠬᠦᠴᠦ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠦᠵᠡᠰᠬᠦᠯᠡᠩᠲᠦ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠢᠳᠡᠬᠦ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ | ᠬᠥᠳᠡᠭᠡ ᠲᠤᠰᠬᠤᠨ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠶᠡᠬᠡᠪᠡᠷ ᠰᠠᠶᠢᠵᠢᠷᠠᠭᠤᠯᠪᠠ᠃ | ᠲᠠᠪᠤᠨ ᠵᠢᠯ ᠤᠨ ᠲᠤᠷᠰᠢ᠂ ᠪᠢᠳᠡ ᠠᠮᠢ ᠠᠬᠤᠢ ᠶᠢ ᠲᠡᠷᠢᠭᠦᠨ ᠳᠤ ᠪᠣᠳᠤᠯᠬᠢᠯᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠦᠷᠭᠦᠯᠵᠢᠯᠡᠨ ᠪᠠᠬᠢᠵᠢᠭᠦᠯᠪᠡ᠃ ︽ᠤᠯᠠᠭᠠᠨᠬᠠᠳᠠ ᠬᠤᠲᠠ ᠶᠢᠨ ᠮᠠᠯᠵᠢᠬᠤ ᠶᠢ ᠴᠠᠭᠠᠵᠠᠯᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢᠰᠢᠭᠦᠯᠬᠦ ᠳᠦᠷᠢᠮ︾ | ︽ᠤᠯᠠᠭᠠᠨᠬᠠᠳᠠ ᠬᠤᠲᠠ ᠶᠢᠨ ᠭᠠᠵᠠᠷ ᠳᠣᠣᠷᠠᠬᠢ ᠤᠰᠤ ᠶᠢ ᠬᠠᠮᠠᠭᠠᠯᠠᠬᠤ ᠳᠦᠷᠢᠮ︾ ︽ᠤᠯᠠᠭᠠᠨᠬᠠᠳᠠ ᠬᠤᠲᠠ ᠶᠢᠨ ᠬᠥᠳᠡᠭᠡ ᠲᠤᠰᠬᠤᠨ ᠮᠠᠯᠵᠢᠬᠤ ᠣᠷᠣᠨ ᠤ | ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠵᠠᠰᠠᠯᠲᠠ ᠶᠢᠨ ᠳᠦᠷᠢᠮ︾ ︽ᠤᠯᠠᠭᠠᠨᠬᠠᠳᠠ ᠬᠤᠲᠠ ᠶᠢᠨ ᠲᠣᠭᠤᠰᠤᠨ ᠤ ᠪᠣᠬᠢᠷᠳᠠᠯ ᠢ ᠰᠡᠷᠭᠡᠶᠢᠯᠡᠨ ᠵᠠᠰᠠᠬᠤ | ᠲᠥᠷᠢᠮ︾ ᠢ ᠲᠣᠭᠲᠠᠭᠠᠨ ᠬᠡᠷᠡᠭᠵᠢᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠠᠬᠢᠭᠤᠯᠵᠤ᠂ ᠬᠦᠬᠡ | ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥᠨ ᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ | ᠢᠯᠡᠳᠲᠡ ᠰᠠᠶᠢᠵᠢᠷᠠᠪᠠ᠃ ᠬᠦᠨᠳᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ ᠳᠤᠮᠳᠠ ᠤᠰᠤ ᠪᠠ ᠳᠠᠬᠢᠯᠲᠠ ᠤᠰᠤ ᠬᠡᠷᠡᠭᠯᠡᠵᠦ᠂ | ᠲᠠᠷᠢᠶᠠᠯᠠᠩ ᠮᠠᠯ ᠠᠵᠤ ᠠᠬᠤᠶ ᠶᠢᠨ ᠤᠰᠤ ᠠᠷᠪᠢᠯᠠᠬᠤ ᠤᠰᠤ ᠡᠵᠡᠮᠳᠡᠬᠦ ᠲᠥᠷᠥᠯ ᠵᠦᠢᠯ ᠢ ᠶᠡᠭᠡ ᠬᠡᠪᠴᠢᠶ᠎ᠡ ᠪᠠᠷ ᠬᠡᠷᠡᠭᠵᠢᠭᠦᠯᠪᠡ᠃ ᠣᠶ ᠮᠣᠳᠣ ᠲᠠᠷᠢᠬᠤ ᠪᠠ | ᠬᠥᠮᠦᠨ ᠤ ᠬᠦᠴᠦ ᠪᠠᠷ ᠡᠪᠡᠰᠦ ᠲᠠᠷᠢᠬᠤ ᠶᠢ 1622 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠤᠰᠤ ᠬᠦᠷᠦᠰᠦᠨ ᠤ ᠬᠠᠮᠠᠭᠠᠯᠠᠯᠲᠠ ᠶᠢᠨ ᠵᠠᠰᠠᠯᠲᠠ ᠶᠢ 707 | ᠲᠦᠮᠡᠨ ᠮᠦ᠂ ᠭᠤᠣᠯᠳᠠᠯᠭᠠᠲᠠᠢ ᠣᠷᠣᠨ ᠤ ᠨᠣᠭᠤᠭᠠᠷᠠᠭᠤᠯᠤᠯᠲᠠ ᠶᠢ 87 ᠲᠦᠮᠡᠨ ᠮᠦ ᠪᠡᠶᠡᠯᠡᠭᠦᠯᠵᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 35.8% ᠳᠤ | ᠬᠦᠷᠪᠡ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ 70.5 ᠲᠡᠭᠰᠢ ᠳᠥᠷᠪᠡᠯᠵᠢᠨ ᠺᠢᠯᠣᠮᠧᠲᠷ ᠥᠷᠨᠢᠭᠦᠯᠵᠦ᠂ ᠪᠣᠬᠢᠷᠲᠤᠯ | ᠦᠭᠡᠢ ᠠᠭᠤᠷᠬᠠᠢ ᠶᠢ ᠨᠡᠶᠢᠲᠡ 71 ᠪᠠᠶᠢᠭᠤᠯᠪᠠ᠃ | ᠲᠠᠪᠤᠨ ᠵᠢᠯ ᠤᠨ ᠲᠤᠷᠰᠢ᠂ ᠪᠢᠳᠠ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ | ᠨᠡᠮᠡᠭᠳᠡᠪᠡ᠃ ᠠᠷᠠᠳ ᠤᠨ ᠠᠮᠢᠳᠤᠷᠠᠯ ᠤᠨ ᠵᠠᠷᠤᠯᠭ᠎ᠠ 1992 ᠳ᠋ᠦᠩᠰᠢᠭᠤᠷ ᠲᠥᠭᠦᠷᠢᠭ ᠪᠠᠶᠢᠵᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ | 1.5 ᠳᠠᠬᠢᠨ ᠪᠣᠯᠪᠠ᠃ 46.8 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠤᠯᠤᠰ ᠤᠨ ᠲᠠᠰ ᠤᠨ 8 | ᠶᠠᠳᠠᠭᠤ ᠬᠦᠴᠢᠷᠳᠡᠯᠲᠡᠶ ᠰᠢᠶᠠᠨ᠂ ᠣᠷᠣᠨ ᠤ ᠲᠠᠰ ᠤᠨ 2 ᠶᠠᠳᠠᠭᠤ ᠬᠦᠴᠢᠷᠳᠡᠯᠲᠡᠶ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠤᠯᠠᠭᠠᠨᠬᠠᠳᠠ ᠶᠢᠨ | ᠤᠯᠤᠰ ᠤᠨ ᠶᠠᠳᠠᠭᠤ ᠶᠢ ᠲᠡᠳᠬᠦᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠢᠳᠡᠪᠬᠢᠲᠡᠶ ᠦᠷ᠎ᠡ ᠪᠦᠲᠦᠮᠵᠢ ᠤᠯᠪᠠ᠃ | ᠶᠡᠷᠦᠩᠬᠡᠶ ᠰᠠᠶᠢᠳ ᠯᠢ ᠺᠧ ᠴᠢᠶᠠᠩ ᠤᠨ ᠠᠩᠬᠠᠷᠴᠤ ᠪᠠᠶᠢᠭ᠎ᠠ ᠲᠡᠮᠦᠷ ᠵᠠᠮ ᠤᠨ ᠡᠮᠦᠨᠡᠬᠢ ᠲᠥᠬᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠶᠢ ᠪᠥᠬᠦ | ᠲᠠᠯ᠎ᠠ ᠪᠠᠷ ᠪᠡᠶᠡᠯᠡᠭᠦᠯᠵᠦ᠂ ᠭᠤᠤᠯ ᠬᠤᠲᠠ ᠲᠣᠭᠤᠷᠢᠭ ᠤᠨ ᠲᠥᠪᠯᠡᠷᠡᠨ ᠵᠠᠯᠭᠠᠯᠳᠤᠭᠰᠠᠨ ᠲᠥᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ | ᠦᠨᠳᠦᠰᠦᠨ ᠳᠡᠭᠡᠨ ᠦᠭᠡᠷᠡᠴᠢᠯᠡᠵᠦ᠂ 190.4 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠪᠠ᠃ ᠭᠤᠣᠯ | ᠬᠤᠲᠠ ᠶᠢᠨ ᠲᠣᠭᠤᠷᠢᠭ ᠤᠨ ᠰᠠᠭᠤᠷᠢ ᠰᠤᠷᠭᠠᠨ ᠬᠥᠮᠦᠵᠢᠯ ᠤᠨ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ ᠪᠠ ᠬᠥᠳᠡᠭᠡ ᠲᠤᠰᠬᠤᠨ ᠮᠠᠯᠵᠢᠬᠤ ᠣᠷᠣᠨ ᠤ | ᠪᠠᠭᠤᠷᠠᠶ ᠰᠤᠷᠭᠠᠭᠤᠯᠢ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ᠂ ᠰᠤᠷᠭᠠᠭᠤᠯᠢ ᠡᠷᠭᠢᠯᠡᠬᠦ ᠨᠥᠬᠦᠴᠡᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ | 88 ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ 5.5 ᠲᠥᠮᠡᠨ ᠰᠣᠷᠣᠭᠴᠢ ᠶᠢᠨ ᠣᠷᠣ ᠨᠡᠮᠡᠭᠳᠡᠭᠦᠯᠵᠦ᠂ ︽ᠬᠤᠲᠠ ᠰᠢᠬᠠᠭᠤ᠂ ᠬᠥᠳᠡᠭᠡ ᠲᠣᠰᠬᠤᠨ ᠪᠠᠭᠤᠷᠠᠶ︾ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠦᠨᠳᠦᠰᠦᠨ ᠳᠡᠭᠡᠨ ᠲᠡᠩᠴᠡᠭᠦᠷᠢᠲᠡᠶ ᠰᠢᠶᠠᠨ ᠤ | ᠪᠠᠷᠢᠮᠵᠢᠶ᠎ᠠ ᠳᠤ ᠬᠦᠷᠦᠭᠦᠯᠵᠦ ᠰᠢᠯᠭᠠᠨ ᠠᠪᠬᠤ ᠶᠢ ᠪᠦᠷᠢᠨ ᠪᠦᠷᠬᠦᠭᠦᠯᠵᠦ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠨᠡᠪᠲᠡᠷᠡᠯᠴᠡᠭᠦᠯᠦᠨ | ᠬᠥᠮᠦᠵᠢᠭᠦᠯᠬᠦ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠪᠠ᠃ 56 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠰᠢᠨ᠎ᠡ ᠪᠠᠷ ᠥᠷᠭᠡᠳᠬᠡᠨ | ᠪᠠᠶᠢᠭᠤᠯᠵᠤ᠂ ᠬᠤᠰᠢᠭᠤ ᠰᠢᠶᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠨᠢ ᠪᠦᠬᠦᠨ ᠢᠶᠠᠷ ᠢᠶᠠᠨ ᠬᠤᠶᠠᠳᠤᠭᠠᠷ ᠬᠥᠬᠡ ᠲᠠᠰ ᠠᠴᠠ ᠳᠡᠭᠡᠭᠰᠢ ᠳᠤ ᠬᠥᠷᠪᠡ᠃ 14. | 6 ᠲᠦᠮᠡᠨ ᠲᠡᠭᠰᠢ ᠳᠥᠷᠪᠡᠯᠵᠢᠨ ᠮᠧᠲᠷ ᠤᠨ ᠰᠣᠶᠣᠯ ᠮᠦᠽᠧᠢ ᠶᠢᠨ ᠲᠠᠯᠠᠪᠤᠷ ᠭᠠᠵᠠᠷ ᠢ ᠰᠢᠨ᠎ᠡ ᠪᠠᠷ ᠥᠷᠭᠡᠳᠬᠡᠨ ᠪᠠᠶᠢᠭᠤᠯᠵᠤ᠂ ᠤᠯᠠᠭᠠᠨᠮᠥ᠋ᠴᠢᠷ ᠵᠡᠷᠭᠡ ᠣᠯᠠᠨ | ᠲᠦᠮᠡᠨ ᠤ ᠰᠣᠶᠣᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ᠠᠵᠢᠯ ᠤᠯᠭᠤᠵᠤ ᠠᠳᠠᠯ ᠦᠢᠯᠡᠰ ᠴᠣᠭᠴᠠᠯᠠᠬᠤ᠂ ᠨᠡᠶᠢᠭᠡᠮ ᠤᠨ ᠪᠠᠲᠤᠯᠠᠭ᠎ᠠ᠂ ᠣᠯᠠᠨ | ᠲᠦᠮᠡᠨ ᠤ ᠪᠡᠶ᠎ᠡ ᠶᠢᠨ ᠲᠠᠮᠢᠷ ᠵᠡᠷᠭᠡ ᠨᠡᠶᠢᠭᠡᠮ ᠤᠨ ᠦᠢᠯᠡᠰ ᠴᠡᠴᠡᠭᠯᠡᠨ ᠬᠥᠭᠵᠢᠵᠦ᠂ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ ᠵᠡᠷᠭᠡ ᠨᠡᠶᠢᠭᠡᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠷᠠᠭᠠᠯᠵᠠᠨ | ᠠᠰᠠᠷᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠢᠨᠠᠨ ᠪᠣᠳᠤᠬᠤ ᠲᠤᠭ᠎ᠠ ᠪᠦᠷᠢᠳᠬᠡᠯ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ | ᠲᠦᠪᠰᠢᠨ᠂ ᠴᠠᠭ ᠠᠭᠤᠷ ᠭᠠᠵᠠᠷ ᠬᠥᠳᠡᠯᠦᠯᠲᠡ᠂ ᠳᠠᠩᠰᠠ ᠡᠪᠬᠡᠮᠡᠯ ᠲᠡᠦᠬᠡ ᠲᠡᠮᠳᠡᠭᠯᠡᠯ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠪᠠᠶᠢᠭᠤᠯᠭ᠎ᠠ ᠶᠢᠨ | ᠬᠡᠷᠡᠭ ᠶᠠᠪᠤᠳᠠᠯ᠂ ᠡᠮᠡᠭᠲᠡᠶᠢᠴᠦᠳ ᠬᠡᠤᠬᠡᠳ᠂ ᠦᠳᠡᠭᠦᠰᠴᠦᠳ᠂ ᠨᠢᠭᠦᠯᠡᠰᠦᠩᠭᠦᠶ᠂ ᠤᠯᠠᠭᠠᠨ ᠵᠠᠭᠠᠯᠮᠠᠶᠢᠲᠠᠨ᠂ ᠵᠡᠮᠳᠡᠭᠴᠦᠳ ᠵᠡᠷᠭᠡ ᠡᠯ᠎ᠡ ᠵᠦᠢᠯ ᠤᠨ ᠠᠵᠢᠯ | ᠦᠢᠯᠡᠰ ᠰᠢᠨ᠎ᠡ ᠳᠠᠪᠰᠢᠯᠲᠠ ᠲᠠᠢ ᠪᠣᠯᠪᠠ᠃ | ᠲᠠᠪᠤᠨ ᠵᠢᠯ ᠤᠨ ᠲᠤᠷᠰᠢ᠂ ᠪᠢᠳᠡ ᠠᠷᠠᠳ ᠤᠨ ᠲᠥᠯᠥᠭᠡ ᠵᠠᠰᠠᠭ ᠪᠠᠷᠢᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠪᠠ᠃ ᠨᠠᠮ ᠤᠨ ᠤᠳᠤᠷᠢᠳᠤᠯᠭ᠎ᠠ ᠶᠢ ᠢᠮᠠᠭᠲᠠ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ | ᠴᠢᠩᠭᠠᠳᠬᠠᠵᠤ᠂ ᠮᠠᠨ ᠤ ᠬᠤᠲᠠ ᠪᠦᠬᠦ ᠣᠷᠤᠨ ᠤ ᠬᠠᠤᠯᠢᠵᠢᠯ ᠤᠨ ᠵᠠᠰᠠᠭ ᠤᠨ ᠣᠷᠳᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠪᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠨᠡᠶᠢᠲᠡ | 1461 ᠬᠤᠪᠢ ᠭᠦᠢᠴᠡᠳᠭᠡᠵᠦ᠂ ᠭᠦᠢᠴᠡᠳᠬᠡᠵᠦ ᠳᠠᠭᠤᠰᠬᠠᠭᠰᠠᠨ ᠨᠤᠷᠮ᠎ᠠ 100% ᠳᠤ ᠬᠦᠷᠪᠡ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠰᠤᠯᠠᠷᠠᠰᠢ ᠦᠭᠡᠢ ᠵᠠᠯᠠᠷᠠᠭᠤᠯᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ | ᠢ ᠶᠡᠬᠡᠪᠡᠷ ᠪᠠᠭᠠᠰᠬᠠᠨ᠂ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠵᠠᠰᠠᠭ ᠤᠨ | ᠣᠷᠳᠣᠨ ᠤ ᠰᠢᠰᠲ᠋ᠧᠮ ᠤᠨ ᠰᠤᠷᠲᠠᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ | ᠥᠩᠭᠡᠷᠡᠭᠰᠡᠨ ᠲᠠᠪᠤᠨ ᠵᠢᠯ ᠤᠨ ᠠᠮᠵᠢᠯᠲᠠ ᠪᠣᠯ ᠬᠢᠯᠪᠠᠷ ᠪᠤᠰᠤ ᠪᠠᠷ ᠢᠷᠡᠭᠰᠡᠨ ᠶᠤᠮ᠂ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠳᠣᠲᠣᠨᠣ ᠬᠠᠯᠠᠮᠵᠢᠯᠠᠯ ᠤᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠪᠠ | ᠬᠤᠲᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ | ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ | ᠳᠡᠮᠵᠢᠯᠭᠡ᠂ ᠬᠦᠴᠦᠲᠡᠢ ᠬᠠᠪᠰᠤᠷᠤᠯᠭ᠎ᠠ ᠶᠢᠨ ᠦᠷ᠎ᠡ ᠳ᠋ᠦᠩ ᠮᠥᠨ᠂ ᠪᠦᠬᠦ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠤ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ | ᠬᠤᠲᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ᠂ ᠤᠯᠠᠭᠠᠨᠬᠠᠳᠠ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠳᠠᠮᠵᠢᠵᠤ ᠪᠠᠶᠢᠭ᠎ᠠ ᠡᠯ᠎ᠡ ᠡᠲᠡᠭᠡᠳ ᠤᠨ | ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠵᠡᠷᠭᠡᠪᠡᠷ ᠪᠢᠳᠡ ᠪᠠᠰᠠ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠮᠠᠰᠢ ᠣᠯᠠᠨ ᠬᠦᠴᠢᠷᠳᠡᠯ ᠪᠠ | ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠲᠣᠭᠲᠠᠪᠤᠷᠢ | ᠥᠬᠡᠶ ᠴᠢᠨᠠᠷ ᠣᠷᠣᠰᠢᠵᠤ᠂ ᠠᠵᠤ ᠠᠬᠤᠶ ᠶᠢᠨ ᠬᠥᠭᠵᠢᠯᠲᠡ ᠶᠢ ᠨᠥᠯᠥᠭᠡᠯᠡᠬᠦ ᠭᠠᠳᠠᠭᠠᠳᠤ ᠬᠦᠴᠦᠨ ᠵᠦᠢᠯ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠪᠠᠶᠢᠨ᠎ᠠ᠃ | ᠪᠡᠯᠡ ᠣᠷᠣᠭᠤᠯᠤᠯᠲᠠ ᠶᠢᠨ ᠨᠡᠮᠡᠭᠳᠡᠯ ᠬᠦᠴᠦᠨ ᠮᠡᠬᠦᠰᠳᠡᠵᠦ᠂ ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠤᠳᠠᠭᠠᠰᠢᠷᠠᠨ᠂ ᠪᠣᠳᠠᠲᠤ ᠴᠣᠭᠴᠠ ᠶᠢᠨ ᠠᠵᠤ ᠠᠬᠤᠢ | ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠪᠠᠶᠢᠵᠤ᠂ ᠠᠵᠤ ᠠᠬᠤᠢ ᠶᠢᠨ ᠰᠡᠷᠭᠦᠨ ᠳᠡᠭᠡᠭᠰᠢᠯᠡᠬᠦ ᠰᠠᠭᠤᠷᠢ ᠪᠠᠲᠤ | ᠪᠠᠬᠢ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠭᠤᠷᠠᠢ᠂ ᠴᠢᠳᠠᠪᠤᠷᠢᠲᠠᠨ ᠳᠤᠲᠠᠭᠳᠠᠵᠤ ᠪᠠᠶᠢᠭ᠎ᠠ ᠠᠰᠠᠭᠤᠳᠠᠯ ᠨᠢ ᠴᠢᠨᠠᠷ | ᠰᠠᠶᠢᠲᠠᠢ ᠬᠥᠭᠵᠢᠯᠲᠡ ᠶᠢ ᠬᠢᠵᠠᠭᠠᠷᠯᠠᠬᠤ ᠬᠦᠨᠲᠦ ᠨᠣᠴᠢᠲᠠᠢ ᠪᠣᠭᠤᠮᠢ ᠪᠣᠯᠪᠠ᠃ ᠠᠵᠤ ᠦᠢᠯᠡᠰ ᠤᠨ ᠬᠥᠭᠵᠢᠯᠲᠡ ᠳᠤ ᠬᠠᠳᠠᠭᠠᠯᠠᠯᠲᠠ ᠶᠢᠨ ᠬᠡᠮᠵᠢᠶ᠎ᠡ ᠶᠢ | ᠰᠢᠯᠢᠳᠡᠭᠵᠢᠭᠦᠯᠬᠦ ᠪᠠ ᠨᠡᠮᠡᠭᠳᠡᠯ ᠤᠨ ᠬᠡᠮᠵᠢᠶ᠎ᠡ ᠶᠢ ᠳᠡᠭᠡᠭᠰᠢᠯᠡᠭᠦᠯᠬᠦ ᠬᠤᠣᠰ ᠬᠦᠴᠢᠷᠳᠡᠯ᠂ ᠡᠬᠢ ᠪᠠᠶᠠᠯᠢᠭ ᠤᠨ ᠬᠢᠵᠠᠭᠠᠷᠯᠠᠯ ᠪᠠ ᠡᠨᠧᠷᠭᠢ ᠶᠢᠨ ᠬᠤᠷᠣᠭᠳᠠᠯ ᠤᠨ | ᠬᠢᠵᠠᠭᠠᠷᠯᠠᠯ ᠤᠨ ᠬᠤᠣᠰ ᠬᠦᠴᠢᠷᠳᠡᠯ ᠲᠤᠯᠭᠠᠷᠠᠵᠤ᠂ ᠶᠡᠷᠦᠩᠬᠡᠢ ᠬᠡᠮᠵᠢᠶ᠎ᠡ ᠶᠢ ᠥᠷᠭᠡᠳᠬᠡᠬᠦ᠂ ᠪᠦᠲᠦᠴᠡ ᠶᠢ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠡᠭᠦᠷᠭᠡ ᠮᠠᠰᠢ ᠬᠠᠲᠠᠭᠤ ᠪᠡᠷᠬᠡ ᠪᠠᠶᠢᠨ᠎ᠠ᠃ ᠠᠮᠢ ᠠᠬᠤᠢ ᠶᠢᠨ ᠣᠷᠴᠢᠨ ᠲᠣᠭᠤᠷᠢᠨ ᠶᠡᠷᠦᠩᠬᠡᠢ ᠳᠡᠭᠡᠨ ᠲᠦᠢᠯ ᠤᠨ ᠬᠡᠪᠡᠷᠡᠭ ᠪᠠᠶᠢᠵᠤ᠂ ᠭᠠᠵᠠᠷ | ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠬᠦ ᠠᠰᠠᠭᠤᠳᠠᠯ ᠮᠥᠨ ᠯᠡ ᠲᠤᠪᠤᠶᠢᠮ᠎ᠠ ᠣᠷᠣᠰᠢᠵᠤ᠂ ᠲᠠᠷᠢᠶᠠᠯᠠᠩ ᠤᠨ ᠥᠨᠳᠥᠷ ᠪᠦᠲᠦᠮᠵᠢᠲᠡᠢ ᠤᠰᠤ ᠠᠷᠪᠢᠯᠠᠬᠤ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠲᠡᠭᠦᠯᠳᠡᠷᠵᠢᠭᠡᠳᠦᠢ᠂ ᠭᠤᠣᠯᠳᠠᠯᠭ᠎ᠠ ᠲᠠᠢ ᠰᠠᠪᠠ ᠭᠠᠵᠠᠷ᠂ ᠡᠯᠡᠰᠦᠷᠬᠡᠭᠵᠢᠭᠰᠡᠨ ᠭᠠᠵᠠᠷ ᠨᠤᠲᠤᠭ᠂ ᠤᠯᠠᠨ ᠡᠬᠢᠳᠤ | ᠪᠣᠬᠢᠷᠲᠤᠯ ᠵᠡᠷᠭᠡ ᠲᠠᠯ᠎ᠠ ᠶᠢᠨ ᠵᠠᠰᠠᠯᠲᠠ ᠳᠤ ᠪᠠᠰᠠ ᠮᠠᠰᠢ ᠤᠯᠠᠨ ᠪᠣᠭᠤᠮᠲᠠ ᠰᠢᠪᠲᠤᠯᠬᠤ ᠳᠠᠶᠢᠯᠠᠯᠳᠤᠭᠠᠨ ᠴᠢᠬᠤᠯᠠᠲᠠᠢ ᠪᠠᠶᠢᠨ᠎ᠠ᠃ ᠬᠤᠳᠠ ᠬᠥᠳᠡᠭᠡ ᠶᠢᠨ | ᠵᠣᠬᠢᠴᠠᠩᠭᠤᠢ ᠬᠥᠭᠵᠢᠯᠲᠡ ᠭᠦᠢᠴᠡᠳ ᠪᠤᠰᠤ᠂ ᠬᠤᠳᠠ ᠶᠢᠨ ᠬᠠᠮᠢᠶᠠᠷᠤᠯᠲᠠ ᠨᠢ ᠬᠤᠳᠠ ᠶᠢᠨ ᠪᠦᠳᠦᠭᠡᠨ ᠪᠠᠶᠢᠭᠤᠯᠤᠯᠲᠠ ᠠᠴᠠ ᠬᠤᠴᠣᠷᠴᠤ᠂ ᠰᠢᠨ᠎ᠡ ᠮᠠᠶ᠋ᠢᠭ ᠤᠨ | ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠲᠤᠪᠤᠶᠢᠮ᠎ᠠ ᠪᠠᠶᠢᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠨᠢ ᠣᠮᠲᠣᠭᠠᠶᠢᠯᠠᠵᠤ ᠪᠣᠯᠤᠰᠢ ᠦᠭᠡᠢ ᠪᠠᠶᠢᠨ᠎ᠠ᠃ ᠬᠥᠮᠦᠨ ᠠᠮᠠ ᠶᠢᠨ | ᠨᠠᠰᠤᠵᠢᠯᠲᠠ ᠠᠴᠠ ᠪᠣᠯᠤᠭᠰᠠᠨ ᠠᠰᠠᠭᠤᠳᠠᠯ ᠲᠤᠪᠤᠶᠢᠮ᠎ᠠ ᠪᠠᠶᠢᠵᠤ᠂ ᠠᠷᠠᠳ ᠤᠨ ᠠᠮᠢᠳᠤᠷᠠᠯ ᠤᠨ ᠬᠦᠷᠢᠶ᠎ᠡ ᠪᠠ ᠨᠡᠶᠢᠭᠡᠮ ᠤᠨ ᠵᠠᠰᠠᠯᠲᠠ ᠶᠢᠨ ᠲᠠᠯ᠎ᠠ ᠳᠤ ᠪᠠᠰᠠ | ᠴᠥᠭᠡᠨ ᠪᠤᠰᠤ ᠳᠤᠲᠠᠭᠤᠳᠠᠯ ᠪᠠ ᠪᠠᠭᠤᠷᠠᠢ ᠲᠠᠯ᠎ᠠ ᠪᠠᠶᠢᠨ᠎ᠠ᠃ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠠᠶᠢᠵᠢᠷᠠᠭᠤᠯᠬᠤ ᠴᠢᠬᠤᠯᠠᠲᠠᠶ ᠪᠠᠶᠢᠵᠤ᠂ | ᠬᠡᠯᠪᠡᠷᠢᠴᠢ ᠦᠵᠡᠯ᠂ ᠨᠣᠶᠠᠨᠴᠢ ᠦᠵᠡᠯ ᠤᠨ ᠠᠰᠠᠭᠤᠳᠠᠯ ᠪᠠᠰᠠ ᠠᠳᠠᠯᠢ ᠪᠣᠰᠤ ᠬᠡᠮᠵᠢᠶ᠎ᠡ ᠪᠠᠷ ᠣᠷᠤᠰᠢᠵᠤ ᠪᠠᠶᠢᠨ᠎ᠠ᠃ ᠡᠶᠢᠮᠦ ᠠᠴᠠ ᠪᠢᠳᠡ ᠵᠥᠷᠢᠴᠡᠯ ᠳᠤ ᠰᠢᠭᠤᠳ | ᠬᠠᠨᠳᠤᠵᠤ᠂ ᠠᠰᠠᠭᠤᠳᠠᠯ ᠳᠤ ᠵᠥᠪ ᠢᠶᠠᠷ ᠬᠠᠨᠳᠤᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠨᠠᠷᠢᠨ ᠬᠢᠨᠠᠮᠠᠭᠠᠢ ᠰᠢᠢᠳᠪᠦᠷᠢᠯᠡᠨ᠎ᠡ᠃ | ᠲᠥᠯᠥᠭᠡᠯᠡᠭᠴᠢᠳ ᠡ᠂ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠯᠠᠭᠠᠨᠬᠠᠳᠠ | ᠨᠢᠭᠡᠨᠲᠡ ᠰᠢᠨ᠎ᠡ ᠲᠡᠦᠬᠡ ᠶᠢᠨ ᠡᠬᠢᠯᠡᠯᠲᠡ ᠶᠢᠨ ᠴᠡᠭ ᠳᠡᠭᠡᠷ᠎ᠡ ᠬᠦᠷᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠤᠨ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ | ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠂ ᠮᠥᠨ ᠴᠦ ᠤᠯᠠᠭᠠᠨᠬᠠᠳᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠳᠠᠪᠠᠯᠲᠠ ᠲᠠᠢ | ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠬᠤᠲᠠ ᠶᠢᠨ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ ᠬᠤᠶᠠᠷ ᠮᠢᠩᠭ᠎ᠠ ᠪᠦᠬᠡᠳ ᠭᠤᠴᠢᠨ ᠳᠠᠪᠤᠨ ᠣᠨ ᠤ ᠠᠯᠤᠰ ᠤᠨ | ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠢᠷᠡᠬᠦ ᠲᠠᠪᠤᠨ ᠵᠢᠯ ᠳᠤ᠂ ᠪᠢᠳᠡ ᠳᠣᠤᠷᠠᠬᠢ ᠠᠵᠢᠯ ᠤᠳ ᠢ | ᠭᠤᠣᠯᠳᠠᠯᠭᠠᠲᠠᠢ ᠰᠠᠶᠢᠲᠤᠷ ᠬᠢᠨ᠎ᠠ᠄ | ᠨᠢᠭᠡ ᠳᠤ ᠠᠮᠢ ᠠᠬᠤᠶ ᠶᠢ ᠲᠡᠷᠢᠭᠦᠨ ᠳᠤ ᠪᠣᠳᠣᠯᠬᠢᠯᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ | ᠪᠥᠲᠥᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠷᠢᠭᠤᠨ ᠲᠤᠩᠭᠠᠯᠠᠭ ᠣᠷᠴᠢᠨ ᠪᠠᠶᠢᠭᠠᠯᠢ ᠨᠢ ᠠᠯᠲᠠ ᠮᠥᠩᠭᠦ ᠠᠴᠠ ᠴᠦ ᠦᠨᠡᠲᠡᠢ ᠭᠡᠬᠦ | ᠣᠶᠢᠯᠠᠭᠠᠭᠳᠠᠬᠤᠨ ᠢ ᠪᠣᠢ ᠪᠣᠯᠭᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠠᠮᠢ ᠠᠬᠤᠢ ᠶᠢᠨ ᠰᠢᠰᠲ᠋ᠧᠮ ᠢ | ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠠᠷᠢᠶᠠᠯᠠᠩ ᠤᠨ | ᠥᠨᠳᠥᠷ ᠪᠦᠲᠦᠮᠵᠢᠲᠡᠢ ᠤᠰᠤ ᠠᠷᠪᠢᠯᠠᠬᠤ ᠬᠡᠯᠪᠡᠷᠢ ᠶᠢ ᠳᠡᠯᠭᠡᠷᠡᠭᠦᠯᠵᠦ᠂ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | ᠬᠤᠶᠠᠷ ᠲᠤ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ | ᠠᠮᠢ ᠠᠬᠤᠶ ᠶᠢ ᠲᠡᠷᠢᠭᠦᠨ ᠳᠤ ᠪᠣᠳᠤᠯᠬᠢᠯᠠᠵᠤ᠂ ᠪᠣᠬᠢᠷᠲᠤᠯ ᠥᠬᠡᠶ ᠬᠥᠭᠵᠢᠭᠦᠯᠬᠦ ᠢᠯᠡ ᠲᠣᠳᠣ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠳᠤᠮᠳᠠᠳᠤ ᠤᠯᠤᠰ ᠤᠨ | ᠤᠮᠠᠷᠠᠲᠤ ᠶᠢᠨ ᠴᠢᠬᠤᠯᠠ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠠᠳᠠᠭᠰᠢ ᠭᠠᠷᠭᠠᠬᠤ ᠰᠠᠭᠤᠷᠢᠨ ᠭᠠᠵᠠᠷ᠂ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠭᠤᠣᠯ ᠠᠴᠢᠶᠠᠯᠠᠪᠤᠷᠢ ᠶᠢᠨ ᠬᠤᠲᠠ᠂ ᠤᠯᠤᠰ ᠤᠨ ᠣᠨᠴᠠᠯᠢᠭ ᠲᠠᠢ | ᠰᠣᠶᠣᠯ ᠵᠢᠭᠤᠯᠴᠢᠯᠠᠯ ᠪᠠ ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ᠣᠯᠠᠨ | ᠵᠦᠢᠯ ᠢᠶᠠᠷ ᠬᠥᠭᠵᠢᠭᠰᠡᠨ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ | ᠭᠤᠷᠪᠠ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ | ᠬᠥᠳᠡᠯᠭᠡᠬᠦ ᠬᠦᠴᠦᠨ ᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠳᠠ ᠪᠠᠨ ᠮᠠᠨᠳᠤᠭᠤᠯᠤᠨ᠂ ᠴᠢᠳᠠᠪᠤᠷᠢᠲᠠᠨ ᠢᠶᠠᠷ ᠬᠤᠳᠠ ᠪᠠᠨ | ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠶᠢᠯᠠᠭᠠᠭᠳᠠᠬᠤᠨ ᠤ ᠰᠢᠨ᠎ᠡ ᠶᠢ ᠡᠭᠦᠳᠬᠦ᠂ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ᠂ | ᠦᠢᠯᠡᠴᠢᠯᠡᠭᠡ ᠶᠢᠨ ᠰᠢᠨ᠎ᠡ ᠶᠢ ᠡᠭᠦᠳᠬᠦ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠵᠤ᠂ | ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠬᠥᠳᠡᠯᠭᠡᠬᠦ | ᠬᠦᠴᠦᠨ ᠤ ᠲᠤᠯᠭᠠᠭᠤᠷᠢᠯᠠᠯ ᠬᠠᠩᠭᠠᠨ᠎ᠠ᠃ | ᠳᠥᠷᠪᠡ ᠳᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠲᠡᠷᠢᠭᠦᠨ ᠤ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ | ᠪᠣᠶ ᠪᠣᠯᠭᠠᠨ᠎ᠠ᠃ ᠪᠠᠶᠢᠭᠤᠯᠤᠯ ᠲᠣᠭᠲᠠᠴᠠ ᠶᠢ ᠥᠭᠡᠷᠡᠴᠢᠯᠡᠬᠦ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠴᠠ ᠡᠬᠢᠯᠡᠨ᠂ | ᠭᠤᠣᠯᠳᠠᠯᠭᠠᠲᠠᠢ ᠬᠦᠷᠢᠶᠡᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠥᠭᠦᠮ ᠳᠥᠲᠡ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ | ᠣᠷᠴᠢᠨ ᠲᠣᠭᠤᠷᠢᠨ᠂ ᠲᠥᠪ ᠭᠤᠣᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠪᠠ ᠦᠨᠡᠨᠴᠢ ᠢᠲᠡᠭᠡᠮᠵᠢᠲᠡᠢ ᠨᠡᠶᠢᠭᠡᠮ ᠤᠨ ᠣᠷᠴᠢᠨ | ᠲᠣᠭᠤᠷᠢᠨ ᠢ ᠪᠤᠢ ᠪᠣᠯᠭᠠᠵᠤ᠂ ᠪᠦᠲᠦᠮᠵᠢᠲᠡᠢ ᠵᠠᠬ᠎ᠠ ᠳᠡᠯᠭᠡᠭᠦᠷ ᠪᠠ ᠨᠠᠶᠢᠳᠠᠪᠤᠷᠢᠲᠠᠢ ᠵᠠᠰᠠᠭ ᠤᠨ ᠣᠷᠳᠣᠨ ᠤ ᠤᠶᠠᠯᠳᠤᠯ ᠢ ᠠᠬᠢᠭᠤᠯᠵᠤ᠂ ᠣᠷᠤᠨ ᠨᠤᠲᠤᠭ ᠤᠨ | ᠲᠥᠷᠭᠡᠨ ᠬᠥᠭᠵᠢᠯᠲᠡ ᠶᠢ ᠬᠥᠴᠦᠲᠡᠢ ᠠᠬᠢᠭᠤᠯᠤᠨ᠎ᠠ᠃ | ᠲᠠᠪᠤ ᠳᠤ ᠲᠥᠪᠯᠡᠷᠡᠭᠦᠯᠦᠨ ᠴᠤᠭᠯᠠᠷᠠᠭᠤᠯᠵᠤ ᠡᠷᠴᠢᠮᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ | ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠬᠥᠭᠵᠢᠯᠲᠡ ᠶᠢᠨ ᠶᠡᠷᠦᠩᠬᠡᠶ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ | ᠲᠣᠭᠲᠠᠭᠠᠨ᠂ ᠬᠦᠷᠢᠶᠡᠯᠡᠩ ᠲᠣᠭᠤᠷᠢᠭ ᠤᠨ ᠴᠢᠳᠠᠮᠵᠢ ᠶᠢ ᠶᠡᠬᠡᠪᠡᠷ ᠲᠡᠭᠦᠯᠳᠡᠷᠵᠢᠭᠦᠯᠵᠦ᠂ ᠠᠵᠤ ᠦᠢᠯᠡᠰ ᠤᠨ ᠲᠥᠪᠯᠡᠷᠡᠩᠭᠦᠶ ᠬᠥᠭᠵᠢᠯᠲᠡ᠂ ᠠᠵᠤ ᠦᠢᠯᠡᠰ ᠪᠠ | ᠬᠤᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠂ ᠠᠵᠤ ᠦᠢᠯᠡᠰ ᠤᠨ ᠪᠥᠭᠡᠮᠨᠡᠷᠡᠯ ᠤᠨ ᠦᠢᠯᠡᠳᠦᠯ ᠪᠠ ᠠᠵᠤ ᠦᠢᠯᠡᠰ ᠤᠨ ᠬᠡᠯᠬᠢᠶ᠎ᠡ ᠶᠢᠨ | ᠳᠠᠪᠠᠭᠤᠯᠢᠭ ᠢ ᠪᠣᠶ ᠪᠣᠯᠭᠠᠵᠤ᠂ ᠪᠠᠶᠢᠭᠠᠯᠢ ᠶᠢᠨ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠦᠢᠯᠡᠰ ᠤᠨ ᠬᠥᠭᠵᠢᠯᠲᠡ ᠶᠢᠨ | ᠥᠷᠢᠰᠥᠯᠳᠦᠬᠦ ᠬᠦᠴᠦᠨ ᠢ ᠴᠢᠩᠭᠠᠳᠬᠠᠨ᠎ᠠ᠃ | ᠵᠢᠷᠭᠤᠭ᠎ᠠ ᠳᠤ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ | ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠭᠤᠣᠯ ᠬᠤᠳᠠ ᠶᠢ | ᠪᠦᠳᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠬᠤᠳᠠ ᠶᠢᠨ ᠶᠡᠷᠥᠩᠬᠡᠶᠢᠯᠡᠭᠰᠡᠨ ᠢᠵᠢ ᠪᠦᠷᠢᠳᠦᠭᠦᠯᠬᠦ ᠬᠢᠷᠢ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠰᠢᠶᠠᠨ ᠤ ᠬᠤᠳᠠ ᠪᠠ ᠵᠢᠵᠢᠭ ᠬᠤᠳᠠ | ᠪᠠᠯᠭᠠᠰᠤᠨ ᠤ ᠤᠨᠴᠠᠯᠢᠬᠳᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ | ᠴᠢᠩᠭᠠᠳᠬᠠᠵᠤ᠂ ᠬᠤᠳᠠ ᠬᠥᠳᠡᠭᠡ ᠶᠢᠨ ᠰᠠᠭᠤᠷᠢ ᠪᠠᠲᠤᠯᠠᠭ᠎ᠠ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠲᠥᠪ ᠢᠶᠠᠷ ᠳᠠᠶᠢᠴᠢᠯᠠᠭᠤᠯᠤᠭᠰᠠᠨ᠂ ᠤᠯᠠᠨ | ᠴᠡᠭ ᠢᠶᠠᠷ ᠬᠥᠳᠡᠯᠦᠯᠴᠡᠭᠰᠡᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ | ᠳᠣᠯᠤᠭ᠎ᠠ ᠳᠤ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠪᠥᠬᠦ ᠲᠠᠯ᠎ᠠ ᠪᠠᠷ ᠠᠭᠤᠰᠤᠯᠴᠠᠬᠤ ᠶᠢ | ᠪᠡᠶᠡᠯᠡᠭᠦᠯᠦᠨ᠎ᠡ᠃ ᠪᠡᠭᠡᠵᠢᠩ ᠠᠴᠠ ᠣᠶᠢᠷ᠎ᠠ ᠲᠠᠯᠠᠢ ᠳᠠᠭᠠᠤ ᠪᠠᠶᠢᠬᠤ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠡᠭᠡᠵᠢᠩ ᠲᠢᠶᠠᠨᠵᠢᠨ | ᠾᠧᠪᠸᠢ ᠳᠤ ᠭᠦᠨᠵᠡᠭᠡᠢ ᠠᠭᠤᠰᠤᠯᠴᠠᠵᠤ᠂ ᠪᠦᠸᠧᠬᠠᠢ ᠲᠠᠩᠭᠢᠰ ᠳᠠᠭᠠᠤ ᠣᠷᠣᠨ ᠲᠠᠢ ᠢᠳᠡᠪᠬᠢᠲᠡᠢ ᠵᠣᠯᠭᠠᠭᠤᠯᠵᠤ᠂ ᠶᠡᠭᠡ ᠡᠷᠭᠢᠯᠲᠡ ᠳᠤ ᠪᠦᠬᠦ ᠲᠠᠯ᠎ᠠ ᠪᠠᠷ | ᠣᠷᠣᠯᠴᠠᠵᠤ᠂ ᠤᠯᠤᠰ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠤᠨ ᠢ ᠪᠦᠬᠦ ᠬᠦᠴᠦᠨ ᠢᠶᠠᠷ ᠢᠶᠠᠨ | ᠪᠥᠳᠦᠭᠡᠨ ᠪᠠᠶᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠭᠠᠳᠠᠭᠠᠳᠤ ᠬᠠᠨᠳᠤᠰᠢ ᠶᠢ ᠪᠦᠲᠦᠮᠵᠢᠲᠡᠢ ᠳᠡᠭᠡᠭᠰᠢᠯᠡᠭᠦᠯᠵᠦ᠂ ᠥᠨᠳᠥᠷ ᠲᠦᠪᠰᠢᠨ ᠪᠦᠬᠦᠢ | ᠨᠡᠭᠡᠭᠡᠯᠳᠠ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠨᠠᠢᠮᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠤᠰᠬᠤᠨ | ᠮᠠᠯᠵᠢᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠮᠣ ᠬᠤᠲᠠ᠂ ᠬᠥᠳᠡᠭᠡ | ᠲᠤᠰᠬᠤᠨ ᠮᠠᠯᠵᠢᠬᠤ ᠣᠷᠣᠨ ᠤ ᠬᠥᠮᠦᠨ ᠠᠮᠠ ᠶᠢᠨ ᠲᠣᠮᠣ ᠬᠤᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠶᠡᠷᠦᠩᠬᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠬᠥᠳᠡᠭᠡ ᠲᠤᠰᠬᠤᠨ ᠮᠠᠯᠵᠢᠬᠤ ᠣᠷᠣᠨ ᠤ ᠨᠡᠶᠢᠭᠡᠮ ᠤᠨ ᠵᠠᠰᠠᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠂ ᠬᠥᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠣᠳᠣᠬᠢᠴᠢᠯᠠᠯᠲᠠ ᠶᠢ ᠠᠬᠢᠭᠤᠯᠤᠨ᠎ᠠ᠃ | ᠶᠢᠰᠦ ᠳᠤ ᠰᠣᠶᠣᠯ ᠤᠨ ᠦᠢᠯᠡᠰ ᠪᠣᠯᠤᠨ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠰᠣᠶᠣᠯ ᠤᠨ | ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃ ︽ᠲᠤᠭ ᠲᠡᠮᠳᠡᠭ ᠢᠶᠠᠨ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ | ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ︾ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠣᠯᠠᠨ ᠨᠡᠶᠢᠲᠡ ᠶᠢᠨ ᠰᠣᠶᠣᠯ ᠤᠨ | ᠦᠢᠯᠡᠰ ᠢ ᠢᠳᠡᠪᠬᠢᠲᠡᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠣᠨᠴᠠᠯᠢᠭᠲᠤ ᠰᠣᠶᠣᠯ ᠤᠨ ᠨᠡᠷᠡᠲᠦ | ᠲᠡᠮᠳᠡᠭᠲᠦ ᠶᠢ ᠪᠣᠢ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠤᠯᠠᠭᠠᠨᠬᠠᠳᠠ ᠶᠢᠨ | ᠰᠣᠶᠣᠯ ᠤᠨ ᠳᠦᠷᠢ ᠲᠥᠷᠬᠦ ᠶᠢ ᠦᠷᠭᠦᠯᠵᠢᠯᠡᠨ ᠤᠬᠠᠭᠤᠯᠵᠤ᠂ ᠣᠷᠤᠨ ᠨᠤᠲᠤᠭ ᠤᠨ ᠰᠣᠶᠣᠯ ᠤᠨ ᠭᠠᠳᠠᠭᠰᠢ ᠨᠥᠯᠥᠭᠡ ᠶᠢ ᠥᠷᠭᠡᠳᠬᠡᠵᠦ᠂ ︽ᠰᠣᠶᠣᠯ ᠤᠨ | ᠲᠣᠮᠣ ᠬᠤᠲᠠ︾ ᠠᠴᠠ ︽ᠰᠣᠶᠣᠯ ᠤᠨ ᠬᠦᠴᠦᠷᠬᠡᠭ ᠬᠤᠲᠠ︾ ᠵᠦᠭ ᠳᠠᠪᠰᠢᠬᠤ ᠶᠢ ᠠᠬᠢᠭᠤᠯᠤᠨ᠎ᠠ᠃ | ᠠᠷᠪᠠ ᠳᠤ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ | ᠰᠢᠨ᠎ᠡ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠨ᠎ᠠ᠃ ᠠᠷᠠᠳ ᠲᠥᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠣᠢ ᠪᠣᠯᠭᠠᠵᠤ᠂ | ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠪᠠᠷ | ᠬᠥᠭᠵᠢᠯᠲᠡ ᠶᠢᠨ ᠵᠣᠷᠢᠯᠲᠠ ᠪᠠ ᠲᠤᠰᠤᠯᠳᠠ ᠪᠣᠯᠭᠠᠵᠤ᠂ ᠠᠷᠠᠳ ᠤᠨ ᠠᠮᠢᠳᠤᠷᠠᠯ ᠤᠨ ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠨ ᠲᠡᠰ | ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠠᠷᠠᠳ ᠲᠦᠮᠡᠨ ᠤ ᠣᠷᠣᠯᠭ᠎ᠠ ᠶᠢᠨ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠠᠷᠠᠳ ᠤᠯᠠᠨ ᠢ ᠨᠡᠩ ᠢᠯᠡᠭᠦᠦ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠣᠯᠭᠠᠨ᠎ᠠ᠃ | ᠠᠷᠪᠠᠨ ᠨᠢᠭᠡ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠲᠣᠭᠲᠠᠭᠤᠨ ᠪᠠᠶᠢᠯᠭᠠᠬᠤ | ᠬᠠᠯᠬᠠᠪᠴᠢ ᠶᠢ ᠦᠨᠡᠨᠬᠦ ᠪᠠᠲᠤ ᠪᠠᠬᠢ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ | ᠰᠢᠵᠢᠮ ᠪᠣᠯᠭᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ | ᠣᠶᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠤᠱᠯᠠᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ | ᠰᠡᠷᠭᠡᠶᠢᠯᠡᠨ ᠨᠠᠮᠳᠠᠭᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠨ ᠬᠠᠮᠲᠤ ᠪᠠᠷ ᠡᠳ᠋ᠯᠡᠬᠦ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠠᠷᠠᠳ ᠲᠦᠮᠡᠨ ᠤ | ᠠᠮᠤᠷ ᠲᠠᠶᠢᠪᠣᠩ ᠠᠵᠤ ᠲᠦᠷᠦᠭᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠨᠡᠶᠢᠭᠡᠮ ᠤᠨ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠦᠨᠡᠨᠬᠦ | ᠪᠠᠲᠤᠯᠠᠨ᠎ᠠ᠃ | | |