| | | ᠰᠤᠷᠪᠤᠯᠵᠢᠯᠠᠭᠰᠠᠨ ᠵᠣᠴᠢᠨ᠄ ᠤᠯᠠᠭᠠᠨᠬᠠᠳᠠ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠠᠯᠪᠠᠨ ᠬᠡᠷ ᠤᠨ ᠡᠷᠬᠢᠯᠡᠭᠴᠢ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠵᠢᠶᠧ | | ᠬᠥᠲᠥᠯᠥᠭᠴᠢ ᠄ | ᠬᠥᠮᠦᠨ ᠠᠮᠠ ᠶᠢᠨ ᠠᠰᠠᠭᠤᠳᠠᠯ ᠪᠣᠯ ᠢᠮᠠᠭᠲᠠ ᠮᠠᠨ ᠤ ᠤᠯᠤᠰ ᠲᠤ ᠲᠤᠯᠭᠠᠷᠠᠵᠤ ᠪᠠᠶᠢᠭ᠎ᠠ ᠪᠦᠬᠦ ᠲᠠᠯ᠎ᠠ ᠶᠢᠨ ᠴᠢᠨᠠᠷᠲᠠᠶ᠂ ᠤᠷᠲᠤ ᠬᠤᠭᠤᠴᠠᠭᠠᠨ ᠤ ᠴᠢᠨᠠᠷᠲᠠᠶ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠰᠠᠭᠤᠳᠠᠯ ᠮᠥᠨ᠂ ︽ᠲᠤᠭ᠎ᠠ ᠪᠦᠷᠢᠳᠬᠡᠯ ᠤᠨ ᠬᠠᠤᠯᠢ︾ ᠪᠣᠯᠤᠨ ︽ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠲᠦᠷᠢᠮ︾ ᠢ ᠦᠨᠳᠦᠰᠦᠯᠡᠪᠡᠯ᠂ ᠮᠠᠨ ᠤ ᠤᠯᠤᠰ 2020 ᠣᠨ ᠤ 11 ᠰᠠᠷ᠎ᠠ ᠶᠢᠨ 1 ᠤ ᠡᠳᠦᠷ ᠤᠨ ᠲᠡᠭ ᠴᠠᠭ ᠢᠶᠠᠷ ᠪᠠᠷᠢᠮᠵᠢᠶ᠎ᠠ ᠴᠠᠭ | ᠪᠣᠯᠭᠠᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠲᠣᠰ ᠤᠳᠠᠭᠠᠨ ᠤ ᠨᠡᠶᠢᠳᠡᠮ | ᠪᠠᠶᠢᠴᠠᠭᠠᠯᠲᠠ ᠳᠤ ᠮᠠᠨ ᠤ ᠬᠤᠲᠠ ᠶᠢᠨ ᠬᠥᠮᠦᠨ ᠠᠮᠠ ᠶᠢᠨ ᠲᠤᠭ᠎ᠠ᠂ ᠪᠦᠲᠦᠴᠡ᠂ ᠲᠠᠷᠬᠠᠯᠲᠠ ᠵᠡᠷᠭᠡ ᠲᠠᠯ᠎ᠠ ᠶᠢᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠨ | ᠳᠣᠲᠣᠯᠠᠵᠤ᠂ ᠣᠳᠣᠬᠠᠨ ᠤ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠶᠢᠨ ᠴᠢᠨᠠᠷᠲᠠᠶ ᠣᠨᠴᠠᠯᠢᠭ ᠢ ᠣᠨᠣᠪᠴᠢᠲᠠᠶ ᠲᠤᠰᠬᠠᠭᠰᠠᠨ ᠪᠠᠶᠢᠨ᠎ᠠ᠃ ᠥᠨᠥᠳᠦᠷ | ᠪᠢᠳᠡ ᠵᠣᠯ ᠢᠶᠠᠷ ᠤᠯᠠᠭᠠᠨᠬᠠᠳᠠ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠤᠨ | ᠡᠷᠬᠢᠯᠡᠭᠴᠢ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠵᠢᠶᠧ ᠨᠥᠬᠦᠷ ᠢ ᠤᠷᠢᠨ | ᠠᠪᠴᠢᠷᠠᠵᠤ᠂ ᠤᠯᠠᠭᠠᠨᠬᠠᠳᠠ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠭᠤᠤᠯ ᠪᠣᠯᠬᠤ ᠲᠤᠭ᠎ᠠ | ᠪᠠᠷᠢᠮᠲᠠ ᠶᠢᠨ ᠦᠷ᠎ᠡ ᠳ᠋ᠦᠩ ᠢ ᠣᠯᠠᠨ ᠳᠤ ᠲᠠᠶᠢᠯᠪᠤᠷᠢᠯᠠᠵᠤ ᠥᠭᠬᠦ ᠪᠠᠷ ᠪᠠᠶᠢᠨ᠎ᠠ᠃ | | | ᠯᠢᠦ ᠵᠢᠶᠧ ᠄ | ᠬᠥᠲᠥᠯᠥᠭᠴᠢ ᠰᠠᠶᠢᠨ ᠦᠦ︕ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠳᠤ ᠢᠷᠡᠵᠦ | ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠰᠦᠯᠵᠢᠶᠡᠨ ᠠᠨᠳᠠ ᠨᠠᠷ ᠤᠨ ᠮᠠᠨ ᠤ ᠬᠤᠲᠠ ᠶᠢᠨ ᠳᠣᠯᠣᠳᠤᠭᠠᠷ | ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠠᠩᠬᠠᠷᠤᠨ ᠳᠡᠮᠵᠢᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠂ | ᠥᠨᠥᠳᠦᠷ ᠤᠨ ᠲᠣᠬᠢᠶᠠᠯ ᠢ ᠠᠰᠢᠭᠯᠠᠨ᠂ ᠪᠢ ᠪᠥᠬᠦ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠬᠠᠮᠢᠶ᠎ᠠ ᠪᠥᠬᠦᠶ ᠲᠤᠭ᠎ᠠ ᠪᠠᠷᠢᠮᠲᠠ ᠳᠤ ᠲᠥᠬᠦᠮ ᠲᠠᠶᠢᠯᠤᠮᠵᠢ ᠬᠢᠶ᠎ᠡ᠃ | | | ᠬᠥᠲᠥᠯᠥᠭᠴᠢ᠄ | ᠪᠢᠳᠡ ᠤᠷᠢᠳ ᠢᠶᠠᠷ ᠨᠢᠭᠡ ᠲᠣᠮᠣ ᠳ᠋ᠠᠶᠢᠲ᠋ᠠ ᠶᠢ ᠠᠩᠬᠠᠷᠤᠯ ᠳᠠᠭᠠᠨ ᠠᠪᠤᠶ᠎ᠠ᠂ ᠲᠤᠬᠠᠶᠢᠯᠠᠪᠠᠯ 2020 ᠣᠨ ᠤ 11 ᠰᠠᠷ᠎ᠠ ᠶᠢᠨ 1 ᠤ ᠡᠳᠦᠷ ᠤᠨ ᠲᠡᠭ ᠴᠠᠭ | ᠲᠤ ᠤᠯᠠᠭᠠᠨᠬᠠᠳᠠ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠬᠡᠳᠦᠶ ᠪᠠᠶᠢᠬᠤ ᠪᠣᠶ︖ ᠵᠢᠷᠭᠤᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠲᠠᠢ ᠬᠠᠷᠢᠴᠠᠭᠤᠯᠪᠠᠯ ᠶᠠᠮᠠᠷ ᠬᠤᠪᠢᠷᠠᠯᠲᠠ ᠲᠠᠢ ᠪᠣᠯᠤᠭᠰᠠᠨ ᠪᠣᠶ︖ | | | ᠯᠢᠦ ᠵᠢᠶᠧ ᠄ | ᠤᠯᠠᠭᠠᠨᠬᠠᠳᠠ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ 2020 ᠣᠨ ᠤ 11 ᠰᠠᠷ᠎ᠠ ᠶᠢᠨ 1 ᠤ ᠡᠳᠦᠷ ᠤᠨ ᠲᠡᠭ ᠴᠠᠭ ᠲᠤ᠂ ᠤᠯᠠᠭᠠᠨᠬᠠᠳᠠ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ | 403.60 ᠲᠦᠮᠡ ᠪᠠᠶᠢᠵᠤ᠂ 2010 ᠣᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ | ᠂ 30.53 ᠲᠦᠮᠡ ᠬᠠᠰᠤᠭᠳᠠᠵᠤ᠂ 7.03% ᠪᠠᠷ ᠪᠠᠭᠤᠷᠠᠵᠠᠢ᠃ 2010 ᠣᠨ ᠲᠠᠢ ᠬᠠᠷᠢᠴᠠᠭᠤᠯᠪᠠᠯ᠂ ᠮᠠᠨ ᠤ ᠬᠤᠲᠠ ᠶᠢᠨ 16 — 59 ᠨᠠᠰᠤᠨ ᠤ | ᠬᠥᠳᠡᠯᠮᠦᠷᠢᠯᠡᠬᠦ ᠨᠠᠰᠤᠨ ᠤ ᠪᠠᠶᠢᠩᠭᠤ ᠰᠠᠭᠤᠭ᠎ᠠ ᠬᠥᠮᠦᠨ ᠠᠮᠠ 60.52 ᠲᠦᠮᠡ ᠪᠠᠭᠠᠰᠴᠤ᠂ ᠲᠥᠷᠥᠭᠰᠡᠳ ᠤᠨ ᠲᠣᠭᠠᠨ ᠤ ᠪᠠᠭᠠᠰᠴᠤ ᠪᠠᠶᠢᠬᠤ ᠪᠠ | ᠨᠠᠰᠦᠵᠢᠯᠳᠠ ᠶᠢᠨ ᠬᠦᠨᠳᠦᠷᠡᠵᠦ ᠪᠠᠶᠢᠬᠤ ᠨᠥᠯᠥᠭᠡ ᠠᠴᠠ ᠭᠠᠳᠠᠨ᠎ᠠ᠂ ᠬᠥᠳᠡᠯᠮᠦᠷᠢᠯᠡᠬᠦ ᠨᠠᠰᠤᠨ ᠤ ᠬᠥᠮᠦᠨ ᠠᠮᠠ ᠭᠠᠳᠠᠭᠰᠢ ᠭᠠᠷᠤᠭᠰᠠᠨ ᠨᠢ ᠮᠠᠨ ᠤ ᠬᠤᠲᠠ ᠶᠢᠨ | ᠪᠠᠶᠢᠩᠭᠤ ᠰᠠᠭᠤᠭ᠎ᠠ ᠬᠥᠮᠦᠨ ᠠᠮᠠ ᠶᠢᠨ ᠶᠡᠷᠦᠩᠬᠡᠶ ᠲᠤᠭ᠎ᠠ ᠪᠠᠭᠠᠰᠤᠭᠰᠠᠨ ᠤ ᠭᠤᠤᠯ ᠰᠢᠯᠲᠠᠭᠠᠨ ᠪᠣᠯᠤᠨ᠎ᠠ᠃ | | ᠬᠥᠲᠥᠯᠥᠭᠴᠢ ᠄ | ᠡᠷᠦᠬᠡ ᠠᠮᠠ ᠶᠢᠨ ᠢᠯᠭᠠᠯ ᠤᠨ ᠬᠥᠮᠦᠨ ᠠᠮᠠ ᠶᠠᠮᠠᠷ ᠬᠤᠪᠢᠷᠠᠯᠲᠠ ᠲᠠᠢ ᠪᠣᠶ︖ ᠬᠡᠷ ᠪᠦᠯᠢ ᠶᠢᠨ ᠡᠷᠦᠬᠡ ᠶᠢᠨ ᠳᠤᠮᠳᠠᠴᠢ ᠬᠡᠪᠴᠢᠶ᠎ᠡ ᠪᠠᠭᠠᠰᠤᠭᠰᠠᠨ ᠤ | ᠰᠢᠯᠲᠠᠭᠠᠨ ᠨᠢ ᠶᠠᠭᠤ ᠪᠣᠶ︖ | | | ᠯᠢᠦ ᠵᠢᠶᠧ ᠄ | ᠡᠨᠡ ᠤᠳᠠᠭᠠᠨ ᠤ ᠨᠡᠶᠢᠳᠡᠮ ᠪᠠᠶᠢᠴᠠᠭᠠᠯᠲᠠ ᠳᠤ ᠪᠦᠭᠦ ᠬᠤᠲᠠ ᠳᠤ 154.3 ᠲᠦᠮᠡᠨ ᠡᠷᠤᠭᠡ ᠬᠡᠷ ᠪᠦᠯᠢ ᠶᠢᠨ ᠡᠷᠤᠭᠡ ᠲᠠᠢ ᠪᠠᠶᠢᠵᠤ᠂ ᠬᠡᠷ ᠪᠦᠯᠢ ᠶᠢᠨ | ᠡᠷᠤᠭᠡ ᠶᠢᠨ ᠬᠥᠮᠦᠨ ᠠᠮᠠ 386.48 ᠲᠦᠮᠡᠨ ᠬᠥᠮᠦᠨ᠂ ᠳᠤᠮᠳᠠᠴᠢ ᠬᠡᠷ ᠪᠦᠯᠢ ᠶᠢᠨ ᠡᠷᠤᠭᠡ ᠶᠢᠨ ᠬᠥᠮᠦᠨ ᠠᠮᠠ 2.49 ᠬᠥᠮᠦᠨ ᠪᠠᠶᠢᠵᠤ᠂ 2010 ᠣᠨ ᠤ | 3.05 ᠬᠥᠮᠦᠨ ᠠᠴᠠ 0.56 ᠬᠥᠮᠦᠨ ᠬᠠᠰᠤᠭᠳᠠᠵᠠᠶ᠃ ᠬᠡᠷ ᠪᠦᠯᠢ ᠶᠢᠨ ᠡᠷᠦᠬᠡ ᠶᠢᠨ ᠬᠡᠪᠴᠢᠶ᠎ᠡ ᠪᠠᠭᠤᠷᠠᠭᠰᠠᠨ ᠤ ᠭᠤᠤᠯ ᠰᠢᠯᠲᠠᠭᠠᠨ ᠨᠢ ᠦᠷᠡᠵᠢᠯ ᠤᠨ ᠨᠣᠷᠮ᠎ᠠ | ᠪᠠᠭᠤᠷᠠᠭᠰᠠᠨ ᠠᠴᠠ ᠬᠡᠷ ᠪᠦᠯᠢ ᠶᠢᠨ ᠦᠷ᠎ᠡ ᠬᠡᠤᠬᠡᠳ ᠤᠨ ᠲᠤᠭ᠎ᠠ ᠪᠠᠭᠠᠰᠴᠤ᠂ ᠣᠷᠣᠨ ᠰᠠᠭᠤᠴᠠ ᠶᠢᠨ ᠨᠥᠬᠦᠴᠡᠯ ᠰᠠᠶᠢᠵᠢᠷᠠᠨ ᠵᠠᠯᠠᠭᠤᠴᠤᠳ ᠤᠨ ᠤᠷᠤᠭᠯᠠᠭᠰᠠᠨ | ᠤ ᠳᠠᠷᠠᠭ᠎ᠠ ᠲᠤᠰᠠᠭᠠᠷ ᠰᠠᠭᠤᠭᠰᠠᠳ ᠨᠡᠮᠡᠭᠳᠠᠵᠦ ᠪᠠᠶᠢᠬᠤ ᠪᠠ ᠬᠥᠮᠦᠨ ᠠᠮᠠ ᠶᠢᠨ ᠰᠢᠯᠵᠢᠯᠲᠡ ᠣᠯᠠᠰᠢᠷᠠᠭᠰᠠᠨ ᠠᠴᠠ ᠪᠣᠯᠤᠭᠰᠠᠨ ᠬᠡᠷ ᠪᠦᠯᠢ ᠶᠢᠨ ᠪᠦᠲᠦᠴᠡ ᠶᠢᠨ | ᠬᠤᠪᠢᠷᠠᠯᠲᠠ ᠵᠡᠷᠭᠡ ᠪᠣᠯᠤᠨ᠎ᠠ᠃ | | | ᠬᠥᠲᠥᠯᠥᠭᠴᠢ ᠄ | ᠪᠠᠶᠢᠩᠭᠤ ᠰᠠᠭᠤᠭ᠎ᠠ ᠬᠥᠮᠦᠨ ᠠᠮᠠ ᠶᠢᠨ ᠲᠠᠷᠬᠠᠯᠲᠠ ᠶᠢᠨ ᠲᠠᠯ᠎ᠠ ᠠᠴᠠ ᠦᠵᠡᠪᠡᠯ᠂ ᠤᠯᠠᠭᠠᠨᠬᠠᠳᠠ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠤ ᠶᠠᠮᠠᠷ | ᠶᠠᠮᠠᠷ ᠬᠤᠪᠢᠷᠠᠯᠲᠠ ᠪᠠ ᠣᠨᠴᠠᠯᠢᠭ ᠲᠠᠢ ᠪᠣᠶ︖ | | | ᠯᠢᠦ ᠵᠢᠶᠧ ᠄ | ᠤᠯᠠᠭᠠᠨᠬᠠᠳᠠ ᠬᠤᠲᠠ ᠶᠢᠨ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ 2010 | ᠣᠨ ᠠᠴᠠ 2020 ᠣᠨ ᠪᠣᠯᠲᠠᠯᠠᠬᠢ 10 ᠵᠢᠯ ᠤᠨ ᠬᠤᠭᠤᠴᠠᠭᠠᠨ ᠳᠤ᠂ ᠤᠯᠠᠭᠠᠨᠬᠠᠳᠠ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠭᠠᠵᠠᠷ ᠣᠷᠣᠨ ᠤ | ᠲᠠᠷᠬᠠᠯᠲᠠ ᠳᠤ ᠢᠯᠡᠳᠲᠡ ᠬᠤᠪᠢᠷᠠᠯᠲᠠ ᠭᠠᠷᠴᠤ᠂ 2010 ᠣᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠲᠠᠢ ᠬᠠᠷᠢᠴᠠᠭᠤᠯᠪᠠᠯ᠂ 12 ᠬᠤᠰᠢᠭᠤ ᠰᠢᠶᠠᠨ ᠲᠣᠭᠤᠷᠢᠭ ᠤᠨ ᠳᠣᠲᠣᠷ᠎ᠠ᠂ ᠵᠥᠪᠬᠡᠨ 2 ᠭᠠᠵᠠᠷ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ | ᠨᠡᠮᠡᠭᠳᠡᠵᠦ᠂ ᠲᠤᠬᠠᠶᠢᠯᠠᠪᠠᠯ ᠰᠦᠩᠱᠠᠨ ᠲᠣᠭᠤᠷᠢᠭ ᠲᠤ 132741 ᠬᠥᠮᠦᠨ ᠨᠡᠮᠡᠭᠳᠡᠵᠦ᠂ ᠬᠤᠩᠱᠠᠨ ᠲᠣᠭᠤᠷᠢᠭ ᠲᠤ 34294 ᠬᠥᠮᠦᠨ ᠨᠡᠮᠡᠭᠳᠡᠵᠡᠶ᠂ ᠡᠨᠡ ᠨᠢ | ᠭᠤᠤᠯᠳᠠᠭᠤ ᠬᠥᠮᠦᠨ ᠠᠮᠠ ᠨᠢ ᠠᠵᠤ ᠠᠬᠤᠶ ᠨᠡᠯᠢᠶᠡᠳ ᠬᠥᠭᠵᠢᠭᠰᠡᠨ ᠣᠷᠣᠨ ᠪᠦᠰᠡ᠂ ᠬᠤᠲᠠ ᠳᠤ ᠤᠯᠠᠮ ᠨᠢᠭᠡ ᠠᠯᠬᠤᠮ ᠴᠤᠭᠯᠠᠷᠠᠭᠰᠠᠨ ᠠᠴᠠ ᠪᠣᠯᠵᠠᠶ᠃ | | | ᠬᠥᠲᠥᠯᠥᠭᠴᠢ ᠄ | ᠣᠳᠣᠬᠠᠨ ᠳᠤ ᠮᠠᠨ ᠤ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠦᠢᠰᠦ ᠶᠢᠨ ᠢᠯᠭᠠᠯ ᠤᠨ ᠬᠠᠷᠢᠴᠠᠯ 103.18 ᠨᠢ ᠵᠣᠬᠢᠰᠲᠠᠶ ᠬᠡᠪᠴᠢᠶᠡᠨ ᠳᠤ | ᠪᠠᠶᠢᠨ᠎ᠠ ᠦᠦ︖ | | | ᠯᠢᠦ ᠵᠢᠶᠧ ᠄ | ᠤᠯᠠᠭᠠᠨᠬᠠᠳᠠ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ ᠮᠠᠨ ᠤ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠦᠢᠰᠦ ᠶᠢᠨ ᠢᠯᠭᠠᠯ ᠤᠨ ᠬᠠᠷᠢᠴᠠᠯ 103.18 ᠪᠠᠶᠢᠵᠤ᠂ 2010 | ᠣᠨ ᠤ 105.95 ᠪᠠᠶᠢᠭᠰᠠᠨ ᠠᠴᠠ 2.77 ᠪᠠᠭᠤᠷᠠᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠪᠦᠲᠦᠴᠡ ᠦᠷᠭᠦᠯᠵᠢᠯᠡᠨ ᠰᠠᠶᠢᠵᠢᠷᠠᠨ᠂ ᠬᠦᠢᠰᠦ ᠶᠢᠨ | ᠢᠯᠭᠠᠯ ᠡᠷᠬᠡ ᠲᠡᠭᠰᠢ ᠪᠠᠶᠢᠬᠤ ᠦᠷᠡᠵᠢᠯ ᠤᠨ ᠦᠵᠡᠯᠲᠡ ᠨᠠᠩ ᠲᠦᠭᠡᠮᠡᠯᠵᠢᠵᠦ᠂ ᠬᠦᠢᠰᠦ ᠶᠢᠨ ᠢᠯᠭᠠᠯ ᠤᠨ ᠬᠠᠷᠢᠴᠠᠯ ᠤᠨ ᠪᠦᠲᠦᠴᠡ ᠰᠢᠯᠢᠳᠡᠭᠵᠢᠬᠦ ᠬᠠᠨᠳᠤᠰᠢ ᠲᠠᠢ | ᠪᠣᠯᠪᠠ᠃ | | | ᠬᠥᠲᠥᠯᠥᠭᠴᠢ ᠄ | ᠡᠨᠡ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠮᠠᠨ ᠤ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠨᠠᠰᠤᠨ ᠤ ᠪᠦᠲᠦᠴᠡ | ᠳᠤ ᠶᠠᠮᠠᠷ ᠶᠠᠮᠠᠷ ᠰᠢᠨ᠎ᠡ ᠬᠤᠪᠢᠷᠠᠯᠲᠠ ᠭᠠᠷᠤᠭᠰᠠᠨ ᠪᠤᠶ︖ ᠮᠠᠨ ᠤ ᠬᠤᠲᠠ ᠶᠢᠨ ᠬᠥᠮᠦᠨ ᠠᠮᠠ ᠶᠢᠨ ᠨᠠᠰᠤᠵᠢᠯᠲᠠ ᠶᠢᠨ ᠪᠠᠶᠢᠳᠠᠯ ᠶᠠᠮᠠᠷ ᠵᠡᠷᠭᠡ ᠪᠠᠶᠢᠨ᠎ᠠ︖ | ᠶᠠᠮᠠᠷ ᠶᠠᠮᠠᠷ ᠣᠨᠴᠠᠯᠢᠭ ᠲᠠᠢ ᠪᠣᠢ︖ | | ᠯᠢᠦ ᠵᠢᠶᠧ ᠄ | ᠨᠠᠰᠤᠨ ᠤ ᠪᠦᠷᠢᠯᠳᠦᠯ ᠠᠴᠠ ᠦᠵᠡᠪᠡᠯ᠂ 0 — 14 ᠨᠠᠰᠤᠨ ᠤ ᠪᠠᠭᠠᠴᠤᠳ ᠬᠡᠦᠬᠡᠳ ᠤᠨ ᠬᠥᠮᠦᠨ ᠠᠮᠠ ᠶᠢᠨ ᠬᠠᠷᠢᠴᠠᠯ 15.34% ᠪᠣᠯᠵᠤ᠂ | 2010 ᠣᠨ ᠲᠠᠢ ᠬᠠᠷᠢᠴᠠᠭᠤᠯᠪᠠᠯ 0.01 ᠵᠠᠭᠤᠨ ᠤ ᠨᠢᠭᠡᠴᠢ ᠳᠣᠷᠣᠭᠰᠢᠯᠠᠵᠤ᠂ 15 — 59 ᠨᠠᠰᠤᠨ ᠤ ᠬᠥᠳᠡᠯᠮᠦᠷᠢᠯᠡᠬᠦ ᠨᠠᠰᠤᠨ ᠤ ᠬᠥᠮᠦᠨ ᠠᠮᠠ ᠶᠢᠨ | ᠬᠠᠷᠢᠴᠠᠯ 63.61% ᠪᠤᠯᠵᠤ᠂ 2010 ᠲᠠᠢ ᠬᠠᠷᠢᠴᠠᠭᠤᠯᠪᠠᠯ 9.73 ᠵᠠᠭᠤᠨ ᠤ ᠨᠢᠭᠡᠴᠢ ᠳᠣᠷᠣᠭᠰᠢᠯᠠᠵᠤ᠂ 60 ᠨᠠᠰᠤ ᠵᠢᠴᠢ ᠲᠡᠭᠦᠨ ᠠᠴᠠ ᠳᠡᠭᠡᠭᠰᠢᠬᠢ | ᠨᠠᠰᠤᠨ ᠤ ᠬᠥᠮᠦᠨ ᠠᠮᠠ ᠶᠢᠨ ᠬᠠᠷᠢᠴᠠᠯ 21.05% ᠪᠤᠯᠵᠤ᠂ 2010 ᠣᠨ ᠲᠠᠢ ᠬᠠᠷᠢᠴᠠᠭᠤᠯᠪᠠᠯ 9.74 ᠵᠠᠭᠤᠨ ᠤ ᠨᠢᠭᠡᠴᠢ ᠳᠡᠭᠡᠭᠰᠢᠯᠡᠵᠦ᠂ ᠨᠠᠰᠤᠵᠢᠭᠰᠠᠨ | ᠬᠥᠮᠦᠨ ᠠᠮᠠ ᠶᠢᠨ ᠬᠠᠷᠢᠴᠠᠯ ᠢᠯᠡᠳᠲᠡ ᠳᠡᠭᠡᠭᠰᠢᠯᠡᠵᠡᠶ᠂ ᠡᠭᠦᠨ ᠤ ᠳᠣᠲᠣᠷ᠎ᠠ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠤ ᠬᠥᠮᠦᠨ ᠠᠮᠠ ᠶᠢᠨ | ᠬᠠᠷᠢᠴᠠᠯ 13.24% ᠪᠤᠯᠵᠤ᠂ 2010 ᠣᠨ ᠤ ᠬᠢ ᠠᠴᠠ 5.77 ᠵᠠᠭᠤᠨ ᠤ ᠨᠢᠭᠡᠴᠢ ᠳᠡᠭᠡᠭᠰᠢᠯᠡᠵᠡᠶ᠃ ᠡᠨᠡ ᠨᠢ ᠮᠠᠨ ᠤ ᠬᠤᠲᠠ ᠶᠢᠨ ᠬᠥᠮᠦᠨ ᠠᠮᠠ ᠶᠢᠨ | ᠨᠠᠰᠤᠵᠢᠯ ᠤᠨ ᠠᠬᠢᠴᠠ ᠲᠦᠷᠭᠡᠳᠦᠭᠰᠡᠨ ᠢ ᠬᠠᠷᠠᠭᠤᠯᠵᠤ ᠪᠠᠶᠢᠨ᠎ᠠ᠃ ᠭᠤᠣᠯᠳᠠᠭᠤ ᠳᠣᠣᠷᠠᠬᠢ ᠮᠡᠲᠦ ᠬᠡᠳᠦᠨ ᠣᠨᠴᠠᠯᠢᠭ ᠲᠠᠢ᠄ ᠨᠢᠭᠡ ᠳᠤ ᠨᠠᠰᠤᠲᠠᠶᠢᠴᠤᠳ ᠤᠨ | ᠬᠥᠮᠦᠨ ᠠᠮᠠ ᠶᠢᠨ ᠬᠡᠪᠴᠢᠶ᠎ᠡ ᠶᠡᠭᠡ᠃ ᠮᠠᠨ ᠤ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠲᠠᠪᠤᠨ ᠤ ᠨᠢᠭᠡ ᠶᠢᠨ ᠬᠥᠮᠦᠨ ᠠᠮᠠ ᠨᠢ 60 ᠨᠠᠰᠤᠨ ᠠᠴᠠ | ᠳᠡᠭᠡᠭᠰᠢᠬᠢ ᠬᠥᠮᠦᠨ ᠠᠮᠠ ᠪᠣᠯᠤᠨ᠎ᠠ᠃ ᠬᠤᠶᠠᠷ ᠲᠤ ᠨᠠᠰᠤᠵᠢᠯᠲᠠ ᠶᠢᠨ ᠠᠬᠢᠴᠠ ᠢᠯᠡᠳᠲᠡ ᠲᠦᠷᠭᠡᠳᠪᠡ᠃ ᠣᠶᠢᠷ᠎ᠠ ᠶᠢᠨ ᠵᠢᠯ ᠳᠤ᠂ ᠳᠡᠭᠡᠷ᠎ᠡ ᠵᠠᠭᠤᠨ ᠤ | ᠲᠠᠪᠢᠭᠠᠳ ᠣᠨ ᠳᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ ᠠᠩᠬ᠎ᠠ ᠤᠳᠠᠭ᠎ᠠ ᠦᠷᠡᠵᠢᠯ ᠤᠨ ᠣᠷᠭᠢᠯ ᠦᠶ᠎ᠡ ᠳᠤ | ᠲᠥᠷᠥᠭᠰᠡᠨ ᠬᠥᠮᠦᠨ ᠠᠮᠠ ᠵᠠᠯᠭᠠᠭ᠎ᠠ ᠪᠠᠷ ᠦᠲᠡᠯ᠎ᠡ ᠨᠠᠰᠤᠨ ᠳᠤ ᠣᠷᠣᠬᠤ ᠶᠢ ᠳᠠᠭᠠᠯᠳᠤᠨ᠂ ᠮᠠᠨ ᠤ ᠬᠤᠲᠠ ᠶᠢᠨ ᠬᠥᠮᠦᠨ ᠠᠮᠠ ᠶᠢᠨ ᠨᠠᠰᠤᠵᠢᠯ ᠤᠨ | ᠬᠥᠭᠵᠢᠯᠲᠡ ᠶᠢᠨ ᠬᠤᠷᠳᠤᠴᠠ ᠤᠯᠠᠮ ᠨᠢᠭᠡ ᠠᠯᠬᠤᠮ ᠲᠦᠷᠭᠡᠳᠪᠡ᠃ | | | ᠬᠥᠲᠥᠯᠥᠭᠴᠢ ᠄ | ᠣᠯᠠᠨ ᠵᠢᠯ ᠤᠨ ᠲᠤᠷᠰᠢ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠪᠠᠷ ᠳᠠᠮᠵᠢᠭᠠᠳ᠂ ᠮᠠᠨ ᠤ ᠬᠤᠲᠠ ᠶᠢᠨ ᠪᠠᠶᠢᠩᠭᠤ | ᠰᠠᠭᠤᠭ᠎ᠠ ᠬᠥᠮᠦᠨ ᠠᠮᠠ ᠶᠢᠨ ᠪᠦᠬᠦᠯᠢ ᠴᠣᠭᠴᠠ ᠶᠢᠨ ᠬᠡᠪ ᠴᠢᠨᠠᠷ ᠲᠤ ᠶᠠᠮᠠᠷ ᠬᠤᠪᠢᠷᠠᠯᠲᠠ ᠭᠠᠷᠤᠭᠰᠠᠨ ᠪᠣᠢ︖ | | | ᠯᠢᠦ ᠵᠢᠶᠧ ᠄ | ᠬᠥᠮᠦᠨ ᠠᠮᠠ ᠶᠢᠨ ᠰᠤᠷᠭᠠᠨ ᠬᠥᠮᠦᠵᠢᠯ ᠭᠥᠷᠳᠡᠭᠰᠡᠨ ᠬᠡᠮᠵᠢᠶ᠎ᠡ ᠠᠴᠠ ᠦᠵᠡᠪᠡᠯ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ | 10 ᠲᠦᠮᠡᠨ ᠬᠥᠮᠦᠨ ᠤ ᠳᠣᠲᠣᠷ᠎ᠠ ᠶᠡᠭᠡ ᠰᠤᠷᠭᠠᠭᠤᠯᠢ ︵ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠢ ᠪᠠᠭᠲᠠᠨ᠎ᠠ︶ ᠶᠢᠨ ᠰᠣᠶᠣᠯ ᠤᠨ ᠬᠢᠷᠢ | ᠬᠡᠮᠵᠢᠶ᠎ᠡ ᠲᠠᠢ ᠬᠥᠮᠦᠨ ᠤ ᠲᠤᠭ᠎ᠠ 13827 ᠪᠠᠶᠢᠵᠤ᠂ ᠵᠢᠷᠭᠤᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠠᠴᠠ 6961 ᠬᠥᠮᠦᠨ | ᠨᠡᠮᠡᠭᠳᠡᠵᠡᠶ᠃15 ᠨᠠᠰᠤ ᠵᠢᠴᠢ 15 ᠨᠠᠰᠤᠨ ᠠᠴᠠ ᠳᠡᠭᠡᠭᠰᠢᠬᠢ ᠬᠥᠮᠦᠨ ᠠᠮᠠ ᠶᠢᠨ ᠰᠤᠷᠭᠠᠨ ᠬᠥᠮᠦᠵᠢᠯ ᠭᠥᠷᠳᠡᠭᠰᠡᠨ ᠳᠤᠮᠳᠠᠴᠢ ᠵᠢᠯ ᠬᠤᠭᠤᠴᠠᠭ᠎ᠠ ᠨᠢ 9.52 | ᠵᠢᠯ ᠳᠤ ᠬᠦᠷᠴᠦ᠂ 2010 ᠣᠨ ᠤ 8.83 ᠠᠴᠠ 0.69 ᠵᠢᠯ ᠳᠡᠭᠡᠭᠰᠢᠯᠡᠵᠦ᠂ ᠰᠣᠶᠣᠯ ᠤᠨ ᠪᠠᠯᠠᠶ ᠶᠢᠨ ᠨᠣᠷᠮ᠎ᠠ 2010 ᠣᠨ ᠳᠤ 3.19% | ᠪᠠᠶᠢᠭᠰᠠᠨ ᠠᠴᠠ ᠪᠠᠨ 2.82% ᠪᠣᠯᠵᠣ ᠪᠠᠭᠤᠷᠠᠪᠠ᠃ ᠡᠯ᠎ᠡ ᠵᠦᠢᠯ ᠤᠨ ᠰᠤᠷᠭᠠᠨ ᠬᠥᠮᠦᠵᠢᠯ ᠬᠦᠷᠲᠡᠭᠰᠡᠨ ᠬᠡᠮᠵᠢᠶ᠎ᠡ ᠶᠢᠨ ᠬᠥᠮᠦᠨ ᠠᠮᠠ ᠪᠠ ᠰᠣᠶᠣᠯ ᠤᠨ | ᠪᠠᠯᠠᠶ ᠶᠢᠨ ᠨᠣᠷᠮ᠎ᠠ ᠶᠢᠨ ᠬᠤᠪᠢᠷᠠᠯᠲᠠ ᠨᠢ ᠮᠠᠨ ᠤ ᠬᠤᠲᠠ ᠶᠢᠨ ᠣᠯᠠᠨ ᠵᠢᠯ ᠤᠨ ᠲᠤᠷᠰᠢᠬᠢ ᠰᠤᠷᠭᠠᠨ ᠬᠥᠮᠦᠵᠢᠯ ᠢ ᠴᠢᠬᠤᠯᠠᠴᠢᠯᠠᠵᠤ᠂ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠬᠦ ᠵᠡᠷᠭᠡ ᠠᠷᠭ᠎ᠠ ᠬᠡᠮᠵᠢᠶ᠎ᠡ ᠢᠳᠡᠪᠬᠢᠲᠡᠶ ᠦᠷ᠎ᠡ ᠪᠦᠲᠦᠮᠵᠢ ᠣᠯᠵᠤ᠂ ᠬᠥᠮᠦᠨ ᠠᠮᠠ ᠶᠢᠨ ᠬᠡᠪ ᠴᠢᠨᠠᠷ | ᠲᠠᠰᠤᠷᠠᠯᠲᠠ ᠦᠭᠡᠢ ᠳᠡᠭᠡᠭᠰᠢᠯᠡᠭᠰᠡᠨ ᠢ ᠬᠠᠷᠠᠭᠤᠯᠵᠤ ᠪᠠᠶᠢᠨ᠎ᠠ᠃ | | | ᠬᠥᠲᠥᠯᠥᠭᠴᠢ ᠄ | ᠥᠩᠭᠡᠷᠡᠭᠰᠡᠨ 10 ᠵᠢᠯ ᠳᠤ᠂ ᠤᠯᠠᠭᠠᠨᠬᠠᠳᠠ ᠬᠤᠲᠠ ᠶᠢᠨ ᠬᠤᠲᠠ ᠪᠠᠯᠭᠠᠰᠤᠨ ᠤ ᠬᠥᠮᠦᠨ ᠠᠮᠠ ᠪᠠ ᠬᠥᠳᠡᠭᠡ ᠲᠣᠰᠬᠤᠨ ᠤ ᠬᠥᠮᠦᠨ ᠠᠮᠠ ᠳᠤ ᠶᠠᠮᠠᠷ | ᠬᠤᠪᠢᠷᠠᠯᠲᠠ ᠭᠠᠷᠤᠭᠰᠠᠨ ᠪᠣᠶ︖ ᠮᠠᠨ ᠤ ᠬᠤᠲᠠ ᠶᠢᠨ ᠬᠥᠮᠦᠨ ᠠᠮᠠ ᠶᠢᠨ ᠰᠢᠯᠵᠢᠯᠲᠡ ᠶᠢᠨ ᠪᠠᠶᠢᠳᠠᠯ ᠶᠠᠮᠠᠷ ᠵᠡᠷᠭᠡ ᠪᠠᠶᠢᠨ᠎ᠠ︖ | | | ᠯᠢᠦ ᠵᠢᠶᠧ ᠄ | ᠬᠥᠮᠦᠨ ᠠᠮᠠ ᠶᠢᠨ ᠬᠤᠲᠠ ᠬᠥᠳᠡᠭᠡ ᠶᠢᠨ ᠪᠦᠲᠦᠴᠡ ᠶᠢᠨ ᠲᠠᠯ᠎ᠠ ᠠᠴᠠ ᠦᠵᠡᠪᠡᠯ᠂ ᠮᠠᠨ ᠤ ᠬᠤᠲᠠ ᠶᠢᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠬᠥᠮᠦᠨ | ᠠᠮᠠ ᠦᠷᠭᠦᠯᠵᠢᠯᠡᠨ ᠨᠡᠮᠡᠭᠳᠡᠵᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠤᠯᠠᠮ ᠨᠢᠭᠡ ᠠᠯᠬᠤᠮ ᠳᠡᠭᠡᠭᠰᠢᠯᠡᠪᠡ᠃ ᠲᠣᠰ | ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠠᠴᠠ ᠦᠵᠡᠪᠡᠯ᠂ ᠮᠠᠨ ᠤ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ | ᠪᠠᠯᠭᠠᠰᠤᠵᠢᠯᠲᠠ ᠶᠢᠨ ᠨᠣᠷᠮ᠎ᠠ 53.11% ᠳᠤ ᠬᠦᠷᠴᠦ᠂ 2010 ᠣᠨ ᠠᠴᠠ 11.95 ᠵᠠᠭᠤᠨ ᠤ ᠨᠢᠭᠡᠴᠢ ᠳᠡᠭᠡᠭᠰᠢᠯᠡᠵᠡᠶ᠂ ᠡᠨᠡ ᠨᠢ ᠣᠶᠢᠷ᠎ᠠ ᠶᠢᠨ ᠵᠢᠯ ᠳᠤ | ᠮᠠᠨ ᠤ ᠬᠤᠲᠠ ᠶᠢᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠬᠢᠴᠠ ᠲᠣᠭᠲᠠᠭᠤᠨ ᠢᠶᠠᠷ ᠠᠭᠢᠭᠰᠠᠨ ᠢ ᠬᠠᠷᠠᠭᠤᠯᠵᠤ ᠪᠠᠶᠢᠨ᠎ᠠ᠃ ᠮᠠᠨ ᠤ ᠬᠤᠲᠠ ᠶᠢᠨ | ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠨᠡᠯᠢᠶᠡᠳ ᠲᠦᠷᠭᠡᠨ ᠨᠡᠮᠡᠭᠳᠡᠭᠰᠡᠨ ᠤ ᠰᠢᠯᠲᠠᠭᠠᠨ ᠨᠢ ᠮᠠᠨ ᠤ ᠬᠤᠲᠠ ᠶᠢᠨ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠲᠠᠢ ᠵᠣᠬᠢᠴᠠᠯᠳᠤᠵᠤ ᠪᠠᠶᠢᠭ᠎ᠠ ᠶᠤᠮ᠃ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠨ | ᠬᠥᠭᠵᠢᠬᠦ ᠪᠠ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠳᠠᠭᠠᠯᠳᠤᠨ᠂ ᠮᠠᠨ | ᠤ ᠬᠤᠲᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠪᠠᠰᠠ ᠤᠯᠠᠮ ᠨᠢᠭᠡ ᠠᠯᠬᠤᠮ ᠳᠡᠭᠡᠭᠰᠢᠯᠡᠬᠦ ᠪᠣᠯᠤᠨ᠎ᠠ᠃ ᠬᠥᠮᠦᠨ ᠠᠮᠠ ᠶᠢᠨ ᠨᠡᠭᠦᠳᠡᠯ ᠤᠨ ᠪᠠᠶᠢᠳᠠᠯ ᠠᠴᠠ | ᠦᠵᠡᠪᠡᠯ᠂ ᠬᠥᠮᠦᠨ ᠠᠮᠠ ᠶᠢᠨ ᠰᠢᠯᠵᠢᠯᠲᠡ ᠨᠡᠮᠡᠭᠳᠡᠵᠦ᠂ ᠬᠥᠮᠦᠨ ᠠᠮᠠ ᠶᠢᠨ ᠲᠥᠪᠯᠡᠷᠡᠯ ᠤᠨ ᠦᠢᠯᠡᠳᠦᠯ ᠤᠯᠠᠮ ᠨᠢᠭᠡ ᠠᠯᠬᠤᠮ ᠴᠢᠩᠭᠠᠷᠠᠪᠠ᠃ ᠨᠡᠶᠢᠳᠡᠮ | ᠪᠠᠶᠢᠴᠠᠭᠠᠯᠲᠠ ᠶᠢᠨ ᠦᠷ᠎ᠡ ᠳ᠋ᠦᠩ ᠠᠴᠠ ᠦᠵᠡᠪᠡᠯ᠂ ︽ᠣᠷᠣᠰᠢᠨ ᠰᠠᠭᠤᠭ᠎ᠠ ᠭᠠᠵᠠᠷ︾ ᠪᠣᠯᠤᠨ ︽ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ︾ ᠤᠨ | ᠬᠤᠭᠤᠷᠣᠨᠳᠣ ᠨᠢᠭᠡᠳᠦᠯ ᠦᠭᠡᠶ ᠪᠠᠶᠢᠭ᠎ᠠ ᠬᠥᠮᠦᠨ ᠪᠣᠯᠤᠨ ᠡᠷᠦᠬᠡ ᠠᠮᠠ ᠰᠠᠯᠬᠤ ᠦᠵᠡᠭᠳᠡᠯ ᠨᠢᠭᠡᠨᠲᠡ ᠨᠡᠶᠢᠳᠡᠮ ᠣᠷᠣᠰᠢᠵᠤ ᠪᠠᠶᠢᠨ᠎ᠠ᠃ ᠪᠥᠬᠦ ᠬᠤᠲᠠ ᠶᠢᠨ | ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠬᠥᠮᠦᠨ ᠠᠮᠠ ᠪᠠ ᠡᠷᠦᠬᠡ ᠠᠮᠠ ᠶᠢ ᠰᠠᠯᠭᠠᠭᠰᠠᠨ ᠬᠥᠮᠦᠨ ᠠᠮᠠ 159.08 ᠲᠦᠮᠡ ᠪᠠᠶᠢᠵᠤ᠂ 2010 | ᠣᠨ ᠠᠴᠠ 114.63% ᠪᠠᠷ ᠨᠡᠮᠡᠭᠳᠡᠪᠡ᠃ ᠨᠡᠭᠦᠳᠡᠯ ᠬᠥᠮᠦᠨ ᠠᠮᠠ ᠶᠢᠨ ᠬᠡᠪᠴᠢᠶ᠎ᠡ ᠤᠯᠠᠮ ᠨᠢᠭᠡ ᠠᠯᠬᠤᠮ ᠥᠷᠭᠡᠳᠴᠦ᠂ ᠪᠥᠬᠦ ᠬᠤᠲᠠ ᠶᠢᠨ ᠪᠠᠶᠢᠩᠭᠤ | ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠨᠡᠭᠦᠳᠡᠯ ᠬᠥᠮᠦᠨ ᠠᠮᠠ 110.14 ᠲᠦᠮᠡ ᠪᠣᠯᠪᠠ᠃ ᠬᠥᠮᠦᠨ ᠠᠮᠠ ᠶᠢᠨ ᠨᠡᠭᠦᠳᠡᠯ ᠤᠨ ᠬᠠᠨᠳᠤᠰᠢ ᠨᠢ ᠭᠤᠣᠯᠳᠠᠭᠤ | ᠬᠤᠳᠠ᠂ ᠠᠵᠤ ᠠᠬᠤᠶ ᠨᠡᠯᠢᠶᠡᠳ ᠬᠥᠭᠵᠢᠭᠰᠡᠨ ᠭᠠᠵᠠᠷ ᠣᠷᠣᠨ ᠳᠤ ᠲᠥᠪᠯᠡᠷᠡᠵᠦ ᠪᠠᠶᠢᠳᠠᠭ᠃ | | | ᠬᠥᠲᠥᠯᠥᠭᠴᠢ ᠄ | ᠲᠠᠨ ᠤ ᠥᠨᠥᠳᠦᠷ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠰᠠᠭᠠᠲᠠᠭᠰᠠᠨ ᠳᠤ ᠳᠠᠬᠢᠨᠲᠠ ᠲᠠᠯᠠᠷᠬᠠᠵᠤ ᠪᠠᠶᠢᠬᠤ ᠪᠥᠭᠡᠳ ᠰᠦᠯᠵᠢᠶᠡᠨ ᠠᠨᠳᠠ ᠨᠠᠷ ᠤᠨ | ᠬᠠᠯᠠᠭᠤᠨ ᠢᠶᠠᠷ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠃ ᠴᠠᠭ ᠤᠨ ᠬᠠᠷᠠᠭ᠎ᠠ ᠠᠴᠠ ᠪᠣᠯᠵᠤ᠂ ᠥᠨᠥᠳᠦᠷ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠠᠳᠡ | ᠬᠦᠷᠦᠭᠡᠳ ᠲᠡᠭᠦᠰᠦᠯ᠎ᠡ᠂ ᠪᠢᠳᠡ ᠳᠠᠷᠠᠭ᠎ᠠ ᠬᠤᠭᠤᠴᠠᠭᠠᠨ ᠤ ᠫᠷᠤᠭ᠍ᠷᠠᠮ ᠲᠡᠭᠡᠷ᠎ᠡ ᠳᠠᠬᠢᠨ ᠠᠭᠤᠯᠵᠠᠶ᠎ᠠ᠂ ᠪᠠᠶᠠᠷᠲᠠᠢ︕ | | | |