ᠤᠯᠠᠭᠠᠨᠬᠠᠳᠠ ᠬᠤᠲᠠ 2021 ᠣᠨ ᠤ 5 ᠰᠠᠷ᠎ᠠ ᠳᠤ ᠭᠠᠶᠢᠯᠢ ᠶᠢᠨ ᠪᠤᠰᠤ ᠣᠷᠣᠯᠭ᠎ᠠ ᠶᠢ 142021 ᠲᠦᠮᠡᠨ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2021/6/9
     2021 ᠣᠨ ᠤ 5 ᠰᠠᠷ᠎ᠠ ᠳᠤ᠂ ᠤᠯᠠᠭᠠᠨᠬᠠᠳᠠ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠭᠠᠶᠢᠯᠢ ᠶᠢᠨ ᠪᠤᠰᠤ ᠣᠷᠣᠯᠭ᠎ᠠ ᠶᠢ 142021 ᠲᠦᠮᠡᠨ ᠲᠥᠭᠦᠷᠢᠭ ᠪᠡᠶᠡᠯᠡᠭᠦᠯᠵᠦ᠂ 22.8% ᠪᠠᠷ ᠨᠡᠮᠡᠭᠳᠡᠪᠡ᠃ ᠡᠭᠦᠨ ᠳᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠣᠷᠣᠯᠭ᠎ᠠ 27348 ᠲᠦᠮᠡᠨ ᠲᠥᠭᠦᠷᠢᠭ᠂ 47.1% ᠪᠠᠷ ᠪᠠᠭᠤᠷᠠᠪᠠ︔ ᠲᠣᠷᠭᠠᠵᠤ ᠬᠤᠷᠢᠶᠠᠨ ᠠᠪᠤᠭᠰᠠᠨ ᠣᠷᠣᠯᠭ᠎ᠠ 43468 ᠲᠦᠮᠡᠨ ᠲᠥᠭᠦᠷᠢᠭ᠂ 93% ᠪᠠᠷ ᠨᠡᠮᠡᠭᠳᠡᠪᠡ︔ ᠤᠯᠤᠰ ᠤᠨ ᠥᠮᠴᠢᠯᠡᠯᠲᠦ ᠡᠬᠢ ᠪᠠᠶᠠᠯᠢᠭ ︵ᠡᠳ᠋ ᠬᠦᠷᠦᠩᠭᠡ︶ ᠢ ᠲᠥᠯᠥᠪᠦᠷᠢ ᠲᠠᠢ ᠪᠠᠷ ᠬᠡᠷᠡᠭᠯᠡᠬᠦ ᠣᠷᠣᠯᠭ᠎ᠠ 18481 ᠲᠦᠮᠡᠨ ᠲᠥᠭᠦᠷᠢᠭ᠂ 9.8% ᠪᠠᠷ ᠪᠠᠭᠤᠷᠠᠪᠠ︔ ᠲᠤᠰᠬᠠᠶ ᠵᠦᠢᠯ ᠤᠨ ᠣᠷᠣᠯᠭ᠎ᠠ 15216 ᠲᠦᠮᠡᠨ ᠲᠥᠭᠦᠷᠢᠭ᠂ 24.6% ᠪᠠᠷ ᠨᠡᠮᠡᠭᠳᠡᠪᠡ︔ ᠵᠠᠰᠠᠭ ᠤᠨ ᠣᠷᠳᠣᠨ ᠤ ᠣᠷᠣᠨ ᠰᠠᠭᠤᠴᠠ ᠶᠢᠨ ᠰᠠᠭᠤᠷᠢ ᠮᠥᠩᠭᠦ ᠶᠢᠨ ᠣᠷᠣᠯᠭ᠎ᠠ ᠶᠢ 27850 ᠲᠦᠮᠡᠨ ᠲᠥᠭᠦᠷᠢᠭ᠂ 5838.2% ᠪᠠᠷ ᠨᠡᠮᠡᠭᠳᠡᠪᠡ︔ ᠪᠤᠰᠤᠳ ᠣᠷᠣᠯᠭ᠎ᠠ 9658 ᠲᠦᠮᠡᠨ ᠲᠥᠭᠦᠷᠢᠭ᠂ 45.2% ᠪᠠᠷ ᠨᠡᠮᠡᠭᠳᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ