︽︿ᠤᠯᠠᠭᠠᠨᠬᠠᠳᠠ ᠬᠤᠲᠠ ᠶᠢᠨ ᠭᠤᠣᠯ ᠬᠤᠲᠠ ᠶᠢᠨ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢᠨ ᠠᠷᠭ᠎ᠠ﹀ ᠶᠢᠨ ᠬᠡᠰᠡᠭ ᠵᠤᠷᠪᠤᠰ ᠲᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠲᠥᠰᠦᠯ
ᠨᠡᠶᠢᠲᠡᠯᠡᠭᠰᠡᠨ ᠴᠠᠭ᠄
2021/4/1
     ᠨᠢᠭᠡ᠂ ᠣᠷᠣᠨ ᠰᠠᠭᠤᠴᠠ ᠶᠢᠨ ᠪᠠᠷᠢᠯᠭ᠎ᠠ ᠶᠢᠨ ᠨᠠᠷᠠᠨ ᠤ ᠲᠤᠰᠤᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠲᠤᠬᠠᠶ ᠵᠤᠷᠪᠤᠰ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2013 ᠣᠨ ᠤ 11 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠣᠷᠣᠨ ᠰᠠᠭᠤᠴᠠ ᠶᠢᠨ ᠲᠣᠭᠤᠷᠢᠭ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠪᠠᠷᠢᠮᠵᠢᠶ᠎ᠠ︾ ︵DBJ03 - 52 - 2013︶ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠣᠷᠣᠨ ᠰᠠᠭᠤᠴᠠ ᠶᠢᠨ ᠪᠠᠷᠢᠯᠭ᠎ᠠ ᠶᠢᠨ ᠨᠠᠷᠠᠨ ᠤ ᠲᠤᠰᠤᠯᠲᠠ ᠶᠢᠨ ᠪᠠᠷᠢᠮᠵᠢᠶ᠎ᠠ ᠨᠢ ᠬᠦᠰᠦᠨᠦᠭᠲᠦ ᠶᠢᠨ 5.2.1 ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ ︵ᠨᠠᠷᠠᠨ ᠤ ᠲᠤᠰᠤᠯᠲᠠ ᠶᠢᠨ ᠪᠠᠷᠢᠮᠵᠢᠶ᠎ᠠ ᠶᠢᠨ ᠡᠳᠦᠷ ᠨᠢ ᠶᠡᠭᠡ ᠬᠦᠢᠲᠡᠨ ᠤ ᠡᠳᠦᠷ᠂ ᠶᠡᠭᠡ ᠬᠤᠲᠠ ᠶᠢᠨ ᠨᠠᠷᠠᠨ ᠤ ᠲᠤᠰᠤᠯᠲᠠ ᠶᠢᠨ ᠴᠠᠭ ᠤᠨ ᠲᠤᠭ᠎ᠠ ᠨᠢ 2 ᠴᠠᠭ ᠪᠤᠶᠤ 2 ᠴᠠᠭ ᠠᠴᠠ ᠶᠡᠭᠡ᠂ ᠳᠤᠮᠳᠠ ᠪᠠᠭ᠎ᠠ ᠬᠤᠲᠠ ᠶᠢᠨ ᠨᠠᠷᠠᠨ ᠤ ᠲᠤᠰᠤᠯᠲᠠ ᠶᠢᠨ ᠴᠠᠭ ᠤᠨ ᠲᠤᠭ᠎ᠠ ᠨᠢ 3 ᠴᠠᠭ ᠪᠤᠶᠤ 3 ᠴᠠᠭ ᠠᠴᠠ ᠶᠡᠭᠡ︶᠃ ᠲᠣᠰ ᠪᠠᠷᠢᠮᠵᠢᠶ᠎ᠠ ᠶᠢᠨ 3.2.1 ᠳᠤ ᠶᠡᠭᠡ ᠬᠤᠲᠠ ᠭᠡᠳᠡᠭ ᠨᠢ ᠭᠤᠣᠯ ᠬᠤᠲᠠ ᠲᠣᠭᠤᠷᠢᠭ ᠤᠨ ᠬᠡᠪᠴᠢᠶᠡᠨ ᠳᠠᠬᠢ ᠣᠳᠣᠬᠢ ᠬᠥᠮᠦᠨ ᠠᠮᠠ ᠶᠢᠨ ᠬᠡᠪᠴᠢᠶ᠎ᠡ ᠨᠢ 100 ᠲᠦᠮᠡᠨ ᠬᠦᠮᠦᠨ ᠠᠴᠠ ᠳᠡᠭᠡᠭᠰᠢ ᠪᠠᠶᠢᠬᠤ ᠬᠤᠲᠠ ᠶᠢ ᠵᠢᠭᠠᠵᠤ᠂ ᠳᠤᠮᠳᠠ ᠵᠡᠷᠭᠡ ᠶᠢᠨ ᠬᠤᠲᠠ ᠭᠡᠳᠡᠭ ᠨᠢ ᠭᠤᠣᠯ ᠬᠤᠲᠠ ᠲᠣᠭᠤᠷᠢᠭ ᠤᠨ ᠬᠡᠪᠴᠢᠶᠡᠨ ᠳᠠᠬᠢ ᠣᠳᠣᠬᠢ ᠬᠥᠮᠦᠨ ᠠᠮᠠ ᠶᠢᠨ ᠬᠡᠪᠴᠢᠶ᠎ᠡ ᠨᠢ 50 - 100 ᠲᠦᠮᠡᠨ ᠬᠥᠮᠦᠨ ᠳᠤ ᠪᠠᠶᠢᠬᠤ ᠬᠤᠲᠠ ᠶᠢ ᠵᠢᠭᠠᠵᠤ᠂ ᠪᠠᠭ᠎ᠠ ᠬᠤᠲᠠ ︵ᠪᠠᠯᠭᠠᠰᠤ︶ ᠭᠡᠳᠡᠭ ᠨᠢ ᠭᠤᠣᠯ ᠬᠤᠲᠠ ᠲᠣᠭᠤᠷᠢᠭ ᠤᠨ ᠬᠡᠪᠴᠢᠶᠡᠨ ᠳᠠᠬᠢ ᠣᠳᠣᠬᠢ ᠬᠥᠮᠦᠨ ᠠᠮᠠ ᠶᠢᠨ ᠬᠡᠪᠴᠢᠶ᠎ᠡ ᠨᠢ 50 ᠲᠦᠮᠡᠨ ᠬᠥᠮᠦᠨ ᠳᠤ ᠬᠥᠷᠬᠦ ᠥᠬᠡᠶ ᠬᠤᠲᠠ ︵ᠪᠠᠯᠭᠠᠰᠤ︶ ᠶᠢ ᠵᠢᠭᠠᠵᠤ ᠪᠠᠶᠢᠨ᠎ᠠ ᠭᠡᠵᠦ ᠲᠣᠳᠤᠷᠬᠠᠢ ᠲᠣᠭᠲᠠᠭᠠᠪᠠ᠃ ᠲᠤᠬᠠᠶ ᠶᠢᠨ ᠦᠶ᠎ᠡ ᠳᠤ ᠤᠯᠠᠭᠠᠨᠬᠠᠳᠠ ᠬᠤᠲᠠ ᠶᠢᠨ ᠭᠤᠣᠯ ᠬᠤᠲᠠ ᠲᠣᠭᠤᠷᠢᠭ ᠤᠨ ᠬᠥᠮᠦᠨ ᠠᠮᠠ ᠶᠢᠨ ᠬᠡᠪᠴᠢᠶ᠎ᠡ ᠨᠢ 100 ᠲᠦᠮᠡᠨ ᠬᠦᠮᠦᠨ ᠳᠤ ᠬᠦᠷᠦᠭᠰᠡᠨ ᠥᠬᠡᠶ ᠪᠣᠯᠬᠤᠷ ᠲᠣᠰ ᠪᠠᠷᠢᠮᠵᠢᠶ᠎ᠠ ᠳᠤ ᠳᠤᠮᠳᠠ ᠵᠢᠵᠢᠭ ᠬᠤᠲᠠ ᠳᠤ ᠣᠷᠣᠭᠤᠯᠤᠭᠰᠠᠨ ᠪᠠᠶᠢᠨ᠎ᠠ᠃      ︽ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠲᠣᠪᠴᠢᠶ᠎ᠠ ᠶᠢᠨ ᠬᠤᠲᠠ ᠲᠣᠭᠤᠷᠢᠭ ᠤᠨ ᠬᠡᠪᠴᠢᠶ᠎ᠡ ᠶᠢ ᠲᠤᠷᠰᠢᠨ ᠬᠤᠪᠢᠶᠠᠷᠢᠯᠠᠬᠤ ᠠᠵᠢᠯ ᠢ ᠥᠷᠨᠢᠭᠦᠯᠬᠦ ᠲᠤᠬᠠᠶ ᠵᠠᠬᠢᠳᠠᠯ︾ ︵ᠪᠠᠶᠢᠭᠠᠯᠢ ᠶᠢᠨ ᠡᠬᠢ ᠪᠠᠶᠠᠯᠢᠭ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠵᠠᠬᠢᠳᠠᠯ ﹇2020﹈ 40 ᠳ᠋ᠦ᠋ᠭᠡᠷ ᠲᠣᠭᠠᠲᠤ︶ ᠢ ᠦᠨᠳᠦᠰᠦᠯᠡᠪᠡᠯ᠂ ᠤᠯᠠᠭᠠᠨᠬᠠᠳᠠ ᠬᠤᠲᠠ ᠶᠢᠨ ᠬᠤᠲᠠ ᠲᠣᠭᠤᠷᠢᠭ ᠤᠨ ᠬᠡᠪᠴᠢᠶ᠎ᠡ ᠶᠢ ᠲᠤᠷᠰᠢᠨ ᠬᠤᠪᠢᠶᠠᠷᠢᠯᠠᠬᠤ ᠠᠵᠢᠯ ᠢ ᠨᠢᠭᠡᠨᠲᠡ ᠠᠩᠬ᠎ᠠ ᠠᠯᠬᠤᠮ ᠪᠡᠶᠡᠯᠡᠭᠦᠯᠦᠭᠰᠡᠨ ᠪᠥᠭᠡᠳ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠳᠤ ᠮᠡᠳᠡᠭᠦᠯᠵᠦ᠂ ᠬᠤᠲᠠ ᠲᠣᠭᠤᠷᠢᠭ ᠤᠨ ᠬᠡᠪᠴᠢᠶ᠎ᠡ ᠶᠢ 158.13 ᠲᠡᠭᠰᠢ ᠳᠥᠷᠪᠡᠯᠵᠢᠨ ᠺᠢᠯᠣᠮᠧᠲᠷ ᠲᠤᠷᠰᠢᠨ ᠬᠤᠪᠢᠶᠠᠷᠢᠯᠠᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠡᠪᠴᠢᠶ᠎ᠡ 104.85 ᠲᠦᠮᠡᠨ ᠬᠥᠮᠦᠨ ᠢ ᠬᠠᠮᠤᠷᠪᠠ︔ ᠡᠭᠦᠨ ᠠᠴᠠ ᠭᠠᠳᠠᠨ᠎ᠠ᠂ ᠬᠠᠷᠠᠴᠢᠨ ᠤ ᠾᠧ ᠮᠧᠢ ᠬᠡᠰᠡᠭ ᠲᠣᠭᠤᠷᠢᠭ ᠪᠠᠰᠠ ᠭᠤᠣᠯ ᠬᠤᠲᠠ ᠲᠣᠭᠤᠷᠢᠭ ᠤᠨ ᠨᠢᠭᠡᠳᠦᠯᠲᠡᠶ ᠲᠥᠯᠥᠪᠯᠡᠬᠦ ᠬᠡᠪᠴᠢᠶᠡᠨ ᠳᠤ ᠪᠠᠶᠢᠵᠤ᠂ ᠪᠣᠳᠠᠲᠤ ᠴᠣᠭᠴᠠ ᠶᠢᠨ ᠭᠠᠵᠠᠷ ᠣᠷᠣᠨ ᠤ ᠲᠠᠯᠠᠪᠠᠶ ᠨᠢ 9.92 ᠲᠡᠭᠰᠢ ᠳᠥᠷᠪᠡᠯᠵᠢᠨ ᠺᠢᠯᠣᠮᠧᠲᠷ᠂ 1.35 ᠲᠦᠮᠡᠨ ᠪᠠᠶᠢᠩᠭᠤ ᠰᠠᠭᠤᠭ᠎ᠠ ᠬᠥᠮᠦᠨ ᠠᠮᠠ ᠶᠢ ᠬᠠᠮᠤᠷᠴᠤ᠂ ᠬᠤᠲᠠ ᠲᠣᠭᠤᠷᠢᠭ ᠪᠣᠯᠤᠨ ᠾᠧ ᠮᠧᠢ ᠬᠡᠰᠡᠭ ᠲᠣᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠪᠥᠬᠦ ᠲᠤᠭ᠎ᠠ ᠨᠢ 106.2 ᠲᠦᠮᠡᠨ ᠬᠥᠮᠦᠨ ᠢ ᠬᠠᠮᠤᠷᠤᠭᠰᠠᠨ ᠪᠠᠶᠢᠨ᠎ᠠ᠃ ᠮᠠᠨ ᠤ ᠬᠤᠲᠠ ᠶᠢᠨ ᠭᠤᠣᠯ ᠬᠤᠲᠠ ᠲᠣᠭᠤᠷᠢᠭ ᠤᠨ ᠬᠥᠮᠦᠨ ᠠᠮᠠ ᠶᠢᠨ ᠬᠡᠪᠴᠢᠶ᠎ᠡ ᠨᠢᠭᠡᠨᠲᠡ 100 ᠲᠦᠮᠡ ᠶᠢ ᠳᠠᠪᠠᠭᠰᠠᠨ ᠪᠣᠳᠠᠲᠤ ᠪᠠᠶᠢᠳᠠᠯ ᠢ ᠦᠨᠳᠦᠰᠦᠯᠡᠨ᠂ 2020 ᠣᠨ ᠤ 9 ᠰᠠᠷ᠎ᠠ ᠶᠢᠨ 9 ᠤ ᠡᠳᠦᠷ ᠬᠤᠲᠠ ᠶᠢᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠳᠤ ᠵᠠᠬᠢᠳᠠᠯ ᠢᠯᠡᠭᠡᠵᠦ᠂ ᠤᠯᠠᠭᠠᠨᠬᠠᠳᠠ ᠬᠤᠲᠠ ᠶᠢᠨ ᠣᠷᠣᠨ ᠰᠠᠭᠤᠴᠠ ᠶᠢᠨ ᠪᠠᠷᠢᠯᠭ᠎ᠠ ᠶᠢᠨ ᠨᠠᠷᠠᠨ ᠤ ᠲᠤᠰᠤᠯᠲᠠ ᠶᠢᠨ ᠪᠠᠷᠢᠮᠵᠢᠶ᠎ᠡ ᠶᠢ ᠶᠡᠭᠡ ᠬᠤᠲᠠ ᠶᠢᠨ ᠪᠠᠷᠢᠮᠵᠢᠶ᠎ᠠ ᠪᠠᠷ ᠬᠡᠷᠡᠭᠵᠢᠭᠦᠯᠬᠦ ᠶᠢ ᠭᠤᠶᠤᠴᠢᠯᠠᠪᠠ᠃ 2020 ᠣᠨ ᠤ 10 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠷᠢᠭᠤ ᠵᠠᠬᠢᠳᠠᠯ ᠳᠤ ︽ᠲᠠᠨ ᠤ ᠬᠤᠲᠠ ᠭᠤᠣᠯ ᠬᠤᠲᠠ ᠲᠣᠭᠤᠷᠢᠭ ᠤᠨ ᠬᠡᠪᠴᠢᠶᠡᠨ ᠳᠠᠬᠢ ᠣᠳᠣᠬᠠᠨ ᠤ ᠪᠣᠳᠠᠲᠠᠶ ᠬᠥᠮᠦᠨ ᠠᠮᠠ ᠶᠢᠨ ᠬᠡᠪᠴᠢᠶ᠎ᠡ ᠶᠣᠰᠣᠭᠠᠷ᠂ ᠵᠣᠬᠢᠬᠤ ᠣᠷᠣᠨ ᠰᠠᠭᠤᠴᠠ ᠶᠢᠨ ᠪᠠᠷᠢᠯᠭ᠎ᠠ ᠶᠢᠨ ᠨᠠᠷᠠᠨ ᠤ ᠲᠤᠰᠤᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠦᠭᠡᠷᠡᠶ︾ ᠭᠡᠵᠦ ᠲᠣᠳᠣᠷᠬᠠᠶ ᠲᠣᠭᠲᠠᠭᠠᠪᠠ᠃ ᠡᠭᠦᠨ ᠤ ᠲᠤᠯᠠᠳᠠ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ︽ᠤᠯᠠᠭᠠᠨᠬᠠᠳᠠ ᠬᠤᠲᠠ ᠶᠢᠨ ᠭᠤᠣᠯ ᠬᠤᠲᠠ ᠶᠢᠨ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢᠨ ᠠᠷᠭ᠎ᠠ︾ ᠶᠢᠨ ᠬᠤᠶᠠᠳᠤᠭᠠᠷ ᠪᠦᠯᠦᠭ ᠤᠨ ᠳᠣᠯᠣᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ︽ᠪᠠᠷᠢᠯᠭ᠎ᠠ ᠶᠢᠨ ᠬᠤᠭᠤᠷᠣᠨᠳᠣᠬᠢ ᠵᠠᠶ ᠨᠢ ᠭᠠᠯ ᠤᠨᠲᠠᠷᠠᠭᠠᠬᠤ᠂ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠪᠠᠷᠢᠯᠭ᠎ᠠ ᠶᠢᠨ ᠬᠤᠭᠤᠯᠠᠶ ᠱᠤᠭᠤᠮ ᠪᠠ ᠪᠠᠷᠢᠯᠭ᠎ᠠ ᠶᠢᠨ ᠬᠠᠮᠠᠭᠠᠯᠠᠯᠲᠠ᠂ ᠲᠠᠭᠤ ᠱᠤᠤᠭᠢᠶᠠᠨ ᠢ ᠰᠡᠷᠭᠡᠶᠢᠯᠡᠨ ᠵᠠᠰᠠᠬᠤ᠂ ᠬᠤᠲᠠ ᠶᠢᠨ ᠦᠵᠡᠮᠵᠢ ᠶᠢᠨ ᠱᠠᠭᠠᠷᠳᠠᠯᠭ᠎ᠠ ᠶᠢ ᠬᠠᠩᠭᠠᠵᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠪᠠᠷᠢᠯᠭ᠎ᠠ ᠶᠢᠨ ᠬᠤᠭᠤᠷᠣᠨᠳᠣᠬᠢ ᠵᠠᠶ ᠨᠢ ᠶᠡᠭᠡ ᠬᠦᠢᠲᠡᠨ ᠡᠳᠦᠷ ᠤᠨ 3 ᠴᠠᠭ ᠤᠨ ᠨᠡᠷᠡᠨ ᠤ ᠲᠤᠰᠤᠯᠲᠠ ᠶᠢᠨ ᠪᠠᠷᠢᠮᠵᠢᠶ᠎ᠠ ᠶᠢ ᠠᠯᠢ ᠴᠢᠳᠠᠬᠤ ᠪᠠᠷ ᠬᠠᠩᠭᠠᠬᠤ ᠬᠡᠷᠡᠭᠲᠡᠶ︾ ᠶᠢ ︽ᠪᠠᠷᠢᠯᠭ᠎ᠠ ᠶᠢᠨ ᠬᠤᠭᠤᠷᠣᠨᠳᠣᠬᠢ ᠵᠠᠶ ᠨᠢ ᠭᠠᠯ ᠤᠨᠲᠠᠷᠠᠭᠠᠬᠤ᠂ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠪᠠᠷᠢᠯᠭ᠎ᠠ ᠶᠢᠨ ᠬᠤᠭᠤᠯᠠᠶ ᠱᠤᠭᠤᠮ ᠪᠠ ᠪᠠᠷᠢᠯᠭ᠎ᠠ ᠶᠢᠨ ᠬᠠᠮᠠᠭᠠᠯᠠᠯᠲᠠ᠂ ᠲᠠᠭᠤ ᠱᠤᠤᠭᠢᠶᠠᠨ ᠢ ᠰᠡᠷᠭᠡᠶᠢᠯᠡᠨ ᠵᠠᠰᠠᠬᠤ᠂ ᠬᠤᠲᠠ ᠶᠢᠨ ᠦᠵᠡᠮᠵᠢ ᠶᠢᠨ ᠱᠠᠭᠠᠷᠳᠠᠯᠭ᠎ᠠ ᠶᠢ ᠬᠠᠩᠭᠠᠵᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠪᠠᠷᠢᠯᠭ᠎ᠠ ᠶᠢᠨ ᠬᠤᠭᠤᠷᠣᠨᠳᠣᠬᠢ ᠵᠠᠶ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠣᠷᠣᠨ ᠰᠠᠭᠤᠴᠠ ᠶᠢᠨ ᠵᠢᠵᠢᠭ ᠲᠣᠭᠤᠷᠢᠭ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠪᠠᠷᠢᠮᠵᠢᠶ᠎ᠠ︾ ︵DBJ03 - 52 - 2013︶ ᠶᠢᠨ ᠶᠡᠭᠡ ᠬᠤᠲᠠ ᠶᠢᠨ ᠣᠷᠣᠨ ᠰᠠᠭᠤᠴᠠ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠂ ᠲᠤᠬᠠᠶᠢᠯᠠᠪᠠᠯ ᠣᠷᠣᠨ ᠰᠠᠭᠤᠴᠠ ᠶᠢᠨ ᠪᠠᠷᠢᠯᠭ᠎ᠠ ᠶᠢᠨ ᠶᠡᠭᠡ ᠬᠦᠢᠲᠡᠨ ᠤ ᠡᠳᠦᠷ ᠤᠨ ᠨᠡᠷᠡᠨ ᠤ ᠲᠤᠰᠤᠯᠲᠠ ᠶᠢᠨ ᠴᠠᠭ ᠤᠨ ᠲᠤᠭ᠎ᠠ ᠨᠢ 2 ᠴᠠᠭ ᠠᠴᠠ ᠶᠡᠭᠡ ᠪᠤᠶᠤ 2 ᠴᠠᠭ ᠲᠠᠢ ᠲᠡᠩᠴᠡᠭᠦᠦ︾ ᠭᠡᠵᠦ ᠵᠠᠰᠠᠪᠠ᠃      ᠲᠣᠰ ᠵᠦᠢᠯ ᠵᠤᠷᠪᠤᠰ ᠲᠤ ᠵᠠᠰᠠᠪᠤᠷᠢ ᠣᠷᠣᠭᠤᠯᠤᠭᠰᠠᠨ ᠨᠢ ᠵᠠᠰᠠᠨ ᠪᠠᠶᠢᠭᠤᠯᠬᠤ ᠴᠢᠨᠠᠷᠲᠠᠶ ᠨᠠᠷᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠳᠤ ᠠᠰᠢᠭᠲᠠᠶ ᠪᠠᠷ ᠪᠠᠷᠠᠬᠤ ᠥᠬᠡᠶ᠂ ᠣᠨᠴᠠᠭᠠᠶᠢᠯᠠᠨ ᠲᠠᠯᠠᠪᠠᠶ ᠶᠢᠨ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠪᠠᠶᠢᠷᠢᠰᠢᠭᠤᠯᠤᠯᠲᠠ ᠶᠢᠨ ᠲᠠᠯ᠎ᠠ ᠪᠠᠷ ᠨᠠᠩ ᠵᠦᠶ ᠵᠣᠬᠢᠰᠲᠠᠶ ᠪᠣᠯᠵᠣ᠂ ᠭᠤᠣᠯ ᠬᠤᠲᠠ ᠲᠣᠭᠤᠷᠢᠭ ᠤᠨ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠳᠤ ᠨᠠᠩ ᠠᠰᠢᠭᠲᠠᠶ ᠶᠤᠮ᠃      ᠬᠤᠶᠠᠷ᠂ ᠪᠤᠰᠤᠳ ᠵᠦᠢᠯ ᠵᠤᠷᠪᠤᠰ ᠤᠨ ᠲᠤᠬᠠᠶ      ᠪᠠᠶᠢᠭᠤᠯᠤᠮᠵᠢ ᠶᠢᠨ ᠥᠭᠡᠷᠡᠴᠢᠯᠡᠯᠲᠡ ᠠᠴᠠ ᠪᠣᠯᠵᠣ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠴᠢᠳᠠᠪᠤᠷᠢ ᠪᠠᠨ ᠳᠣᠭᠢᠷᠠᠭᠤᠯᠬᠤ ᠪᠠ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠪᠠ᠂ ︽ᠤᠯᠠᠭᠠᠨᠬᠠᠳᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠥᠪᠯᠡᠯ︾ ᠤᠨ ᠨᠡᠷ᠎ᠡ ᠶᠢ ︽ᠤᠯᠠᠭᠠᠨᠬᠠᠳᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︾᠂ ︽ᠤᠯᠠᠭᠠᠨᠬᠠᠳᠠ ᠬᠤᠲᠠ ᠶᠢᠨ ᠲᠥᠯᠥᠪᠵᠢᠭᠦᠯᠭᠡ ᠶᠢᠨ ᠲᠣᠪᠴᠢᠶ᠎ᠠ︾᠂ ︽ᠤᠯᠠᠭᠠᠨᠬᠠᠳᠠ ᠬᠤᠲᠠ ᠶᠢᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ︾ ᠶᠢ ᠨᠡᠶᠢᠯᠡᠭᠦᠯᠦᠭᠡᠳ ︽ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︾ ᠪᠣᠯᠭᠠᠨ ᠪᠠᠶᠢᠭᠤᠯᠪᠠ᠃ ᠲᠣᠰ ᠤᠳᠠᠭᠠᠨ ᠤ ᠵᠠᠰᠠᠪᠤᠷᠢ ᠣᠷᠣᠭᠤᠯᠤᠯᠲᠠ ᠨᠢ ᠪᠠᠶᠢᠭᠤᠯᠤᠮᠵᠢ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠡᠷᠡᠶᠢᠳᠦᠯ ᠢᠶᠠᠷ ᠬᠤᠯᠪᠣᠭᠳᠠᠯ ᠪᠥᠬᠦᠶ ᠵᠦᠢᠯ ᠵᠤᠷᠪᠤᠰ ᠤᠨ ᠠᠭᠤᠯᠭ᠎ᠠ ᠳᠤ ᠵᠡᠷᠭᠡ ᠪᠠᠷ ᠵᠠᠰᠠᠪᠤᠷᠢ ᠣᠷᠣᠭᠤᠯᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ