ᠤᠯᠠᠭᠠᠨᠬᠠᠳᠠ ᠬᠤᠲᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠬᠤᠶᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠪᠠᠶᠢᠳᠠᠯ ᠢ ᠮᠡᠳᠡᠭᠳᠡᠪᠡ
ᠨᠡᠶᠢᠲᠡᠯᠡᠭᠰᠡᠨ ᠴᠠᠭ᠄
2021/7/1
    6 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠬᠠᠳᠠ ᠬᠤᠲᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠬᠤᠶᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ  ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠪᠠᠶᠢᠳᠠᠯ ᠢ ᠮᠡᠳᠡᠭᠳᠡᠪᠡ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠥᠷᠨᠢᠭᠦᠯᠦᠭᠰᠡᠨ ᠠᠴᠠ ᠨᠠᠰᠢ᠂ ᠤᠯᠠᠭᠠᠨᠬᠠᠳᠠ ᠬᠤᠳᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠥᠨᠳᠥᠷ ᠭᠠᠷᠤᠭ᠎ᠠ ᠪᠠᠷ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠵᠣᠬᠢᠶᠠᠨ ᠪᠠᠶᠢᠭᠤᠯᠬᠤ᠂ ᠴᠢᠨᠠᠷ ᠰᠠᠶᠢᠲᠠᠢ ᠠᠬᠢᠭᠤᠯᠬᠤ ᠶᠢ ᠪᠠᠷᠢᠮᠲᠠᠯᠠᠵᠤ᠂ ︽61433+8︾ ᠶᠢᠨ ᠠᠵᠢᠯ ᠤᠨ ᠭᠤᠣᠯᠳᠠᠯᠭ᠎ᠠ ᠪᠠᠷ ᠭᠤᠣᠯ ᠰᠢᠵᠢᠮ ᠪᠣᠯᠭᠠᠵᠤ᠂ ︽ᠲᠤᠯᠤᠭᠠᠨ ᠬᠡᠯᠪᠡᠷᠢ︾ ᠶᠢᠨ ᠠᠵᠢᠯ ᠤᠨ ᠠᠷᠭ᠎ᠠ ᠶᠢ ᠬᠡᠷᠡᠭᠯᠡᠨ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠠᠢ᠃ ᠳᠥᠷᠪᠡᠨ ᠰᠠᠷ᠎ᠠ ᠰᠢᠬᠠᠮ ᠤᠨ ᠲᠥᠪᠯᠡᠷᠡᠩᠭᠦᠶ ᠬᠥᠮᠦᠵᠢᠯ ᠴᠡᠭᠴᠡᠯᠡᠯᠲᠡ ᠪᠠᠷ ᠳᠡᠮᠵᠢᠨ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠤᠨ ᠤᠯᠤᠰ ᠲᠥᠷᠥ ᠶᠢᠨ ᠦᠨᠡᠨᠴᠢ ᠰᠢᠳᠤᠷᠭᠤ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠳᠠᠬᠢ ᠠᠷᠬᠠᠭ ᠭᠡᠮ ᠢ ᠤᠯᠠᠮ ᠨᠢᠭᠡ ᠠᠯᠬᠤᠮ ᠠᠷᠢᠯᠭᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠰᠠᠬᠢᠯᠭ᠎ᠠ ᠪᠠᠲᠤ ᠣᠪᠣᠷ ᠰᠤᠷᠲᠠᠯ ᠢ ᠤᠯᠠᠮ ᠨᠢᠭᠡ ᠠᠯᠬᠤᠮ ᠬᠤᠪᠢᠷᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠬᠠᠮᠠᠭᠠᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠠᠷᠠᠳ ᠣᠯᠠᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠨᠡ ᠬᠦ ᠠᠵᠢᠯ ᠢᠯᠡᠳᠲᠡ ᠦᠷ᠎ᠡ ᠪᠦᠲᠦᠮᠵᠢ ᠣᠯᠵᠠᠢ᠃    ᠤᠯᠠᠭᠠᠨᠬᠠᠳᠠ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠬᠤᠶᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠨᠡᠶᠢᠲᠡᠯᠡᠬᠦ ᠦᠭᠡ       ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠸᠠᠩ ᠯᠢᠨ ᠽᠦᠩ                                                              2021 ᠣᠨ ᠤ 6 ᠰᠠᠷ᠎ᠠ ᠶᠢᠨ 30  ᠤ ᠡᠳᠦᠷ    ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠥᠷᠨᠢᠭᠦᠯᠦᠭᠰᠡᠨ ᠠᠴᠠ ᠨᠠᠰᠢ᠂ ᠤᠯᠠᠭᠠᠨᠬᠠᠳᠠ ᠬᠤᠳᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠥᠨᠳᠥᠷ ᠭᠠᠷᠤᠭ᠎ᠠ ᠪᠠᠷ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠵᠣᠬᠢᠶᠠᠨ ᠪᠠᠶᠢᠭᠤᠯᠬᠤ᠂ ᠴᠢᠨᠠᠷ ᠰᠠᠶᠢᠲᠠᠢ ᠠᠬᠢᠭᠤᠯᠬᠤ ᠶᠢ ᠪᠠᠷᠢᠮᠲᠠᠯᠠᠵᠤ᠂ ︽61433+8︾ ᠶᠢᠨ ᠠᠵᠢᠯ ᠤᠨ ᠭᠤᠣᠯᠳᠠᠯᠭ᠎ᠠ ᠪᠠᠷ ᠭᠤᠣᠯ ᠰᠢᠵᠢᠮ ᠪᠣᠯᠭᠠᠵᠤ᠂ ︽ᠲᠤᠯᠤᠭᠠᠨ ᠬᠡᠯᠪᠡᠷᠢ︾ ᠶᠢᠨ ᠠᠵᠢᠯ ᠤᠨ ᠠᠷᠭ᠎ᠠ ᠶᠢ ᠬᠡᠷᠡᠭᠯᠡᠨ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠠᠢ᠃       ᠨᠢᠭᠡ᠂ ︽61433+8︾ ᠠᠵᠢᠯ ᠤᠨ ᠭᠤᠣᠯᠳᠠᠯᠭ᠎ᠠ ᠪᠠᠷ ᠭᠤᠣᠯ ᠰᠢᠵᠢᠮ ᠪᠣᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨᠬᠦ ᠪᠠᠲᠤᠯᠠᠪᠠ    ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠲᠠᠢ ᠬᠠᠷᠭᠤᠭᠤᠯᠵᠤ᠂ ᠤᠯᠠᠭᠠᠨᠬᠠᠳᠠ ᠬᠤᠲᠠ ᠨᠢ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ︽61433 + 8︾ ᠠᠵᠢᠯ ᠤᠨ ᠭᠤᠤᠯᠳᠠᠯᠭ᠎ᠠ ᠶᠢ ᠨᠠᠷᠢᠨ ᠬᠢᠨᠠᠮᠠᠭᠠᠶ ᠬᠤᠷᠢᠶᠠᠩᠭᠤᠶᠢᠯᠠᠨ ᠡᠮᠬᠢᠯᠡᠨ ᠭᠠᠷᠭᠠᠪᠠ᠂ ᠲᠤᠬᠠᠶᠢᠯᠠᠪᠠᠯ᠄     ︽6 ᠨᠢᠭᠡ ᠪᠦᠯᠦᠭ ᠠᠵᠢᠯ ᠤᠨ ᠬᠠᠷᠠᠯᠲᠠ︾᠄ ᠨᠢᠭᠡ ᠪᠦᠯᠦᠭ ᠱᠠᠮᠰᠢᠬᠤ᠂ ᠢᠯᠵᠠᠷᠠᠬᠤ ᠪᠠ ᠠᠷᠤ ᠲᠦᠰᠢᠭ ᠲᠤ ᠬᠤᠯᠪᠣᠭᠳᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠨᠢᠭᠡ ᠪᠦᠯᠦᠭ ︽ᠰᠦᠷᠦᠭ ᠲᠦᠢᠳᠦᠭᠰᠡᠨ ᠮᠣᠷᠢ︾  ᠶᠢ ᠠᠷᠢᠯᠭᠠᠬᠤ᠂ ᠨᠢᠭᠡ ᠪᠦᠯᠦᠭ ᠮᠣᠵᠢᠭᠤᠳᠠ ᠭᠡᠮ ᠢ ᠠᠷᠢᠯᠭᠠᠬᠤ ᠪᠠ ᠨᠢᠭᠡ ᠪᠦᠯᠦᠭ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ᠂ ᠨᠢᠭᠡ ᠪᠦᠯᠦᠭ ᠪᠠᠭᠠᠲᠤᠷ ᠵᠢᠱᠢᠶᠡᠴᠢ ᠶᠢ  ᠰᠤᠩᠭᠤᠬᠤ᠂ ᠨᠢᠭᠡ ᠪᠦᠯᠦᠭ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠪᠣᠯᠤᠨ᠎ᠠ᠃     ︽1 ᠰᠤᠷᠭᠠᠨ ᠬᠥᠮᠦᠵᠢᠭᠦᠯᠵᠦ ᠴᠡᠭᠴᠡᠯᠡᠬᠦ ᠡᠲᠡᠭᠡᠳ ᠤᠨ ᠬᠦᠷᠢᠶ᠎ᠡ ᠬᠡᠪᠴᠢᠶ᠎ᠡ︾᠄ ᠬᠤᠲᠠ᠂ ᠰᠢᠶᠠᠨ ᠬᠤᠶᠠᠷ ᠱᠠᠲᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠥᠬᠦ ᠣᠷᠣᠨ ᠲᠤᠭ᠎ᠠ ᠳᠤ ᠪᠠᠶᠢᠭ᠎ᠠ ᠠᠵᠢᠯ ᠳᠤ ᠪᠠᠶᠢᠭ᠎ᠠ ᠺᠠᠳ᠋ᠷ ᠴᠠᠭᠳᠠᠭ᠎ᠠ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠃     ︽4 ᠵᠦᠢᠯ ᠤᠨ ᠪᠣᠳᠠᠲᠠᠢ ᠡᠭᠦᠷᠭᠡ︾᠄ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠵᠤ᠂  ︽ᠰᠦᠷᠦᠭ ᠲᠦᠢᠳᠦᠭᠰᠡᠨ ᠮᠣᠷᠢ ︾ ᠶᠢ ᠴᠡᠪᠡᠷᠯᠡᠨ ᠠᠷᠢᠯᠭᠠᠵᠤ᠂ ᠠᠷᠬᠠᠭ ᠭᠡᠮ ᠢ ᠴᠡᠭᠴᠡᠯᠡᠨ ᠵᠠᠰᠠᠵᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ  ᠪᠠᠳᠠᠷᠠᠭᠤᠯᠬᠤ ᠪᠣᠯᠤᠨ᠎ᠠ᠃     ︽3 ᠦᠨᠳᠦᠰᠦᠨ ᠭᠤᠭᠴᠤᠭ᠎ᠠ︾᠄ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ᠂ ᠳ᠋ᠦᠩᠨᠡᠨ  ᠳᠡᠭᠡᠭᠰᠢᠯᠡᠭᠦᠯᠬᠦ ᠪᠣᠯᠤᠨ᠎ᠠ᠃    ︽30 ᠵᠦᠢᠯ ᠤᠨ ᠲᠣᠭᠲᠠᠭᠠᠭᠰᠠᠨ ᠠᠵᠢᠯᠯᠠᠭ᠎ᠠ︾ ᠶᠢ ᠪᠡᠶᠡᠯᠡᠭᠦᠯᠪᠡ᠄ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠳᠤ ︽ᠨᠢᠭᠡᠳᠦᠭᠡᠷ ᠬᠠᠷᠢᠭᠤᠴᠠᠯᠭᠠᠲᠠᠨ︾ ᠨᠠᠮ ᠤᠨ ᠬᠢᠴᠢᠶᠡᠯ ᠣᠷᠣᠬᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠭᠤᠣᠯ ᠤᠳᠤᠷᠢᠳᠤᠯᠭ᠎ᠠ ᠴᠢᠬᠡᠴᠢ ᠵᠠᠰᠠᠭ ᠤᠨ ᠬᠥᠮᠦᠵᠢᠯ ᠤᠨ ᠮᠡᠳᠡᠭᠦᠯᠦᠯᠲᠡ ᠬᠢᠬᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠵᠡᠷᠭᠡ 10 ᠵᠦᠢᠯ  ᠤᠨ ᠠᠵᠢᠯ ᠢ ᠥᠷᠨᠢᠭᠦᠯᠪᠡ᠃ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠳᠤ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠥᠷᠭᠡᠨ ᠢᠶᠠᠷ ᠥᠷᠨᠢᠭᠦᠯᠬᠦ᠂ ᠬᠤᠪᠢ ᠬᠥᠮᠦᠨ ᠤ ᠥᠪᠡᠷ ᠤᠨ ᠪᠠᠶᠢᠴᠠᠭᠠᠯᠲᠠ᠂ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ᠂ ᠠᠷᠬᠠᠭ ᠭᠡᠮ ᠢ ᠴᠡᠭᠴᠡᠯᠡᠨ ᠵᠠᠰᠠᠬᠤ᠂ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ‍ ᠨᠢᠭᠡ ᠪᠦᠯᠦᠭ ᠠᠷᠭ᠎ᠠ ᠬᠡᠮᠵᠢᠶ᠎ᠡ ᠶᠢ ᠲᠥᠪᠯᠡᠷᠡᠭᠦᠯᠦᠨ ᠬᠡᠷᠡᠭᠵᠢᠭᠦᠯᠬᠦ ᠵᠡᠷᠭᠡ 17 ᠵᠦᠢᠯ ᠤᠨ ᠠᠷᠭ᠎ᠠ ᠬᠡᠮᠵᠢᠶ᠎ᠡ  ᠶᠢ ᠬᠡᠷᠡᠭᠵᠢᠭᠦᠯᠪᠡ᠃ ᠳ᠋ᠦᠩᠨᠡᠨ ᠳᠡᠭᠡᠭᠰᠢᠯᠡᠭᠦᠯᠬᠦ ᠭᠤᠭᠴᠤᠭ᠎ᠠ ᠳᠤ ᠦᠷᠭᠦᠯᠵᠢᠯᠡᠨ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠬᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠢ ᠰᠣᠯᠢᠯᠴᠠᠭᠤᠯᠤᠨ ᠠᠵᠢᠯ ᠤᠨ ᠪᠠᠶᠢᠷᠢ ᠡᠭᠡᠯᠵᠢᠯᠡᠭᠦᠯᠬᠦ ᠲᠣᠭᠲᠠᠴᠠ ᠶᠢ ᠰᠦᠪᠡᠭᠴᠢᠯᠡᠨ ᠪᠦᠷᠢᠨᠰᠢᠬᠦᠯᠬᠦ ᠂ ᠰᠠᠨᠠᠯ ᠢ ᠬᠠᠷᠢᠭᠤ ᠲᠤᠰᠬᠠᠬᠤ ᠪᠠ ᠳ᠋ᠦᠩᠨᠡᠯᠲᠡ ᠶᠢᠨ ᠬᠤᠷᠠᠯ ᠵᠡᠷᠭᠡ 3 ᠵᠦᠢᠯ ᠢ ᠪᠡᠶᠡᠯᠡᠭᠦᠯᠪᠡ᠃    ︽ᠥᠪᠡᠰᠦᠪᠡᠨ ᠰᠣᠩᠭᠤᠬᠤ 8 ᠵᠦᠢᠯ ᠤᠨ ᠠᠵᠢᠯᠯᠠᠭ᠎ᠠ︾  ᠶᠢ ᠪᠡᠶᠡᠯᠡᠭᠦᠯᠪᠡ᠄ ᠲᠥᠪ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠥᠳᠡᠯᠭᠡᠭᠡᠨ ᠢ ᠴᠢᠨᠠᠷ ᠰᠠᠶᠢᠲᠠᠶ ᠪᠡᠶᠡᠯᠡᠭᠦᠯᠬᠦ ᠶᠢᠨ ᠬᠠᠮᠲᠤ᠂ ᠮᠠᠨ ᠤ ᠬᠤᠲᠠ 8 ᠵᠦᠢᠯ ᠤᠨ ᠠᠵᠢᠯ ᠢ ᠥᠪᠡᠰᠦᠪᠡᠨ ᠰᠣᠩᠭᠤᠬᠤ ᠠᠵᠢᠯᠯᠠᠭ᠎ᠠ ᠢᠶᠠᠷ ᠲᠣᠭᠲᠠᠭᠠᠵᠤ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠪᠠ᠃ ᠨᠢᠭᠡ ᠳᠤ ︽ᠮᠢᠩᠭᠠᠨ ᠺᠠᠳ᠋ᠷ ᠴᠠᠭᠳᠠᠭ᠎ᠠ ᠬᠠᠤᠯᠢ ᠶᠢ ᠬᠥᠳᠡᠭᠡ ᠳᠤ ᠬᠦᠷᠭᠡᠬᠦ︾ ᠠᠵᠢᠯᠯᠠᠭ᠎ᠠ ᠶᠢ ᠥᠷᠨᠢᠭᠦᠯᠪᠡ᠃ ᠪᠦᠬᠦ ᠬᠤᠲᠠ ᠶᠢᠨ 2324 ᠭᠠᠴᠠᠭ᠎ᠠ ᠲᠣᠰᠬᠤᠨ ᠳᠤ ᠲᠣᠰᠪᠣᠷᠢ ᠨᠢᠭᠡ ᠺᠠᠳ᠋ᠷ ᠴᠠᠭᠳᠠᠭ᠎ᠠ ᠲᠣᠮᠢᠯᠠᠨ ᠰᠠᠭᠤᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠰᠦᠪᠡᠭᠴᠢ ᠶᠢ ᠵᠢᠭᠰᠠᠭᠠᠨ ᠪᠠᠶᠢᠴᠠᠭᠠᠬᠤ᠂ ᠰᠤᠷᠭᠠᠨ ᠬᠥᠮᠦᠵᠢᠭᠦᠯᠵᠦ ᠬᠦᠳᠦᠯᠦᠨ ᠳᠠᠭᠠᠭᠤᠯᠬᠤ ᠶᠢ ᠭᠦᠨᠵᠡᠭᠡᠶᠢᠷᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠪᠠ ᠡᠵᠡᠩᠨᠡᠯᠲᠡ ᠠᠷᠠᠯᠵᠢᠶᠠᠨ ᠤ  ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ︽ᠨᠠᠢᠮᠠᠨ ᠵᠦᠢᠯ︾ ᠤᠨ ᠠᠵᠢᠯ ᠢ ᠰᠠᠶᠢᠲᠤᠷ ᠬᠢᠵᠦ᠂ ︽ᠮᠡᠳᠡᠭᠡ ᠵᠠᠩᠭᠢᠴᠢ︾᠂ ︽ᠤᠬᠠᠭᠤᠯᠤᠨ ᠲᠠᠶᠢᠯᠪᠤᠷᠢᠯᠠᠭᠴᠢ︾᠂ ︽ᠦᠢᠯᠡᠴᠢᠯᠡᠭᠴᠢ︾ ᠵᠡᠷᠭᠡ ︽ᠨᠠᠢᠮᠠᠨ ᠠᠵᠢᠯᠳᠡᠨ︾ ᠢ ᠰᠠᠶᠢᠲᠤᠷ ᠬᠢᠵᠦ᠂ ︽ᠨᠢᠭᠡ ᠰᠢᠶᠠᠩ ᠨᠢᠭᠡ ᠠᠩᠬᠢ ᠶᠢᠨ ᠳᠠᠷᠤᠭ᠎ᠠ︾᠂ ︽ᠨᠢᠭᠡ ᠲᠣᠰᠬᠤᠨ ᠨᠢᠭᠡ ᠠᠷᠠᠳ ᠤᠨ ᠴᠠᠭᠳᠠᠭ᠎ᠠ︾᠂ ︽ᠨᠢᠭᠡ ᠴᠠᠭᠳᠠᠭ᠎ᠠ ᠨᠢᠭᠡ ᠡᠳᠦᠷ ᠤᠨ ᠲᠡᠮᠳᠡᠭᠯᠡᠯ︾ ᠵᠡᠷᠭᠡ ︽ᠨᠠᠢᠮᠠᠨ ᠨᠢᠭᠡ︾ ᠪᠠᠷ ᠪᠠᠷᠢᠮᠵᠢᠶᠠᠯᠠᠨ  ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢ ᠲᠦᠭᠡᠮᠡᠯᠵᠢᠭᠦᠯᠦᠨ ᠬᠠᠤᠯᠢ ᠶᠢ ᠰᠠᠬᠢᠬᠤ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠠᠷᠢᠯᠭᠠᠵᠤ᠂ ᠦᠨᠳᠦᠰᠦᠨ ᠱᠠᠲᠤᠨ ᠤ ᠤᠯᠠᠨ ᠲᠦᠮᠡᠨ ᠳᠤ ᠬᠠᠤᠯᠢ ᠴᠠᠭᠠᠵᠠ ᠶᠢᠨ ᠵᠥᠪᠯᠡᠯᠭᠡ ᠥᠭᠬᠦ ᠪᠠ ᠪᠤᠰᠤᠳ ᠬᠠᠤᠯᠢ ᠴᠠᠭᠠᠵᠠ ᠶᠢᠨ ᠦᠢᠯᠡᠴᠢᠯᠡᠭᠡ  ᠶᠢ ᠬᠠᠩᠭᠠᠪᠠ᠃ ᠬᠤᠶᠠᠷ ᠲᠤ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠬᠤᠪᠢᠶᠠᠷᠢ ᠲᠥᠪ ᠤᠨ ᠦᠢᠯᠡᠳᠦᠯ ᠢ ᠪᠠᠳᠠᠷᠠᠭᠤᠯᠪᠠ᠃ ︽ᠵᠠᠷᠭᠤ ᠪᠠ ᠰᠤᠷᠪᠤᠯᠵᠢᠯᠠᠭ᠎ᠠ ᠶᠢ ᠰᠠᠯᠭᠠᠬᠤ︾ ᠶᠢ ᠪᠡᠶᠡᠯᠡᠭᠦᠯᠬᠦ ᠪᠠᠷ ᠤᠷᠢᠲᠠᠯ ᠪᠣᠯᠭᠠᠬᠤ ᠶᠢ ᠪᠠᠷᠢᠮᠲᠠᠯᠠᠵᠤ᠂ ︽ᠲᠤᠯᠤᠭᠠᠨ ᠠᠵᠢᠯᠳᠡᠨ︾ ᠤ ᠣᠷᠣᠵᠤ ᠰᠠᠭᠤᠬᠤ ᠪᠠᠷ ᠲᠤᠯᠭᠠᠭᠤᠷᠢ ᠪᠣᠯᠭᠠᠬᠤ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠵᠢᠷᠤᠮ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠠᠷ ᠵᠣᠷᠢᠯᠭ᠎ᠠ ᠪᠣᠯᠭᠠᠬᠤ ᠵᠡᠷᠭᠡ ︽ᠨᠠᠢᠮᠠᠨ ᠪᠠᠷᠢᠮᠲᠠᠯᠠᠯ︾ ᠢ ᠪᠠᠷᠢᠮᠲᠠᠯᠠᠵᠤ᠂ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠬᠤᠪᠢᠶᠠᠷᠢ ᠲᠥᠪ ᠤᠨ ᠪᠣᠳᠠᠲᠤ ᠴᠣᠭᠴᠠᠲᠤ ᠠᠵᠢᠯᠯᠠᠭᠠᠨ ᠢ ᠲᠦᠯᠬᠢᠨ ᠠᠬᠢᠭᠤᠯᠵᠤ᠂ ᠰᠤᠷᠪᠤᠯᠵᠢᠯᠠᠭ᠎ᠠ ᠶᠢ ᠬᠦᠯᠢᠶᠡᠨ ᠠᠪᠬᠤ ᠬᠤᠪᠢᠶᠠᠷᠢ ᠲᠥᠪ ᠢ ᠤᠯᠠᠨ ᠲᠦᠮᠡᠨ ᠳᠤ ᠦᠢᠯᠡᠴᠢᠯᠡᠬᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠠᠰᠠᠭᠤᠳᠠᠯ ᠢ ᠰᠢᠢᠳᠪᠦᠷᠢᠯᠡᠬᠦ ᠪᠣᠳᠠᠲᠤ ᠳᠠᠶᠢᠨ ᠤ ᠲᠠᠪᠴᠠᠩ ᠪᠣᠯᠭᠠᠨ ᠪᠠᠶᠢᠭᠤᠯᠪᠠ᠃ ᠰᠤᠷᠭᠠᠨ ᠬᠥᠮᠦᠵᠢᠯ ᠤᠨ ᠴᠡᠭᠴᠡᠯᠡᠯᠲᠡ ᠶᠢ ᠥᠷᠨᠢᠭᠦᠯᠦᠭᠰᠡᠨ ᠠᠴᠠ ᠨᠠᠭᠠᠰᠢ᠂ ᠬᠤᠲᠠ ᠰᠢᠶᠠᠨ ᠤ ᠬᠤᠶᠠᠷ ᠱᠠᠲᠤᠨ ᠤ ᠬᠤᠪᠢᠶᠠᠷᠢ ᠲᠥᠪ ᠠᠴᠠ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠨᠡᠶᠢᠲᠡ 296 ᠬᠥᠮᠦᠨ ᠤᠳᠠᠭ᠎ᠠ ᠬᠦᠯᠢᠶᠡᠨ ᠠᠪᠴᠤ᠂ ᠬᠠᠤᠯᠢ ᠴᠠᠭᠠᠵᠠ ᠪᠠ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠨᠡᠶᠢᠲᠡ 261 ᠬᠤᠪᠢ ᠬᠦᠯᠢᠶᠡᠨ ᠠᠪᠤᠪᠠ᠃ ᠭᠤᠷᠪᠠ ᠳᠤ ︽  ᠬᠠᠲᠠᠭᠤ ᠬᠡᠷᠡᠭ︾᠂ ︽  ᠮᠣᠵᠢᠭᠤᠳᠠ ᠬᠡᠷᠡᠭ︾ ᠢ ᠬᠦᠴᠦᠯᠡᠨ ᠰᠢᠢᠳᠪᠦᠷᠢᠯᠡᠪᠡ᠃ ᠬᠠᠤᠯᠢ ᠴᠠᠭᠠᠵᠠ ᠶᠢᠨ ᠵᠢᠷᠤᠮ ᠪᠠ ᠵᠠᠰᠠᠭ ᠵᠠᠬᠢᠷᠭᠠᠨ ᠤ ᠵᠢᠷᠤᠮ ᠢᠶᠠᠷ ᠶᠠᠪᠤᠵᠤ ᠳᠡᠶᠢᠯᠬᠦ ᠦᠭᠡᠢ ᠮᠥᠷᠲᠡᠭᠡᠨ ᠠᠮᠢᠳᠤᠷᠠᠯ ᠨᠢ ᠦᠨᠡᠬᠡᠷ ᠬᠦᠴᠢᠷᠳᠡᠯ ᠲᠠᠢ ᠵᠠᠬᠢᠳᠠᠯ ᠰᠤᠷᠪᠤᠯᠵᠢᠯᠠᠭ᠎ᠠ ᠶᠢᠨ ᠬᠠᠭᠤᠴᠢᠨ ᠡᠷᠦᠬᠡ ᠳᠤ ᠴᠢᠭᠯᠡᠭᠦᠯᠦᠨ᠂ ︽ᠰᠤᠷᠪᠤᠯᠵᠢᠯᠠᠭ᠎ᠠ ᠶᠢ ᠵᠣᠭᠰᠣᠭᠠᠬᠤ ᠨᠠᠶᠢᠳᠠᠯᠭ᠎ᠠ ᠶᠢᠨ ᠬᠡᠯᠡᠯᠴᠡᠭᠡᠷ ᠤᠨ ᠪᠢᠴᠢᠭ︾᠂ ︽ᠨᠥᠬᠦᠴᠡᠯ ᠲᠠᠢ ᠪᠠᠷ ᠰᠤᠷᠪᠤᠯᠵᠢᠯᠠᠭ᠎ᠠ ᠶᠢ ᠵᠣᠭᠰᠣᠭᠠᠬᠤ ᠠᠪᠤᠷᠠᠨ ᠲᠤᠰᠠᠯᠠᠬᠤ ᠬᠡᠯᠡᠯᠴᠡᠭᠡᠷ ᠤᠨ ᠪᠢᠴᠢᠭ︾ ᠢ ᠲᠣᠭᠲᠠᠭᠠᠵᠤ᠂ ᠬᠤᠶᠠᠷ ᠠᠯᠬᠤᠮ ᠢᠶᠠᠷ ᠶᠠᠪᠤᠬᠤ ᠠᠷᠭ᠎ᠠ ᠶᠢ ᠠᠪᠴᠤ᠂ ᠪᠦᠬᠦ ᠬᠤᠳᠠ ᠳᠤ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠤᠨ ︽  ᠬᠠᠲᠠᠭᠤ ᠬᠡᠷᠡᠭ︾᠂ ︽  ᠮᠣᠵᠢᠭᠤᠳᠠ ᠬᠡᠷᠡᠭ︾ ᠤᠨ ᠪᠡᠷᠬᠡ ᠰᠡᠳᠦᠪ ᠢ ᠰᠢᠢᠳᠪᠦᠷᠢᠯᠡᠬᠦ ᠲᠤᠰᠬᠠᠶ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃ ᠰᠤᠷᠭᠠᠨ ᠬᠥᠮᠦᠵᠢᠯ ᠤᠨ ᠴᠡᠭᠴᠡᠯᠡᠯᠲᠡ ᠶᠢ ᠥᠷᠨᠢᠭᠦᠯᠦᠭᠰᠡᠨ  ᠠᠴᠠ ᠨᠠᠰᠢ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠨᠡᠶᠢᠲᠡ 3 ᠶᠢ ᠰᠢᠢᠳᠪᠦᠷᠢᠯᠡᠵᠡᠢ᠃ ᠳᠥᠷᠪᠡ ᠳᠤ ︽ᠤᠯᠠᠭᠠᠨᠬᠠᠳᠠ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠠᠭᠤᠨ ᠵᠦᠢᠯ ᠤᠨ ᠠᠷᠭ᠎ᠠ ᠬᠡᠮᠵᠢᠶ᠎ᠡ︾ ᠶᠢ  ᠨᠠᠶᠢᠳᠠᠪᠤᠷᠢᠵᠢᠭᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠬᠤᠲᠠ ᠶᠢᠨ ᠶᠠᠪᠤᠳᠠᠯ ᠬᠠᠤᠯᠢ ᠴᠠᠭᠠᠵᠠ ᠶᠢᠨ ᠡᠯ᠎ᠡ ᠨᠢᠭᠡᠴᠡ ᠲᠠᠢ ᠬᠠᠮᠲᠤᠷᠠᠨ ︽ᠤᠯᠠᠭᠠᠨᠬᠠᠳᠠ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠠᠭᠤᠨ ᠵᠦᠢᠯ ᠤᠨ ᠠᠷᠭ᠎ᠠ ᠬᠡᠮᠵᠢᠶ᠎ᠡ︾ ᠶᠢ ᠨᠡᠶᠢᠲᠡᠯᠡᠪᠡ᠂ ᠡᠭᠦᠨ ᠳᠤ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ 3 ᠵᠦᠢᠯ᠂ ᠬᠤᠲᠠ ᠶᠢᠨ ᠰᠢᠭᠦᠬᠦ ᠬᠤᠷᠢᠶ᠎ᠠ 33 ᠵᠦᠢᠯ᠂ ᠬᠤᠲᠠ ᠶᠢᠨ ᠪᠠᠶᠢᠴᠠᠭᠠᠬᠤ ᠬᠤᠷᠢᠶ᠎ᠠ 32 ᠵᠦᠢᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 22 ᠵᠦᠢᠯ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ 10 ᠵᠦᠢᠯ ᠶᠢ ᠨᠡᠶᠢᠲᠡᠯᠡᠪᠡ᠃ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠡᠩ ᠲᠡᠷᠢᠭᠦᠨ ᠳᠤ 3 ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠄ 12 ᠬᠤᠰᠢᠭᠤ ᠰᠢᠶᠠᠨ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ 14 ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠥᠷᠲᠡᠭᠡ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 88 ᠪᠠᠷᠢᠮᠵᠢᠶᠠᠲᠤ ᠴᠠᠭᠳᠠᠭᠠᠨ ᠤ ᠶᠠᠪᠤᠳᠠᠯ ᠤᠨ ᠲᠠᠰᠤᠭ ᠪᠠ 72 ᠠᠷᠠᠳ ᠤᠨ ᠡᠶᠡᠳᠡᠭᠦᠯᠬᠦ ᠲᠠᠰᠤᠭ ᠪᠠᠶᠢᠭᠤᠯᠵᠤ᠂ ᠭᠠᠳᠠᠷ ᠣᠷᠣᠨ ᠤ ᠪᠠᠯᠠ ᠣᠷᠣᠭᠤᠯᠤᠯᠲᠠ ᠶᠢᠨ ᠬᠡᠪᠴᠢᠶᠡᠵᠢᠭᠰᠡᠨ 129 ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠳᠤ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠦᠢᠯᠡᠴᠢᠯᠡᠭᠡᠨ ᠤ ᠺᠠᠷᠲ ᠢ ᠭᠦᠢᠴᠡᠳᠬᠡᠵᠦ ᠥᠭᠪᠡ᠃ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠪᠤᠰᠤᠳ 97 ᠵᠦᠢᠯ ᠤᠨ ᠠᠷᠭ᠎ᠠ ᠬᠡᠮᠵᠢᠶ᠎ᠡ ᠨᠢ ᠴᠦ ᠪᠦᠲᠦᠮᠵᠢᠲᠡᠶ ᠦᠢᠯᠡᠴᠢᠯᠡᠭᠡ ᠶᠢ ᠬᠠᠩᠭᠠᠵᠤ ᠪᠠᠶᠢᠨ᠎ᠠ᠃ ᠲᠠᠪᠤ ᠳᠤ ᠪᠠᠷᠢᠮᠵᠢᠶᠠᠲᠤ ᠴᠠᠭᠳᠠᠭᠠᠨ ᠤ ᠶᠠᠪᠤᠳᠠᠯ ᠤᠨ ᠲᠠᠰᠤᠭ ᠢ ᠪᠠᠶᠢᠭᠤᠯᠵᠠᠢ᠃ ᠪᠥᠬᠦ ᠬᠤᠲᠠ ᠶᠢᠨ 2324 ᠭᠠᠴᠠᠭ᠎ᠠ ᠲᠣᠰᠬᠤᠨ ᠳᠤ ᠴᠦᠮ ᠴᠠᠭᠳᠠᠭᠠᠨ ᠤ ᠶᠠᠪᠤᠳᠠᠯ ᠤᠨ ᠲᠠᠰᠤᠭ ᠪᠠᠶᠢᠭᠤᠯᠵᠤ᠂ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠲᠤᠬᠠᠢ ᠶᠢᠨ ᠭᠠᠵᠠᠷ ᠲᠤᠨᠢ ᠵᠢᠵᠢᠭᠦᠷᠯᠡᠨ ᠰᠠᠬᠢᠵᠤ᠂ ᠭᠠᠴᠠᠭ᠎ᠠ ᠲᠣᠰᠬᠤᠨ ᠳᠤ ᠬᠡᠷᠡᠭ ᠡᠭᠦᠰᠪᠡᠯ᠂ ᠰᠡᠷᠭᠡᠶᠢᠯᠡᠯᠲᠡ ᠶᠢᠨ ᠱᠤᠭᠤᠮ᠂ ᠰᠡᠷᠡᠮᠵᠢ ᠶᠢᠨ ᠳ᠋ᠧᠩ᠂ ᠬᠠᠤᠯᠢ ᠬᠡᠷᠡᠭᠵᠢᠭᠦᠯᠦᠯᠲᠡ ᠶᠢᠨ ᠲᠡᠮᠳᠡᠭᠯᠡᠭᠦᠷ ᠵᠡᠷᠭᠡ ᠶᠢ ᠲᠡᠷᠡ ᠳᠠᠷᠤᠶ ᠳᠤᠨᠢ ᠪᠣᠳᠠᠲᠠᠶᠢᠵᠢᠭᠤᠯᠵᠤ᠂ ᠲᠤᠬᠠᠶ ᠶᠢᠨ ᠲᠠᠯᠠᠪᠤᠷ ᠢ ᠬᠠᠮᠠᠭᠠᠯᠠᠵᠤ᠂ ᠭᠡᠷᠡᠴᠢ ᠪᠠᠷᠢᠮᠲᠠ ᠶᠢ  ᠲᠣᠭᠲᠠᠪᠤᠷᠢᠵᠢᠭᠤᠯᠤᠨ᠎ᠠ᠃ ᠴᠠᠭᠳᠠᠭᠠᠨ ᠤ ᠶᠠᠪᠤᠳᠠᠯ ᠤᠨ ᠲᠠᠰᠤᠭ ᠨᠢ ᠠᠷᠠᠳ ᠢᠷᠭᠡᠳ ᠲᠠᠢ ᠬᠥᠷᠰᠢᠯᠡᠵᠦ᠂ ᠠᠷᠠᠳ ᠢᠷᠭᠡᠳ ᠲᠤ ᠦᠢᠯᠡᠴᠢᠯᠡᠬᠦ ᠴᠠᠭᠳᠠᠭᠠᠨ ᠤ ᠶᠠᠪᠤᠳᠠᠯ ᠤᠨ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠵᠡᠶ ᠃ ᠵᠢᠷᠭᠤᠭ᠎ᠠ ᠳᠤ᠂ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠠᠭᠤᠯᠪᠠ᠃ ᠪᠥᠬᠦ ᠬᠤᠲᠠ ᠠᠴᠠ ᠰᠦᠨ ᠶᠠᠨ ᠬᠤᠩ᠂ ᠯᠢᠦ ᠶᠠᠨ ᠯᠢᠨ ᠵᠡᠷᠭᠡ ᠤᠯᠤᠰ ᠤᠨ ᠲᠠᠰ ᠤᠨ ᠬᠥᠬᠢᠭᠦᠯᠦᠯ ᠭᠥᠷᠳᠡᠭᠰᠡᠨ 6 ᠨᠡᠷᠡᠰ ᠤᠯᠠᠭᠠᠨᠬᠠᠳᠠ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ ᠠᠬᠠᠮᠠᠳ ᠪᠠᠭᠠᠲᠤᠷ ᠵᠢᠱᠢᠶᠡᠴᠢ ᠪᠠᠷ ᠰᠣᠩᠭᠤᠨ ᠭᠠᠷᠭᠠᠵᠤ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠪᠠᠭᠠᠲᠤᠷ ᠵᠢᠱᠢᠶᠡᠴᠢ ᠶᠢᠨ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠳᠡᠭᠡᠷ᠎ᠡ  ᠮᠡᠳᠡᠭᠦᠯᠦᠯᠲᠡ ᠬᠢᠵᠦ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠵᠦ ᠪᠠᠶᠢᠭ᠎ᠠ ᠬᠡᠷᠡᠯ ᠰᠠᠴᠤᠷᠠᠩᠭᠤᠶ ᠳᠦᠷᠢ ᠲᠥᠷᠬᠦ ᠶᠢ ᠲᠥᠪᠯᠡᠷᠡᠭᠦᠯᠦᠨ ᠳᠡᠯᠭᠡᠨ ᠦᠵᠡᠭᠦᠯᠵᠡᠶ᠃ ᠲᠤᠯᠤᠭ᠎ᠠ ᠳᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠪᠥᠬᠦ ᠤᠯᠤᠰ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠥᠬᠢᠭᠦᠯᠦᠯ ᠢ ᠰᠠᠶ᠋ᠢᠬᠠᠨ ᠭᠥᠷᠳᠡᠭᠰᠡᠨ ᠲᠡᠷᠢᠭᠦᠨ ᠤ ᠬᠤᠪᠢ ᠬᠥᠮᠦᠨ — ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠸᠠᠩ ᠶᠠᠨ ᠨᠥᠬᠦᠷ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠠᠭᠠᠲᠤᠷ ᠵᠢᠱᠢᠶᠡᠴᠢ ᠶᠢᠨ ᠰᠤᠷᠭᠠᠨ ᠬᠥᠮᠦᠵᠢᠯ ᠤᠨ ᠦᠷᠭᠦᠯᠵᠢᠯᠡᠨ ᠭᠦᠨᠵᠡᠭᠡᠶᠢᠷᠡᠬᠦ ᠶᠢ ᠳᠥᠯᠭᠢᠨ ᠠᠬᠢᠭᠤᠯᠪᠠ᠃ ᠪᠦᠬᠦ ᠬᠤᠳᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠳ᠋ᠦᠩᠨᠡᠨ ᠬᠥᠬᠢᠭᠦᠯᠬᠦ ᠶᠡᠭᠡ ᠬᠤᠷᠠᠯ ᠢ ᠢᠳᠡᠪᠬᠢᠲᠡᠢ ᠠᠬᠢᠭᠤᠯᠵᠤ᠂ ᠨᠢᠭᠡ ᠪᠦᠯᠦᠭ ᠲᠡᠷᠢᠭᠦᠨ ᠤ ᠨᠢᠭᠡᠴᠡ ᠪᠣᠯᠤᠨ ᠲᠡᠷᠢᠭᠦᠨ ᠤ ᠬᠤᠪᠢ ᠬᠥᠮᠦᠨ ᠢ ᠲᠥᠪᠯᠡᠷᠡᠭᠦᠯᠦᠨ ᠬᠥᠬᠢᠭᠦᠯᠦᠨ ᠱᠠᠩᠨᠠᠪᠠ᠃ 7 ᠰᠠᠷ᠎ᠠ ᠶᠢᠨ 1 ᠤ ᠡᠳᠦᠷ ᠠᠴᠠ ᠡᠮᠦᠨ᠎ᠡ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠳᠣᠲᠣᠷ᠎ᠠ ᠠᠴᠠ ᠰᠣᠩᠭᠤᠨ ᠭᠠᠷᠭᠠᠭᠰᠠᠨ 30 ᠰᠢᠯᠢᠳᠡᠭ ᠨᠠᠮ ᠤᠨ ᠭᠡᠰᠢᠭᠦᠨ ᠢ ᠬᠥᠬᠢᠭᠦᠯᠦᠨ ᠱᠠᠩᠨᠠᠵᠤ᠂ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠢ ᠬᠥᠲᠥᠯᠥᠨ ᠵᠢᠯᠤᠭᠤᠳᠴᠤ ᠬᠠᠷᠢᠭᠤᠴᠠᠯᠭ᠎ᠠ ᠪᠠᠨ ᠡᠭᠦᠷᠭᠡᠯᠡᠵᠦ ᠬᠦᠴᠦᠨ ᠢᠶᠠᠨ ᠵᠣᠷᠢᠭᠤᠯᠬᠤ ᠶᠢ ᠵᠣᠷᠢᠭᠵᠢᠭᠤᠯᠪᠠ ᠃ ᠨᠠᠢᠮᠠ ᠳᠤ ︽ᠤᠯᠤᠰ ᠲᠦᠷᠦ ᠬᠠᠤᠯᠢ ᠴᠠᠭᠠᠵᠠ ᠶᠢᠨ ᠣᠶᠢᠯᠠᠯᠭ᠎ᠠ︾ ᠶᠢ ᠨᠠᠶᠢᠷᠠᠭᠤᠯᠤᠨ ᠵᠣᠭᠢᠶᠠᠪᠠ᠃ ᠬᠤᠲᠠ᠂ ᠰᠢᠶᠠᠨ ᠤ ᠬᠤᠶᠠᠷ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠪᠠ ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠶᠢ ᠵᠣᠬᠢᠶᠠᠨ ᠪᠠᠶᠢᠭᠤᠯᠵᠤ ᠲᠣᠰ ᠱᠠᠲᠤᠨ ᠤ ᠲᠣᠰ ᠨᠢᠭᠡᠴᠡ ᠶᠢᠨ ᠢᠶᠠᠨ ︽ᠤᠯᠤᠰ ᠲᠥᠷᠥ ᠬᠠᠤᠯᠢ ᠴᠠᠭᠠᠵᠠ ᠶᠢᠨ ᠣᠶᠢᠯᠠᠯᠭ᠎ᠠ︾ ᠪᠠ ᠰᠢᠭᠦᠬᠦ ᠬᠤᠷᠢᠶᠠᠨ ᠤ ᠪᠠᠶᠢᠴᠠᠭᠠᠬᠤ ᠺᠣᠮᠫᠠᠨᠢ ᠶᠢᠨ ᠣᠶᠢᠯᠠᠯᠭ᠎ᠠ ᠶᠢ ᠨᠠᠶᠢᠷᠠᠭᠤᠯᠤᠨ ᠪᠢᠴᠢᠭᠦᠯᠵᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠣᠶᠢᠷ᠎ᠠ ᠳᠤ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠬᠢᠨᠠᠨ ᠰᠢᠯᠭᠠᠷᠠᠭᠤᠯᠵᠤ ᠲᠥᠪᠯᠡᠷᠡᠭᠦᠯᠦᠨ ᠳᠡᠯᠭᠡᠨ ᠦᠵᠡᠭᠦᠯᠬᠦ ᠪᠠᠷ ᠪᠠᠶᠢᠨ᠎ᠠ᠃    ᠬᠤᠶᠠᠷ᠂ ︽ᠲᠤᠯᠤᠭᠠᠨ ᠬᠡᠯᠪᠡᠷᠢ︾ ᠶᠢᠨ ᠠᠵᠢᠯ ᠤᠨ ᠠᠷᠭ᠎ᠠ ᠪᠠᠷ ᠭᠠᠷᠳᠠᠴᠠ ᠪᠣᠯᠭᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠢᠶᠠᠷ ᠠᠬᠢᠭᠤᠯᠪᠠ    ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠤᠨ ᠲᠥᠰᠦᠯ ᠪᠠ ᠠᠵᠢᠯ ᠤᠨ ᠵᠢᠯᠣᠭᠤᠳᠣᠯᠭ᠎ᠠ ᠶᠢ ᠴᠢᠩᠭ᠎ᠠ ᠵᠢᠷᠤᠮᠯᠠᠨ᠂ ᠡᠭᠦᠷᠭᠡ ᠶᠢᠨ ᠨᠠᠷᠢᠨ ᠬᠠᠭᠤᠳᠠᠰᠤ᠂ ᠠᠵᠢᠯ ᠤᠨ ᠴᠤᠪᠤᠷᠠᠯ᠂ ᠪᠡᠶᠡᠯᠡᠭᠦᠯᠬᠦ ᠴᠠᠭ ᠤᠨ ᠬᠢᠵᠠᠭᠠᠷ᠂ ᠬᠠᠷᠢᠭᠤᠴᠠᠯᠭᠠᠲᠤ ᠨᠢᠭᠡᠴᠡ ᠵᠡᠷᠭᠡ ᠶᠢ ᠨᠠᠷᠢᠯᠢᠬᠵᠢᠭᠤᠯᠵᠤ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠢᠶᠠᠷ ᠠᠬᠢᠭᠤᠯᠪᠠ᠃     ᠨᠢᠭᠡ ᠳᠤ ᠲᠣᠳᠣᠷᠬᠠᠶ ᠬᠠᠭᠤᠳᠠᠰᠤ ᠶᠢ ᠡᠮᠬᠢᠯᠡᠨ ᠳᠢᠭᠯᠡᠬᠦ ᠪᠠᠷ ᠳᠠᠮᠵᠢᠭᠤᠯᠤᠨ᠂ ︽ᠦᠨᠳᠦᠰᠦᠨ ᠵᠦᠢᠯ ᠢ ᠪᠠᠲᠤᠯᠠᠬᠤ ᠬᠡᠯᠪᠡᠷᠢ︾ ᠶᠢ ᠬᠡᠷᠡᠭᠵᠢᠭᠦᠯᠦᠨ ᠠᠬᠢᠭᠤᠯᠪᠠ᠃ ︽61433 + 8︾ ᠶᠢᠨ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠷᠢᠨ ᠲᠠᠩᠰᠠ ᠭᠠᠷᠭᠠᠵᠤ᠂ ᠡᠯ᠎ᠡ ᠵᠦᠢᠯ ᠤᠨ ᠠᠵᠢᠯ ᠤᠨ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠤ ᠤᠳᠤᠷᠢᠳᠤᠯᠭ᠎ᠠ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ︽ᠦᠨᠳᠦᠰᠦᠨ ᠵᠦᠢᠯ ᠢ ᠪᠠᠲᠤᠯᠠᠬᠤ ᠮᠠᠶ᠋ᠢᠭ︾ ᠢᠶᠠᠷ ᠳᠥᠯᠭᠢᠨ ᠠᠬᠢᠭᠤᠯᠬᠤ ᠶᠢ ᠬᠡᠷᠡᠭᠵᠢᠭᠦᠯᠦᠨ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠬᠠᠷᠢᠭᠤᠴᠠᠯᠭ᠎ᠠ ᠳᠤᠲᠠᠭᠳᠠᠬᠤ ᠥᠬᠡᠶ᠂ ᠠᠵᠢᠯ ᠤᠨ ᠲᠥᠷᠥᠯ ᠵᠦᠢᠯ ᠳᠤᠲᠠᠭᠳᠠᠬᠤ ᠥᠬᠡᠶ ᠪᠠᠶᠢᠬᠤ ᠶᠢ ᠦᠨᠡᠨᠬᠦ ᠪᠠᠲᠤᠯᠠᠵᠠᠢ᠃ ᠬᠤᠶᠠᠷ ᠲᠤ ᠶᠠᠪᠤᠴᠠ ᠲᠣᠭᠲᠠᠭᠠᠬᠤ ᠪᠠᠷ ᠳᠠᠮᠵᠢᠭᠤᠯᠤᠨ᠂  ᠬᠡᠯᠬᠢᠶ᠎ᠡ ᠠᠪᠴᠠᠯᠳᠤᠭᠤᠯᠤᠨ ᠳᠥᠯᠭᠢᠨ ᠠᠬᠢᠭᠤᠯᠬᠤ ᠶᠢ ᠬᠡᠷᠡᠭᠵᠢᠭᠦᠯᠪᠡ᠃ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠤᠨ ᠡᠭᠦᠷᠭᠡ ᠶᠢ ᠦᠨᠳᠦᠰᠦᠯᠡᠨ᠂ ᠠᠵᠢᠯ ᠤᠨ ᠴᠤᠪᠤᠷᠠᠯ ᠢ ᠲᠣᠭᠲᠠᠭᠠᠵᠤ᠂ ᠡᠯ᠎ᠡ ᠵᠦᠢᠯ ᠤᠨ ᠠᠵᠢᠯ ᠢ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠡᠯ᠎ᠡ ᠭᠤᠭᠴᠤᠭ᠎ᠠ ᠲᠠᠢ ᠨᠢᠭᠲᠠ ᠵᠣᠯᠭᠠᠭᠤᠯᠵᠤ᠂ ᠨᠢᠭᠲᠠ ᠠᠪᠴᠠᠯᠳᠤᠭᠤᠯᠤᠨ᠂ ᠬᠤᠭᠤᠰᠣᠨ ᠲᠠᠩᠰᠠ ᠦᠯᠡᠳᠡᠭᠡᠬᠦ ᠥᠬᠡᠶ ᠪᠠᠶᠢᠵᠤ᠂ ᠬᠡᠯᠬᠢᠶ᠎ᠡ ᠠᠪᠴᠠᠯᠳᠤᠭᠤᠯᠤᠨ ᠳᠥᠯᠭᠢᠨ ᠠᠬᠢᠭᠤᠯᠬᠤ ᠶᠢ ᠬᠡᠷᠡᠭᠵᠢᠭᠦᠯᠦᠨ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠡᠯ᠎ᠡ ᠵᠦᠢᠯ ᠤᠨ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠵᠠᠢ᠃ ᠭᠤᠷᠪᠠ ᠳᠤ ᠬᠦᠰᠦᠨᠦᠭᠲᠦ ᠪᠠᠷ ᠳᠠᠩᠰᠠᠯᠠᠬᠤ᠂ ︽ᠲᠥᠯᠥᠪᠯᠡᠭᠡ ᠶᠣᠰᠤᠭᠠᠷ ᠬᠡᠷᠡᠭᠵᠢᠭᠦᠯᠬᠦ︾ ᠵᠢ‌‍ᠲ᠋ᠥ᠋ᠯᠭᠢᠨ ᠠᠬᠢᠭᠤᠯᠪᠠ᠃ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠤᠨ ᠡᠭᠦᠷᠭᠡ ᠶᠢᠨ ᠬᠦᠰᠦᠨᠦᠭᠲᠦ ᠶᠢ ᠵᠢᠭᠰᠠᠭᠠᠨ ᠭᠠᠷᠭᠠᠬᠤ ᠶᠢᠨ ᠬᠠᠮᠲᠤ ᠂ ᠲᠥᠯᠦᠪᠯᠡᠭᠡ ᠶᠣᠰᠦᠭᠠᠷ ᠭᠷᠡᠭᠵᠢᠭᠦᠯᠵᠦ᠂ ᠬᠡᠷᠡᠭᠵᠢᠭᠦᠯᠬᠦ ᠲᠥᠰᠦᠯ ᠤᠨ ︽ᠶᠡᠷᠦᠩᠬᠡᠶ ᠵᠢᠷᠤᠭ ᠲᠥᠰᠦᠪ︾ ᠢ ᠠᠵᠢᠯ ᠤᠨ ᠪᠣᠳᠠᠲᠠᠶ ︽  ᠨᠠᠷᠢᠨ ᠲᠦᠰᠦᠪ ᠤᠨ ᠵᠢᠷᠤᠭ︾ ᠪᠣᠯᠭᠠᠨ ᠬᠤᠪᠢᠷᠠᠭᠤᠯᠵᠤ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠪᠠᠷᠢᠮᠵᠢᠶ᠎ᠠ ᠶᠢ ᠬᠠᠷᠢᠴᠠᠭᠤᠯᠤᠨ ᠠᠬᠢᠭᠤᠯᠬᠤ ᠶᠢ ᠦᠨᠡᠨᠬᠦ  ᠪᠠᠲᠤᠯᠠᠵᠠᠢ᠃ ᠲᠦᠷᠪᠡ ᠳᠤ᠂ ᠲᠤᠬᠢᠷᠠᠭᠤᠯᠵᠤ ᠵᠢᠭᠰᠠᠭᠠᠬᠤ ᠪᠠᠷ ᠳᠠᠮᠵᠢᠭᠤᠯᠵᠤ᠂ ︽ᠵᠠᠷᠯᠠᠨ ᠮᠡᠳᠡᠭᠳᠡᠬᠦ ᠬᠡᠯᠪᠡᠷᠢ︾ ᠪᠠᠷ ᠠᠬᠢᠭᠤᠯᠬᠤ ᠶᠢ ᠬᠡᠷᠡᠭᠵᠢᠭᠦᠯᠪᠡ᠃ ᠡᠳᠦᠷ ᠪᠦᠷᠢ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠯᠪᠠᠨ ᠬᠡᠷ ᠪᠣᠯᠤᠨ ᠬᠤᠲᠠ ᠶᠢᠨ ᠶᠠᠪᠤᠳᠠᠯ ᠬᠠᠤᠯᠢ ᠴᠠᠭᠠᠵᠠ ᠶᠢᠨ ᠡᠩᠨᠡᠭᠡ ᠶᠢᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢ ᠳᠣᠭᠢᠷᠠᠭᠤᠯᠬᠤ ᠶᠢ ᠪᠠᠷᠢᠮᠲᠠᠯᠠᠵᠤ᠂ ᠪᠦᠬᠦᠯᠢ ᠴᠣᠭᠴᠠ ᠶᠢᠨ ᠠᠬᠢᠴᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂᠂ᠭᠠᠷᠠᠭ ᠪᠦᠷᠢ ᠵᠠᠷᠯᠠᠨ ᠮᠡᠳᠡᠭᠳᠡᠵᠦ᠂ ᠡᠯ᠎ᠡ ᠨᠢᠭᠡᠴᠡ ᠨᠦᠭᠦᠳ ᠣᠷᠣᠨ ᠪᠠᠶᠢᠷᠢ ᠪᠠᠨ ᠥᠪᠡᠰᠦᠪᠡᠨ ᠵᠢᠭᠰᠠᠭᠠᠵᠤ᠂ ᠳᠤᠲᠠᠭᠳᠠᠯ ᠢ ᠪᠠᠶᠢᠴᠠᠭᠠᠨ ᠨᠥᠬᠦᠪᠥᠷᠢᠯᠡᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠪᠠ᠃ ᠲᠠᠪᠤ ᠳᠤ᠂ ᠣᠨᠴᠠ ᠵᠠᠷᠢᠮ ᠪᠣᠯᠵᠣᠨ ᠶᠠᠷᠢᠯᠴᠠᠬᠤ ᠪᠠᠷ ᠳᠠᠮᠵᠢᠭᠤᠯᠵᠤ᠂ ︽ᠬᠠᠨᠳᠤᠯᠭᠠᠲᠤ ᠮᠠᠶ᠋ᠢᠭ︾ ᠢᠶᠠᠷ ᠠᠬᠢᠭᠤᠯᠬᠤ ᠶᠢ ᠬᠡᠷᠡᠭᠵᠢᠭᠦᠯᠪᠡ᠃ ᠬᠤᠲᠠ ᠶᠢᠨ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠡᠩᠨᠡᠭᠡ ᠶᠢᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠵᠢᠯ ᠤᠨ ᠠᠬᠢᠴᠠ ᠤᠳᠠᠭᠠᠨ᠂ ᠪᠡᠶᠡᠯᠡᠭᠦᠯᠦᠭᠰᠡᠨ ᠶᠠᠰᠤ ᠴᠢᠨᠠᠷ ᠨᠢ ᠪᠠᠷᠢᠮᠵᠢᠶ᠎ᠠ ᠳᠤ ᠬᠥᠷᠬᠦ ᠥᠬᠡᠶ ᠨᠢᠭᠡᠴᠡ ᠶᠢᠨ ᠭᠤᠤᠯ ᠤᠳᠤᠷᠢᠳᠤᠯᠭ᠎ᠠ ᠲᠠᠢ ᠪᠣᠯᠵᠣᠨ ᠶᠠᠷᠢᠯᠴᠠᠵᠤ᠂ ︽ᠬᠠᠨᠳᠤᠯᠭᠠᠲᠤ ᠮᠠᠶ᠋ᠢᠭ︾ ᠢᠶᠠᠷ ᠳᠥᠯᠭᠢᠨ ᠠᠬᠢᠭᠤᠯᠬᠤ ᠶᠢ ᠬᠡᠷᠡᠭᠵᠢᠭᠦᠯᠦᠨ᠂ ᠠᠵᠢᠯ ᠤᠨ ᠠᠬᠢᠴᠠ ᠶᠢ ᠰᠢᠮᠳᠠᠭᠤᠯᠵᠤ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠥᠨᠳᠥᠷ ᠦᠷ᠎ᠡ ᠪᠦᠲᠦᠮᠵᠢ ᠲᠠᠢ᠂ ᠴᠢᠨᠠᠷ ᠰᠠᠶᠢᠲᠠᠶ ᠪᠠᠷ ᠳᠥᠯᠭᠢᠨ ᠠᠬᠢᠭᠤᠯᠬᠤ ᠶᠢ ᠦᠨᠡᠨᠬᠦ ᠪᠠᠲᠤᠯᠠᠵᠠᠢ᠃ ᠵᠢᠷᠭᠤᠭ᠎ᠠ ᠳᠤ ᠦᠨᠡᠯᠡᠨ ᠵᠢᠱᠢᠵᠦ ᠰᠢᠯᠭᠠᠨ ᠠᠪᠬᠤ ᠪᠠᠷ ᠳᠠᠮᠵᠢᠭᠤᠯᠤᠨ᠂ ︽ᠱᠠᠲᠤ ᠰᠢᠯᠵᠢᠭᠦᠯᠬᠦ ᠬᠡᠯᠪᠡᠷᠢ︾ ᠪᠠᠷ ᠳᠥᠯᠭᠢᠨ ᠠᠬᠢᠭᠤᠯᠪᠠ᠃ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠠᠵᠢᠯ ᠤᠨ ᠦᠨᠡᠯᠡᠯᠲᠡ ᠶᠢᠨ ᠮᠡᠳᠡᠭᠦᠯᠦᠯᠲᠡ ᠶᠢ ᠴᠢᠩᠭ᠎ᠠ ᠠᠳᠬᠤᠵᠤ᠂ ︽ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ︾ ᠶᠢ ᠪᠠᠷᠢᠮᠲᠠᠯᠠᠵᠤ᠂ ᠠᠵᠢᠯ ᠢᠶᠠᠨ ᠪᠡᠶᠡᠯᠡᠭᠦᠯᠦᠭᠰᠡᠨ ᠦᠭᠡᠢ᠂ ᠪᠡᠶᠡᠯᠡᠭᠦᠯᠦᠭᠰᠡᠨ ᠶᠠᠰᠤ ᠴᠢᠨᠠᠷ ᠢᠶᠠᠷ ᠥᠨᠳᠥᠷ ᠪᠢᠰᠢ ᠭᠠᠵᠠᠷ ᠣᠷᠣᠨ ᠪᠠ ᠨᠢᠭᠡᠴᠡ ᠶᠢᠨ ᠠᠵᠢᠯ ᠤᠨ ᠬᠡᠰᠡᠭ ᠬᠤᠪᠢᠷᠠᠭᠤᠯᠬᠤ ᠶᠢ ᠡᠷᠡᠰ ᠵᠥᠪᠰᠢᠶᠡᠷᠡᠬᠦ ᠦᠭᠡᠢ ᠪᠠᠶᠢᠵᠤ ᠰᠤᠷᠭᠠᠨ ᠬᠥᠮᠦᠵᠢᠯ ᠴᠡᠭᠴᠡᠯᠡᠯᠲᠡ ᠶᠢ ᠴᠢᠨᠠᠷ ᠰᠠᠶᠢᠲᠠᠢ ᠠᠬᠢᠭᠤᠯᠬᠤ ᠶᠢ ᠪᠠᠲᠤᠯᠠᠵᠠᠢ ᠃ ᠳᠣᠯᠤᠭ᠎ᠠ ᠳᠤ ᠬᠠᠮᠲᠤᠷᠠᠨ ᠲᠣᠭᠤᠷᠢᠨ ᠪᠠᠶᠢᠴᠠᠭᠠᠬᠤ ᠪᠠᠷ ᠳᠠᠮᠵᠢᠭᠤᠯᠤᠨ᠂ ︽ᠵᠠᠯᠭᠠᠯᠳᠤᠭᠰᠠᠨ ᠮᠠᠶ᠋ᠢᠭ︾ ᠢᠶᠠᠷ ᠳᠥᠯᠭᠢᠨ ᠠᠬᠢᠭᠤᠯᠬᠤ ᠶᠢ ᠬᠡᠷᠡᠭᠵᠢᠭᠦᠯᠪᠡ᠃ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠲᠤᠷᠠᠨ ᠬᠠᠮᠲᠤᠷᠠᠭᠰᠠᠨ ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠶᠠᠪᠤᠳᠠᠯ ᠬᠠᠤᠯᠢ ᠴᠠᠭᠠᠵᠠ ᠶᠢᠨ ᠡᠯ᠎ᠡ ᠨᠢᠭᠡᠴᠡ ᠳᠤ ᠭᠦᠨᠵᠡᠭᠡᠶᠢᠷᠡᠨ ᠡᠩᠨᠡᠭᠡ ᠶᠢᠨ ᠪᠠᠶᠢᠭᠤᠯᠤᠯᠲᠠ ᠶᠢᠨ ᠲᠤᠰᠬᠠᠶ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠠᠵᠢᠯ ᠤᠨ ᠡᠭᠡ ᠲᠠᠩᠰᠠ ᠶᠢ ᠪᠠᠶᠢᠴᠠᠭᠠᠨ ᠦᠵᠡᠬᠦ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠬᠤ ᠵᠡᠷᠭᠡ ᠪᠠᠷ ᠳᠠᠮᠵᠢᠭᠤᠯᠤᠨ᠂ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ᠂ ᠬᠥᠮᠦᠵᠢᠯ ᠴᠡᠭᠴᠡᠯᠡᠯᠲᠡ ᠶᠢᠨ ᠭᠦᠨᠵᠡᠭᠡᠶ ᠥᠷᠨᠢᠯᠲᠡ ᠶᠢ ᠬᠡᠰᠡᠭ ᠬᠡᠰᠡᠭ ᠢᠶᠠᠷ ᠲᠦᠯᠬᠢᠨ ᠠᠬᠢᠭᠤᠯᠪᠠ᠃     ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠬᠤ ᠪᠠᠷ ᠳᠠᠮᠵᠢᠭᠤᠯᠤᠨ᠂ ︽ᠲᠤᠯᠤᠭᠠᠨ ᠬᠡᠯᠪᠡᠷᠢ︾ ᠶᠢᠨ ᠠᠬᠢᠭᠤᠯᠤᠯᠲᠠ ᠶᠢ ᠬᠡᠷᠡᠭᠵᠢᠭᠦᠯᠵᠦ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠰᠤᠷᠭᠠᠨ ᠬᠥᠮᠦᠵᠢᠯ ᠤᠨ ᠴᠡᠭᠴᠡᠯᠡᠯᠲᠡ ᠶᠢ ᠨᠢᠭᠲᠠ ᠬᠤᠯᠪᠣᠯᠳᠤᠭᠤᠯᠤᠨ᠂ ᠲᠦᠷᠭᠡᠨ ᠪᠥᠭᠡᠳ ᠯᠠᠪᠳᠠᠭᠤᠨ ᠪᠠᠶᠢᠯᠭᠠᠵᠤ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠡᠯ᠎ᠡ ᠵᠦᠢᠯ ᠤᠨ ᠠᠵᠢᠯ ᠢᠯᠡᠳᠲᠡ ᠦᠷ᠎ᠡ ᠪᠦᠲᠦᠮᠵᠢ ᠤᠯᠪᠠ᠃ 4 ᠰᠠᠷ᠎ᠠ ᠶᠢᠨ 30 ᠤ ᠡᠳᠦᠷ ᠠᠴᠠ ᠡᠮᠦᠨ᠎ᠡ᠂ ᠪᠥᠬᠦ ᠬᠤᠲᠠ ᠳᠤ ᠨᠡᠶᠢᠲᠡ 1167 ᠬᠤᠪᠢ ᠰᠦᠪᠡᠭᠴᠢ ᠶᠢ ᠭᠥᠯᠢᠶᠡᠨ ᠠᠪᠴᠤ᠂ ᠪᠠᠶᠢᠴᠠᠭᠠᠨ ᠳᠠᠭᠤᠰᠬᠠᠭᠰᠠᠨ ᠨᠣᠷᠮ᠎ᠠ ᠨᠢ 88.4% ᠪᠠᠶᠢᠪᠠ᠃ 5 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 25 ᠤ ᠡᠳᠦᠷ ᠪᠣᠯᠲᠠᠯ᠎ᠠ᠂ ᠪᠥᠬᠦ ᠬᠤᠲᠠ ᠳᠤ ᠨᠡᠶᠢᠲᠡ 742 ᠰᠦᠪᠡᠭᠴᠢ ᠶᠢ ᠭᠥᠯᠢᠶᠡᠨ ᠠᠪᠴᠤ᠂ ᠪᠠᠶᠢᠴᠠᠭᠠᠨ ᠳᠠᠭᠤᠰᠬᠠᠭᠰᠠᠨ ᠨᠣᠷᠮ᠎ᠠ ᠨᠢ 71.4%  ᠪᠣᠯᠪᠠ᠃ 6 ᠰᠠᠷ᠎ᠠ ᠶᠢᠨ 30 ᠤ ᠡᠳᠦᠷ ᠪᠣᠯᠲᠠᠯ᠎ᠠ᠂ ᠪᠥᠬᠦ ᠬᠤᠲᠠ ᠳᠤ ᠬᠡᠮ ᠠᠷᠬᠠᠭ ᠤᠨ ᠠᠰᠠᠭᠤᠳᠠᠯ ᠢ ᠨᠡᠶᠢᠲᠡ 2987 ᠵᠤᠷᠪᠤᠰ ᠵᠢᠭᠰᠠᠭᠠᠨ ᠪᠠᠶᠢᠴᠠᠭᠠᠵᠤ᠂ 91.06% ᠶᠢ ᠨᠢ ᠨᠢᠭᠡᠨᠲᠡ ᠴᠡᠭᠴᠡᠯᠡᠨ ᠵᠠᠰᠠᠪᠠ᠃ ᠰᠡᠳᠬᠢᠯ ᠤᠨ ᠦᠭᠡ ᠪᠠᠨ ᠶᠠᠷᠢᠯᠴᠠᠬᠤ ᠪᠠᠷ ᠳᠡᠮᠵᠢᠨ᠂ ᠥᠪᠡᠷ ᠤᠨ ᠪᠠᠶᠢᠴᠠᠭᠠᠯᠲᠠ ᠳᠤ ᠨᠡᠶᠢᠲᠡ 1846 ᠬᠥᠮᠦᠨ ᠪᠠᠶᠢᠴᠠᠭᠠᠭᠳᠠᠵᠤ᠂ ᠡᠭᠦᠨ ᠤ ᠳᠣᠲᠣᠷ᠎ᠠ ᠥᠪᠡᠷ ᠤᠨ ᠪᠠᠶᠢᠴᠠᠭᠠᠯᠲᠠ ᠳᠤ 1472 ᠬᠥᠮᠦᠨ ︵ᠭᠠᠵᠠᠷ ᠤᠨ ᠲᠠᠰ ᠤᠨ 35 ᠬᠥᠮᠦᠨ︶ ᠪᠠᠶᠢᠵᠤ᠂ 374 ᠬᠥᠮᠦᠨ ᠪᠠᠶᠢᠴᠠᠭᠠᠭᠳᠠᠵᠠᠶ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠺᠣᠮᠢᠰ 100 ᠬᠡᠷᠡᠭ ᠤᠨ 112 ᠬᠥᠮᠦᠨ ᠢ ᠬᠡᠷᠡᠭ ᠪᠣᠯᠭᠠᠨ ᠲᠠᠩᠰᠠᠯᠠᠵᠤ᠂ 21 ᠬᠥᠮᠦᠨ ᠢ ᠦᠯᠡᠳᠡᠭᠡᠨ ᠠᠪᠴᠤ᠂ 44 ᠬᠥᠮᠦᠨ ᠢ ᠰᠢᠢᠳᠪᠦᠷᠢᠯᠡᠪᠡ᠃ ᠲᠥᠪ ᠤᠨ ᠰᠢᠪᠠᠳᠠᠨ ᠵᠢᠯᠣᠭᠤᠳᠬᠤ ᠳᠤᠭᠤᠶᠢᠯᠠᠩ ᠤᠨ ᠳᠣᠷᠣᠭᠰᠢ ᠪᠠᠭᠤᠵᠤ ᠮᠠᠨ ᠤ ᠬᠤᠲᠠ ᠳᠤ ᠬᠠᠷᠢᠭᠤ ᠲᠤᠰᠬᠠᠭᠰᠠᠨ 5 ᠲᠠᠯ᠎ᠠ ᠶᠢᠨ 16 ᠵᠦᠢᠯ ᠤᠨ 22  ᠪᠣᠳᠠᠲᠠᠶ ᠠᠰᠠᠭᠤᠳᠠᠯ ᠪᠠ 3 ᠲᠠᠯ᠎ᠠ ᠶᠢᠨ 10 ᠵᠦᠢᠯ ᠤᠨ 12 ᠪᠣᠳᠠᠲᠠᠶ ᠰᠠᠨᠠᠭᠤᠯᠭ᠎ᠠ ᠳᠤ ᠴᠢᠭᠯᠡᠭᠦᠯᠦᠨ᠂ 120 ᠵᠦᠢᠯ ᠤᠨ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠵᠦᠢᠯ ᠳᠠᠷᠠᠭᠠᠯᠠᠨ ᠳᠥᠯᠭᠢᠨ ᠠᠬᠢᠭᠤᠯᠪᠠ᠃ ᠣᠳᠣᠬᠠᠨ ᠳᠤ᠂ ᠤᠯᠠᠭᠠᠨᠬᠠᠳᠠ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠨᠢ ᠶᠠᠭ ᠰᠠᠶᠢᠬᠠᠨ ᠶᠠᠰᠤ ᠶᠢ ᠨᠢ ᠬᠤᠰᠤᠵᠤ ᠬᠤᠤᠷ ᠢ ᠨᠢ ᠲᠠᠶᠢᠯᠬᠤ᠂ ᠮᠠᠭᠤ ᠶᠢ ᠨᠢ ᠠᠷᠢᠯᠭᠠᠵᠤ ᠰᠠᠶᠢᠨ ᠢ ᠨᠢ ᠮᠠᠨᠳᠤᠭᠤᠯᠬᠤ᠂ ᠰᠦᠭ ᠰᠦᠨᠡᠰᠦ ᠶᠢ ᠨᠢ ᠱᠤᠭᠤᠵᠤ ᠰᠦᠷ ᠬᠦᠴᠦᠨ ᠢ ᠨᠢ ᠪᠠᠳᠠᠷᠠᠭᠤᠯᠬᠤ ᠳᠤᠮᠳᠠ  ᠶᠠᠪᠤᠭᠳᠠᠵᠤ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ