ᠤᠯᠠᠭᠠᠨᠬᠠᠳᠠ ᠬᠤᠲᠠ ᠶᠢᠨ ᠳᠣᠯᠣᠳᠤᠭᠠᠷ ᠤᠳᠠᠭ᠎ᠠ ᠶᠢᠨ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2021/6/29
 赤峰市第七次全国人口普查亮家底.JPG
᠎             ᠰᠤᠷᠪᠤᠯᠵᠢᠯᠠᠭᠰᠠᠨ ᠵᠣᠴᠢᠨ᠄ ᠤᠯᠠᠭᠠᠨᠬᠠᠳᠠ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠤᠨ ᠡᠷᠬᠢᠯᠡᠭᠴᠢ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠵᠢᠶᠧ ᠬᠥᠲᠥᠯᠥᠭᠴᠢ ᠄    ᠬᠥᠮᠦᠨ ᠠᠮᠠ ᠶᠢᠨ ᠠᠰᠠᠭᠤᠳᠠᠯ ᠪᠣᠯ ᠢᠮᠠᠭᠲᠠ ᠮᠠᠨ ᠤ ᠤᠯᠤᠰ ᠲᠤ ᠲᠤᠯᠭᠠᠷᠠᠵᠤ ᠪᠠᠶᠢᠭ᠎ᠠ ᠪᠦᠬᠦ ᠲᠠᠯ᠎ᠠ ᠶᠢᠨ ᠴᠢᠨᠠᠷᠲᠠᠶ᠂ ᠤᠷᠲᠤ ᠬᠤᠭᠤᠴᠠᠭᠠᠨ ᠤ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠰᠠᠭᠤᠳᠠᠯ ᠮᠥᠨ᠂ ︽ᠲᠤᠭ᠎ᠠ ᠪᠦᠷᠢᠳᠬᠡᠯ ᠤᠨ ᠬᠠᠤᠯᠢ︾ ᠪᠣᠯᠤᠨ ︽ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠦᠷᠢᠮ︾᠎ ᠢ ᠦᠨᠳᠦᠰᠦᠯᠡᠪᠡᠯ᠂ ᠮᠠᠨ ᠤ ᠤᠯᠤᠰ 2020 ᠣᠨ ᠤ 11 ᠰᠠᠷ᠎ᠠ ᠶᠢᠨ 1᠎ ᠤ ᠡᠳᠦᠷ ᠤᠨ ᠲᠡᠭ ᠴᠠᠭ ᠢᠶᠠᠷ ᠪᠠᠷᠢᠮᠵᠢᠶ᠎ᠠ ᠴᠠᠭ ᠪᠣᠯᠭᠠᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠳᠤ ᠮᠠᠨ ᠤ ᠬᠤᠲᠠ ᠶᠢᠨ ᠬᠥᠮᠦᠨ ᠠᠮᠠ ᠶᠢᠨ ᠲᠤᠭ᠎ᠠ᠂ ᠪᠦᠲᠦᠴᠡ᠂ ᠲᠠᠷᠬᠠᠯᠲᠠ ᠵᠡᠷᠭᠡ ᠲᠠᠯ᠎ᠠ ᠶᠢᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠨ ᠳᠣᠲᠣᠯᠠᠵᠤ᠂ ᠣᠳᠣᠬᠠᠨ ᠤ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠶᠢᠨ ᠴᠢᠨᠠᠷᠲᠠᠶ ᠣᠨᠴᠠᠯᠢᠭ ᠢ ᠣᠨᠣᠪᠴᠢᠲᠠᠶ ᠲᠤᠰᠬᠠᠭᠰᠠᠨ ᠪᠠᠶᠢᠨ᠎ᠠ᠃ ᠥᠨᠥᠳᠦᠷ ᠪᠢᠳᠡ ᠵᠣᠯ ᠢᠶᠠᠷ ᠤᠯᠠᠭᠠᠨᠬᠠᠳᠠ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠤᠨ ᠡᠷᠬᠢᠯᠡᠭᠴᠢ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠵᠢᠶᠧ ᠨᠥᠬᠦᠷ ᠢ ᠤᠷᠢᠨ ᠠᠪᠴᠢᠷᠠᠵᠤ᠂ ᠤᠯᠠᠭᠠᠨᠬᠠᠳᠠ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠭᠤᠤᠯ ᠪᠣᠯᠬᠤ ᠲᠤᠭ᠎ᠠ ᠪᠠᠷᠢᠮᠲᠠ ᠶᠢᠨ ᠦᠷ᠎ᠡ ᠳ᠋ᠦᠩ ᠢ ᠣᠯᠠᠨ ᠳᠤ ᠲᠠᠶᠢᠯᠪᠤᠷᠢᠯᠠᠵᠤ ᠥᠭᠬᠦ ᠪᠠᠷ ᠪᠠᠶᠢᠨ᠎ᠠ᠃ᠯᠢᠦ ᠵᠢᠶᠧ ᠄     ᠬᠥᠲᠥᠯᠥᠭᠴᠢ ᠰᠠᠶᠢᠨ ᠦᠦ︕ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠳᠤ ᠢᠷᠡᠵᠦ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠰᠦᠯᠵᠢᠶᠡᠨ ᠠᠨᠳᠠ ᠨᠠᠷ ᠤᠨ ᠮᠠᠨ ᠤ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠠᠩᠬᠠᠷᠤᠨ ᠳᠡᠮᠵᠢᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠂ ᠥᠨᠥᠳᠦᠷ ᠤᠨ ᠲᠣᠬᠢᠶᠠᠯ ᠢ ᠠᠰᠢᠭᠯᠠᠨ᠂ ᠪᠢ ᠪᠥᠬᠦ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠥᠬᠦᠶ ᠲᠤᠭ᠎ᠠ ᠪᠠᠷᠢᠮᠲᠠ ᠳᠤ ᠲᠥᠬᠦᠮ ᠲᠠᠶᠢᠯᠤᠮᠵᠢ ᠬᠢᠶ᠎ᠡ᠃ᠬᠥᠲᠥᠯᠥᠭᠴᠢ᠄    ᠪᠢᠳᠡ ᠤᠷᠢᠳ ᠢᠶᠠᠷ ᠨᠢᠭᠡ ᠲᠣᠮᠣ ᠳ᠋ᠠᠶᠢᠲ᠋ᠠ ᠶᠢ ᠠᠩᠬᠠᠷᠤᠯ ᠳᠠᠭᠠᠨ ᠠᠪᠤᠶ᠎ᠠ᠂ ᠲᠤᠬᠠᠶᠢᠯᠠᠪᠠᠯ 2020 ᠣᠨ ᠤ 11 ᠰᠠᠷ᠎ᠠ ᠶᠢᠨ 1᠎ ᠤ ᠡᠳᠦᠷ ᠤᠨ ᠲᠡᠭ ᠴᠠᠭ ᠎ ᠲᠤ ᠤᠯᠠᠭᠠᠨᠬᠠᠳᠠ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠬᠡᠳᠦᠶ ᠪᠠᠶᠢᠬᠤ ᠪᠣᠶ︖ ᠵᠢᠷᠭᠤᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ ᠶᠠᠮᠠᠷ ᠬᠤᠪᠢᠷᠠᠯᠲᠠ ᠲᠠᠢ  ᠪᠣᠯᠤᠭᠰᠠᠨ ᠪᠣᠶ︖ᠯᠢᠦ ᠵᠢᠶᠧ ᠄    ᠤᠯᠠᠭᠠᠨᠬᠠᠳᠠ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2020 ᠣᠨ ᠤ 11 ᠰᠠᠷ᠎ᠠ ᠶᠢᠨ 1᠎ ᠤ ᠡᠳᠦᠷ ᠤᠨ ᠲᠡᠭ ᠴᠠᠭ ᠲᠤ᠂ ᠤᠯᠠᠭᠠᠨᠬᠠᠳᠠ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ 403.60 ᠲᠦᠮᠡ ᠪᠠᠶᠢᠵᠤ᠂ 2010 ᠣᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ ᠂ 30.53 ᠲᠦᠮᠡ ᠬᠠᠰᠤᠭᠳᠠᠵᠤ᠂ 7.03%᠎ ᠪᠠᠷ ᠪᠠᠭᠤᠷᠠᠵᠠᠢ᠃ 2010 ᠣᠨ ᠲᠠᠢ ᠬᠠᠷᠢᠴᠠᠭᠤᠯᠪᠠᠯ᠂ ᠮᠠᠨ ᠤ ᠬᠤᠲᠠ ᠶᠢᠨ 16 — 59 ᠨᠠᠰᠤᠨ ᠤ ᠬᠥᠳᠡᠯᠮᠦᠷᠢᠯᠡᠬᠦ ᠨᠠᠰᠤᠨ ᠤ ᠪᠠᠶᠢᠩᠭᠤ ᠰᠠᠭᠤᠭ᠎ᠠ ᠬᠥᠮᠦᠨ ᠠᠮᠠ 60.52 ᠲᠦᠮᠡ ᠪᠠᠭᠠᠰᠴᠤ᠂  ᠲᠥᠷᠥᠭᠰᠡᠳ ᠤᠨ ᠲᠣᠭᠠᠨ ᠤ ᠪᠠᠭᠠᠰᠴᠤ ᠪᠠᠶᠢᠬᠤ ᠪᠠ ᠨᠠᠰᠦᠵᠢᠯᠳᠠ ᠶᠢᠨ ᠬᠦᠨᠳᠦᠷᠡᠵᠦ ᠪᠠᠶᠢᠬᠤ ᠨᠥᠯᠥᠭᠡ ᠠᠴᠠ ᠭᠠᠳᠠᠨ᠎ᠠ᠂ ᠬᠥᠳᠡᠯᠮᠦᠷᠢᠯᠡᠬᠦ ᠨᠠᠰᠤᠨ ᠤ ᠬᠥᠮᠦᠨ ᠠᠮᠠ ᠭᠠᠳᠠᠭᠰᠢ ᠭᠠᠷᠤᠭᠰᠠᠨ ᠨᠢ ᠮᠠᠨ ᠤ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠶᠡᠷᠦᠩᠬᠡᠶ ᠲᠤᠭ᠎ᠠ ᠪᠠᠭᠠᠰᠤᠭᠰᠠᠨ ᠤ ᠭᠤᠤᠯ ᠰᠢᠯᠲᠠᠭᠠᠨ ᠪᠣᠯᠤᠨ᠎ᠠ᠃ᠬᠥᠲᠥᠯᠥᠭᠴᠢ ᠄    ᠡᠷᠦᠬᠡ ᠠᠮᠠ ᠶᠢᠨ ᠢᠯᠭᠠᠯ ᠤᠨ ᠬᠥᠮᠦᠨ ᠠᠮᠠ ᠶᠠᠮᠠᠷ ᠬᠤᠪᠢᠷᠠᠯᠲᠠ ᠲᠠᠢ ᠪᠣᠶ︖ ᠬᠡᠷ ᠪᠦᠯᠢ ᠶᠢᠨ  ᠡᠷᠦᠬᠡ ᠶᠢᠨ ᠳᠤᠮᠳᠠᠴᠢ ᠬᠡᠪᠴᠢᠶ᠎ᠡ ᠪᠠᠭᠠᠰᠤᠭᠰᠠᠨ ᠤ ᠰᠢᠯᠲᠠᠭᠠᠨ ᠨᠢ ᠶᠠᠭᠤ ᠪᠣᠶ︖ ᠯᠢᠦ ᠵᠢᠶᠧ ᠄    ᠡᠨᠡ ᠤᠳᠠᠭᠠᠨ ᠤ ᠨᠡᠶᠢᠳᠡᠮ ᠪᠠᠶᠢᠴᠠᠭᠠᠯᠲᠠ ᠳᠤ ᠪᠦᠭᠦ ᠬᠤᠲᠠ ᠳᠤ 154.3 ᠲᠦᠮᠡᠨ ᠡᠷᠤᠭᠡ ᠬᠡᠷ ᠪᠦᠯᠢ ᠶᠢᠨ ᠡᠷᠤᠭᠡ ᠲᠠᠢ ᠪᠠᠶᠢᠵᠤ᠂ ᠬᠡᠷ ᠪᠦᠯᠢ ᠶᠢᠨ ᠡᠷᠤᠭᠡ ᠶᠢᠨ ᠬᠥᠮᠦᠨ ᠠᠮᠠ 386.48 ᠲᠦᠮᠡᠨ ᠬᠥᠮᠦᠨ᠂ ᠳᠤᠮᠳᠠᠴᠢ ᠬᠡᠷ ᠪᠦᠯᠢ ᠶᠢᠨ ᠡᠷᠤᠭᠡ ᠶᠢᠨ ᠬᠥᠮᠦᠨ ᠠᠮᠠ 2.49 ᠬᠥᠮᠦᠨ ᠪᠠᠶᠢᠵᠤ᠂ 2010 ᠣᠨ ᠤ 3.05 ᠬᠥᠮᠦᠨ ᠠᠴᠠ 0.56 ᠬᠥᠮᠦᠨ ᠬᠠᠰᠤᠭᠳᠠᠵᠠᠶ᠃ ᠬᠡᠷ ᠪᠦᠯᠢ ᠶᠢᠨ ᠡᠷᠦᠬᠡ ᠶᠢᠨ ᠬᠡᠪᠴᠢᠶ᠎ᠡ ᠪᠠᠭᠤᠷᠠᠭᠰᠠᠨ ᠤ ᠭᠤᠤᠯ ᠰᠢᠯᠲᠠᠭᠠᠨ ᠨᠢ ᠦᠷᠡᠵᠢᠯ ᠤᠨ ᠨᠣᠷᠮ᠎ᠠ ᠪᠠᠭᠤᠷᠠᠭᠰᠠᠨ ᠠᠴᠠ ᠬᠡᠷ ᠪᠦᠯᠢ ᠶᠢᠨ ᠦᠷ᠎ᠡ ᠬᠡᠤᠬᠡᠳ ᠤᠨ ᠲᠤᠭ᠎ᠠ ᠪᠠᠭᠠᠰᠴᠤ᠂ ᠣᠷᠣᠨ ᠰᠠᠭᠤᠴᠠ ᠶᠢᠨ ᠨᠥᠬᠦᠴᠡᠯ ᠰᠠᠶᠢᠵᠢᠷᠠᠨ ᠵᠠᠯᠠᠭᠤᠴᠤᠳ ᠤᠨ ᠤᠷᠤᠭᠯᠠᠭᠰᠠᠨ ᠎ ᠤ ᠳᠠᠷᠠᠭ᠎ᠠ ᠲᠤᠰᠠᠭᠠᠷ ᠰᠠᠭᠤᠭᠰᠠᠳ ᠨᠡᠮᠡᠭᠳᠠᠵᠦ ᠪᠠᠶᠢᠬᠤ ᠪᠠ ᠬᠥᠮᠦᠨ ᠠᠮᠠ ᠶᠢᠨ ᠰᠢᠯᠵᠢᠯᠲᠡ  ᠣᠯᠠᠰᠢᠷᠠᠭᠰᠠᠨ ᠠᠴᠠ ᠪᠣᠯᠤᠭᠰᠠᠨ ᠬᠡᠷ ᠪᠦᠯᠢ ᠶᠢᠨ ᠪᠦᠲᠦᠴᠡ ᠶᠢᠨ ᠬᠤᠪᠢᠷᠠᠯᠲᠠ ᠵᠡᠷᠭᠡ ᠪᠣᠯᠤᠨ᠎ᠠ᠃ᠬᠥᠲᠥᠯᠥᠭᠴᠢ ᠄     ᠪᠠᠶᠢᠩᠭᠤ ᠰᠠᠭᠤᠭ᠎ᠠ ᠬᠥᠮᠦᠨ ᠠᠮᠠ ᠶᠢᠨ ᠲᠠᠷᠬᠠᠯᠲᠠ ᠶᠢᠨ ᠲᠠᠯ᠎ᠠ ᠠᠴᠠ ᠦᠵᠡᠪᠡᠯ᠂ ᠤᠯᠠᠭᠠᠨᠬᠠᠳᠠ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠤ ᠶᠠᠮᠠᠷ ᠶᠠᠮᠠᠷ ᠬᠤᠪᠢᠷᠠᠯᠲᠠ ᠪᠠ ᠣᠨᠴᠠᠯᠢᠭ ᠲᠠᠢ ᠪᠣᠶ︖ᠯᠢᠦ ᠵᠢᠶᠧ ᠄    ᠤᠯᠠᠭᠠᠨᠬᠠᠳᠠ ᠬᠤᠲᠠ ᠶᠢᠨ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ 2010 ᠣᠨ ᠠᠴᠠ 2020 ᠣᠨ ᠪᠣᠯᠲᠠᠯᠠᠬᠢ 10 ᠵᠢᠯ ᠤᠨ ᠬᠤᠭᠤᠴᠠᠭᠠᠨ ᠳᠤ᠂ ᠤᠯᠠᠭᠠᠨᠬᠠᠳᠠ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠭᠠᠵᠠᠷ ᠣᠷᠣᠨ ᠤ ᠲᠠᠷᠬᠠᠯᠲᠠ ᠳᠤ ᠢᠯᠡᠳᠲᠡ ᠬᠤᠪᠢᠷᠠᠯᠲᠠ ᠭᠠᠷᠴᠤ᠂ 2010 ᠣᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ᠂ 12 ᠬᠤᠰᠢᠭᠤ ᠰᠢᠶᠠᠨ ᠲᠣᠭᠤᠷᠢᠭ ᠤᠨ ᠳᠣᠲᠣᠷ᠎ᠠ᠂ ᠵᠥᠪᠬᠡᠨ 2 ᠭᠠᠵᠠᠷ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠨᠡᠮᠡᠭᠳᠡᠵᠦ᠂ ᠲᠤᠬᠠᠶᠢᠯᠠᠪᠠᠯ ᠰᠦᠩᠱᠠᠨ ᠲᠣᠭᠤᠷᠢᠭ ᠲᠤ 132741 ᠬᠥᠮᠦᠨ ᠨᠡᠮᠡᠭᠳᠡᠵᠦ᠂ ᠬᠤᠩᠱᠠᠨ ᠲᠣᠭᠤᠷᠢᠭ ᠲᠤ 34294 ᠬᠥᠮᠦᠨ ᠨᠡᠮᠡᠭᠳᠡᠵᠡᠶ᠂ ᠡᠨᠡ ᠨᠢ ᠭᠤᠤᠯᠳᠠᠭᠤ ᠬᠥᠮᠦᠨ ᠠᠮᠠ ᠨᠢ ᠠᠵᠤ ᠠᠬᠤᠶ ᠨᠡᠯᠢᠶᠡᠳ ᠬᠥᠭᠵᠢᠭᠰᠡᠨ ᠣᠷᠣᠨ ᠪᠦᠰᠡ᠂ ᠬᠤᠲᠠ ᠳᠤ ᠤᠯᠠᠮ ᠨᠢᠭᠡ ᠠᠯᠬᠤᠮ ᠴᠤᠭᠯᠠᠷᠠᠭᠰᠠᠨ ᠠᠴᠠ ᠪᠣᠯᠵᠠᠶ᠃ᠬᠥᠲᠥᠯᠥᠭᠴᠢ ᠄    ᠣᠳᠣᠬᠠᠨ ᠳᠤ ᠮᠠᠨ ᠤ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠦᠢᠰᠦ ᠶᠢᠨ ᠢᠯᠭᠠᠯ ᠤᠨ ᠬᠠᠷᠢᠴᠠᠯ 103.18᠎ ᠨᠢ ᠵᠣᠬᠢᠰᠲᠠᠶ ᠬᠡᠪᠴᠢᠶᠡᠨ ᠳᠤ  ᠪᠠᠶᠢᠨ᠎ᠠ ᠦᠦ︖ᠯᠢᠦ ᠵᠢᠶᠧ ᠄    ᠤᠯᠠᠭᠠᠨᠬᠠᠳᠠ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠦᠢᠰᠦ ᠶᠢᠨ ᠢᠯᠭᠠᠯ ᠤᠨ ᠬᠠᠷᠢᠴᠠᠯ 103.18 ᠪᠠᠶᠢᠵᠤ᠂ 2010 ᠣᠨ ᠤ 105.95 ᠪᠠᠶᠢᠭᠰᠠᠨ ᠠᠴᠠ 2.77 ᠪᠠᠭᠤᠷᠠᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠪᠦᠲᠦᠴᠡ ᠦᠷᠭᠦᠯᠵᠢᠯᠡᠨ ᠰᠠᠶᠢᠵᠢᠷᠠᠨ᠂ ᠬᠦᠢᠰᠦ ᠶᠢᠨ ᠢᠯᠭᠠᠯ ᠡᠷᠬᠡ ᠲᠡᠭᠰᠢ ᠪᠠᠶᠢᠬᠤ ᠦᠷᠡᠵᠢᠯ ᠤᠨ ᠦᠵᠡᠯᠲᠡ ᠨᠠᠩ ᠲᠦᠭᠡᠮᠡᠯᠵᠢᠵᠦ᠂ ᠬᠦᠢᠰᠦ ᠶᠢᠨ ᠢᠯᠭᠠᠯ ᠤᠨ ᠬᠠᠷᠢᠴᠠᠯ ᠤᠨ ᠪᠦᠲᠦᠴᠡ ᠰᠢᠯᠢᠳᠡᠭᠵᠢᠬᠦ ᠬᠠᠨᠳᠤᠰᠢ ᠲᠠᠢ ᠪᠣᠯᠪᠠ᠃ᠬᠥᠲᠥᠯᠥᠭᠴᠢ ᠄      ᠡᠨᠡ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠮᠠᠨ ᠤ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠨᠠᠰᠤᠨ ᠤ ᠪᠦᠲᠦᠴᠡ ᠎ ᠳᠤ ᠶᠠᠮᠠᠷ ᠶᠠᠮᠠᠷ ᠰᠢᠨ᠎ᠡ ᠬᠤᠪᠢᠷᠠᠯᠲᠠ ᠭᠠᠷᠤᠭᠰᠠᠨ ᠪᠤᠶ︖ ᠮᠠᠨ ᠤ ᠬᠤᠲᠠ ᠶᠢᠨ ᠬᠥᠮᠦᠨ ᠠᠮᠠ ᠶᠢᠨ ᠨᠠᠰᠤᠵᠢᠯᠲᠠ ᠶᠢᠨ ᠪᠠᠶᠢᠳᠠᠯ ᠶᠠᠮᠠᠷ ᠵᠡᠷᠭᠡ ᠪᠠᠶᠢᠨ᠎ᠠ︖ ᠶᠠᠮᠠᠷ ᠶᠠᠮᠠᠷ ᠣᠨᠴᠠᠯᠢᠭ ᠲᠠᠢ ᠪᠣᠢ︖    ᠯᠢᠦ ᠵᠢᠶᠧ ᠄    ᠨᠠᠰᠤᠨ ᠤ ᠪᠦᠷᠢᠯᠳᠦᠯ ᠠᠴᠠ ᠦᠵᠡᠪᠡᠯ᠂ 0 — 14 ᠨᠠᠰᠤᠨ ᠤ ᠪᠠᠭᠠᠴᠤᠳ ᠬᠡᠦᠬᠡᠳ ᠤᠨ ᠬᠥᠮᠦᠨ ᠠᠮᠠ ᠶᠢᠨ ᠬᠠᠷᠢᠴᠠᠯ 15.34%  ᠪᠣᠯᠵᠤ᠂ 2010 ᠣᠨ ᠲᠠᠢ ᠬᠠᠷᠢᠴᠠᠭᠤᠯᠪᠠᠯ 0.01 ᠵᠠᠭᠤᠨ ᠤ ᠨᠢᠭᠡᠴᠢ ᠳᠣᠷᠣᠭᠰᠢᠯᠠᠵᠤ᠂ 15 — 59 ᠨᠠᠰᠤᠨ ᠤ ᠬᠥᠳᠡᠯᠮᠦᠷᠢᠯᠡᠬᠦ ᠨᠠᠰᠤᠨ ᠤ ᠬᠥᠮᠦᠨ ᠠᠮᠠ ᠶᠢᠨ ᠬᠠᠷᠢᠴᠠᠯ 63.61% ᠪᠤᠯᠵᠤ᠂ 2010᠎ ᠲᠠᠢ ᠬᠠᠷᠢᠴᠠᠭᠤᠯᠪᠠᠯ 9.73 ᠵᠠᠭᠤᠨ ᠤ ᠨᠢᠭᠡᠴᠢ ᠳᠣᠷᠣᠭᠰᠢᠯᠠᠵᠤ᠂ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠤ ᠬᠥᠮᠦᠨ ᠠᠮᠠ ᠶᠢᠨ ᠬᠠᠷᠢᠴᠠᠯ 21.05% ᠪᠤᠯᠵᠤ᠂ 2010 ᠣᠨ ᠲᠠᠢ ᠬᠠᠷᠢᠴᠠᠭᠤᠯᠪᠠᠯ 9.74 ᠵᠠᠭᠤᠨ ᠤ ᠨᠢᠭᠡᠴᠢ ᠳᠡᠭᠡᠭᠰᠢᠯᠡᠵᠦ᠂ ᠨᠠᠰᠤᠵᠢᠭᠰᠠᠨ ᠬᠥᠮᠦᠨ ᠠᠮᠠ ᠶᠢᠨ ᠬᠠᠷᠢᠴᠠᠯ ᠢᠯᠡᠳᠲᠡ ᠳᠡᠭᠡᠭᠰᠢᠯᠡᠵᠡᠶ᠂ ᠡᠭᠦᠨ ᠤ ᠳᠣᠲᠣᠷ᠎ᠠ 65 ᠨᠠᠰᠤ ᠵᠢᠴᠢ ᠲᠡᠭᠦᠨ ᠠᠴᠠ ᠳᠡᠭᠡᠭᠰᠢᠬᠢ  ᠨᠠᠰᠤᠨ ᠤ ᠬᠥᠮᠦᠨ ᠠᠮᠠ ᠶᠢᠨ ᠬᠠᠷᠢᠴᠠᠯ 13.24% ᠪᠤᠯᠵᠤ᠂ 2010 ᠣᠨ ᠤ ᠬᠢ ᠠᠴᠠ 5.77 ᠵᠠᠭᠤᠨ ᠤ ᠨᠢᠭᠡᠴᠢ ᠳᠡᠭᠡᠭᠰᠢᠯᠡᠵᠡᠶ᠃ ᠡᠨᠡ ᠨᠢ ᠮᠠᠨ ᠤ ᠬᠤᠲᠠ ᠶᠢᠨ ᠬᠥᠮᠦᠨ ᠠᠮᠠ ᠶᠢᠨ ᠨᠠᠰᠤᠵᠢᠯ ᠤᠨ ᠠᠬᠢᠴᠠ ᠲᠦᠷᠭᠡᠳᠦᠭᠰᠡᠨ ᠢ ᠬᠠᠷᠠᠭᠤᠯᠵᠤ ᠪᠠᠶᠢᠨ᠎ᠠ᠃ ᠭᠤᠣᠯᠳᠠᠭᠤ ᠳᠣᠣᠷᠠᠬᠢ ᠮᠡᠲᠦ ᠬᠡᠳᠦᠨ ᠣᠨᠴᠠᠯᠢᠭ ᠲᠠᠢ᠄ ᠨᠢᠭᠡ ᠳᠤ ᠨᠠᠰᠤᠲᠠᠶᠢᠴᠤᠳ ᠤᠨ ᠬᠥᠮᠦᠨ ᠠᠮᠠ ᠶᠢᠨ ᠬᠡᠪᠴᠢᠶ᠎ᠡ ᠶᠡᠭᠡ᠃ ᠮᠠᠨ ᠤ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠲᠠᠪᠤᠨ ᠤ ᠨᠢᠭᠡ ᠶᠢᠨ ᠬᠥᠮᠦᠨ ᠠᠮᠠ ᠨᠢ 60 ᠨᠠᠰᠤᠨ ᠠᠴᠠ ᠳᠡᠭᠡᠭᠰᠢᠬᠢ ᠬᠥᠮᠦᠨ ᠠᠮᠠ ᠪᠣᠯᠤᠨ᠎ᠠ᠃ ᠬᠤᠶᠠᠷ ᠲᠤ ᠨᠠᠰᠤᠵᠢᠯᠲᠠ ᠶᠢᠨ ᠠᠬᠢᠴᠠ ᠢᠯᠡᠳᠲᠡ ᠲᠦᠷᠭᠡᠳᠪᠡ᠃ ᠣᠶᠢᠷ᠎ᠠ ᠶᠢᠨ ᠵᠢᠯ ᠳᠤ᠂ ᠳᠡᠭᠡᠷ᠎ᠡ ᠵᠠᠭᠤᠨ ᠤ ᠲᠠᠪᠢᠭᠠᠳ ᠣᠨ ᠳᠤ  ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ ᠠᠩᠬ᠎ᠠ ᠤᠳᠠᠭ᠎ᠠ ᠦᠷᠡᠵᠢᠯ ᠤᠨ ᠣᠷᠭᠢᠯ ᠦᠶ᠎ᠡ ᠳᠤ ᠲᠥᠷᠥᠭᠰᠡᠨ ᠬᠥᠮᠦᠨ ᠠᠮᠠ ᠵᠠᠯᠭᠠᠭ᠎ᠠ ᠪᠠᠷ ᠦᠲᠡᠯ᠎ᠡ ᠨᠠᠰᠤᠨ ᠳᠤ ᠣᠷᠣᠬᠤ ᠶᠢ ᠳᠠᠭᠠᠯᠳᠤᠨ᠂ ᠮᠠᠨ ᠤ ᠬᠤᠲᠠ ᠶᠢᠨ ᠬᠥᠮᠦᠨ ᠠᠮᠠ ᠶᠢᠨ ᠨᠠᠰᠤᠵᠢᠯ ᠤᠨ ᠬᠥᠭᠵᠢᠯᠲᠡ ᠶᠢᠨ ᠬᠤᠷᠳᠤᠴᠠ ᠤᠯᠠᠮ ᠨᠢᠭᠡ ᠠᠯᠬᠤᠮ ᠲᠦᠷᠭᠡᠳᠪᠡ᠃ᠬᠥᠲᠥᠯᠥᠭᠴᠢ ᠄   ᠣᠯᠠᠨ ᠵᠢᠯ ᠤᠨ ᠲᠤᠷᠰᠢ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠪᠠᠷ ᠳᠠᠮᠵᠢᠭᠠᠳ᠂ ᠮᠠᠨ ᠤ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠪᠦᠬᠦᠯᠢ ᠴᠣᠭᠴᠠ ᠶᠢᠨ ᠬᠡᠪ ᠴᠢᠨᠠᠷ ᠲᠤ ᠶᠠᠮᠠᠷ ᠬᠤᠪᠢᠷᠠᠯᠲᠠ ᠭᠠᠷᠤᠭᠰᠠᠨ ᠪᠣᠢ︖ᠯᠢᠦ ᠵᠢᠶᠧ ᠄    ᠬᠥᠮᠦᠨ ᠠᠮᠠ ᠶᠢᠨ ᠰᠤᠷᠭᠠᠨ ᠬᠥᠮᠦᠵᠢᠯ ᠭᠥᠷᠳᠡᠭᠰᠡᠨ ᠬᠡᠮᠵᠢᠶ᠎ᠡ ᠠᠴᠠ ᠦᠵᠡᠪᠡᠯ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ 10 ᠲᠦᠮᠡᠨ ᠬᠥᠮᠦᠨ ᠤ ᠳᠣᠲᠣᠷ᠎ᠠ ᠶᠡᠭᠡ ᠰᠤᠷᠭᠠᠭᠤᠯᠢ ︵ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠢ ᠪᠠᠭᠲᠠᠨ᠎ᠠ︶᠎ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ ᠤ ᠲᠤᠭ᠎ᠠ 13827 ᠪᠠᠶᠢᠵᠤ᠂ ᠵᠢᠷᠭᠤᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠠᠴᠠ 6961 ᠬᠥᠮᠦᠨ ᠨᠡᠮᠡᠭᠳᠡᠵᠡᠶ᠃15 ᠨᠠᠰᠤ ᠵᠢᠴᠢ 15 ᠨᠠᠰᠤᠨ ᠠᠴᠠ ᠳᠡᠭᠡᠭᠰᠢᠬᠢ ᠬᠥᠮᠦᠨ ᠠᠮᠠ ᠶᠢᠨ ᠰᠤᠷᠭᠠᠨ ᠬᠥᠮᠦᠵᠢᠯ ᠭᠥᠷᠳᠡᠭᠰᠡᠨ ᠳᠤᠮᠳᠠᠴᠢ ᠵᠢᠯ ᠬᠤᠭᠤᠴᠠᠭ᠎ᠠ ᠨᠢ 9.52 ᠵᠢᠯ ᠳᠤ ᠬᠦᠷᠴᠦ᠂ 2010 ᠣᠨ ᠤ 8.83᠎ ᠠᠴᠠ 0.69 ᠵᠢᠯ ᠳᠡᠭᠡᠭᠰᠢᠯᠡᠵᠦ᠂ ᠰᠣᠶᠣᠯ ᠤᠨ ᠪᠠᠯᠠᠶ ᠶᠢᠨ ᠨᠣᠷᠮ᠎ᠠ 2010 ᠣᠨ ᠳᠤ 3.19% ᠪᠠᠶᠢᠭᠰᠠᠨ ᠠᠴᠠ ᠪᠠᠨ 2.82% ᠪᠣᠯᠵᠣ ᠪᠠᠭᠤᠷᠠᠪᠠ᠃ ᠡᠯ᠎ᠡ ᠵᠦᠢᠯ ᠤᠨ ᠰᠤᠷᠭᠠᠨ ᠬᠥᠮᠦᠵᠢᠯ ᠬᠦᠷᠲᠡᠭᠰᠡᠨ ᠬᠡᠮᠵᠢᠶ᠎ᠡ ᠶᠢᠨ ᠬᠥᠮᠦᠨ ᠠᠮᠠ ᠪᠠ ᠰᠣᠶᠣᠯ ᠤᠨ ᠪᠠᠯᠠᠶ ᠶᠢᠨ ᠨᠣᠷᠮ᠎ᠠ ᠶᠢᠨ ᠬᠤᠪᠢᠷᠠᠯᠲᠠ ᠨᠢ ᠮᠠᠨ ᠤ ᠬᠤᠲᠠ ᠶᠢᠨ ᠣᠯᠠᠨ ᠵᠢᠯ ᠤᠨ ᠲᠤᠷᠰᠢᠬᠢ ᠰᠤᠷᠭᠠᠨ ᠬᠥᠮᠦᠵᠢᠯ ᠢ ᠴᠢᠬᠤᠯᠠᠴᠢᠯᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠬᠦ ᠵᠡᠷᠭᠡ ᠠᠷᠭ᠎ᠠ ᠬᠡᠮᠵᠢᠶ᠎ᠡ ᠢᠳᠡᠪᠬᠢᠲᠡᠶ ᠦᠷ᠎ᠡ ᠪᠦᠲᠦᠮᠵᠢ ᠣᠯᠵᠤ᠂ ᠬᠥᠮᠦᠨ ᠠᠮᠠ ᠶᠢᠨ ᠬᠡᠪ ᠴᠢᠨᠠᠷ ᠲᠠᠰᠤᠷᠠᠯᠲᠠ ᠦᠭᠡᠢ ᠳᠡᠭᠡᠭᠰᠢᠯᠡᠭᠰᠡᠨ ᠢ ᠬᠠᠷᠠᠭᠤᠯᠵᠤ ᠪᠠᠶᠢᠨ᠎ᠠ᠃  ᠬᠥᠲᠥᠯᠥᠭᠴᠢ ᠄    ᠥᠩᠭᠡᠷᠡᠭᠰᠡᠨ 10 ᠵᠢᠯ ᠳᠤ᠂ ᠤᠯᠠᠭᠠᠨᠬᠠᠳᠠ ᠬᠤᠲᠠ ᠶᠢᠨ ᠬᠤᠲᠠ ᠪᠠᠯᠭᠠᠰᠤᠨ ᠤ ᠬᠥᠮᠦᠨ ᠠᠮᠠ ᠪᠠ ᠬᠥᠳᠡᠭᠡ ᠲᠣᠰᠬᠤᠨ ᠤ ᠬᠥᠮᠦᠨ ᠠᠮᠠ ᠳᠤ ᠶᠠᠮᠠᠷ ᠬᠤᠪᠢᠷᠠᠯᠲᠠ ᠭᠠᠷᠤᠭᠰᠠᠨ ᠪᠣᠶ︖ ᠮᠠᠨ ᠤ ᠬᠤᠲᠠ ᠶᠢᠨ ᠬᠥᠮᠦᠨ ᠠᠮᠠ ᠶᠢᠨ ᠰᠢᠯᠵᠢᠯᠲᠡ ᠶᠢᠨ ᠪᠠᠶᠢᠳᠠᠯ ᠶᠠᠮᠠᠷ ᠵᠡᠷᠭᠡ ᠪᠠᠶᠢᠨ᠎ᠠ︖ᠯᠢᠦ ᠵᠢᠶᠧ ᠄    ᠬᠥᠮᠦᠨ ᠠᠮᠠ ᠶᠢᠨ ᠬᠤᠲᠠ ᠬᠥᠳᠡᠭᠡ ᠶᠢᠨ ᠪᠦᠲᠦᠴᠡ ᠶᠢᠨ ᠲᠠᠯ᠎ᠠ ᠠᠴᠠ ᠦᠵᠡᠪᠡᠯ᠂ ᠮᠠᠨ ᠤ ᠬᠤᠲᠠ ᠶᠢᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠬᠥᠮᠦᠨ ᠠᠮᠠ ᠦᠷᠭᠦᠯᠵᠢᠯᠡᠨ ᠨᠡᠮᠡᠭᠳᠡᠵᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠤᠯᠠᠮ ᠨᠢᠭᠡ ᠠᠯᠬᠤᠮ ᠳᠡᠭᠡᠭᠰᠢᠯᠡᠪᠡ᠃ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠠᠴᠠ ᠦᠵᠡᠪᠡᠯ᠂ ᠮᠠᠨ ᠤ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 53.11%᠎ ᠳᠤ ᠬᠦᠷᠴᠦ᠂ 2010 ᠣᠨ ᠠᠴᠠ 11.95 ᠵᠠᠭᠤᠨ ᠤ ᠨᠢᠭᠡᠴᠢ ᠳᠡᠭᠡᠭᠰᠢᠯᠡᠵᠡᠶ᠂ ᠡᠨᠡ ᠨᠢ ᠣᠶᠢᠷ᠎ᠠ ᠶᠢᠨ ᠵᠢᠯ  ᠳᠤ ᠮᠠᠨ ᠤ ᠬᠤᠲᠠ ᠶᠢᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠬᠢᠴᠠ ᠲᠣᠭᠲᠠᠭᠤᠨ ᠢᠶᠠᠷ ᠠᠭᠢᠭᠰᠠᠨ ᠢ ᠬᠠᠷᠠᠭᠤᠯᠵᠤ ᠪᠠᠶᠢᠨ᠎ᠠ᠃ ᠮᠠᠨ ᠤ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠨᠡᠯᠢᠶᠡᠳ ᠲᠦᠷᠭᠡᠨ ᠨᠡᠮᠡᠭᠳᠡᠭᠰᠡᠨ ᠤ ᠰᠢᠯᠲᠠᠭᠠᠨ ᠨᠢ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠲᠠᠢ ᠵᠣᠬᠢᠴᠠᠯᠳᠤᠵᠤ ᠪᠠᠶᠢᠭ᠎ᠠ ᠶᠤᠮ᠃ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠪᠠ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠳᠠᠭᠠᠯᠳᠤᠨ᠂ ᠮᠠᠨ ᠎ ᠤ ᠬᠤᠲᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠪᠠᠰᠠ ᠤᠯᠠᠮ ᠨᠢᠭᠡ ᠠᠯᠬᠤᠮ ᠳᠡᠭᠡᠭᠰᠢᠯᠡᠬᠦ ᠪᠣᠯᠤᠨ᠎ᠠ᠃ ᠬᠥᠮᠦᠨ ᠠᠮᠠ ᠶᠢᠨ ᠨᠡᠭᠦᠳᠡᠯ ᠤᠨ ᠪᠠᠶᠢᠳᠠᠯ ᠠᠴᠠ ᠦᠵᠡᠪᠡᠯ᠂ ᠬᠥᠮᠦᠨ ᠠᠮᠠ ᠶᠢᠨ ᠰᠢᠯᠵᠢᠯᠲᠡ ᠨᠡᠮᠡᠭᠳᠡᠵᠦ᠂ ᠬᠥᠮᠦᠨ ᠠᠮᠠ ᠶᠢᠨ ᠲᠥᠪᠯᠡᠷᠡᠯ ᠤᠨ ᠦᠢᠯᠡᠳᠦᠯ ᠤᠯᠠᠮ ᠨᠢᠭᠡ ᠠᠯᠬᠤᠮ ᠴᠢᠩᠭᠠᠷᠠᠪᠠ᠃ ᠨᠡᠶᠢᠳᠡᠮ ᠪᠠᠶᠢᠴᠠᠭᠠᠯᠲᠠ ᠶᠢᠨ  ᠦᠷ᠎ᠡ ᠳ᠋ᠦᠩ ᠠᠴᠠ ᠦᠵᠡᠪᠡᠯ᠂ ︽ᠣᠷᠣᠰᠢᠨ ᠰᠠᠭᠤᠭ᠎ᠠ ᠭᠠᠵᠠᠷ︾ ᠪᠣᠯᠤᠨ ︽ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ︾᠎ ᠤᠨ ᠬᠤᠭᠤᠷᠣᠨᠳᠣ ᠨᠢᠭᠡᠳᠦᠯ ᠦᠭᠡᠶ ᠪᠠᠶᠢᠭ᠎ᠠ ᠬᠥᠮᠦᠨ ᠪᠣᠯᠤᠨ ᠡᠷᠦᠬᠡ ᠠᠮᠠ ᠰᠠᠯᠬᠤ ᠦᠵᠡᠭᠳᠡᠯ ᠨᠢᠭᠡᠨᠲᠡ ᠨᠡᠶᠢᠳᠡᠮ ᠣᠷᠣᠰᠢᠵᠤ ᠪᠠᠶᠢᠨ᠎ᠠ᠃ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠬᠥᠮᠦᠨ ᠠᠮᠠ ᠪᠠ ᠡᠷᠦᠬᠡ ᠠᠮᠠ ᠶᠢ ᠰᠠᠯᠭᠠᠭᠰᠠᠨ ᠬᠥᠮᠦᠨ ᠠᠮᠠ 159.08 ᠲᠦᠮᠡ ᠪᠠᠶᠢᠵᠤ᠂ 2010 ᠣᠨ ᠠᠴᠠ 114.63%᠎ ᠪᠠᠷ ᠨᠡᠮᠡᠭᠳᠡᠪᠡ᠃ ᠨᠡᠭᠦᠳᠡᠯ ᠬᠥᠮᠦᠨ ᠠᠮᠠ ᠶᠢᠨ ᠬᠡᠪᠴᠢᠶ᠎ᠡ ᠤᠯᠠᠮ ᠨᠢᠭᠡ ᠠᠯᠬᠤᠮ ᠥᠷᠭᠡᠳᠴᠦ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠨᠡᠭᠦᠳᠡᠯ ᠬᠥᠮᠦᠨ ᠠᠮᠠ 110.14 ᠲᠦᠮᠡ ᠪᠣᠯᠪᠠ᠃ ᠬᠥᠮᠦᠨ ᠠᠮᠠ ᠶᠢᠨ ᠨᠡᠭᠦᠳᠡᠯ ᠤᠨ ᠬᠠᠨᠳᠤᠰᠢ ᠨᠢ ᠭᠤᠣᠯᠳᠠᠭᠤ ᠬᠤᠳᠠ᠂ ᠠᠵᠤ ᠠᠬᠤᠶ ᠨᠡᠯᠢᠶᠡᠳ ᠬᠥᠭᠵᠢᠭᠰᠡᠨ ᠭᠠᠵᠠᠷ ᠣᠷᠣᠨ ᠳᠤ ᠲᠥᠪᠯᠡᠷᠡᠵᠦ ᠪᠠᠶᠢᠳᠠᠭ᠃ᠬᠥᠲᠥᠯᠥᠭᠴᠢ ᠄     ᠲᠠᠨ ᠤ ᠥᠨᠥᠳᠦᠷ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠰᠠᠭᠠᠲᠠᠭᠰᠠᠨ ᠳᠤ ᠳᠠᠬᠢᠨᠲᠠ ᠲᠠᠯᠠᠷᠬᠠᠵᠤ ᠪᠠᠶᠢᠬᠤ ᠪᠥᠭᠡᠳ ᠰᠦᠯᠵᠢᠶᠡᠨ ᠠᠨᠳᠠ ᠨᠠᠷ ᠤᠨ ᠬᠠᠯᠠᠭᠤᠨ ᠢᠶᠠᠷ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠃ ᠴᠠᠭ ᠤᠨ ᠬᠠᠷᠠᠭ᠎ᠠ ᠠᠴᠠ ᠪᠣᠯᠵᠤ᠂ ᠥᠨᠥᠳᠦᠷ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠪᠢᠳᠡ ᠳᠠᠷᠠᠭ᠎ᠠ ᠬᠤᠭᠤᠴᠠᠭᠠᠨ ᠤ ᠫᠷᠤᠭ᠍ᠷᠠᠮ ᠲᠡᠭᠡᠷ᠎ᠡ ᠳᠠᠬᠢᠨ ᠠᠭᠤᠯᠵᠠᠶ᠎ᠠ᠂ ᠪᠠᠶᠠᠷᠲᠠᠢ︕ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ