ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ ᠢᠯᠠᠯᠲᠠ ᠶᠢᠨ ᠡᠷᠴᠢᠨ ᠳᠡᠭᠡᠷ᠎ᠡ ᠰᠢᠨ᠎ᠡ ᠠᠶᠠᠨ ᠢᠶᠠᠨ ᠡᠬᠢᠯᠡᠭᠦᠯᠦᠶ᠎ᠡ
ᠨᠡᠶᠢᠲᠡᠯᠡᠭᠰᠡᠨ ᠴᠠᠭ᠄
2021/3/19
弘扬脱贫攻坚精神 乘势而上开启新征程.jpg
ᠰᠤᠷᠪᠤᠯᠵᠢᠯᠠᠭᠰᠠᠨ ᠵᠣᠴᠢᠨ᠄ ᠹᠧᠩ ᠱᠦ ᠰᠢᠨᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ ᠬᠥᠲᠥᠯᠥᠭᠴᠢ᠄       ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ 2 ᠰᠠᠷ᠎ᠠ ᠶᠢᠨ 25 ᠤ ᠡᠳᠦᠷ ᠦᠳᠡ ᠶᠢᠨ ᠡᠮᠦᠨ᠎ᠡ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠬᠡᠪᠡᠷ ᠶᠠᠪᠤᠭᠳᠠᠵᠤ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠪᠠᠷ ᠢᠯᠠᠯᠲᠠ ᠣᠯᠤᠭᠰᠠᠨ ᠢ ᠲᠥᠪ ᠴᠢᠩᠭ᠎ᠠ ᠪᠠᠷ ᠲᠤᠩᠬᠠᠭᠯᠠᠪᠠ᠃ ᠡᠨᠡᠬᠦ ᠲᠦᠮᠡᠨ ᠤᠯᠠᠨ ᠤ ᠠᠩᠬᠠᠷᠤᠯ ᠢ ᠲᠠᠲᠠᠭᠰᠠᠨ ᠵᠠᠩᠭᠢᠯᠠᠭ᠎ᠠ ᠶᠢᠨ ᠴᠡᠭ ᠲᠤ᠂ ᠪᠢᠳᠡ ᠤᠯᠠᠭᠠᠨᠬᠠᠳᠠ ᠬᠤᠳᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠹᠧᠩ ᠱᠦ ᠰᠢᠨ ᠨᠥᠬᠦᠷ ᠢ ᠤᠷᠢᠵᠤ᠂ ᠮᠠᠨ ᠤ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠣᠯᠤᠭᠰᠠᠨ ᠢᠯᠡᠳᠲᠡ ᠦᠷ᠎ᠡ ᠪᠦᠲᠦᠮᠵᠢ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠭᠰᠠᠨ ᠤ ᠳᠠᠷᠠᠭᠠᠬᠢ ᠠᠵᠢᠯ ᠤᠨ ᠭᠤᠣᠯᠳᠠᠯᠭ᠎ᠠ ᠶᠢᠨ ᠲᠤᠬᠠᠢ ᠤᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠶ᠎ᠠ᠃ ᠹᠧᠩ ᠡᠷᠬᠢᠯᠡᠭᠴᠢ ᠶᠢ ᠪᠠᠶᠠᠷᠯᠠᠨ ᠤᠭᠲᠤᠶ᠎ᠠ︕ ᠹᠧᠩ ᠱᠦ ᠰᠢᠨ᠄       ᠬᠥᠲᠥᠯᠥᠭᠴᠢ ᠰᠠᠶᠢᠨ︕ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠳᠤ ᠢᠷᠡᠵᠦ ᠣᠯᠠᠨ ᠲᠠᠢ ᠰᠠᠨᠠᠯ ᠵᠶ᠋ᠠᠨ‌‍ᠰᠣᠯᠢᠯᠴᠠᠬᠤ ᠭᠡᠵᠦ ᠪᠠᠶᠢᠭ᠎ᠠ ᠳᠠᠭᠠᠨ ᠪᠠᠶᠠᠷᠲᠠᠢ ᠪᠠᠶᠢᠨ᠎ᠠ᠃ ᠮᠦᠨ ᠡᠨᠡ ᠬᠦ ᠲᠣᠬᠢᠶᠠᠯ ᠢ ᠠᠰᠢᠭᠯᠠᠨ ᠣᠶᠢᠷ᠎ᠠ ᠶᠢᠨ ᠵᠢᠯ ᠤᠳ ᠲᠤ ᠤᠯᠠᠭᠠᠨᠬᠠᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠢᠯᠡᠰ ᠢ ᠦᠷᠭᠦᠯᠵᠢᠯᠡᠨ ᠠᠩᠬᠠᠷᠴᠤ᠂ ᠶᠡᠭᠡ ᠪᠠᠷ ᠳᠡᠮᠵᠢᠵᠦ ᠪᠠᠶᠢᠭ᠎ᠠ ᠥᠷᠭᠡᠨ ᠣᠯᠠᠨ ᠺᠠᠳ᠋ᠷ ᠣᠯᠠᠨ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠬᠥᠲᠥᠯᠥᠭᠴᠢ᠄       ᠤᠢᠢᠯᠠᠭᠠᠭᠰᠠᠠ ᠢᠶᠠᠷ᠂ 25 ᠤ ᠡᠳᠦᠷ ᠲᠠ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠤᠪᠢ ᠬᠥᠮᠦᠨ ᠤ ᠢᠷᠠᠭᠤ ᠠᠯᠳᠠᠷ ᠬᠦᠷᠳᠡᠭᠴᠢ ᠶᠢᠨ ᠬᠤᠪᠢ ᠪᠠᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠤᠰ ᠤᠳᠠᠭ᠎ᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠵᠤ᠂ ᠲᠤᠬᠠᠢ ᠶᠢᠨ ᠲᠠᠯᠠᠪᠠᠢ ᠳᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠰᠣᠨᠣᠰᠴᠠᠢ᠃ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠬᠡᠷ ᠤᠨ ᠡᠷᠬᠢᠯᠡᠭᠴᠢ ᠪᠣᠯᠤᠭᠰᠠᠨ ᠤ ᠬᠤᠪᠢ ᠳᠤ ᠲᠠ ᠯᠠᠪ ᠭᠦᠨ ᠲᠥᠷᠥᠭᠳᠡᠯ ᠲᠠᠢ ᠪᠠᠶᠢᠬ᠎ᠠ᠂ ᠪᠢᠳᠡᠨ ᠳᠤ ᠲᠤᠬᠠᠶ ᠶᠢᠨ ᠦᠶ᠎ᠡ ᠶᠢᠨ ᠲᠥᠷᠥᠭᠳᠡᠯ ᠢᠶᠠᠨ ᠶᠠᠷᠢᠵᠤ ᠥᠭᠴᠦ ᠪᠣᠯᠤᠨ᠎ᠠ ᠦᠦ᠃ ᠹᠧᠩ ᠱᠦ ᠰᠢᠨ᠄       ᠲᠣᠰ ᠤᠳᠠᠭᠠᠨ ᠤ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠨᠢ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠣᠭᠳᠠᠯ ᠲᠠᠢ ᠪᠥᠭᠡᠳ ᠪᠠᠰᠠ ᠴᠤ ᠰᠢᠨ᠎ᠡ ᠠᠶᠠᠨ ᠵᠠᠮ ᠤᠨ ᠡᠬᠢᠯᠡᠯᠲᠡ ᠪᠣᠯᠬᠤ ᠶᠤᠮ᠃ ᠶᠡᠷᠦᠩᠬᠡᠢ ᠱᠦᠵᠢ ᠰᠢ ᠶᠢᠨ ᠫᠢᠩ ᠶᠡᠭᠡ ᠬᠤᠷᠠᠯ ᠳᠡᠭᠡᠷ᠎ᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠲᠥᠪ ᠴᠢᠩᠭ᠎ᠠ ᠪᠠᠷ ᠲᠤᠩᠬᠠᠭᠯᠠᠵᠤ᠂ ᠪᠢᠳᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠦᠨ᠂ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠭᠤᠤ ᠶᠡᠭᠡ ᠵᠣᠷᠢᠭ ᠰᠠᠨᠠᠭ᠎ᠠ ᠶᠢ ᠲᠣᠳᠣᠷᠬᠠᠶᠢᠯᠠᠨ ᠥᠭᠦᠯᠡᠪᠡ᠃ ᠲᠤᠬᠠᠢ ᠶᠢᠨ ᠲᠠᠯᠠᠪᠠᠢ ᠳᠤ ᠪᠢ ᠤᠯᠠᠭᠠᠨᠬᠠᠳᠠ ᠬᠤᠳᠠ ᠶᠢᠨ ᠡᠳᠡᠭᠡᠷ ᠵᠢᠯ ᠤᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠡᠷᠭᠢᠴᠡᠭᠦᠯᠬᠦ ᠳᠤ᠂ ᠶᠠᠭ ᠺᠢᠨᠣ᠋ ᠲᠠᠯᠪᠢᠵᠤ ᠪᠠᠶᠢᠭ᠎ᠠ ᠰᠢᠭ᠋ ᠲᠣᠪ ᠲᠣᠳᠣᠷᠬᠠᠢ ᠬᠠᠷᠠᠭᠳᠠᠨ᠎ᠠ᠂ ᠨᠢᠭᠡ ᠯᠡ ᠦᠭᠡ ᠪᠠᠷ ᠬᠤᠷᠢᠶᠠᠩᠭᠤᠶᠢᠯᠠᠪᠠᠯ ᠳᠠᠷᠤᠢ ︽ᠦᠨᠡᠬᠡᠷ ᠲᠦᠢᠯ ᠤᠨ ᠠᠮᠠᠷ ᠦᠭᠡᠢ︾ ᠶᠠᠪᠤᠳᠠᠯ ᠪᠣᠯᠤᠨ᠎ᠠ᠃ ᠡᠨᠡ ᠤᠳᠠᠭᠠᠨ ᠤ ᠠᠭᠤᠤ ᠶᠡᠭᠡ ᠭᠠᠶᠢᠬᠠᠮᠰᠢᠭ ᠢ ᠥᠩᠭᠡᠷᠡᠭᠦᠯᠦᠭᠴᠢ ᠪᠠ ᠭᠡᠷᠡᠴᠢᠯᠡᠭᠴᠢ ᠪᠣᠯᠤᠭᠰᠠᠨ ᠤ ᠬᠤᠪᠢ ᠳᠤ᠂ ᠪᠢ ᠡᠨᠡᠬᠦ ᠲᠡᠦᠬᠡ ᠶᠢᠨ ᠬᠠᠭᠤᠳᠠᠰᠤ ᠶᠢ ᠭᠡᠶᠢᠭᠦᠯᠬᠦ ᠠᠤᠭ᠎ᠠ ᠶᠡᠭᠡ ᠢᠨᠵᠧᠨᠧᠷᠢᠩ ᠳᠤ ᠣᠷᠣᠯᠴᠠᠭᠰᠠᠨ ᠳᠠᠭᠠᠨ ᠲᠦᠢᠯ ᠢᠶᠠᠷ ᠣᠮᠣᠭᠰᠢᠵᠤ᠂ ᠬᠡᠴᠢᠨᠡᠨ ᠬᠦᠴᠢᠷ ᠪᠡᠷᠬᠡᠰᠢᠶᠡᠯ ᠲᠠᠢ ᠬᠡᠴᠢᠨᠡᠨ ᠵᠦᠳᠡᠷᠡᠯ ᠲᠠᠢ ᠪᠠᠶᠢᠯ᠎ᠠ ᠴᠤ ᠭᠡᠰᠡᠨ ᠠᠯᠢᠪᠠ ᠴᠢᠷᠮᠠᠶᠢᠯᠭ᠎ᠠ ᠨᠢ ᠴᠥᠮ ᠦᠨ᠎ᠡ ᠴᠡᠨ᠎ᠡ ᠲᠠᠢ ᠭᠡᠳᠡᠭ ᠢ ᠭᠦᠨ ᠰᠡᠳᠬᠢᠵᠦ᠂ ᠮᠥᠨ ᠴᠦ ᠪᠢᠳᠡᠨ ᠤ ᠬᠤᠶᠢᠰᠢᠳᠠ ᠶᠢᠨ ᠠᠵᠢᠯ ᠳᠤ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠬᠥᠲᠥᠯᠥᠭᠴᠢ᠄       ᠮᠠᠨ ᠤ ᠬᠤᠲᠠ ᠪᠥᠬᠦ ᠤᠯᠤᠰ ᠲᠠᠢ ᠬᠠᠮᠲᠤ ᠪᠠᠷ ᠲᠣᠭᠲᠠᠭᠰᠠᠨ ᠬᠤᠭᠤᠴᠠᠭᠠᠨ ᠳᠠᠭᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ ᠴᠢᠨᠡᠭᠡᠯᠢᠭ ᠨᠡᠶᠢᠭᠡᠮ ᠳᠤ ᠠᠯᠬᠤᠨ ᠣᠷᠣᠪᠠ᠂ ᠲᠠ ᠮᠠᠨ ᠤ ᠤᠯᠠᠭᠠᠨᠬᠠᠳᠠ ᠬᠤᠲᠠ ᠶᠢᠨ ᠶᠠᠳᠠᠭᠤ ᠠᠴᠠ ᠠᠩᠭᠢᠵᠢᠷᠠᠭᠤᠯᠤᠭᠰᠠᠨ ︽ᠬᠢᠷᠢ ᠪᠦᠲᠦᠮᠵᠢ ᠶᠢᠨ ᠬᠠᠭᠤᠳᠠᠰᠤ︾ ᠶᠢ ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠦᠦ︖ ᠹᠧᠩ ᠱᠦ ᠰᠢᠨ᠄       ᠪᠣᠯᠤᠨ᠎ᠠ᠃ ᠤᠯᠠᠭᠠᠨᠬᠠᠳᠠ ᠬᠤᠳᠠ ᠪᠣᠯ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯ ᠲᠠᠯᠠᠪᠤᠷ ᠪᠣᠯᠤᠨ᠎ᠠ᠂ ᠪᠦᠬᠦ ᠬᠤᠳᠠ ᠶᠢᠨ 12 ᠬᠤᠰᠢᠭᠤ ᠰᠢᠶᠠᠨ ᠲᠣᠭᠤᠷᠢᠭ ᠤᠨ ᠳᠣᠲᠣᠷ᠎ᠠ 8 ᠤᠯᠤᠰ ᠤᠨ ᠲᠡᠰ ᠤᠨ ᠶᠠᠳᠠᠭᠤ ᠬᠦᠴᠢᠷᠳᠡᠯᠲᠡᠢ ᠰᠢᠶᠠᠨ᠂ 2 ᠣᠷᠣᠨ ᠤ ᠲᠡᠰ ᠤᠨ ᠶᠠᠳᠠᠭᠤ ᠬᠦᠴᠢᠷᠳᠡᠯᠲᠡᠢ ᠰᠢᠶᠠᠨ ᠪᠠᠶᠢᠵᠤ᠂ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ 46.86 ᠲᠦᠮᠡ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ 29.8% ᠢ ᠡᠵᠡᠯᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠮᠠᠭᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠶᠢ ᠬᠠᠮᠤᠭ ᠤᠨ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠ ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ ᠪᠣᠯᠭᠠᠵᠤ᠂ ᠪᠦᠬᠦ ᠬᠤᠳᠠ ᠶᠢᠨ ᠬᠦᠴᠦᠨ ᠢ ᠲᠥᠪᠯᠡᠷᠡᠭᠦᠯᠦᠨ ᠪᠣᠭᠤᠮᠲᠠ ᠰᠢᠪᠲᠤᠯᠪᠠ᠃ ᠡᠯ᠎ᠡ ᠱᠠᠲᠤᠨ ᠤ ᠡᠯ᠎ᠡ ᠲᠦᠷᠦᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠡᠶᠢᠳᠡ 720.4 ᠳ᠋ᠦᠩᠰᠢᠭᠤᠷ ᠲᠥᠭᠦᠷᠢᠭ ᠣᠷᠣᠭᠤᠯᠵᠤ᠂ ︽ᠲᠠᠪᠤᠨ ᠨᠢᠭᠡ ᠪᠦᠯᠦᠭ︾ ᠢᠶᠠᠷ ᠭᠠᠷᠳᠠᠴᠠ ᠪᠣᠯᠭᠠᠨ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠨᠠᠭᠠᠳᠤ ᠵᠠᠬ᠎ᠠ ᠶᠢᠨ ᠡᠭᠦᠷᠭᠡ ᠶᠢ ᠴᠢᠩᠭ᠎ᠠ ᠠᠩᠬᠠᠷᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠰᠢᠢᠳᠪᠦᠷᠢᠯᠡᠭᠴᠢ ᠴᠢᠨᠠᠷᠲᠠᠶ ᠢᠯᠠᠯᠲᠠ ᠤᠯᠬᠤ ᠶᠢ ᠲᠦᠯᠬᠢᠨ ᠠᠬᠢᠭᠤᠯᠪᠠ᠃ 2020 ᠣᠨ ᠤ ᠰᠡᠭᠦᠯᠴᠢ ᠪᠣᠯᠲᠠᠯ᠎ᠠ᠂ ᠪᠦᠬᠦ ᠬᠤᠳᠠ ᠶᠢᠨ 8 ᠤᠯᠤᠰ ᠤᠨ ᠲᠡᠰ ᠤᠨ ᠶᠠᠳᠠᠭᠤ ᠬᠦᠴᠢᠷᠳᠡᠯᠲᠡᠢ ᠰᠢᠶᠠᠨ᠂ 2 ᠣᠷᠣᠨ ᠤ ᠲᠡᠰ ᠤᠨ ᠶᠠᠳᠠᠭᠤ ᠬᠦᠴᠢᠷᠳᠡᠯᠲᠡᠢ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠂ 871 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 46.86 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠶᠢ 2014 ᠣᠨ ᠳᠤ 2570 ᠲᠥᠭᠦᠷᠢᠭ ᠪᠠᠶᠢᠭᠰᠠᠨ ᠠᠴᠠ 2020 ᠣᠨ ᠪᠣᠯᠬᠤ ᠳᠤ 11595 ᠲᠥᠭᠦᠷᠢᠭ ᠪᠣᠯᠭᠠᠨ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ ᠠᠮᠠ ᠬᠠᠮᠤᠭ ᠤᠯᠠᠨ᠂ ᠶᠠᠳᠠᠭᠤ ᠠᠴᠠ ᠠᠩᠭᠢᠵᠢᠷᠠᠭᠤᠯᠤᠭᠰᠠᠨ ᠬᠤᠰᠢᠭᠤ ᠰᠢᠶᠠᠨ ᠲᠣᠭᠤᠷᠢᠭ ᠬᠠᠮᠤᠭ ᠤᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠯᠤᠰ ᠤᠨ ᠲᠡᠰ ᠤᠨ ᠢᠷᠠᠭᠤ ᠠᠯᠳᠠᠷ ᠢ ᠬᠠᠮᠤᠭ ᠤᠨ ᠤᠯᠠᠠ ᠬᠦᠷᠳᠡᠭᠰᠡᠨ ᠠᠶᠢᠮᠠᠭ ᠬᠤᠳᠠ ᠪᠣᠯᠤᠨ᠎ᠠ᠃ ᠪᠢᠳᠡ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠲᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠪᠡ᠃ ᠡᠯ᠎ᠡ ᠰᠤᠷᠤᠯᠭ᠎ᠠ ᠶᠢᠨ ᠬᠤᠭᠤᠴᠠᠭᠠᠨ ᠤ ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠣᠷᠣᠭᠴᠢ ᠶᠢ ᠨᠡᠶᠢᠲᠡ 10.2 ᠲᠦᠮᠡᠨ ᠬᠥᠮᠦᠨ ᠤᠳᠠᠭ᠎ᠠ ᠲᠤᠰᠠᠯᠠᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠬᠠᠷᠠᠯᠲᠠ ᠶᠢ ᠪᠡᠶᠡᠯᠡᠭᠦᠯᠪᠡ︔ 21016 ᠶᠠᠳᠠᠭᠤ ᠬᠦᠴᠢᠷᠳᠡᠯᠲᠡᠢ ᠬᠦᠨᠳᠦ ᠡᠪᠡᠳᠴᠢᠲᠡᠨ ᠢ ᠲᠥᠪᠯᠡᠷᠡᠭᠦᠯᠦᠨ ᠠᠪᠤᠷᠠᠨ ᠵᠠᠰᠠᠵᠤ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠢᠶᠠᠷ 32.9 ᠲᠦᠮᠡᠨ ᠬᠥᠮᠦᠨ ᠤᠳᠠᠭ᠎ᠠ ᠶᠢᠨ ᠡᠮᠨᠡᠯᠭᠡ ᠳᠤ ᠰᠠᠭᠤᠭᠰᠠᠨ ᠶᠠᠳᠠᠭᠤ ᠬᠦᠴᠢᠷᠳᠡᠯᠲᠡᠢ ᠡᠪᠡᠳᠴᠢᠲᠡᠨ ᠳᠤ 15.96 ᠳ᠋ᠦᠩᠰᠢᠭᠤᠷ ᠲᠥᠭᠦᠷᠢᠭ ᠤᠨ ᠡᠮ ᠡᠮᠨᠡᠯᠭᠡ ᠶᠢᠨ ᠵᠠᠷᠤᠳᠠᠯ ᠢ ᠭᠠᠷᠭᠠᠨ ᠥᠭᠴᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠡᠮ ᠡᠮᠨᠡᠯᠭᠡ ᠶᠢᠨ ᠶᠠᠰᠤ ᠴᠢᠨᠠᠷ ᠪᠣᠯᠤᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠪᠦᠲᠦᠮᠵᠢᠲᠡᠢ ᠬᠥᠩᠭᠡᠷᠡᠭᠦᠯᠪᠡ︔ 5.05 ᠲᠦᠮᠡᠨ ᠡᠷᠦᠬᠡ ᠶᠠᠳᠠᠭᠤ ᠬᠦᠴᠢᠷᠳᠡᠯᠲᠡᠢ ᠤᠯᠠᠨ ᠲᠦᠮᠡᠨ ᠤ ᠨᠤᠷᠠᠬᠤ ᠠᠶᠤᠯᠲᠠᠢ ᠬᠡᠷ ᠪᠠᠶᠢᠰᠢᠩ ᠢ ᠰᠢᠨᠡᠳᠬᠡᠨ ᠵᠠᠰᠠᠪᠠ︔ 194 ᠲᠥᠪᠯᠡᠷᠡᠭᠦᠯᠦᠨ ᠲᠥᠪᠬᠢᠨᠡᠭᠦᠯᠬᠦ ᠴᠡᠭ ᠢ ᠪᠠᠶᠢᠭᠤᠯᠤᠨ᠂ 11197 ᠢᠵᠢ ᠣᠷᠣᠨ ᠰᠠᠭᠤᠴᠠ ᠶᠢ ᠪᠠᠶᠢᠭᠤᠯᠵᠤ᠂ ᠨᠡᠭᠦᠯᠭᠡᠭᠰᠡᠨ 28527 ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ︔ 3000 ᠰᠢᠬᠠᠮ ᠪᠠᠷᠢᠯᠭ᠎ᠠ ᠶᠢ ᠰᠢᠨ᠎ᠡ ᠪᠠᠷ ᠪᠠᠶᠢᠭᠤᠯᠤᠨ ᠥᠭᠡᠷᠡᠴᠢᠯᠡᠨ ᠥᠷᠭᠡᠳᠬᠡᠨ ᠪᠠᠶᠢᠭᠤᠯᠵᠤ᠂ 116 ᠲᠦᠮᠡᠨ ᠰᠠᠤᠷᠢ ᠭᠠᠭᠴᠠ ᠡᠷᠦᠭᠡ ᠶᠢᠨ ᠮᠠᠶ᠋ᠢᠭ ᠤᠨ ᠤᠰᠤ ᠰᠢᠢᠳᠪᠦᠷᠢᠯᠡᠬᠦ ᠲᠥᠬᠦᠭᠡᠷᠦᠮᠵᠢ ᠶᠢ ᠤᠭᠰᠠᠷᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠴᠥᠮ ᠰᠠᠨᠠᠭ᠎ᠠ ᠠᠮᠤᠷ ᠤᠰᠤ ᠣᠯᠵᠤ ᠢᠳᠡᠪᠡ᠃ ᠪᠢᠳᠡ ︽ᠭᠤᠷᠪᠠ ᠶᠢ ᠲᠠᠶᠢᠴᠢᠯᠠᠵᠤ ᠨᠢᠭᠡ ᠶᠢ ᠪᠠᠭᠠᠰᠬᠠᠬᠤ︾ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠡᠯᠪᠡᠷᠢ ᠶᠢ ᠰᠢᠨ᠎ᠡ ᠪᠠᠷ ᠡᠭᠦᠳᠦᠨ ᠳᠡᠯᠭᠡᠷᠡᠭᠦᠯᠪᠡ᠃ ᠬᠡᠪᠴᠢᠶ᠎ᠡ ᠠᠴᠠ ᠳᠡᠭᠡᠭᠰᠢᠬᠢ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢ 203 ᠪᠠᠶᠢᠭᠤᠯᠵᠤ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠤᠨᠴᠠᠯᠢᠭᠳᠤ ᠠᠵᠤ ᠦᠢᠯᠡᠰ ᠤᠨ ᠰᠠᠭᠤᠷᠢᠨ ᠭᠠᠵᠠᠷ ᠢ 1174 ᠪᠠᠶᠢᠭᠤᠯᠬᠤ ᠶᠢ ᠳᠥᠯᠭᠢᠨ ᠠᠬᠢᠭᠤᠯᠵᠤ᠂ ᠶᠠᠳᠠᠭᠤ ᠶᠢ ᠲᠡᠳᠬᠦᠬᠦ 177 ᠬᠥᠲᠥᠴᠢ ᠠᠵᠤ ᠠᠬᠤᠶᠢᠯᠠᠯ᠂ ᠠᠵᠤ ᠦᠶᠢᠯᠡᠰᠵᠢᠭᠰᠡᠨ 196 ᠬᠥᠲᠥᠴᠢ ᠠᠵᠤ ᠠᠬᠤᠶᠢᠯᠠᠯ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ ᠶᠢ 43 ᠪᠤᠶᠢᠵᠢᠭᠤᠯᠤᠨ ᠣᠷᠣᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠯᠦᠭᠡ ᠨᠢᠭᠲᠠ ᠠᠰᠢᠭ ᠲᠤᠰᠠ ᠶᠢᠨ ᠬᠤᠯᠪᠣᠯᠳᠤᠭᠰᠠᠨ ᠲᠣᠭᠲᠠᠴᠠ ᠶᠢ ᠪᠠᠶᠢᠭᠤᠯᠤᠨ᠂ ᠣᠷᠣᠯᠭ᠎ᠠ ᠪᠠᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠪᠠ᠃ ᠪᠢᠳᠡ ᠬᠢᠵᠢᠭ ᠤᠨ ᠨᠥᠯᠥᠭᠡ ᠶᠢ ᠬᠦᠴᠦᠲᠡᠶ ᠠᠷᠭᠠᠴᠠᠪᠠ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠠᠳᠠᠭᠤ ᠬᠦᠴᠢᠷᠳᠡᠯ ᠲᠠᠢ ᠬᠥᠳᠡᠯᠮᠦᠷᠢ ᠬᠦᠴᠦᠨ ᠤ ᠠᠵᠢᠯ ᠬᠥᠳᠡᠯᠮᠦᠷᠢ ᠬᠢᠵᠦ ᠠᠵᠢᠯ ᠤᠯᠬᠤ ᠪᠡᠷᠬᠡ ᠰᠡᠳᠦᠪ ᠢ ᠰᠢᠢᠳᠪᠦᠷᠢᠯᠡᠨ᠂ 2020 ᠣᠨ ᠳᠤ ᠪᠦᠬᠦ ᠬᠤᠳᠠ ᠶᠢᠨ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ ᠶᠠᠳᠠᠭᠤ ᠬᠦᠴᠢᠷᠳᠡᠯ ᠲᠠᠢ ᠬᠥᠳᠡᠯᠮᠦᠷᠢ ᠬᠦᠴᠦᠨ 53 ᠲᠦᠮᠡᠨ ᠬᠥᠮᠦᠨ ᠳᠤ ᠬᠦᠷᠴᠦ᠂ ︽ᠡᠨᠡ ᠵᠢᠯ ᠤᠨ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ ᠶᠠᠳᠠᠭᠤ ᠬᠦᠴᠢᠷᠳᠡᠯ ᠲᠠᠢ ᠬᠥᠳᠡᠯᠮᠦᠷᠢ ᠬᠦᠴᠦᠨ ᠨᠢᠳᠤᠨᠤᠨ ᠠᠴᠠ ᠳᠤᠲᠠᠭᠤ ᠦᠭᠡᠢ︾ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠬᠠᠷᠠᠯᠲᠠ ᠶᠢᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠲᠠᠪᠴᠠᠩ — ᠥᠪᠥᠷ ᠮᠣᠩᠭᠤᠯ ᠤᠨ ᠤᠯᠠᠭᠠᠨᠬᠠᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠺᠣᠮᠫᠠᠨᠢ ᠶᠢ ᠪᠠᠶᠢᠭᠤᠯᠵᠤ᠂ ︽ᠤᠯᠠᠭᠠᠨᠬᠠᠳᠠ ᠶᠢᠨ ᠦᠬᠡᠷ ᠬᠤᠨᠢᠨ ᠮᠢᠬ᠎ᠠ᠂ ᠤᠯᠠᠭᠠᠨᠬᠠᠳᠠ ᠶᠢᠨ ᠡᠯᠳᠡᠪ ᠠᠮᠤ᠂ ᠤᠯᠠᠭᠠᠨᠬᠠᠳᠠ ᠶᠢᠨ ᠵᠢᠮᠢᠰ ᠨᠣᠭᠤᠭ᠎ᠠ︾ ᠭᠡᠬᠦ ᠭᠤᠷᠪᠠᠨ ᠲᠣᠮᠣ ᠬᠡᠷᠡᠭᠯᠡᠭᠡᠨ ᠤ ᠶᠠᠳᠠᠭᠤ ᠶᠢ ᠲᠡᠳᠬᠦᠬᠦ ᠨᠠᠷᠠᠲᠤ ᠲᠡᠮᠳᠡᠭ ᠢ ᠲᠥᠪᠯᠡᠷᠡᠭᠦᠯᠦᠨ ᠪᠣᠶ ᠪᠣᠯᠭᠠᠵᠤ᠂ ᠤᠯᠠᠭᠠᠨᠬᠠᠳᠠ ᠬᠤᠲᠠ ᠶᠢᠨ ᠶᠠᠳᠠᠭᠤ ᠶᠢ ᠲᠡᠳᠬᠦᠬᠦ ᠪᠦᠲᠦᠭᠡᠭᠳᠡᠬᠦᠨ ᠢ ᠲᠥᠪᠯᠡᠷᠡᠭᠦᠯᠦᠨ ᠬᠤᠷᠢᠶᠠᠬᠤ ᠲᠥᠪ᠂ ᠶᠠᠳᠠᠭᠤ ᠶᠢ ᠲᠡᠳᠬᠦᠬᠦ ᠪᠦᠲᠦᠭᠡᠭᠳᠡᠬᠦᠨ ᠢ ᠨᠡᠬᠡᠮᠵᠢᠯᠡᠬᠦ ᠲᠥᠪ᠂ ᠶᠠᠳᠠᠭᠤ ᠶᠢ ᠲᠡᠳᠬᠦᠬᠦ ᠪᠦᠲᠦᠭᠡᠭᠳᠡᠬᠦᠨ ᠤ ᠬᠠᠶᠢᠷ᠎ᠠ ᠬᠠᠯᠠᠮᠵᠢ ᠶᠢᠨ ᠬᠡᠷᠡᠭᠯᠡᠭᠡᠨ ᠤ ᠵᠦᠢᠯ ᠢ ᠰᠢᠯᠭᠠᠬᠤ ᠲᠥᠪ ᠢ ᠢᠳᠡᠪᠬᠢᠲᠡᠶ ᠡᠭᠦᠳᠦᠨ ᠪᠠᠶᠢᠭᠤᠯᠵᠤ᠂ ᠶᠠᠳᠠᠭᠤ ᠶᠢ ᠲᠡᠳᠬᠦᠬᠦ ᠪᠦᠲᠦᠭᠡᠭᠳᠡᠬᠦᠨ ᠢ ᠬᠤᠳᠠᠯᠳᠤᠬᠤ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠮᠠᠨ ᠤ ᠬᠠᠶᠢᠨ ᠰᠦᠪᠡᠭᠴᠢᠯᠡᠵᠦ ᠬᠡᠷᠡᠭᠵᠢᠭᠦᠯᠦᠭᠰᠡᠨ ᠤᠯᠤᠰ ᠤᠨ ᠶᠠᠳᠠᠭᠤ ᠶᠢ ᠲᠡᠳᠬᠦᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠵᠦᠢᠯᠡᠰ ᠢᠯᠡᠳᠲᠡ ᠦᠷ᠎ᠡ ᠪᠦᠲᠦᠮᠵᠢ ᠤᠯᠪᠠ᠃ ᠮᠠᠨ ᠤ ᠬᠤᠲᠠ ᠶᠢᠨ ᠶᠠᠳᠠᠭᠤ ᠶᠢ ᠲᠡᠳᠬᠦᠬᠦ ᠠᠵᠢᠯ ᠤᠨ ᠯᠠᠪᠳᠠᠭᠤᠨ ᠪᠠᠲᠤᠲᠠᠶ ᠰᠠᠭᠤᠷᠢ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠮᠵᠢ ᠶᠢ ᠦᠨᠳᠦᠰᠦᠯᠡᠨ᠂ ᠢᠳᠡᠪᠬᠢᠯᠡᠨ ᠴᠢᠷᠮᠠᠶᠢᠬᠤ ᠪᠠᠷ ᠳᠡᠮᠵᠢᠨ᠂ 2019 ᠣᠨ ᠤ 5 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠠᠴᠠ ᠤᠯᠠᠭᠠᠨᠬᠠᠳᠠ ᠶᠢᠨ ᠤᠯᠤᠰ ᠤᠨ ᠶᠠᠳᠠᠭᠤ ᠶᠢ ᠲᠡᠳᠬᠦᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠪᠠᠶᠢᠭᠤᠯᠬᠤ ᠶᠢ ᠠᠯᠪᠠᠨ ᠶᠣᠰᠣᠭᠠᠷ ᠴᠤᠬᠤᠯᠠᠪᠤᠷᠢᠯᠠᠨ ᠬᠠᠷᠢᠭᠤᠯᠪᠠ᠃ 2 ᠵᠢᠯ ᠰᠢᠬᠠᠮ ᠤᠨ ᠬᠤᠭᠤᠴᠠᠭᠠᠨ ᠳᠤ᠂ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ᠂ ᠶᠠᠳᠠᠭᠤ ᠬᠦᠴᠢᠷᠳᠡᠯ ᠢ ᠤᠷᠢᠳᠴᠢᠯᠠᠨ ᠰᠡᠷᠭᠡᠶᠢᠯᠡᠬᠦ ᠲᠣᠭᠲᠠᠴᠠ᠂ ᠬᠤᠳᠠ ᠬᠥᠳᠡᠭᠡ ᠶᠢᠨ ᠶᠠᠳᠠᠭᠤ ᠬᠦᠴᠢᠷᠳᠡᠯ ᠢ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠬᠦ ᠲᠣᠭᠲᠠᠴᠠ᠂ ᠶᠠᠳᠠᠭᠤ ᠶᠢ ᠲᠡᠳᠬᠦᠵᠦ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠲᠤᠷᠰᠢᠯᠲᠠ ᠬᠢᠵᠦ᠂ ᠳᠠᠭᠤᠷᠢᠶᠠᠵᠤ ᠳᠡᠯᠭᠡᠷᠡᠭᠦᠯᠵᠦ ᠪᠣᠯᠬᠤ ᠶᠠᠳᠠᠭᠤ ᠶᠢ ᠲᠡᠳᠬᠦᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠤᠯᠠᠭᠠᠨᠬᠠᠳᠠ ᠶᠢᠨ ᠦᠯᠢᠭᠡᠷ ᠳᠠᠭᠤᠷᠢᠶᠠᠯ ᠪᠣᠯᠤᠨ ᠤᠯᠠᠭᠠᠨᠬᠠᠳᠠ ᠶᠢᠨ ᠲᠤᠷᠰᠢᠯᠭ᠎ᠠ ᠶᠢ ᠳ᠋ᠦᠩᠨᠡᠨ ᠪᠦᠷᠢᠯᠳᠦᠭᠦᠯᠬᠦ ᠪᠠᠷ ᠴᠢᠷᠮᠠᠶᠢᠪᠠ᠃ ᠣᠳᠣᠬᠠᠨ ᠳᠤ ᠨᠡᠶᠢᠲᠡ 1.1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ 21 ᠲᠤᠷᠰᠢᠯᠲᠠ ᠶᠢᠨ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠡᠭᠦᠨ ᠳᠤ ᠶᠠᠳᠠᠭᠤ ᠶᠢ ᠰᠡᠷᠭᠡᠶᠢᠯᠡᠬᠦ ᠪᠠᠲᠤᠯᠠᠭ᠎ᠠ ᠶᠢᠨ ᠰᠠᠭᠤᠷᠢ ᠮᠥᠩᠭᠦ᠂ ︽ᠰᠢᠶᠠᠩ ᠠᠴᠠ ᠡᠯᠰᠡᠵᠦ ᠲᠣᠰᠬᠤᠨ ᠳᠤ ᠬᠡᠷᠡᠭᠯᠡᠬᠦ︾ ᠶᠠᠳᠠᠭᠤ ᠶᠢ ᠲᠡᠳᠬᠦᠬᠦ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠵᠤ ᠠᠭᠤᠰᠤᠯᠴᠠᠭᠰᠠᠨ ᠨᠠᠰᠤᠵᠢᠯ ᠤᠨ ᠠᠰᠠᠷᠠᠮᠵᠢ ᠶᠢᠨ ᠬᠡᠯᠪᠡᠷᠢ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠬᠠᠷᠢᠴᠠᠩᠭᠤᠶ ᠶᠠᠳᠠᠭᠤ ᠬᠦᠴᠢᠷᠳᠡᠯᠲᠡᠶ ᠲᠤᠷᠰᠢᠯᠲᠠ ᠶᠢᠨ ᠴᠡᠭ ᠪᠠ ᠠᠵᠤ ᠦᠢᠯᠡᠰ ᠢ ᠬᠠᠮᠲᠤᠷᠠᠨ ᠬᠥᠭᠵᠢᠭᠦᠯᠬᠦ ᠵᠡᠷᠭᠡ ᠨᠢᠭᠡ ᠪᠦᠯᠦᠭ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠪᠣᠯᠤᠨ ᠲᠡᠭᠦᠨ ᠤ ᠭᠤᠷᠪᠠᠳᠠᠬᠢ ᠡᠲᠡᠭᠡᠳ ᠲᠤ ᠨᠠᠶᠢᠳᠠᠵᠤ ᠦᠨᠡᠯᠡᠨ ᠵᠢᠱᠢᠭᠦᠯᠬᠦ ᠳᠤᠭᠤᠶᠢᠯᠠᠩ ᠳᠤ ᠭᠦᠢᠴᠡᠳ ᠮᠡᠳᠡᠷᠡᠭᠳᠡᠭᠰᠡᠨ ᠪᠠᠶᠢᠨ᠎ᠠ᠃ᠬᠥᠲᠥᠯᠥᠭᠴᠢ᠄       ᠡᠨᠡ ᠨᠢ ᠦᠨᠡᠬᠡᠷ ᠬᠥᠮᠦᠰ ᠤᠨ ᠰᠡᠳᠬᠢᠯ ᠢ ᠵᠣᠷᠢᠭᠵᠢᠭᠤᠯᠤᠭᠰᠠᠨ᠂ ᠦᠨ᠎ᠡ ᠴᠡᠨ᠎ᠡ ᠲᠠᠢ ︽ᠬᠢᠷᠢ ᠪᠦᠲᠦᠮᠵᠢ ᠶᠢᠨ ᠬᠠᠭᠤᠳᠠᠰᠤ︾ ᠮᠥᠨ᠂ ᠪᠢᠳᠡ ᠪᠠᠰᠠ ᠡᠭᠦᠨ ᠤ ᠳᠤᠮᠳᠠ ᠠᠴᠠ ᠪᠣᠭᠤᠮᠲᠠ ᠰᠢᠪᠲᠤᠯᠤᠯᠲᠠ ᠶᠢᠨ ᠬᠦᠴᠢᠷ ᠤᠨ ᠬᠡᠮᠵᠢᠶ᠎ᠡ ᠪᠠ ᠬᠦᠨᠳᠦ ᠨᠦᠰᠡᠷ ᠬᠠᠷᠢᠭᠤᠴᠠᠯᠭ᠎ᠠ ᠶᠢ ᠣᠯᠵᠤ ᠮᠡᠳᠡᠭᠰᠡᠨ ᠶᠤᠮ᠃ ᠡᠶᠢᠮᠦ ᠪᠠᠴᠢᠮ ᠴᠠᠭ᠂ ᠡᠶᠢᠮᠦ ᠬᠦᠨᠳᠦ ᠠᠵᠢᠯ ᠤᠨ ᠡᠭᠦᠷᠭᠡ ᠳᠤ ᠪᠢᠳᠡ ᠡᠨᠡ ᠤᠳᠠᠭᠠᠨ ᠤ ᠢᠯᠠᠯᠲᠠ ᠶᠢ ᠲᠡᠮᠡᠴᠡᠨ ᠣᠯᠤᠭᠰᠠᠨ ᠠᠷᠭ᠎ᠠ ᠵᠣᠷ ᠨᠢ ᠶᠠᠭᠤ ᠪᠤᠢ︖ ᠹᠧᠩ ᠱᠦ ᠰᠢᠨ᠄      ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠵᠢᠯᠣᠭᠤᠳᠤᠯᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ᠂ ᠨᠠᠮ ᠪᠣᠯᠤᠨ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠬᠦᠴᠦᠲᠡᠢ ᠠᠬᠢᠭᠤᠯᠤᠯᠲᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ᠂ ᠪᠦᠬᠦ ᠬᠤᠲᠠ ᠶᠢᠨ ᠺᠠᠳ᠋ᠷ ᠣᠯᠠᠨ ᠲᠦᠮᠡᠨ ᠤ ᠰᠢᠷᠭᠠᠭᠤ ᠬᠥᠳᠡᠯᠮᠦᠷᠢ ᠪᠠ ᠰᠢᠷᠭᠠᠭᠤ ᠬᠠᠲᠠᠭᠤᠵᠢᠯᠲᠠᠶ ᠠᠵᠢᠯᠯᠠᠭᠰᠠᠨ᠂ ᠥᠷᠭᠡᠨ ᠣᠯᠠᠨ ᠠᠷᠠᠳ ᠲᠦᠮᠡᠨ ᠤ ᠪᠦᠯᠬᠦᠮᠳᠡᠨ ᠨᠢᠭᠲᠠᠷᠠᠵᠤ ᠰᠢᠷᠭᠠᠭᠤ ᠬᠠᠲᠠᠭᠤᠵᠢᠯᠲᠠᠶ ᠲᠡᠮᠡᠴᠡᠭᠰᠡᠨ᠂ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠳᠡᠯᠭᠡᠷ ᠠᠩᠬᠠᠷᠤᠯ ᠪᠠ ᠬᠠᠯᠠᠮᠵᠢᠯᠠᠯ ᠳᠡᠮᠵᠢᠯᠭᠡ ᠶᠢᠨ ᠠᠴᠢ ᠪᠠᠷ ᠶᠤᠮ᠃ ᠨᠢᠭᠡ ᠳᠤ ᠪᠡᠷᠬᠡ ᠰᠡᠳᠦᠪ ᠢ ᠰᠢᠢᠳᠪᠦᠷᠢᠯᠡᠬᠦ ᠬᠠᠷᠢᠭᠤᠴᠠᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠪᠢᠳᠡ ︽ᠲᠠᠪᠤᠨ ᠱᠠᠲᠤᠨ ᠤ ᠱᠦᠵᠢ ᠶᠠᠳᠠᠭᠤ ᠶᠢ ᠲᠡᠳᠬᠦᠬᠦ ᠶᠢ ᠠᠳᠬᠤᠬᠤ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠱᠦᠵᠢ ᠪᠠ ᠬᠤᠲᠠ ᠶᠢᠨ ᠳᠠᠷᠤᠭ᠎ᠠ ᠬᠤᠤᠰ ᠳᠤᠭᠤᠶᠢᠯᠠᠩ ᠤᠨ ᠳᠠᠷᠤᠭ᠎ᠠ ᠶᠢᠨ ᠲᠦᠷᠢᠮ ᠢ ᠬᠡᠷᠡᠭᠵᠢᠭᠦᠯᠦᠨ᠂ 18 ᠲᠤᠰᠬᠠᠶ ᠠᠵᠢᠯ ᠤᠨ ᠠᠬᠢᠭᠤᠯᠬᠤ ᠳᠤᠭᠤᠶᠢᠯᠠᠩ ᠪᠠᠶᠢᠭᠤᠯᠵᠤ᠂ 10 ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠳᠤᠭᠤᠶᠢᠯᠠᠩ᠂ 2003 ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠲᠣᠮᠢᠯᠠᠨ ᠰᠠᠭᠤᠯᠭᠠᠵᠤ᠂ 5 ᠲᠦᠮᠡ ᠭᠠᠷᠤᠶ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠪᠠᠷ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠬᠥᠨᠳᠡᠯᠡᠨ ᠴᠢᠭᠯᠡᠯ ᠢᠶᠠᠷ ᠬᠢᠵᠠᠭᠠᠷ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠬᠠᠷᠢᠭᠤᠴᠠᠯᠭ᠎ᠠ ᠨᠠᠶᠢᠳᠠᠪᠤᠷᠢᠵᠢᠭᠤᠯᠬᠤ ᠰᠢᠰᠲ᠋ᠧᠮ ᠢ ᠪᠠᠶᠢᠭᠤᠯᠪᠠ᠃ ᠬᠤᠶᠠᠷ ᠲᠤ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠪᠡ᠃ ᠡᠳ᠋ ᠤᠨ ᠵᠠᠰᠠᠭ ᠤᠨ ᠪᠡᠯᠡ ᠮᠥᠩᠭᠦ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠭᠰᠡᠨ ᠰᠠᠭᠤᠷᠢᠨ ᠳᠡᠭᠡᠷ᠎ᠡ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠳᠠᠶᠢᠴᠢᠯᠠᠬᠤ ᠭᠤᠣᠯ ᠴᠣᠭᠴᠠ ᠶᠢᠨ ᠪᠡᠯᠡ ᠮᠥᠩᠭᠦ ᠴᠤᠭᠯᠠᠭᠤᠯᠤᠨ ᠳᠠᠭᠠᠭᠠᠯᠲᠠ ᠬᠢᠬᠦ ᠳᠤ ᠬᠦᠴᠢᠷᠲᠡᠢ ᠪᠠᠶᠢᠬᠤ ᠪᠣᠭᠤᠮᠢ ᠶᠢ ᠰᠢᠪᠲᠤᠯᠬᠤ ᠶᠢᠨ ᠲᠥᠯᠥᠭᠡ᠂ ᠪᠢᠳᠠ ᠪᠦᠬᠦ ᠣᠷᠣᠨ ᠳᠤ ᠤᠷᠢᠳᠠᠪᠠᠷ ᠬᠤᠳᠠ ᠶᠢᠨ ᠲᠡᠰ ᠤᠨ ᠶᠠᠳᠠᠭᠤ ᠶᠢ ᠲᠡᠳᠬᠦᠬᠦ ᠪᠡᠯᠡ ᠮᠥᠩᠭᠦ ᠴᠤᠭᠯᠠᠭᠤᠯᠬᠤ ᠲᠠᠪᠴᠠᠩ ᠪᠣᠯᠤᠨ ᠳᠠᠭᠠᠭᠠᠯᠲᠠ ᠶᠢᠨ ᠲᠠᠪᠴᠠᠩ ᠢ ᠪᠠᠶᠢᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠵᠦ ᠶᠠᠳᠠᠭᠤ ᠬᠦᠴᠢᠷᠳᠡᠯᠲᠡᠢ ᠬᠥᠮᠦᠨ ᠠᠮᠠ ᠶᠢ ᠳᠠᠶᠢᠴᠢᠯᠠᠬᠤ ᠳᠤ ᠣᠷᠣᠯᠴᠠᠭᠰᠠᠨ ᠶᠠᠳᠠᠭᠤ ᠶᠢ ᠲᠡᠳᠬᠦᠬᠦ ᠠᠵᠤ ᠠᠬᠤᠶᠢᠯᠠᠯ᠂ ᠲᠠᠷᠢᠶᠠᠯᠠᠩ ᠮᠠᠯ ᠠᠵᠤ ᠠᠬᠤᠢ ᠤᠨ ᠠᠵᠤ ᠠᠬᠤᠶᠢᠯᠠᠯ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠳᠤ ᠪᠡᠯᠡ ᠮᠥᠩᠭᠦ ᠴᠤᠭᠯᠠᠭᠤᠯᠬᠤ ᠪᠠ ᠳᠠᠭᠠᠭᠠᠯᠲᠠ ᠬᠢᠬᠦ ᠲᠤᠬᠠᠶᠢᠯᠠᠭᠰᠠᠨ ᠠᠵᠢᠯ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠯᠤᠲᠤ ᠶᠡᠭᠡ ᠦᠢᠯᠡᠳᠦᠯ ᠦᠵᠡᠭᠦᠯᠪᠡ᠃ ᠭᠤᠷᠪᠠ ᠳᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠪᠠ᠃ ᠣᠯᠠᠨ ᠵᠢᠯ ᠤᠨ ᠲᠤᠷᠰᠢ᠂ ᠪᠡᠭᠡᠵᠢᠩ ᠬᠤᠲᠠ ᠪᠠ 7 ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠶᠡᠭᠡ ᠬᠡᠮᠵᠢᠶᠡᠨ ᠤ ᠬᠥᠮᠦᠨ ᠤ ᠬᠦᠴᠦᠨ᠂ ᠪᠣᠳᠠᠰ ᠤᠨ ᠬᠦᠴᠦᠨ ᠪᠠ ᠡᠳ᠋ ᠤᠨ ᠬᠦᠴᠦᠨ ᠢ ᠵᠠᠷᠤᠴᠠᠭᠤᠯᠵᠤ᠂ ᠮᠠᠨ ᠤ ᠬᠤᠲᠠ ᠳᠤ ᠪᠥᠬᠦ ᠲᠠᠯ᠎ᠠ ᠶᠢᠨ ᠬᠠᠪᠰᠤᠷᠤᠨ ᠲᠡᠳᠬᠦᠬᠦ ᠪᠠ ᠳᠡᠮᠵᠢᠯᠭᠡ ᠦᠵᠡᠭᠦᠯᠵᠦ᠂ ᠠᠵᠤ ᠦᠢᠯᠡᠰ  ᠤᠨ ᠬᠥᠭᠵᠢᠯᠲᠡ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠡᠷᠡᠭᠦᠯ ᠬᠠᠮᠠᠭᠠᠯᠠᠯ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠡᠯ᠎ᠡ ᠲᠥᠷᠥᠯ ᠤᠨ ᠬᠠᠮᠵᠢᠯᠴᠠᠬᠤ ᠲᠥᠷᠥᠯ ᠵᠦᠢᠯ ᠤᠯᠠᠭᠠᠨᠬᠠᠳᠠ ᠶᠢᠨ ᠡᠬᠡ ᠭᠠᠵᠠᠷ ᠲᠤ ᠨᠡᠶᠢᠳᠡᠮ ᠳᠡᠯᠭᠡᠷᠡᠵᠡᠶ᠃ 138 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠭᠦᠨᠵᠡᠭᠡᠶ ᠣᠷᠣᠯᠴᠠᠵᠤ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠠᠵᠢᠯᠯᠠᠭ᠎ᠠ ᠳᠤ 347 ᠶᠠᠳᠠᠭᠤ ᠬᠦᠴᠢᠷᠳᠡᠯ ᠲᠠᠢ ᠲᠣᠰᠬᠤᠨ᠂ 13762 ᠡᠷᠤᠭᠡ ᠶᠢᠨ 29495 ᠶᠠᠳᠠᠭᠤ ᠬᠦᠴᠢᠷᠳᠡᠯᠲᠡᠢ ᠡᠷᠤᠭᠡ ᠶᠢᠨ ᠠᠰᠢᠭ ᠣᠷᠣᠯᠭ᠎ᠠ ᠶᠢ ᠬᠠᠪᠰᠤᠷᠤᠨ ᠲᠡᠳᠬᠦᠪᠡ᠃ ᠲᠦᠷᠪᠡ ᠳᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠪᠡ᠃ ᠶᠡᠷᠦᠩᠬᠡᠶ ᠱᠦᠵᠢ ᠰᠢ ᠶᠢᠨ ᠫᠢᠩ ᠤᠨ ︽ᠶᠠᠳᠠᠭᠤ ᠶᠢ ᠲᠡᠳᠬᠦᠬᠦ ᠳᠤ ᠵᠣᠷᠢᠭ ᠢ ᠨᠢ ᠤᠷᠢᠳᠠᠪᠠᠷ ᠲᠡᠳᠬᠦᠬᠦ︾ ︽ᠶᠠᠳᠠᠭᠤ ᠶᠢ ᠲᠡᠳᠬᠦᠬᠦ ᠳᠤ ᠣᠶᠤᠨ ᠢ ᠨᠢ ᠵᠠᠪᠠᠯ ᠲᠡᠳᠬᠦᠬᠦ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠭᠡᠭᠡᠨ ᠬᠥᠭᠵᠢᠭᠦᠯᠬᠦ ᠮᠠᠶ᠋ᠢᠭ ᠤᠨ ᠶᠠᠳᠠᠭᠤ ᠶᠢ ᠲᠡᠳᠬᠦᠬᠦ ᠴᠢᠭᠯᠡᠯᠲᠡ ᠶᠢ ᠪᠠᠷᠢᠮᠲᠠᠯᠠᠵᠤ᠂ ᠬᠥᠭᠵᠢᠯᠲᠡ ᠪᠠᠷ ᠶᠠᠳᠠᠭᠤ ᠬᠦᠴᠢᠷᠳᠡᠯ ᠢ ᠰᠢᠢᠳᠪᠦᠷᠢᠯᠡᠬᠦ ᠦᠨᠳᠦᠰᠦᠨ ᠠᠷᠭ᠎ᠠ ᠵᠠᠮ ᠪᠣᠯᠭᠠᠵᠤ᠂ ᠭᠠᠳᠠᠨ᠎ᠠ ᠠᠴᠠ ᠬᠠᠪᠰᠤᠷᠤᠨ ᠲᠡᠳᠬᠦᠬᠦ ᠪᠠ ᠶᠠᠳᠠᠭᠤ ᠬᠦᠴᠢᠷᠳᠡᠯᠲᠡᠶ ᠣᠯᠠᠨ ᠲᠦᠮᠡᠨ ᠤ ᠲᠤᠰ ᠪᠡᠶ᠎ᠡ ᠶᠢᠨ ᠴᠢᠷᠮᠠᠶᠢᠯᠭ᠎ᠠ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠬᠥᠳᠡᠭᠡ ᠲᠣᠰᠬᠤᠨ ᠤ ᠰᠤᠷᠲᠠᠯ ᠤᠨ ᠪᠣᠯᠪᠠᠰᠤᠨ ᠤ ᠪᠠᠶᠢᠭᠤᠯᠤᠯᠲᠠ᠂ ᠤᠬᠠᠭᠤᠯᠭ᠎ᠠ ᠬᠥᠮᠦᠵᠢᠯ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠵᠢᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠣᠶᠤᠨ ᠰᠠᠨᠠᠭ᠎ᠠ ᠪᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠥᠷᠭᠡᠨ ᠢᠶᠠᠷ ᠳᠠᠶᠢᠴᠢᠯᠠᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠥᠪᠡᠷ ᠤᠨ ᠬᠦᠴᠦ ᠪᠠᠷ ᠢᠶᠠᠨ ᠴᠢᠨᠡᠭᠡᠯᠢᠭᠵᠢᠬᠦ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠳᠣᠲᠣᠭᠠᠳᠤ ᠶᠢᠨ ᠬᠥᠳᠡᠯᠭᠡᠬᠦ ᠬᠦᠴᠦᠨ ᠢ ᠣᠯᠠᠨ ᠠᠷᠭ᠎ᠠ ᠵᠠᠮ ᠢᠶᠠᠷ ᠬᠥᠭᠵᠢᠭᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠬᠢᠴᠠ ᠶᠢ ᠲᠦᠷᠭᠡᠳᠬᠡᠪᠡ᠃ ᠬᠥᠲᠥᠯᠥᠭᠴᠢ᠄       ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠳᠠᠬᠢᠨᠲᠠ᠄ ︽ᠶᠠᠳᠠᠭᠤ ᠠᠴᠠ ᠠᠩᠭᠢᠵᠢᠷᠠᠭᠤᠯᠬᠤ ᠪᠣᠯ ᠡᠴᠦᠰ ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠡᠬᠢᠯᠡᠯᠲᠡ ᠮᠥᠨ︾ ᠭᠡᠵᠦ ᠳᠤᠷᠠᠳᠤᠭᠰᠠᠨ ᠪᠠᠶᠢᠨ᠎ᠠ᠃ 2 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠩᠬᠢᠨᠢ ᠪᠠᠷ ᠫᠠᠶᠢᠰᠠ ᠡᠯᠭᠦᠵᠦ᠂ ᠶᠠᠳᠠᠭᠤ ᠶᠢ ᠲᠡᠳᠬᠦᠬᠦ ᠰᠢᠰᠲ᠋ᠧᠮ ᠨᠢ ᠪᠠᠶᠢᠭᠤᠯᠤᠮᠵᠢ ᠶᠢᠨ ᠲᠣᠬᠢᠷᠠᠭᠤᠯᠤᠯᠲᠠ ᠪᠠ ᠡᠭᠦᠷᠭᠡ ᠴᠢᠳᠠᠪᠤᠷᠢ ᠶᠢᠨ ᠬᠤᠪᠢᠷᠠᠯᠲᠠ ᠶᠢ ᠤᠭᠲᠤᠬᠤ ᠪᠣᠯᠤᠨ᠎ᠠ᠂ ᠲᠡᠭᠡᠪᠡᠯ ᠮᠠᠨ ᠤ ᠲᠠᠷᠠᠭᠠᠴᠢ ᠶᠢᠨ ᠠᠯᠬᠤᠮ ᠤᠨ ᠠᠵᠢᠯ ᠤᠨ ᠭᠤᠤᠯᠳᠠᠯᠭ᠎ᠠ ᠳᠤ ᠶᠠᠮᠠᠷ ᠶᠠᠮᠠᠷ ᠬᠤᠪᠢᠷᠠᠯᠲᠠ ᠭᠠᠷᠬᠤ ᠪᠣᠶ︖ ᠹᠧᠩ ᠱᠦ ᠰᠢᠨ᠄       ᠶᠡᠷᠦᠩᠬᠡᠢ ᠱᠦᠵᠢ ᠰᠢ ᠶᠢᠨ ᠫᠢᠩ ᠶᠠᠷᠢᠶᠠᠨ ᠳᠠᠭᠠᠨ᠄ ︽ᠢᠯᠠᠬᠤ ᠨᠢ ᠬᠦᠴᠢᠷ ᠨᠢ ᠪᠢᠰᠢ᠂ ᠪᠠᠷᠢᠮᠲᠠᠯᠠᠬᠤ ᠨᠢ ᠬᠦᠴᠢᠷ ᠨᠢ ᠶᠤᠮ︾ ᠭᠡᠵᠦ ᠵᠢᠭᠠᠵᠤ ᠭᠠᠷᠭᠠᠪᠠ ᠃ ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠡᠩ ᠪᠠᠲᠤᠳᠬᠠᠵᠤ᠂ ᠦᠷ᠎ᠡ ᠪᠦᠲᠦᠮᠵᠢ ᠶᠢ ᠨᠡᠩ ᠦᠷᠭᠦᠯᠵᠢᠯᠡᠭᠦᠯᠬᠦ ᠬᠡᠷᠡᠭᠲᠡᠢ᠃ ᠡᠨᠡ ᠨᠢ ᠮᠠᠨ ᠤ ᠬᠤᠶᠢᠰᠢᠳᠠ ᠶᠢᠨ ᠠᠵᠢᠯ ᠳᠤ ᠦᠨᠳᠦᠰᠦᠨ ᠵᠢᠷᠤᠮᠯᠠᠯ ᠢ ᠣᠯᠭᠤᠭᠰᠠᠨ ᠪᠠᠶᠢᠨ᠎ᠠ᠃ 5 ᠵᠢᠯ ᠤᠨ ᠰᠢᠯᠵᠢᠯᠲᠡ ᠶᠢᠨ ᠬᠤᠭᠤᠴᠠᠭᠠᠨ ᠳᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠣᠯᠤᠨ ᠠᠵᠢᠯ ᠤᠨ ᠰᠢᠰᠲ᠋ᠧᠮ ᠤᠨ ᠲᠣᠭᠲᠠᠭᠤᠨ ᠢᠶᠠᠷ ᠰᠢᠯᠵᠢᠬᠦ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠡᠰᠢ ᠤᠷᠤᠭᠰᠢᠲᠠᠢ ᠰᠢᠯᠵᠢᠨ᠎ᠡ᠃ ᠳᠣᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄ ᠨᠢᠭᠡ ᠳᠤ ︽ᠳᠥᠷᠪᠡ ᠶᠢ ᠲᠠᠶᠠᠭᠳᠠᠬᠤ ᠥᠬᠡᠶ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠪᠠᠷᠢᠮᠲᠠᠯᠠᠨ᠂ ᠣᠲᠣ ᠶᠢᠨ ᠪᠠᠶᠢᠭ᠎ᠠ ᠪᠠᠯᠠ ᠮᠥᠩᠭᠦ ᠶᠢᠨ ᠳᠡᠮᠵᠢᠯᠭᠡ ᠪᠠ ᠬᠠᠪᠰᠤᠷᠤᠨ ᠲᠡᠳᠬᠦᠬᠦ ᠬᠦᠴᠦᠨ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠵᠤ᠂ ᠠᠷᠠᠳ ᠣᠯᠠᠨ ᠤ ᠰᠡᠳᠬᠢᠯ ᠢ ᠠᠮᠤᠷᠵᠢᠭᠤᠯᠤᠨ᠎ᠠ᠃ ᠬᠤᠶᠠᠷ ᠲᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠠᠬᠢᠨ ᠶᠠᠳᠠᠭᠤᠷᠠᠬᠤ ᠠᠴᠠ ᠪᠤᠯᠵᠤ ᠶᠠᠳᠠᠭᠤᠷᠠᠬᠤ ᠳᠤ ᠬᠢᠯᠪᠠᠷ ᠬᠥᠮᠦᠨ ᠠᠮᠠ ᠶᠢ ᠡᠷᠲᠡ ᠠᠴᠠ ᠢᠯᠡᠷᠡᠭᠦᠯᠵᠦ᠂ ᠡᠷᠲᠡ ᠠᠴᠠ ᠭᠠᠷ ᠲᠦᠷᠦᠵᠤ᠂ ᠡᠷᠲᠡ ᠠᠴᠠ ᠬᠠᠪᠰᠤᠷᠤᠨ ᠲᠡᠳᠬᠦᠬᠦ ᠶᠢ ᠪᠡᠶᠡᠯᠡᠭᠦᠯᠦᠨ᠎ᠡ᠃ ᠭᠤᠷᠪᠠ ᠳᠤ ᠬᠠᠪᠰᠤᠷᠤᠨ ᠲᠡᠳᠬᠦᠬᠦ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠵᠢᠴᠢ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠲᠦᠷᠪᠡ ᠳᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠦᠷᠭᠦᠯᠵᠢᠯᠡᠨ ᠰᠠᠶᠢᠲᠤᠷ ᠬᠢᠨ᠎ᠠ᠃ ᠲᠠᠪᠤ ᠳᠤ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠶᠢᠨ ᠳᠠᠷᠠᠭᠠᠬᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠨ᠎ᠠ᠂ ᠡᠭᠦᠨ ᠳᠤ ᠠᠵᠤ ᠦᠢᠯᠡᠰ᠂ ᠠᠵᠢᠯ ᠣᠯᠭᠤᠯᠲᠠ᠂ ᠤᠯᠠᠨ ᠨᠡᠶᠢᠲᠡ ᠶᠢᠨ ᠦᠢᠯᠡᠴᠢᠯᠡᠭᠡ᠂ ᠨᠡᠶᠢᠭᠡᠮ ᠪᠠ ᠨᠡᠶᠢᠭᠡᠮ ᠲᠣᠭᠤᠷᠢᠭ ᠤᠨ ᠵᠠᠰᠠᠯᠲᠠ᠂ ᠨᠡᠶᠢᠭᠡᠮ ᠤᠨ ᠠᠭᠤᠰᠤᠯᠴᠠᠯ ᠵᠡᠷᠭᠡ ᠶᠢ ᠪᠠᠭᠲᠠᠭᠠᠨ᠎ᠠ᠃ ᠵᠢᠷᠭᠤᠭ᠎ᠠ ᠳᠤ ᠶᠠᠳᠠᠭᠤ ᠶᠢ ᠲᠡᠳᠬᠦᠬᠦ ᠵᠦᠢᠯᠡᠰ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠦᠷ᠎ᠡ ᠠᠰᠢᠭ ᠢ ᠨᠢ ᠦᠷᠭᠦᠯᠵᠢᠯᠡᠨ ᠪᠠᠳᠠᠷᠠᠭᠤᠯᠤᠨ᠎ᠠ᠃ ᠲᠤᠯᠤᠭ᠎ᠠ ᠳᠤ ᠂ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠰᠠᠬᠢᠵᠤ᠂ ᠢᠯᠠᠩᠭᠤᠶ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠰᠠᠶᠢᠲᠤᠷ ᠠᠰᠢᠭᠯᠠᠵᠤ᠂ ᠪᠠᠭᠤᠷᠠᠢ ᠬᠥᠳᠡᠯᠮᠦᠷᠢ ᠬᠦᠴᠦᠨ ᠢ ᠰᠢᠢᠳᠪᠦᠷᠢᠯᠡᠵᠦ᠂ ᠬᠤᠯᠠ ᠶᠠᠪᠤᠵᠤ ᠳᠡᠶᠢᠯᠬᠦ ᠦᠭᠡᠢ ᠬᠠᠷᠢᠴᠠᠩᠭᠤᠢ ᠬᠦᠴᠢᠷᠳᠡᠯᠲᠡᠢ ᠭᠡᠷ ᠪᠦᠯᠢ ᠶᠢᠨ ᠬᠥᠳᠡᠯᠮᠦᠷᠢ ᠬᠦᠴᠦᠨ ᠳᠤ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠦᠨ᠎ᠡ᠃ ᠶᠡᠷᠦᠩᠬᠡᠢ ᠱᠦᠵᠢ᠄ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠭᠦᠨᠴᠡ᠂ ᠥᠷᠭᠡᠴᠡ᠂ ᠬᠦᠴᠢᠷᠳᠡᠯ ᠨᠢ ᠴᠥᠮ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠳᠣᠣᠷ᠎ᠠ ᠦᠭᠡᠢ ᠶᠤᠮ︾ ᠭᠡᠵᠦ ᠵᠢᠭᠠᠵᠤ ᠭᠠᠷᠭᠠᠪᠠ᠃ ᠬᠤᠶᠢᠰᠢᠳᠠ ᠶᠢᠨ ᠠᠵᠢᠯ ᠤᠨ ᠳᠤᠮᠳᠠ᠂ ᠪᠢᠳᠡ ︽ᠬᠠᠮᠲᠤᠪᠡᠷ ᠰᠡᠳᠬᠢᠯ ᠢᠶᠠᠨ ᠨᠢᠭᠡᠳᠬᠡᠵᠦ᠂ ᠬᠦᠴᠦᠨ ᠢᠶᠠᠨ ᠰᠢᠪᠬᠠᠨ ᠪᠠᠶᠢᠯᠳᠤᠵᠤ᠂ ᠣᠨᠤᠴᠠᠲᠠᠢ ᠪᠣᠳᠠᠲᠠᠢ ᠶᠢ ᠡᠷᠬᠢᠮᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠷᠠᠳ ᠲᠦᠮᠡᠨ ᠢ ᠬᠥᠰᠡᠷᠳᠡᠭᠦᠯᠬᠦ ᠦᠭᠡᠢ︾ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ ᠪᠠᠳᠠᠷᠠᠭᠤᠯᠤᠨ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠰᠢᠨ᠎ᠡ ᠠᠶᠠᠨ ᠢ ᠡᠬᠢᠯᠡᠭᠦᠯᠵᠦ᠂ ᠪᠦᠬᠦ ᠬᠤᠳᠠ ᠶᠢᠨ ᠠᠷᠠᠳ ᠲᠦᠮᠡᠨ ᠢ ᠳᠠᠭᠠᠭᠤᠯᠤᠨ ᠨᠡᠩ ᠰᠠᠶᠢᠨ ᠰᠠᠶᠢᠬᠠᠨ ᠰᠢᠨ᠎ᠡ ᠠᠮᠢᠳᠤᠷᠠᠯ ᠲᠡᠰᠢ ᠤᠷᠤᠭᠰᠢᠯᠠᠨ᠎ᠠ︕ ᠬᠥᠲᠥᠯᠥᠭᠴᠢ᠄       ᠵᠠ᠂ ᠹᠧᠩ ᠡᠷᠬᠢᠯᠡᠭᠴᠢ ᠡ᠂ ᠲᠠᠨ ᠤ ᠥᠨᠥᠳᠦᠷ ᠤᠨ ᠰᠤᠷᠪᠤᠯᠵᠢᠯᠠᠭ᠎ᠠ ᠳᠤ ᠣᠷᠣᠯᠴᠠᠭᠰᠠᠨ ᠳᠤ ᠳᠠᠬᠢᠨᠲᠠ ᠲᠠᠯᠠᠷᠬᠠᠵᠤ ᠪᠠᠶᠢᠨ᠎ᠠ᠃ ᠴᠠᠭ ᠤᠨ ᠬᠠᠷᠠᠭ᠎ᠠ ᠠᠴᠠ ᠪᠣᠯᠵᠤ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠪᠢᠳᠡ ᠳᠠᠷᠠᠭ᠎ᠠ ᠬᠤᠭᠤᠴᠠᠭᠠᠨ ᠳᠠᠭᠠᠨ ᠳᠠᠬᠢᠨ ᠠᠭᠤᠯᠵᠠᠶ᠎ᠠ᠂ ᠪᠠᠶᠠᠷᠲᠠᠢ  
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ