| ᠵᠠᠰᠠᠭ ᠤᠨ ᠣᠷᠳᠣᠨ ᠤ ᠠᠵᠢᠯ ᠤᠨ ᠢᠯᠡᠳᠬᠡᠯ | | | 2021 ᠣᠨ ᠤ 2 ᠰᠠᠷ᠎ᠠ ᠶᠢᠨ 22 ᠤᠨ ᠡᠳᠦᠷ ᠣᠯᠠᠭᠠᠨᠬᠠᠳᠠ ᠬᠤᠳᠠ ᠶᠢᠨ ᠲᠣᠯᠣᠳᠣᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠣᠭᠠᠨ ᠲᠡᠭᠡᠷ᠎ᠡ | | ᠬᠤᠲᠠ ᠶᠢᠨ ᠳᠠᠷᠤᠭ᠎ᠠ ᠸᠠᠩ ᠸᠠᠩ ᠱᠧᠩ | | | ᠲᠦᠯᠦᠭᠡᠯᠡᠭᠴᠢᠳ ᠡ᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ︽ᠤᠯᠠᠭᠠᠨᠬᠠᠳᠠ | ᠬᠤᠳᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ ᠬᠤᠶᠠᠷ | ᠮᠢᠩᠭ᠎ᠠ ᠪᠦᠬᠡᠳ ᠭᠤᠴᠢᠨ ᠳᠠᠪᠤᠨ ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠲᠠᠢ ᠬᠠᠮᠲᠤ ᠳᠤᠨᠢ ᠬᠢᠨᠠᠨ ᠵᠥᠪᠯᠡᠬᠦ ᠪᠣᠯᠪᠠᠤ᠂ ᠲᠡᠷᠡᠴᠢᠯᠡᠨ | ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠤᠭᠠᠷᠠᠢ᠃ | | ᠨᠢᠭᠡ᠂ 2020 ᠣᠨ ᠤ ᠭᠤᠣᠯ ᠠᠵᠢᠯ | ᠥᠩᠭᠡᠷᠡᠭᠰᠡᠨ ᠨᠢᠭᠡ ᠵᠢᠯ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ᠂ ᠬᠠᠲᠠᠭᠤ ᠪᠡᠷᠬᠡ ᠥᠭᠡᠷᠡᠴᠢᠯᠡᠯᠲᠡ ᠬᠥᠭᠵᠢᠯᠲᠡ | ᠲᠣᠭᠲᠠᠭᠤᠨ ᠪᠠᠶᠢᠯᠭᠠᠬᠤ ᠡᠭᠦᠷᠭᠡ ᠶᠢᠨ ᠡᠮᠦᠨ᠎ᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠨᠣᠴᠢᠲᠠᠶ ᠳᠠᠭᠠᠷᠢᠯᠲᠠ ᠶᠢᠨ | ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠬᠤᠳᠠ ᠶᠢᠨ ᠵᠠᠰᠠᠭ ᠤᠨ ᠣᠷᠳᠣᠨ ᠲᠣᠭᠲᠠᠭᠤᠨ ᠮᠥᠷᠳᠡᠭᠡᠨ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠠᠶᠢᠵᠢᠮ ᠢ ᠪᠠᠷᠢᠮᠲᠠᠯᠠᠵᠤ᠂ ᠬᠢᠵᠢᠭ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠴᠦᠨ ᠢᠶᠠᠨ | ᠲᠥᠪᠯᠡᠷᠡᠭᠦᠯᠦᠨ ᠪᠣᠭᠤᠮᠲᠠ ᠰᠢᠪᠲᠤᠯᠵᠤ᠂ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ᠂ ᠪᠦᠬᠦ ᠬᠤᠳᠠ ᠶᠢᠨ ᠠᠵᠤ ᠠᠬᠤᠢ | ᠲᠣᠭᠲᠠᠪᠤᠷᠢᠵᠢᠨ ᠰᠠᠶᠢᠵᠢᠷᠠᠬᠤ ᠶᠢ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠪᠠ᠃ | ︵ᠨᠢᠭᠡ︶ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠡᠰᠡᠷᠭᠦᠴᠡᠪᠡ᠃ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠡᠨᠡᠳᠲᠡ ᠡᠭᠦᠰᠦᠭᠰᠡᠨ ᠬᠥᠨᠲᠦ ᠨᠣᠴᠢᠲᠠᠢ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠯ ᠢ ᠲᠡᠷᠡ ᠳᠠᠷᠤᠢ ᠳᠤᠨᠢ ᠡᠷᠡᠰ ᠰᠢᠭᠤᠷᠬᠠᠢ ᠪᠠᠷ ᠡᠬᠢᠯᠡᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠥᠨᠳᠥᠷ ᠪᠦᠲᠦᠮᠵᠢᠲᠡᠢ ᠠᠵᠢᠯᠯᠠᠭᠠᠨ ᠤ ᠵᠢᠯᠣᠭᠤᠳᠬᠤ ᠰᠢᠰᠲ᠋ᠧᠮ ᠢ ᠦᠳᠲᠡᠷ ᠲᠦᠷᠭᠡᠨ | ᠪᠠᠶᠢᠭᠤᠯᠵᠤ᠂ ᠣᠨᠤᠴᠠᠲᠠᠢ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠲᠦᠷᠦᠯ ᠬᠤᠪᠢᠶᠠᠨ ᠲᠣᠭᠲᠠᠭᠠᠵᠤ᠂ ᠵᠠᠷᠯᠠᠯ ᠵᠠᠷᠯᠢᠭ ᠢ ᠴᠠᠭ ᠲᠤᠬᠠᠢ ᠳᠤᠨᠢ ᠨᠡᠶᠢᠲᠡᠯᠡᠵᠦ᠂ | ᠤᠬᠠᠭᠤᠯᠭ᠎ᠠ ᠰᠣᠷᠲᠠᠯᠴᠢᠯᠠᠭ᠎ᠠ ᠶᠢ ᠥᠨᠳᠦᠷ ᠨᠢᠭᠲᠠᠴᠠ ᠪᠠᠷ ᠵᠣᠬᠢᠶᠠᠨ ᠪᠠᠶᠢᠭᠤᠯᠵᠤ᠂ ᠬᠠᠯᠳᠠᠪᠤᠷᠢᠯᠠᠯ ᠤᠨ ᠡᠬᠢ ᠰᠤᠷᠪᠤᠯᠵᠢ ᠶᠢ ᠡᠵᠡᠮᠳᠡᠨ᠂ ᠬᠠᠯᠳᠠᠪᠤᠷᠢᠯᠠᠬᠤ ᠠᠷᠭ᠎ᠠ | ᠵᠠᠮ ᠢ ᠲᠠᠰᠤᠯᠬᠤ ᠪᠠᠷ ᠭᠤᠣᠯᠳᠠᠯᠭ᠎ᠠ ᠪᠣᠯᠭᠠᠭᠰᠠᠨ ᠬᠢᠵᠢᠭ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ ᠢ ᠪᠦᠬᠦ ᠲᠠᠯ᠎ᠠ ᠪᠠᠷ ᠡᠬᠢᠯᠡᠭᠦᠯᠪᠡ᠃ ᠪᠥᠬᠦ ᠵᠢᠯ ᠳᠤ ᠡᠯ᠎ᠡ | ᠱᠠᠲᠤᠨ ᠤ ᠡᠯ᠎ᠡ ᠲᠥᠷᠥᠯ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠᠯᠠ ᠮᠥᠩᠭᠦ ᠶᠢ 11 ᠳ᠋ᠦᠩᠰᠢᠭᠤᠷ ᠲᠥᠭᠦᠷᠢᠭ ᠣᠷᠣᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠤᠨ ᠥᠷᠨᠢᠯᠲᠡ ᠶᠢ ᠬᠦᠴᠦᠲᠡᠶ ᠪᠠᠲᠤᠯᠠᠪᠠ᠃ 44 ᠡᠳᠦᠷ ᠲᠤ ᠲᠤᠰ ᠭᠠᠵᠠᠷ ᠤᠨ ᠡᠪᠡᠳᠴᠢᠨ ᠤ ᠵᠢᠱᠢᠶ᠎ᠡ ᠶᠢ ᠪᠦᠬᠦᠨ ᠢ ᠡᠮᠨᠡᠨ ᠡᠳᠡᠭᠡᠵᠦ᠂ ᠣᠨᠣᠰᠢᠯᠠᠭᠰᠠᠨ | 9 ᠡᠪᠡᠳᠴᠢᠨ ᠤ ᠵᠢᠱᠢᠶ᠎ᠡ ᠶᠢᠨ ᠨᠢᠭᠡ ᠶᠢ ᠴᠦ ᠦᠬᠦᠭᠦᠯᠦᠭᠰᠡᠨ ᠦᠭᠡᠢ᠂ ᠡᠮᠴᠢ ᠰᠤᠪᠢᠯᠠᠭᠴᠢ ᠶᠢᠨ ᠨᠢᠭᠡ ᠨᠢ ᠴᠦ ᠬᠠᠯᠳᠠᠪᠤᠷᠢᠯᠠᠭᠰᠠᠨ ᠦᠭᠡᠢ ᠶᠢ ᠪᠡᠶᠡᠯᠡᠭᠦᠯᠪᠡ᠃ ︽ | ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ︽ᠬᠥᠮᠦᠨ ᠪᠤᠳᠠᠰ ᠢ ᠬᠠᠮᠲᠤ ᠳᠤᠨᠢ ᠰᠡᠷᠭᠡᠶᠢᠯᠡᠬᠦ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠣᠷᠣᠨ ᠳᠤ ᠡᠩ ᠲᠡᠷᠢᠭᠦᠨ ᠳᠤ ᠠᠵᠢᠯ ᠦᠢᠯᠡᠳᠪᠦᠷᠢᠯᠡᠯ ᠢᠶᠠᠨ ᠰᠡᠷᠭᠦᠭᠡᠨ᠂ ᠠᠮᠢᠳᠤᠷᠠᠯ ᠤᠨ ᠡᠮᠬᠢ | ᠳᠢᠭᠯᠢᠮ ᠢᠶᠠᠨ ᠰᠡᠷᠭᠦᠭᠡᠵᠦ᠂ ᠪᠠᠶᠢᠩᠭᠤᠵᠢᠭᠰᠠᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠪᠦᠭᠡᠳ ᠪᠦᠲᠦᠮᠵᠢᠲᠡᠶ ᠠᠬᠢᠭᠤᠯᠪᠠ᠃ 4 ᠪᠦᠯᠦᠭ | ᠤᠳᠠᠭ᠎ᠠ ᠶᠢᠨ 109 ᠨᠡᠷᠡᠰ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠢ ᠲᠣᠮᠢᠯᠠᠨ ᠬᠤᠪᠧᠶ ᠶᠢ ᠲᠤᠰᠠᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠬᠢᠵᠢᠭ ᠢ ᠰᠡᠷᠭᠡᠶᠢᠯᠡᠨ ᠡᠵᠡᠮᠳᠡᠬᠦ ᠴᠢᠬᠤᠯᠠ ᠵᠠᠩᠭᠢᠯᠠᠭ᠎ᠠ ᠶᠢᠨ ᠴᠡᠭ ᠤᠨ ᠲᠤᠰᠠᠯᠠᠬᠤ ᠡᠭᠦᠷᠭᠡ ᠶᠢ ᠪᠡᠶᠡᠯᠡᠭᠦᠯᠦᠨ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ | ᠬᠠᠩᠭᠠᠯᠭ᠎ᠠ ᠪᠠ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠡᠲᠤᠯᠠᠪᠠ᠃ ᠬᠢᠵᠢᠭ ᠤᠨ ᠲᠡᠮᠡᠴᠡᠯ ᠤᠨ ᠳᠤᠮᠳᠠ᠂ ᠪᠦᠬᠦ | ᠬᠤᠳᠠ ᠶᠢᠨ ᠥᠷᠭᠡᠨ ᠤᠯᠠᠨ ᠡᠮᠨᠡᠯᠭᠡ ᠶᠢᠨ ᠠᠵᠢᠯᠲᠠᠳ ᠡᠷᠡᠰ ᠰᠢᠭᠤᠷᠬᠠᠢ ᠪᠠᠷ ᠠᠮᠢ ᠨᠠᠰᠤ ᠶᠢ ᠠᠪᠤᠷᠠᠵᠤ᠂ ᠨᠡᠶᠢᠭᠡᠮ ᠲᠣᠭᠤᠷᠢᠭ ᠤᠨ ᠠᠵᠢᠯᠳᠠᠨ᠂ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠺᠠᠳ᠋ᠷ᠂ ᠰᠣᠨᠢᠨ ᠮᠡᠳᠡᠭᠡᠨ ᠤ ᠠᠵᠢᠯᠳᠠᠨ᠂ ᠰᠠᠶᠢᠨ ᠳᠤᠷᠠᠴᠤᠳ ᠵᠣᠪᠠᠭᠤᠷᠢ ᠵᠦᠳᠡᠭᠦᠷᠢ ᠪᠠᠨ ᠬᠠᠶᠢᠬᠤᠷᠤᠯ | ᠦᠭᠡᠢ ᠪᠠᠷ ᠨᠢᠭᠡᠳᠦᠭᠡᠷ ᠹᠷᠣᠨᠲ ᠢ ᠪᠠᠲᠤ ᠰᠠᠬᠢᠵᠤ᠂ ᠲᠤᠭ᠎ᠠ ᠲᠣᠮᠰᠢ ᠦᠭᠡᠢ ᠡᠭᠡᠯ ᠵᠢᠷ ᠤᠨ ᠬᠥᠮᠦᠰ ᠦᠭᠡ ᠳᠠᠭᠤᠨ ᠦᠭᠡᠢ ᠪᠠᠷ ᠬᠤᠪᠢ ᠨᠡᠮᠡᠷᠢ ᠪᠠᠨ ᠦᠵᠡᠭᠦᠯᠵᠦ᠂ | ᠪᠦᠬᠦ ᠬᠤᠳᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠬᠦᠴᠦ ᠪᠠᠨ ᠬᠠᠮᠲᠤᠳᠬᠠᠨ᠂ ᠬᠢᠵᠢᠭ ᠢ | ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠭᠦᠢᠴᠡᠳ | ᠢᠯᠡᠷᠡᠭᠦᠯᠪᠡ᠃ | ︵ᠬᠤᠶᠠᠷ︶ ᠠᠵᠤ ᠠᠬᠤᠶ ᠶᠢᠨ ᠬᠥᠭᠵᠢᠯᠲᠡ ᠶᠢᠨ ᠡᠷᠴᠢ ᠬᠦᠴᠦᠨ ᠦᠷᠭᠦᠯᠵᠢᠯᠡᠨ ᠴᠢᠩᠭᠠᠷᠠᠪᠠ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠨᠡᠮᠡᠭᠳᠡᠯ ᠤᠨ | ᠬᠤᠷᠳᠤᠴᠠ ᠠᠴᠠ 4.2 ᠵᠠᠭᠤᠨ ᠤ ᠴᠡᠭ ᠥᠨᠳᠥᠷ ᠪᠣᠯᠪᠠ᠃ ᠪᠦᠬᠦ ᠵᠢᠯ ᠳᠤ ᠶᠡᠷᠦᠩᠬᠡᠢ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ | ᠭᠤᠣᠯᠳᠠᠯᠭᠠᠲᠠᠢ ᠲᠥᠷᠥᠯ ᠵᠦᠢᠯ 453 ᠶᠢ ᠠᠵᠢᠯ ᠡᠬᠢᠯᠡᠭᠦᠯᠵᠦ᠂ ᠪᠡᠶᠡᠯᠡᠭᠦᠯᠦᠭᠰᠡᠨ ᠪᠠᠯᠠ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 10. | 2% ᠢᠶᠠᠷ ᠨᠡᠮᠡᠭᠳᠡᠪᠡ᠃ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ 17. | 5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ 141 ᠴᠢᠨᠠᠷ ᠰᠠᠶᠢᠲᠠᠶ ᠲᠥᠷᠥᠯ ᠵᠦᠢᠯ ᠢ ᠣᠷᠤᠭᠤᠯᠤᠨ ᠠᠪᠴᠢᠷᠠᠵᠤ | ᠨᠠᠶᠢᠳᠠᠪᠤᠷᠢᠵᠢᠭᠤᠯᠵᠤ᠂ 40 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ ᠪᠠᠶᠢᠰᠢᠩ ᠢ ᠰᠢᠨ᠎ᠡ ᠪᠠᠷ ᠪᠠᠶᠢᠭᠤᠯᠵᠤ | ᠠᠰᠢᠭᠯᠠᠨ ᠬᠡᠷᠡᠭᠯᠡᠪᠡ᠃ ᠤᠯᠤᠰ ᠤᠨ ᠪᠡᠯᠡ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠬᠦ ᠥᠭᠡᠷᠡᠴᠢᠯᠡᠯᠲᠡ ᠶᠢᠨ ᠡᠭᠦᠷᠭᠡ ᠶᠢ | ᠪᠡᠶᠡᠯᠡᠭᠦᠯᠪᠡ᠃ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠬᠦᠴᠦᠨ ᠨᠡᠮᠡᠷᠢᠯᠡᠬᠦ ᠦᠢᠯᠡᠳᠦᠯ ᠲᠤᠪᠤᠶᠢᠮ᠎ᠠ ᠢᠯᠡᠷᠡᠵᠦ᠂ 27 ᠮᠥᠩᠭᠦᠨ | ᠭᠦᠢᠯᠭᠡᠭᠡᠨ ᠤ ᠪᠠᠶᠢᠭᠤᠯᠤᠮᠵᠢ 149 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ 245 ᠳ᠋ᠦᠩᠰᠢᠭᠤᠷ ᠲᠥᠭᠦᠷᠢᠭ ᠤᠨ ᠢᠲᠡᠭᠡᠮᠵᠢ ᠶᠢᠨ ᠵᠢᠭᠡᠯᠡᠯᠭᠡ ᠶᠢᠨ ᠭᠡᠷ᠎ᠡ | ᠲᠣᠭᠲᠠᠵᠤ᠂ 10 ᠠᠵᠤ ᠠᠬᠤᠶᠢᠯᠠᠯ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠰᠢᠨ᠎ᠡ ᠪᠠᠷ ᠠᠵᠢᠯ ᠡᠷᠬᠢᠯᠡᠵᠦ᠂ ᠪᠦᠬᠦ ᠬᠤᠳᠠ ᠶᠢᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ 2155 ᠳ᠋ᠦᠩᠰᠢᠭᠤᠷ ᠲᠥᠭᠦᠷᠢᠭ᠂ ᠬᠠᠳᠠᠭᠠᠯᠠᠮᠵᠢ ᠶᠢᠨ ᠦᠯᠡᠳᠡᠪᠦᠷᠢ 2606 | ᠳ᠋ᠦᠩᠰᠢᠭᠤᠷ ᠲᠥᠭᠦᠷᠢᠭ ᠲᠤ ᠬᠦᠷᠴᠦ᠂ ᠲᠤᠰᠪᠤᠷᠢ 7.3% ᠪᠠ 7.6% ᠥᠰᠪᠡ᠃ ᠬᠡᠷᠡᠭᠯᠡᠭᠡ ᠶᠢ ᠲᠠᠰ ᠳᠡᠪᠰᠢᠭᠦᠯᠬᠦ ᠠᠵᠢᠯᠯᠠᠭ᠎ᠠ ᠶᠢ ᠲᠦᠷᠭᠡᠳᠬᠡᠨ | ᠬᠡᠷᠡᠭᠵᠢᠭᠦᠯᠵᠦ᠂ 8500 ᠲᠦᠮᠡᠨ ᠲᠥᠭᠦᠷᠢᠭ ᠤᠨ ᠬᠡᠷᠡᠭᠯᠡᠭᠡ ᠵᠢᠴᠢ ᠵᠢᠭᠤᠯᠴᠢᠯᠠᠯ ᠤᠨ ᠴᠠᠬᠢᠮ ᠲᠡᠮᠳᠡᠭᠲᠦ ᠲᠠᠷᠬᠠᠭᠠᠵᠤ᠂ 6.8 ᠳ᠋ᠦᠩᠰᠢᠭᠤᠷ ᠲᠥᠭᠦᠷᠢᠭ ᠤᠨ | ᠬᠡᠷᠡᠭᠯᠡᠭᠡ ᠶᠢ ᠳᠠᠶᠢᠴᠢᠯᠠᠪᠠ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 583.4 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠳᠤᠮᠳᠠᠴᠢ ᠲᠦᠪᠰᠢᠨ ᠳᠤ ᠬᠥᠷᠪᠡ᠃ ᠣᠯᠠᠨ ᠦᠨᠡᠮᠯᠡᠯ ᠢ | ᠨᠡᠶᠢᠯᠡᠭᠦᠯᠬᠦ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ ᠵᠡᠷᠭᠡ 33 ᠵᠦᠢᠯ ᠤᠨ ᠬᠠᠲᠠᠭᠤ ᠴᠢᠩᠭ᠎ᠠ ᠠᠷᠭ᠎ᠠ ᠬᠡᠮᠵᠢᠶ᠎ᠡ ᠶᠢ ᠰᠢᠨ᠎ᠡ ᠪᠠᠷ ᠨᠡᠶᠢᠲᠡᠯᠡᠵᠦ᠂ | ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠠᠰ ᠳᠡᠪᠰᠢᠭᠰᠡᠨ ᠬᠡᠪ ᠢ ᠤᠯᠠᠮ ᠨᠢᠭᠡ ᠠᠯᠬᠤᠮ ᠪᠣᠶ ᠪᠣᠯᠭᠠᠪᠠ᠃ ᠭᠠᠶᠢᠯᠢ | ᠬᠡᠯᠲᠦᠷᠢᠭᠦᠯᠵᠦ ᠰᠦᠢᠳᠬᠡᠯ ᠬᠠᠰᠤᠭᠰᠠᠨ ᠨᠣᠷᠮ᠎ᠠ 26.9 ᠳ᠋ᠦᠩᠰᠢᠭᠤᠷ ᠲᠥᠭᠦᠷᠢᠭ ᠰᠢᠨ᠎ᠡ ᠨᠡᠮᠡᠭᠳᠡᠵᠦ᠂ ᠵᠢᠯ ᠤᠨ ᠥᠷᠢ ᠥᠭᠴᠡᠭᠡ ᠶᠢ ᠨᠠᠮᠳᠠᠭᠠᠬᠤ ᠡᠭᠦᠷᠭᠡ ᠪᠠᠨ | ᠳᠠᠪᠠᠭᠤᠯᠤᠨ ᠪᠡᠶᠡᠯᠡᠭᠦᠯᠪᠡ᠃ | ︵ᠭᠤᠷᠪᠠ︶ ᠠᠵᠤ ᠦᠢᠯᠡᠰ ᠤᠨ ᠬᠥᠭᠵᠢᠯᠲᠡ ᠶᠢᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ ᠠᠵᠤ ᠦᠢᠯᠡᠳᠪᠦᠷᠢ ᠶᠢᠨ ᠨᠢᠭᠡ ᠪᠦᠯᠦᠭ | ᠳᠠᠪᠠᠭᠤᠯᠢᠭ ᠠᠵᠤ ᠦᠢᠯᠡᠰ ᠤᠨ ᠲᠥᠷᠥᠯ ᠵᠦᠢᠯ ᠬᠡᠷᠡᠭᠵᠢᠭᠦᠯᠦᠭᠳᠡᠵᠦ᠂ 650 ᠲᠦᠮᠡᠨ ᠲᠣᠨ ᠬᠦᠩᠭᠡᠨ ᠴᠠᠭᠠᠨ ᠤ ᠢᠰᠦᠯ᠂ 270 ᠲᠦᠮᠡᠨ ᠲᠣᠨ ᠪᠤᠯᠤᠳ | ᠬᠡᠦᠷᠡᠰᠦ ᠶᠢ ᠨᠢᠭᠡ ᠴᠤᠭᠴᠠᠵᠢᠭᠤᠯᠬᠤ᠂ 100 ᠲᠦᠮᠡᠨ ᠲᠣᠨ ᠴᠠᠬᠢᠭᠤᠷ ᠮᠠᠩᠭᠠᠨ ᠤ ᠬᠠᠶᠢᠯᠤᠰᠢ ᠵᠡᠷᠭᠡ ᠶᠢ ᠡᠬᠢᠯᠡᠨ ᠪᠦᠳᠦᠭᠡᠨ ᠪᠠᠶᠢᠭᠤᠯᠵᠤ᠂ ᠳ᠋ᠦᠩ ᠶᠤᠸᠠᠢ | ᠹᠯᠣᠷ ᠤᠨ ᠬᠢᠮᠢ ᠶᠢᠨ ᠠᠵᠤ ᠦᠢᠯᠡᠳᠪᠦᠷᠢ᠂ ᠶᠢᠨ ᠵᠢᠶᠠᠨ ᠵᠡᠰ ᠬᠠᠶᠢᠯᠤᠭᠤᠯᠬᠤ᠂ ᠫᠦ᠋ ᠯᠢ ᠲᠠᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠨᠢᠭᠡᠳᠦᠭᠡᠷ | ᠬᠤᠭᠤᠴᠠᠭ᠎ᠠ ᠵᠡᠷᠭᠡ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠪᠦᠬᠦ ᠵᠢᠯ ᠳᠤ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ | ᠲᠦᠷᠦᠯ ᠵᠦᠢᠯ 83 ᠶᠢ ᠬᠡᠷᠡᠭᠵᠢᠭᠦᠯᠵᠦ᠂ ᠪᠦᠬᠦ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 6.2% ᠢᠶᠠᠷ | ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠨᠡᠮᠡᠭᠳᠡᠯ ᠤᠨ ᠬᠤᠷᠳᠤᠴᠠ ᠠᠴᠠ 5.5 ᠵᠠᠭᠤᠨ ᠤ ᠴᠡᠭ ᠥᠨᠳᠥᠷ ᠪᠣᠯᠪᠠ᠃ ᠲᠠᠷᠢᠶᠠᠯᠠᠩ ᠮᠠᠯ ᠠᠵᠤ ᠠᠬᠤᠶ ᠶᠢᠨ | ᠭᠤᠣᠯᠳᠠᠯᠭᠠᠲᠠᠢ ᠠᠵᠤ ᠦᠢᠯᠡᠰ ᠢ ᠲᠥᠷᠭᠡᠨ ᠬᠥᠭᠵᠢᠭᠦᠯᠵᠦ᠂ ᠲᠥᠬᠦᠭᠡᠷᠦᠮᠵᠢᠲᠦ ᠲᠠᠷᠢᠶᠠᠯᠠᠩ ᠢ 10 ᠲᠦᠮᠡᠨ ᠮᠥ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ | ᠦᠨᠳᠤᠷ ᠪᠠᠷᠢᠮᠵᠢᠶᠠᠳᠤ ᠳᠠᠷᠢᠶᠠᠨ ᠭᠠᠵᠠᠷ 53 ᠳᠦᠮᠡᠨ ᠮᠤ᠋ ᠰᠢᠨ᠎ᠠ ᠪᠠᠷ ᠨᠡᠮᠡᠭᠳᠡᠬᠦᠯᠵᠤ᠂ ᠬᠦᠬᠡ ᠳᠠᠷᠤᠰᠢ ᠶᠢᠨ ᠡᠷᠳᠡᠨᠢ ᠰᠢᠰᠢ ᠪᠠ ᠪᠣᠷᠤ ᠴᠠᠷᠭᠠᠰᠤ ᠶᠢ 52 | ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠡᠪᠡᠰᠦᠨ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠶᠢ 45 ᠲᠦᠮᠡᠨ ᠮᠥ ᠳᠤ ᠬᠦᠷᠦᠭᠦᠯᠪᠡ᠃ ᠠᠯᠠᠰᠢᠨ ᠦᠬᠡᠷ ᠢ 34. | 4 ᠲᠦᠮᠡᠨ ᠲᠣᠯᠤᠭᠠᠢ ᠰᠢᠨ᠎ᠡ ᠪᠠᠷ ᠨᠡᠮᠡᠭᠳᠡᠭᠦᠯᠵᠦ᠂ ᠠᠯᠠᠰᠢᠨ ᠬᠤᠨᠢ ᠶᠢ 1250 ᠲᠦᠮᠡ ᠠᠴᠠ ᠳᠡᠭᠡᠭᠰᠢ ᠲᠣᠭᠲᠠᠪᠤᠷᠢᠵᠢᠭᠤᠯᠪᠠ᠃ ︽ᠬᠤᠶᠠᠷ ᠪᠦᠲᠦᠭᠡᠭᠳᠡᠬᠦᠨ | ᠨᠢᠭᠡ ᠲᠡᠮᠳᠡᠭᠲᠦ︾ ᠶᠢᠨ ᠭᠡᠷᠡᠴᠢᠯᠡᠯ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ 189 ᠰᠢᠨ᠎ᠡ ᠪᠠᠷ ᠨᠡᠮᠡᠭᠳᠡᠭᠦᠯᠵᠦ᠂ ︽ᠤᠯᠠᠭᠠᠨᠬᠠᠳᠠ ᠶᠢᠨ | ᠨᠠᠷᠢᠮᠤ︾ ᠶᠢ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ︽ᠮᠣᠩᠭᠤᠯ︾ ᠲᠡᠮᠳᠡᠭᠲᠦ ᠨᠠᠷᠠᠲᠤ ᠲᠡᠮᠳᠡᠭᠲᠦ ᠳᠤ ᠵᠢᠭᠰᠠᠭᠠᠨ ᠣᠷᠣᠭᠤᠯᠪᠠ᠃ | ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠢ ᠡᠬᠢᠯᠡᠨ ᠪᠠᠶᠢᠭᠤᠯᠵᠤ᠂ 8 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠦᠢᠯᠡᠴᠢᠯᠡᠭᠡᠨ ᠤ ᠦᠢᠯᠡᠰ ᠬᠦᠴᠢᠷᠳᠡᠯ ᠤᠨ ᠳᠤᠮᠳᠠ ᠰᠢᠨ᠎ᠡ ᠬᠥᠭᠵᠢᠯᠲᠡ ᠲᠠᠢ ᠪᠣᠯᠵᠤ᠂ ᠰᠦᠩᠱᠠᠨ ᠤ | ᠸᠠᠨ ᠳ᠋ᠠ ᠠᠭᠤᠳᠠᠮ ᠲᠠᠯᠠᠪᠠᠶ᠂ ᠬᠥᠭᠦᠷᠭᠡᠨ ᠠᠷᠤ ᠶᠢᠨ ᠰᠢᠨ᠎ᠡ ᠵᠥᠩ ᠯᠢᠶᠠᠨ᠂ ᠯᠢᠨᠰᠢ ᠶᠢᠨ ᠬᠤᠩ ᠰᠢᠩ ᠮᠧᠶ ᠺᠠᠶ ᠯᠦᠩ ᠵᠡᠷᠭᠡ ᠶᠢᠨ ᠪᠠᠶᠢᠭᠤᠯᠤᠯᠲᠠ ᠨᠢ | ᠤᠷᠤᠭᠰᠢᠲᠠᠶ ᠶᠠᠪᠤᠭᠳᠠᠵᠤ᠂ ᠯᠦᠩ ᠲᠧᠩ ᠣᠯᠠᠨ ᠤᠯᠤᠰ ᠤᠨ ᠠᠭᠤᠳᠠᠮ ᠲᠠᠯᠠᠪᠠᠶ᠂ ᠯᠢᠶᠣᠣ ᠤᠯᠤᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ | ᠮᠣᠩᠭᠤᠯ ᠬᠠᠭᠠᠨ ᠤ ᠬᠤᠲᠠ᠂ ᠨᠠᠷᠢᠮᠤ ᠶᠢᠨ ᠮᠦᠽᠧᠶ᠂ ᠰᠢᠩ ᠯᠦᠩ ᠬᠥᠳᠡᠭᠡ ᠲᠤᠰᠬᠤᠨ ᠤ ᠬᠠᠮ ᠴᠣᠭᠴᠠ ᠵᠡᠷᠭᠡ ᠶᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠵᠤ᠂ ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ | ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠪᠠᠭᠠᠷᠢᠨ ᠵᠡᠭᠦᠨ ᠬᠤᠰᠢᠭᠤ᠂ ᠣᠩᠨᠢᠭᠤᠳ ᠬᠤᠰᠢᠭᠤ ᠨᠢ ᠥᠪᠡᠷᠲᠡᠭᠡᠨ ᠵᠠᠰᠠᠬᠤ | ᠣᠷᠣᠨ ᠤ ᠲᠠᠰ ᠤᠨ ᠪᠥᠬᠦ ᠣᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ | ︵ᠳᠥᠷᠪᠡ︶ ᠬᠤᠲᠠ ᠬᠥᠳᠡᠭᠡ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ ᠭᠤᠣᠯ ᠬᠤᠲᠠ ᠲᠣᠭᠤᠷᠢᠭ ᠤᠨ | ᠪᠠᠶᠢᠭᠤᠯᠤᠯᠲᠠ ᠶᠢᠨ ᠬᠢᠷᠢ ᠲᠥᠪᠰᠢᠨ ᠤᠯᠠᠮ ᠨᠢᠭᠡ ᠠᠯᠬᠤᠮ ᠳᠡᠭᠡᠭᠰᠢᠯᠡᠵᠦ᠂ ᠳᠡᠭᠦᠯᠢᠯᠲᠡ ᠶᠡᠭᠡ ᠵᠠᠮ ᠪᠦᠬᠦ ᠱᠤᠭᠤᠮ ᠢᠶᠠᠷ ᠢᠶᠠᠨ ᠨᠡᠪᠲᠡᠷᠡᠵᠦ᠂ ᠳ᠋ᠠᠪᠠᠨ ᠵᠠᠮ ᠤᠨ | ᠡᠮᠦᠨᠡᠰᠢ ᠨᠡᠪᠲᠡᠷᠡᠬᠦ᠂ ᠬᠥᠬᠦᠭᠡ ᠵᠡᠭᠡᠯᠢ ᠶᠢᠨ ᠪᠠᠷᠠᠭᠤᠨᠰᠢ ᠨᠡᠪᠲᠡᠷᠡᠬᠦ ᠢᠨᠵᠧᠨᠧᠷᠢᠩ ᠤᠨ ᠲᠡᠷᠭᠡ ᠨᠡᠪᠲᠡᠷᠡᠬᠦ ᠶᠢ ᠪᠡᠶᠡᠯᠡᠭᠦᠯᠵᠦ᠂ ᠬᠠᠳᠠᠨᠬᠤᠰᠢᠭᠤ ᠴᠡᠴᠡᠷᠯᠢᠭ᠂ | ᠤᠯᠠᠭᠠᠨᠬᠠᠳᠠ ᠴᠡᠴᠡᠷᠯᠢᠭ ᠢ ᠨᠡᠭᠡᠭᠡᠨ ᠡᠵᠡᠩᠨᠡᠵᠦ᠂ ᠬᠤᠩᠱᠠᠨ ᠴᠡᠴᠡᠷᠯᠢᠭ᠂ ᠡᠮᠦᠨ᠎ᠡ ᠠᠭᠤᠯᠠ ᠴᠡᠴᠡᠷᠯᠢᠭ ᠤᠨ ᠥᠭᠡᠷᠡᠴᠢᠯᠡᠨ ᠵᠠᠰᠠᠬᠤ ᠠᠵᠢᠯ ᠢ ᠦᠨᠳᠦᠰᠦᠨ ᠳᠡᠭᠡᠨ | ᠳᠠᠭᠤᠰᠬᠠᠵᠤ᠂ ᠰᠠᠨ ᠽᠦᠸᠧ ᠳ᠋ᠢᠶᠠᠨ ᠤᠰᠤᠨ ᠴᠥᠭᠦᠷᠥᠮ᠂ ᠢᠩᠭᠡ ᠶᠢᠨ ᠭᠤᠣᠯ ᠤᠨ ᠤᠰᠤᠨ ᠰᠤᠷᠪᠤᠯᠵᠢ ᠭᠠᠵᠠᠷ ᠠᠴᠠ ᠭᠤᠣᠯ ᠬᠤᠳᠠ ᠲᠣᠭᠤᠷᠢᠭ ᠲᠤ ᠤᠰᠤ | ᠬᠠᠩᠭᠠᠬᠤ ᠶᠢ ᠪᠡᠶᠡᠯᠡᠭᠦᠯᠵᠦ᠂ 41 ᠺᠢᠯᠣᠮᠧᠲᠷ ᠤᠨ ᠭᠤᠣᠯ ᠤᠨ ᠦᠶᠡᠷ ᠢ ᠰᠡᠷᠭᠡᠶᠢᠯᠡᠨ ᠵᠠᠰᠠᠬᠤ᠂ 23 ᠺᠢᠯᠣᠮᠧᠲᠷ ᠤᠨ ᠪᠣᠷᠣᠭᠠᠨ ᠤ ᠤᠰᠤ ᠬᠠᠶᠠᠭᠳᠠᠮᠠᠯ ᠤᠰᠤ ᠶᠢ | ᠰᠠᠯᠭᠠᠬᠤ᠂ 8 ᠺᠢᠯᠣᠮᠧᠲᠷ ᠤᠨ ᠬᠤᠳᠠ ᠶᠢ ᠲᠣᠭᠤᠷᠢᠭᠰᠠᠨ ᠢᠯᠴᠢ ᠶᠢᠨ ᠲᠣᠣᠷ ᠵᠡᠷᠭᠡ ᠶᠢ ᠪᠠᠶᠢᠭᠤᠯᠤᠨ ᠠᠰᠢᠭᠯᠠᠯᠲᠠ ᠳᠤ ᠣᠷᠤᠭᠤᠯᠵᠤ᠂ 10 ᠲᠥᠮᠡᠨ ᠲᠤᠨ ᠤ | ᠳᠠᠬᠢᠯᠲᠠ ᠤᠰᠤ ᠶᠢᠨ ᠥᠷᠭᠡᠳᠬᠡᠨ ᠪᠠᠶᠢᠭᠤᠯᠬᠤ ᠢᠨᠵᠧᠨᠧᠷᠢᠩ ᠢ ᠦᠨᠳᠦᠰᠦᠨ ᠳᠡᠭᠡᠨ ᠪᠡᠶᠡᠯᠡᠭᠦᠯᠪᠡ᠃ ᠭᠤᠣᠯ ᠬᠤᠲᠠ ᠲᠣᠭᠤᠷᠢᠭ ᠤᠨ ᠬᠤᠲᠠ ᠶᠢᠨ ᠳᠦᠷᠰᠦ | ᠪᠠᠶᠢᠳᠠᠯ ᠢ ᠶᠡᠷᠦᠩᠬᠡᠶᠢᠯᠡᠨ ᠵᠠᠰᠠᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ 90 ᠰᠢᠨ᠎ᠡ | ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠠᠰᠢᠭᠯᠠᠯᠲᠠ ᠳᠤ ᠣᠷᠤᠵᠤ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠤ ᠰᠠᠷᠠᠪᠴᠢ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠰᠢᠨᠡᠳᠬᠡᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠬᠤᠭ ᠨᠣᠪᠰᠢ ᠰᠢᠳᠠᠭᠠᠵᠤ ᠢᠯᠴᠢ ᠴᠠᠬᠢᠯᠭᠠᠨ ᠢ ᠬᠤᠯᠪᠤᠭᠠᠯᠠᠨ ᠦᠢᠯᠡᠳᠪᠦᠷᠢᠯᠡᠬᠦ ᠶᠢ | ᠪᠡᠶᠡᠯᠡᠭᠦᠯᠦᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠬᠤᠲᠠ ᠶᠢᠨ ᠶᠠᠪᠤᠳᠠᠯ ᠴᠡᠴᠡᠷᠯᠢᠭᠵᠢᠭᠦᠯᠦᠯᠲᠡ ᠶᠢᠨ ᠠᠷᠠᠴᠢᠯᠠᠨ ᠬᠠᠮᠠᠭᠠᠯᠠᠬᠤ ᠶᠢ ᠨᠢᠭᠡ | ᠴᠤᠭᠴᠠᠵᠢᠭᠤᠯᠬᠤ ᠬᠡᠯᠪᠡᠷᠢ ᠶᠢ ᠪᠥᠬᠦ ᠣᠷᠣᠨ ᠳᠤ ᠤᠷᠢᠳᠠᠪᠠᠷ ᠬᠡᠷᠡᠭᠵᠢᠭᠦᠯᠵᠦ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ | ᠬᠤᠲᠠ ᠶᠢᠨ 2779 ᠢᠵᠢ ᠳᠥᠭᠦᠮ ᠪᠥᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ 105 ᠲᠦᠮᠡᠨ ᠲᠡᠭᠰᠢ | ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠪᠠ᠃ ᠵᠠᠮ ᠬᠠᠷᠢᠯᠴᠠᠭ᠎ᠠ᠂ ᠡᠨᠧᠷᠭᠢ ᠶᠢᠨ ᠰᠠᠭᠤᠷᠢ ᠢᠨᠵᠧᠨᠧᠷᠢᠩ ᠢ | ᠲᠦᠷᠭᠡᠳᠬᠡᠨ ᠠᠬᠢᠭᠤᠯᠵᠤ᠂ ᠰᠢᠶᠤᠤ ᠴᠧᠩ ᠽᠢ ᠠᠴᠠ ᠫᠢᠩ ᠴᠢᠤᠸᠠᠨ ᠬᠥᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠪᠢᠷᠠᠭᠤ ᠠᠴᠠ ᠭᠦᠩᠵᠦ ᠶᠢᠨ ᠣᠪᠣᠭ᠎ᠠ ᠬᠦᠷᠬᠦ | ᠲᠦᠷᠭᠡᠨ ᠵᠠᠮ ᠢ ᠡᠬᠢᠯᠡᠨ ᠵᠠᠰᠠᠵᠤ᠂ ᠪᠣᠷᠤᠬᠤᠲᠠ ᠠᠴᠠ ᠴᠢᠪᠠᠭ᠎ᠠ ᠬᠥᠷᠬᠦ ᠲᠥᠷᠭᠡᠨ ᠵᠠᠮ ᠨᠢ ᠪᠣᠯᠤᠮᠵᠢ ᠶᠢᠨ ᠵᠥᠪᠰᠢᠶᠡᠷᠡᠯ ᠣᠯᠪᠠ᠃ ᠵᠢᠨᠢᠩ ᠠᠴᠠ ᠲᠥᠩᠯᠢᠶᠤᠤ | ᠬᠦᠷᠬᠦ ᠲᠡᠮᠦᠷ ᠵᠠᠮ ᠤᠨ ᠴᠠᠬᠢᠯᠭᠠᠨᠵᠢᠭᠰᠠᠨ ᠥᠭᠡᠷᠡᠴᠢᠯᠡᠯᠲᠡ ᠪᠦᠬᠦ ᠲᠠᠯ᠎ᠠ ᠪᠠᠷ ᠡᠬᠢᠯᠡᠵᠦ᠂ ᠤᠯᠠᠭᠠᠨᠬᠠᠳᠠ ᠠᠴᠠ ᠬᠠᠷᠠᠴᠢᠨ ᠵᠡᠭᠦᠨ ᠭᠠᠷᠤᠨ ᠬᠤᠰᠢᠭᠤ ᠬᠦᠷᠬᠦ | ᠲᠦᠷᠭᠡᠨ ᠲᠡᠮᠦᠷ ᠵᠠᠮ ᠲᠡᠷᠭᠡ ᠨᠡᠪᠲᠡᠷᠡᠪᠡ᠃ 5 ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠪᠦᠬᠦ ᠲᠠᠯ᠎ᠠ ᠪᠠᠷ ᠠᠵᠢᠯ ᠡᠬᠢᠯᠡᠭᠦᠯᠵᠦ᠂ ᠠᠷᠤ ᠬᠤᠷᠴᠢᠨ | ᠬᠤᠰᠢᠭᠤᠨ ᠤ ᠨᠢᠰᠬᠡᠯ ᠤᠨ ᠪᠠᠭᠤᠳᠠᠯ ᠤᠨ ᠠᠶᠠᠯᠠᠯ ᠨᠡᠪᠲᠡᠷᠡᠬᠦ ᠶᠢ ᠪᠡᠶᠡᠯᠡᠭᠦᠯᠦᠨ᠂ ᠬᠠᠰ ᠯᠣᠣ ᠨᠢᠰᠬᠡᠯ ᠤᠨ ᠪᠠᠭᠤᠳᠠᠯ ᠤᠨ ᠥᠭᠡᠷᠡᠴᠢᠯᠡᠨ ᠥᠷᠭᠡᠳᠬᠡᠬᠦ | ᠢᠨᠵᠧᠨᠧᠷᠢᠩ ᠤᠨ ᠭᠤᠣᠯ ᠴᠣᠭᠴᠠ ᠶᠢᠨ ᠠᠵᠢᠯ ᠢ ᠳᠠᠭᠤᠰᠬᠠᠪᠠ᠃ ᠴᠤᠤᠶᠠᠩ ᠠᠴᠠ ᠤᠯᠠᠭᠠᠨᠬᠠᠳᠠ ᠬᠥᠷᠬᠦ ᠰᠢᠲᠠᠮᠠᠬᠠᠶ ᠬᠡᠶ ᠬᠦᠷᠭᠡᠬᠦ ᠬᠤᠭᠤᠯᠠᠶ ᠶᠢᠨ | ᠤᠯᠠᠭᠠᠨᠬᠠᠳᠠ ᠶᠢᠨ ᠬᠡᠰᠡᠭ ᠤᠨ ᠠᠵᠢᠯ ᠦᠨᠳᠦᠰᠦᠨ ᠳᠡᠭᠡᠨ ᠳᠠᠭᠤᠰᠴᠤ᠂ ᠽᠢ ᠴᠧᠩ ᠤᠨ 500 ᠺᠢᠯᠤᠸᠤᠯᠲ ᠤᠨ ᠴᠠᠬᠢᠯᠭᠠᠨ ᠬᠦᠷᠭᠡᠵᠦ ᠬᠦᠴᠦᠳᠡᠯ ᠥᠭᠡᠷᠡᠴᠢᠯᠡᠬᠦ | ᠢᠨᠵᠧᠨᠧᠷᠢᠩ ᠢ ᠪᠥᠬᠦ ᠲᠠᠯ᠎ᠠ ᠪᠠᠷ ᠪᠠᠶᠢᠭᠤᠯᠵᠤ ᠳᠠᠭᠤᠰᠬᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠪᠦᠰᠡ | ᠪᠠ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠥᠲᠥᠭᠡᠨ ᠪᠠᠶᠢᠭᠤᠯᠤᠯᠲᠠ ᠳᠤ 28.8 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠵᠤ᠂ 94 ᠲᠥᠷᠥᠯ | ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠬᠥᠳᠡᠭᠡ ᠲᠤᠰᠬᠤᠨ ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠷᠤ ᠬᠤᠷᠴᠢᠨ ᠬᠤᠰᠢᠭᠤᠨ ᠤ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢ ᠪᠥᠬᠦ ᠲᠠᠯ᠎ᠠ ᠪᠠᠷ ᠡᠬᠢᠯᠡᠭᠦᠯᠪᠡ᠃ | ︵ᠲᠠᠪᠤ︶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠤᠯᠪᠠ᠃ ᠬᠤᠲᠠ ᠰᠢᠶᠠᠨ ᠬᠤᠶᠠᠷ ᠱᠠᠲᠤᠨ ᠤ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ︽ᠭᠤᠷᠪᠠᠨ ᠣᠷᠣᠨ | ᠭᠤᠷᠪᠠᠨ ᠱᠤᠭᠤᠮ︾ ᠢ ᠠᠩᠬ᠎ᠠ ᠠᠯᠬᠤᠮ ᠵᠠᠭᠠᠭᠯᠠᠨ ᠲᠣᠭᠲᠠᠭᠠᠵᠤ᠂ ᠪᠥᠬᠦ ᠬᠤᠲᠠ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠤᠨ ᠲᠠᠯᠠᠪᠠᠶ 2. | 6 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠦᠷᠴᠦ᠂ 8.6 ᠲᠦᠮᠡᠨ ᠾᠧᠺᠲ᠋ᠠᠷ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠴᠡᠭᠴᠡᠯᠡᠨ ᠵᠠᠰᠠᠵᠤ | ᠨᠥᠬᠦᠪᠥᠷᠢᠯᠡᠨ ᠵᠢᠷᠤᠭᠯᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠰᠢᠢᠳᠪᠦᠷᠢᠲᠦ ᠴᠢᠨᠠᠷᠲᠠᠢ ᠦᠷ᠎ᠡ ᠪᠦᠲᠦᠮᠵᠢ ᠣᠯᠵᠤ᠂ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠬᠤ ᠵᠢᠴᠢ ︽ᠡᠷᠬᠢᠨ ᠬᠠᠷᠠᠬᠤ︾ ᠳᠤ ᠬᠠᠷᠢᠭᠤ ᠳᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠳᠠᠭᠤᠰᠬᠠᠨ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠨ ᠪᠠᠶᠢᠴᠠᠭᠠᠵᠤ ᠬᠠᠷᠢᠭᠤ ᠳᠤᠰᠬᠠᠭᠰᠠᠨ ᠠᠰᠠᠭᠤᠳᠠᠯ ᠤᠨ ᠬᠠᠭᠠᠰ | ᠢᠯᠡᠭᠦᠦ ᠶᠢ ᠨᠢ ᠴᠡᠭᠴᠡᠯᠡᠨ ᠰᠠᠶᠢᠵᠢᠷᠠᠭᠤᠯᠪᠠ᠃ ᠭᠤᠣᠯ ᠬᠤᠲᠠ ᠶᠢᠨ ᠠᠭᠠᠷ ᠮᠠᠨᠳᠣᠯ ᠤᠨ ᠶᠠᠰᠤ ᠴᠢᠨᠠᠷ ᠤᠨ ᠰᠢᠯᠢᠳᠡᠭ ᠡᠳᠦᠷ ᠤᠨ ᠲᠤᠭ᠎ᠠ 6 ᠵᠢᠯ ᠳᠠᠷᠠᠭᠠᠯᠠᠨ | ᠨᠡᠮᠡᠭᠳᠡᠵᠦ᠂ 348 ᠡᠳᠦᠷ ᠪᠣᠯᠪᠠ᠃ ᠭᠤᠣᠯ ᠬᠤᠲᠠ ᠲᠣᠭᠤᠷᠢᠭ ᠤᠨ 211 ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ | ᠪᠢᠲᠡᠭᠦᠮᠵᠢᠯᠡᠵᠦ᠂ ᠤᠯᠤᠰ ᠤᠨ ᠪᠠᠷᠢᠮᠵᠢᠶ᠎ᠠ ᠶᠢᠨ ᠣᠭᠲᠣᠯᠤᠭᠠᠰᠤ ᠶᠢᠨ ᠰᠢᠯᠢᠳᠡᠭ ᠰᠠᠶᠢᠨ ᠤᠰᠤ᠂ ᠲᠠᠪᠤᠳᠤᠭᠠᠷ ᠲᠡᠰ ᠠᠴᠠ ᠪᠣᠬᠢᠷ ᠪᠠᠶᠢᠬᠤ ᠤᠰᠤ ᠶᠢᠨ | ᠬᠠᠷᠢᠴᠠᠯ ᠨᠢ ᠴᠥᠮ ᠤᠯᠤᠰ ᠤᠨ ᠱᠠᠭᠠᠷᠳᠠᠯᠭ᠎ᠠ ᠳᠤ ᠬᠦᠷᠴᠦ᠂ ᠬᠤᠲᠠ ᠶᠢᠨ ᠲᠥᠪᠯᠡᠷᠡᠭᠰᠡᠨ ᠢᠳᠡᠬᠦ ᠤᠰᠤᠨ ᠤ ᠪᠠᠷᠢᠮᠵᠢᠶ᠎ᠠ ᠳᠤ ᠬᠦᠷᠦᠭᠰᠡᠨ ᠨᠣᠷᠮ᠎ᠠ 100% ᠶᠢ | ᠪᠠᠲᠤᠯᠠᠪᠠ᠃ ᠬᠥᠷᠥᠰᠥ ᠰᠢᠷᠣᠶ ᠶᠢᠨ ᠪᠣᠬᠢᠷᠲᠤᠯ ᠤᠨ ᠨᠠᠷᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠲᠠᠷᠢᠶᠠᠨ ᠡᠮ᠂ ᠬᠢᠮᠢ ᠶᠢᠨ ᠪᠣᠷᠳᠤᠭᠤᠷ ᠤᠨ | ᠬᠡᠷᠡᠭᠯᠡᠯᠲᠡ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 6% ᠪᠠ 5.2% ᠢᠶᠠᠷ ᠪᠠᠭᠤᠷᠠᠪᠠ᠃ ᠠᠮᠢ ᠠᠬᠤᠶ ᠶᠢ ᠵᠠᠰᠠᠵᠤ ᠰᠡᠷᠭᠦᠭᠡᠬᠦ ᠡᠷᠴᠢᠮ ᠢ | ᠥᠷᠭᠦᠯᠵᠢᠯᠡᠨ ᠴᠢᠩᠭᠠᠷᠠᠭᠤᠯᠵᠤ᠂ ᠯᠤᠤᠬ᠎ᠠ ᠶᠢᠨ ᠭᠤᠤᠯ ᠤᠨ ᠳᠡᠭᠡᠳᠦ ᠤᠷᠤᠰᠬᠠᠯ᠂ ᠰᠠᠨ ᠽᠦᠸᠧ ᠳ᠋ᠢᠶᠠᠨ ᠤᠰᠤᠨ ᠴᠥᠭᠦᠷᠥᠮ ᠤᠨ ᠡᠷᠬᠢᠨ ᠲᠣᠭᠤᠷᠢᠨ ᠵᠢᠴᠢ | ᠢᠩᠭᠡ ᠶᠢᠨ ᠭᠤᠣᠯ ᠤᠨ ᠳᠡᠭᠡᠳᠦ ᠤᠷᠤᠰᠬᠠᠯ᠂ ᠳᠠᠯᠠᠶᠢᠨᠠᠭᠤᠷ᠂ ᠰᠢᠷᠠᠮᠦ᠋ᠢᠷᠠᠨ ᠭᠤᠤᠯ ᠵᠡᠷᠭᠡ ᠭᠤᠣᠯᠳᠠᠯᠭᠠᠲᠠᠢ ᠰᠠᠪᠠ ᠭᠠᠵᠠᠷ ᠢ ᠶᠡᠷᠦᠩᠬᠡᠶᠢᠯᠡᠨ ᠵᠠᠰᠠᠬᠤ | ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠨᠡᠪᠳᠡᠷᠡᠬᠦ ᠵᠠᠮ ᠤᠨ ᠨᠣᠭᠤᠭᠠᠷᠠᠭᠤᠯᠤᠯᠲᠠ ᠶᠢᠨ ︽ᠬᠤᠶᠠᠷ ᠵᠢᠯ ᠤᠨ ᠠᠵᠢᠯᠯᠠᠭᠠᠨ ᠤ ᠲᠥᠯᠥᠪᠯᠡᠭᠡ︾ ᠶᠢ | ᠬᠤᠭᠤᠴᠠᠭ᠎ᠠ ᠶᠣᠰᠤᠭᠠᠷ ᠪᠡᠶᠡᠯᠡᠭᠦᠯᠵᠦ᠂ ᠪᠥᠬᠦ ᠵᠢᠯ ᠳᠤ 133 ᠲᠦᠮᠡᠨ ᠮᠥ ᠮᠣᠳᠣ ᠲᠠᠷᠢᠬᠤ᠂ 172 ᠲᠦᠮᠡᠨ ᠮᠥ ᠬᠥᠮᠦᠨ ᠤ ᠬᠦᠴᠦ ᠪᠠᠷ ᠡᠪᠡᠰᠦ ᠲᠠᠷᠢᠬᠤ ᠶᠢ | ᠪᠡᠶᠡᠯᠡᠭᠦᠯᠪᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠠᠵᠢᠯ ᠦᠷᠭᠦᠯᠵᠢᠯᠡᠨ ᠰᠠᠶᠢᠵᠢᠷᠠᠪᠠ᠃ ᠪᠦᠬᠦ ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ 449 | ᠳ᠋ᠦᠩᠰᠢᠭᠤᠷ ᠲᠥᠭᠦᠷᠢᠭ ᠪᠠᠶᠢᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 73% ᠶᠢ ᠡᠵᠡᠯᠡᠪᠡ᠃ ᠪᠦᠬᠦ ᠬᠤᠲᠠ ᠶᠢᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠵᠠᠷᠤᠴᠠᠭᠤᠯᠵᠤ ᠪᠣᠯᠬᠤ ᠣᠷᠣᠯᠭ᠎ᠠ ᠬᠦᠮᠦᠨ ᠪᠦᠷᠢ ᠲᠡᠭᠰᠢᠳᠬᠡᠭᠡᠳ ᠲᠣᠰᠪᠣᠷᠢ 34770 ᠲᠥᠭᠦᠷᠢᠭ ᠪᠠ 13740 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2% ᠪᠠ 8.9% ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠨᠡᠮᠡᠭᠳᠡᠯ ᠤᠨ ᠬᠤᠷᠳᠤᠴᠠ ᠠᠴᠠ | ᠲᠣᠰᠪᠣᠷᠢ 0.6 ᠪᠠ 0.5 ᠵᠠᠭᠤᠨ ᠤ ᠴᠡᠭ ᠥᠨᠳᠥᠷ ᠪᠣᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠢ ᠰᠢᠢᠳᠪᠦᠷᠢᠲᠤ ᠢᠯᠠᠯᠲᠠ ᠣᠯᠵᠤ᠂ | 39.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠢ 2012 ᠬᠡᠷᠡᠭᠵᠢᠭᠦᠯᠵᠦ᠂ ᠦᠯᠡᠳᠡᠭᠰᠡᠨ | 9786 ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠲᠥᠪ ᠤᠨ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠬᠢᠨ | ᠬᠠᠷᠠᠬᠤ︾᠂ ᠤᠯᠤᠰ ᠤᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ᠂ ᠥᠪᠡᠷᠲᠡᠭᠡᠨ ᠵᠠᠰᠠᠬᠤ ᠣᠷᠣᠨ ᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠪᠦᠬᠦᠨ ᠢᠶᠠᠷ ᠢᠶᠠᠨ ᠳᠠᠭᠤᠰᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠨᠡᠶᠢᠳᠡᠮ ᠪᠠᠶᠢᠴᠠᠭᠠᠯᠲᠠ ᠤᠯᠤᠰ ᠤᠨ ᠰᠤᠭᠤᠴᠢᠨ ᠪᠠᠶᠢᠴᠠᠭᠠᠵᠤ ᠰᠢᠯᠭᠠᠨ ᠠᠪᠬᠤ ᠶᠢ ᠤᠷᠤᠭᠰᠢᠲᠠᠶ ᠥᠩᠭᠡᠷᠡᠭᠦᠯᠪᠡ᠃ ᠵᠡᠭᠦᠨ ᠪᠠᠷᠠᠭᠤᠨ ᠣᠷᠤᠨ ᠤ ᠬᠠᠮᠵᠢᠯᠴᠠᠭ᠎ᠠ | ᠪᠠ ᠴᠡᠭ ᠲᠣᠭᠲᠠᠭᠠᠨ ᠬᠠᠪᠰᠤᠷᠤᠨ ᠳᠡᠳᠬᠦᠬᠦ ᠠᠵᠢᠯ ᠢᠯᠡᠳᠲᠡ ᠦᠷ᠎ᠡ ᠪᠦᠳᠦᠮᠵᠢ ᠣᠯᠵᠤ᠂ ᠪᠠᠭᠠᠷᠢᠨ ᠵᠡᠭᠦᠨ ᠬᠤᠰᠢᠭᠤᠨ ᠤ ᠱᠦᠭᠦᠷ ᠤᠨ ᠡᠪᠡᠰᠦᠨ ᠤ | ᠣᠨᠴᠠᠯᠢᠭᠲᠤ ᠠᠵᠤ ᠦᠢᠯᠡᠰ ᠤᠨ ︽ᠲᠠᠪᠤᠨ ᠬᠡᠯᠬᠢᠶ᠎ᠡ ᠶᠢ ᠨᠢᠭᠡᠳᠦᠯᠲᠡᠶ ᠲᠥᠯᠥᠪᠯᠡᠬᠦ︾ ᠠᠵᠢᠯᠯᠠᠭ᠎ᠠ ᠨᠢ ︽ᠪᠥᠬᠦ ᠪᠥᠮᠪᠥᠷᠴᠡᠭ ᠤᠨ ᠶᠠᠳᠠᠭᠤ ᠶᠢ ᠪᠠᠭᠠᠰᠬᠠᠭᠰᠠᠨ | ᠵᠢᠱᠢᠶ᠎ᠡ ᠴᠤᠭᠯᠠᠭᠤᠯᠬᠤ ᠠᠵᠢᠯᠯᠠᠭ᠎ᠠ︾ ᠶᠢᠨ ᠬᠠᠮᠤᠭ ᠤᠨ ᠰᠠᠶᠢᠨ ᠵᠢᠱᠢᠶ᠎ᠡ ᠪᠠᠷ ᠦᠨᠡᠯᠡᠭᠳᠡᠪᠡ᠃ ᠪᠦᠬᠦ ᠬᠤᠲᠠ ᠶᠢᠨ ᠬᠤᠲᠠ ᠪᠠᠯᠭᠠᠰᠤᠨ ᠳᠤ 2.4 ᠲᠦᠮᠡᠨ | ᠬᠥᠮᠦᠨ ᠳᠤ ᠰᠢᠨ᠎ᠡ ᠪᠠᠷ ᠠᠵᠢᠯ ᠣᠯᠭᠤᠵᠤ᠂ 69.5 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ︽ᠠᠵᠢᠯ ᠲᠠᠢ ᠬᠥᠮᠦᠨ ᠦᠭᠡᠢ︾ ᠭᠡᠷ | ᠪᠦᠯᠢ ᠪᠠᠶᠢᠬᠤ ᠦᠭᠡᠢ ᠶᠢ ᠪᠠᠲᠤᠯᠠᠪᠠ᠃ ᠪᠥᠬᠦ ᠵᠢᠯ ᠳᠤ ︽ᠰᠠᠭᠠᠳ ᠥᠬᠡᠶ ᠨᠡᠪᠲᠡᠷᠡᠬᠦ ᠵᠠᠮ︾ ᠵᠡᠷᠭᠡ ᠠᠷᠭ᠎ᠠ ᠮᠠᠶ᠋ᠢᠭ ᠢᠶᠠᠷ 400 ᠴᠢᠳᠠᠪᠤᠷᠢᠲᠠᠨ ᠢ ᠣᠷᠣᠭᠤᠯᠤᠨ | ᠠᠪᠴᠢᠷᠠᠵᠤ᠂ ᠠᠵᠢᠯ ᠦᠢᠯᠡᠰ ᠤᠨ ᠨᠢᠭᠡᠴᠡ ᠳᠤ 4210 ᠠᠵᠢᠯᠲᠠᠨ ᠤᠷᠢᠨ ᠬᠡᠷᠡᠭᠯᠡᠬᠦ ᠶᠢ ᠪᠡᠶᠡᠯᠡᠭᠦᠯᠪᠡ᠃ 20 ᠰᠠᠭᠤᠷᠢ ᠬᠡᠤᠬᠡᠳ ᠤᠨ ᠴᠡᠴᠡᠷᠯᠢᠭ ᠪᠠᠶᠢᠭᠤᠯᠵᠤ᠂ | ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠨᠢ 82% ᠲᠤ ᠬᠥᠷᠴᠦ᠂ ᠳᠡᠭᠡᠷ᠎ᠡ ᠵᠢᠯ ᠤᠨ ᠬᠢ ᠠᠴᠠ 19 | ᠵᠠᠭᠤᠨ ᠤ ᠴᠡᠭ ᠳᠡᠭᠡᠭᠰᠢᠯᠡᠪᠡ᠃ 8 ᠰᠠᠭᠤᠷᠢ ᠳᠤᠮᠳᠠᠳᠤ ᠪᠠᠭ᠎ᠠ ᠰᠤᠷᠭᠠᠭᠤᠯᠢ ᠪᠠᠶᠢᠭᠤᠯᠵᠤ᠂ ᠠᠯᠪᠠᠨ ᠵᠢᠷᠦᠮ ᠤᠨ ᠰᠤᠷᠭᠠᠨ ᠬᠥᠮᠦᠵᠢᠯ ᠤᠨ ᠱᠠᠲᠤᠨ ᠳᠤ ᠢᠯᠡ ᠪᠠᠷ | ᠰᠤᠷᠤᠭᠴᠢ ᠡᠯᠰᠡᠵᠦ᠂ ᠢᠯᠡ ᠪᠠᠷ ᠠᠩᠬᠢ ᠬᠤᠪᠢᠶᠠᠬᠤ ᠶᠢ ᠪᠦᠬᠦ ᠲᠠᠯ᠎ᠠ ᠪᠠᠷ ᠪᠡᠶᠡᠯᠡᠭᠦᠯᠪᠡ᠃ ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ ᠮᠥᠷᠲᠡᠭᠡᠨ ᠰᠤᠷᠤᠭᠴᠢ ᠡᠯᠰᠡᠵᠦ᠂ ᠤᠯᠠᠭᠠᠨᠬᠠᠳᠠ ᠳᠡᠭᠡᠳᠦ ᠰᠤᠷᠭᠠᠭᠤᠯᠢ ᠨᠢ 7 ᠠᠰᠫᠢᠷᠠᠨᠲ ᠤᠨ ᠴᠡᠭ ᠢ ᠰᠢᠨ᠎ᠡ ᠪᠠᠷ | ᠨᠡᠮᠡᠭᠳᠡᠭᠦᠯᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠥᠮᠦᠵᠢᠯ ᠢ ᠴᠢᠩᠭᠠᠳᠬᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠳᠡᠯᠭᠡᠷᠡᠭᠦᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠪᠠ᠃ ᠰᠦᠩᠱᠠᠨ ᠲᠣᠭᠤᠷᠢᠭ ᠨᠢ ᠪᠦᠬᠦ ᠤᠯᠤᠰ ᠤᠨ ︽ᠳᠥᠷᠪᠡᠳᠦᠭᠡᠷ | ᠪᠦᠯᠦᠭ ᠤᠨ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠬᠤᠲᠠ︾ ᠪᠠᠷ | ᠦᠨᠡᠯᠡᠭᠳᠡᠪᠡ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠤᠲᠠ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠵᠦ᠂ | ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠦᠷᠭᠦᠯᠵᠢᠯᠡᠨ ᠦᠷᠭᠡᠳᠴᠦ᠂ ᠥᠨᠳᠥᠷ ᠨᠠᠰᠤᠨ ᠤ ᠨᠥᠬᠦᠪᠥᠷᠢ ᠶᠢᠨ ᠲᠦᠭᠡᠮᠡᠯ ᠬᠠᠷᠠᠭᠠᠯᠵᠠᠯ ᠤᠨ ᠲᠦᠷᠢᠮ ᠪᠠ | ᠨᠠᠰᠤᠲᠠᠶᠢᠴᠤᠳ ᠤᠨ ᠭᠡᠨᠡᠳᠡᠯ ᠰᠢᠷᠬᠠᠲᠤᠯ ᠤᠨ ᠳᠠᠭᠠᠳᠬᠠᠯ ᠤᠨ ᠨᠡᠶᠢᠳᠡᠮ ᠪᠦᠷᠬᠦᠯᠲᠡ ᠶᠢ ᠪᠡᠶᠡᠯᠡᠭᠦᠯᠪᠡ᠃ ᠡᠦ ᠠᠨ ᠵᠧᠦ ᠶᠢᠨ ᠯᠢᠶᠣᠤ ᠤᠯᠤᠰ ᠤᠨ ᠰᠤᠪᠤᠷᠭ᠎ᠠ ᠶᠢ | ᠬᠠᠮᠠᠭᠠᠯᠠᠵᠤ ᠰᠡᠯᠪᠢᠨ ᠵᠠᠰᠠᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ᠤᠯᠠᠭᠠᠨᠬᠠᠳᠠ ᠶᠢᠨ ᠮᠦᠽᠧᠢ ᠶᠢ ᠤᠯᠤᠰ ᠤᠨ ᠨᠢᠭᠡᠳᠦᠭᠡᠷ ᠳᠡᠰ ᠤᠨ ᠮᠦᠽᠧᠢ ᠪᠣᠯᠭᠠᠨ | ᠳᠡᠪᠰᠢᠭᠦᠯᠵᠦ᠂ 10 ᠬᠤᠳᠠ ᠶᠢᠨ ᠨᠣᠮ ᠤᠨ ᠦᠷᠦᠭᠡ ᠶᠢ ᠰᠢᠨ᠎ᠡ ᠪᠠᠷ ᠪᠠᠶᠢᠭᠤᠯᠪᠠ᠃ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠪᠠᠷ ︽ | ᠶᠢᠰᠦᠨ ᠵᠢᠯ ᠳᠠᠷᠠᠭᠠᠯᠠᠨ ᠨᠡᠷᠡᠶᠢᠳᠦᠭᠳᠡᠬᠦ︾ ᠶᠢ ᠪᠡᠶᠡᠯᠡᠭᠦᠯᠪᠡ᠃ | ︵ᠳᠣᠯᠤᠭ᠎ᠠ︶ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ︽ᠠᠶᠤᠯᠭᠦᠢ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ | ᠣᠨ︾ ᠤ ᠦᠷ᠎ᠡ ᠪᠦᠲᠦᠭᠡᠯ ᠦᠷᠭᠦᠯᠵᠢᠯᠡᠨ ᠪᠠᠬᠢᠵᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ ᠪᠣᠯᠤᠨ ᠠᠳᠡᠭᠰᠡᠨ ᠬᠥᠮᠦᠨ ᠤ ᠲᠤᠭ᠎ᠠ ᠨᠢ ᠲᠤᠰᠪᠤᠷᠢ 58.8% ᠪᠠ 64.2% ᠢᠶᠠᠷ ᠪᠠᠭᠤᠷᠠᠪᠠ᠃ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠢ ᠰᠢᠭᠤᠶ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠨ ᠤᠨᠲᠠᠷᠠᠭᠠᠬᠤ ᠪᠠ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ | ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠭᠦᠨᠵᠡᠭᠡᠶ | ᠥᠷᠨᠢᠭᠦᠯᠵᠦ᠂ ᠪᠥᠬᠦ ᠬᠤᠲᠠ ᠶᠢᠨ ᠢᠳᠡᠭᠡᠨ ᠤ ᠵᠦᠢᠯ ᠤᠨ ᠰᠤᠩᠭᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ 97% ᠳᠤ ᠬᠥᠷᠪᠡ᠃ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠪᠦᠬᠦ | ᠲᠠᠯ᠎ᠠ ᠪᠠᠷ ᠪᠡᠶᠡᠯᠡᠭᠦᠯᠪᠡ᠃ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ︾ ᠤ ᠲᠤᠰᠬᠠᠶ ᠠᠵᠢᠯᠯᠠᠭ᠎ᠠ ᠢᠯᠡᠳᠲᠡ ᠦᠷ᠎ᠡ ᠪᠦᠲᠦᠮᠵᠢ | ᠣᠯᠵᠤ᠂ ᠨᠢᠭᠡ ᠪᠦᠯᠦᠭ ᠬᠤᠷᠠᠮᠳᠤᠯ ᠬᠡᠷᠡᠭ ᠪᠠ ᠪᠡᠷᠬᠡᠲᠡᠶ ᠬᠡᠷᠡᠭ ᠢ ᠪᠦᠲᠦᠮᠵᠢᠲᠡᠶ ᠰᠢᠢᠳᠪᠦᠷᠢᠯᠡᠪᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ | ᠲᠥᠷᠢᠮ ᠠᠴᠠ ᠵᠦᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠤᠰᠬᠠᠢ ᠵᠠᠰᠠᠯᠲᠠ ᠵᠡᠷᠭᠡ ᠠᠵᠢᠯ ᠨᠡᠯᠢᠶᠡᠳ ᠶᠡᠭᠡ ᠦᠷ᠎ᠡ ᠪᠦᠲᠦᠮᠵᠢ | ᠣᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠭᠦᠨᠵᠡᠭᠡᠶᠢᠷᠡᠨ ᠠᠭᠢᠵᠤ᠂ ᠪᠥᠬᠦ ᠤᠯᠤᠰ ᠤᠨ ᠬᠤᠣᠷ ᠴᠠᠭᠠᠵᠠᠯᠠᠬᠤ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ | | ᠨᠢᠭᠡ ᠵᠢᠯ ᠤᠨ ᠲᠤᠷᠰᠢ᠂ ᠪᠢᠳᠡ ᠪᠠᠰᠠ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠭᠤᠷᠬᠠᠢ ᠶᠢᠨ | ᠦᠢᠯᠡᠰ ᠤᠨ ᠶᠡᠭᠡ ᠬᠤᠷᠠᠯ᠂ ᠪᠦᠬᠦ ᠤᠯᠤᠰ ᠤᠨ ᠬᠢᠲᠠᠳ ᠡᠮ ᠤᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ᠂ ᠪᠦᠬᠦ ᠣᠷᠣᠨ ᠤ | ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ᠂ ᠭᠤᠷᠪᠠᠳᠤᠭᠠᠷ ᠬᠤᠭᠤᠴᠠᠭᠠᠨ ᠤ ︽ᠤᠯᠠᠭᠠᠨᠬᠠᠳᠠ | ᠨᠣᠲᠤᠭ ᠲᠠᠢ ᠰᠣᠳᠣᠨᠴᠣᠳ ᠤᠨ ᠴᠤᠭᠯᠠᠭᠠᠨ︾ ᠪᠣᠯᠤᠨ ᠬᠤᠶᠠᠳᠤᠭᠠᠷ ᠬᠤᠭᠤᠴᠠᠭᠠᠨ ᠤ ᠪᠦᠬᠦ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ | ᠠᠮᠵᠢᠯᠲᠠ ᠲᠠᠢ ᠡᠷᠬᠢᠯᠡᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠬᠤᠷᠠᠯ ᠢᠶᠠᠷ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠤᠷᠠᠯ ᠢᠶᠠᠷ | ᠬᠥᠭᠵᠢᠯᠲᠡ ᠶᠢ ᠠᠬᠢᠭᠤᠯᠵᠤ᠂ ᠤᠯᠠᠭᠠᠨᠬᠠᠳᠠ ᠶᠢᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃ | ᠲᠥᠯᠥᠭᠡᠯᠡᠭᠴᠢᠳ ᠡ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠭᠡᠨᠡᠳᠲᠡ ᠡᠭᠦᠰᠦᠭᠰᠡᠨ ᠪᠠ ᠠᠵᠤ ᠠᠬᠤᠶ ᠶᠢᠨ ᠪᠠᠭᠤᠷᠠᠯᠲᠠ ᠦᠷᠭᠦᠯᠵᠢᠯᠡᠨ | ᠰᠢᠷᠦᠭᠦᠰᠦᠭᠰᠡᠨ ᠵᠡᠷᠭᠡ ᠠᠯᠢ ᠣᠯᠠᠨ ᠬᠦᠴᠢᠷᠳᠡᠯ ᠤᠨ ᠬᠦᠨᠳᠦ ᠨᠣᠴᠢᠲᠠᠶ ᠨᠥᠯᠥᠭᠡᠯᠡᠯ ᠳᠣᠤᠷ᠎ᠠ᠂ ᠨᠢᠳᠤᠨᠤᠨ ᠮᠠᠨ ᠤ ᠬᠤᠲᠠ ᠶᠢᠨ ᠣᠷᠣᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠪᠠᠯᠠ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠥᠩᠬᠡᠢ ᠲᠤᠭ᠎ᠠ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠵᠡᠷᠭᠡ ᠬᠡᠰᠡᠭ ᠭᠤᠤᠯ ᠪᠣᠯᠬᠤ ᠭᠦᠢᠴᠡᠳᠬᠡᠯ ᠲᠤᠭ᠎ᠠ ᠨᠢ ᠵᠢᠯ ᠤᠨ | ᠡᠬᠢᠨ ᠤ ᠮᠡᠳᠡᠭᠦᠯᠦᠯᠲᠡ ᠶᠢᠨ ᠵᠢᠱᠢᠭᠰᠡᠨ ᠬᠠᠷᠠᠯᠲᠠ ᠪᠠᠨ ᠪᠡᠶᠡᠯᠡᠭᠦᠯᠵᠦ ᠴᠢᠳᠠᠭᠰᠠᠨ ᠥᠬᠡᠶ ᠪᠣᠯᠪᠠᠴᠤ ᠡᠲᠡᠭᠡᠷ ᠭᠦᠢᠴᠡᠳᠬᠡᠯ ᠲᠤᠭ᠎ᠠ ᠶᠢᠨ ᠨᠡᠮᠡᠭᠳᠡᠯ ᠬᠤᠷᠳᠤᠴᠠ ᠨᠢ | ᠴᠥᠮ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠬᠤ ᠪᠤᠶᠤ ᠲᠡᠩᠴᠡᠵᠦ᠂ ᠶᠡᠷᠦᠩᠬᠡᠶ ᠳᠡᠭᠡᠨ ᠵᠦᠶ ᠵᠣᠬᠢᠰᠲᠠᠶ | ᠬᠡᠪᠴᠢᠶᠡᠨ ᠳᠤ ᠪᠠᠶᠢᠨ᠎ᠠ᠃ ᠡᠳᠡᠭᠡᠷ ᠠᠮᠵᠢᠯᠲᠠ ᠶᠢ ᠣᠯᠤᠭᠰᠠᠨ ᠨᠢ ᠦᠨᠡᠬᠡᠷ ᠬᠢᠯᠪᠠᠷ ᠪᠣᠰᠤ ᠶᠤᠮ᠃ ᠪᠢᠳᠡ ᠦᠨᠡᠨ ᠢ ᠪᠠᠷᠢᠮᠲᠠᠯᠠᠵᠤ᠂ ᠬᠦᠴᠢᠷᠳᠡᠯ ᠪᠠ | ᠥᠷᠢᠰᠥᠯᠳᠦᠭᠡᠨ ᠢ ᠨᠠᠷᠢᠨ ᠬᠢᠨᠠᠮᠠᠭᠠᠢ ᠵᠥᠪ ᠢᠶᠠᠷ ᠲᠠᠨᠢᠵᠤ᠂ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢᠶᠠᠨ ᠢᠮᠠᠭᠲᠠ ᠪᠠᠷᠢᠮᠲᠠᠯᠠᠵᠤ᠂ ᠠᠵᠢᠯ ᠤᠨ ᠰᠡᠳᠬᠢᠴᠡ ᠪᠠᠨ ᠴᠠᠭ ᠦᠶ᠎ᠡ ᠳᠤᠨᠢ ᠲᠣᠬᠢᠷᠠᠭᠤᠯᠤᠨ᠂ ᠵᠢᠱᠢᠭᠰᠡᠨ ᠭᠦᠢᠴᠡᠳᠬᠡᠯ ᠲᠤᠭ᠎ᠠ ᠪᠠᠨ ᠴᠠᠭ | ᠲᠤᠬᠠᠢ ᠳᠤᠨᠢ ᠲᠣᠬᠢᠷᠠᠭᠤᠯᠵᠤ᠂ ᠤᠯᠠᠭᠠᠨᠬᠠᠳᠠ ᠶᠢᠨ ᠴᠢᠨᠠᠷ ᠰᠠᠶᠢᠲᠠᠢ ᠬᠥᠭᠵᠢᠯᠲᠡ ᠲᠡᠰᠢ ᠳᠠᠪᠰᠢᠬᠤ ᠶᠢ ᠪᠦᠬᠦ ᠬᠦᠴᠦᠨ ᠢᠶᠠᠷ ᠠᠬᠢᠭᠤᠯᠵᠤ᠂ ︽ᠠᠷᠪᠠᠨ | ᠭᠤᠷᠪᠠᠳᠤᠭᠠᠷ ᠲᠠᠪᠤᠨ ᠵᠢᠯ︾ ᠢ ᠲᠡᠭᠦᠰ ᠠᠮᠵᠢᠯᠲᠠ ᠲᠠᠢ ᠲᠡᠭᠦᠰᠭᠡᠬᠦ ᠳᠤ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠵᠠᠢ᠃ | | | |