2021 ᠣᠨ ᠤ 6 ᠰᠠᠷ᠎ᠠ ᠶᠢᠨ 30 ᠤ ᠡᠳᠦᠷ ᠪᠣᠯᠲᠠᠯ᠎ᠠ᠂ ᠪᠦᠬᠦ ᠬᠤᠲᠠ ᠶᠢᠨ ᠡᠳ᠋ ᠤᠨ ᠵᠠᠰᠠᠭ ᠤᠨ ᠨᠥᠬᠦᠪᠥᠷᠢ | ᠪᠠᠯᠠ ᠮᠥᠩᠭᠦ ᠶᠢ ︽ᠪᠦᠬᠦᠨ ᠳᠤ ᠳᠣᠭᠢᠷᠠᠬᠤ ᠺᠠᠷᠲ︾ ᠢᠶᠠᠷ 20.50 ᠳ᠋ᠦᠩᠰᠢᠭᠤᠷ ᠲᠥᠭᠦᠷᠢᠭ ᠲᠠᠷᠬᠠᠭᠠᠪᠠ᠃ | ᠨᠥᠬᠦᠪᠥᠷᠢ ᠶᠢᠨ ᠲᠥᠷᠥᠯ ᠵᠦᠢᠯ ᠨᠢ 10 ᠬᠦᠷᠢᠶ᠎ᠡ ᠴᠠᠷᠠᠭ᠎ᠠ ᠶᠢᠨ 87 ᠲᠥᠷᠥᠯ ᠤᠨ 108 ᠵᠦᠢᠯ ᠳᠤ ᠬᠤᠯᠪᠣᠭᠳᠠᠵᠤ᠂ | ᠠᠰᠢᠭ ᠭᠥᠷᠳᠡᠭᠰᠡᠨ ᠬᠤᠲᠠ ᠬᠥᠳᠡᠭᠡ ᠶᠢᠨ ᠰᠠᠭᠤᠭᠠᠯᠢ ᠠᠷᠠᠳ 320.85 ᠲᠦᠮᠡᠨ ᠬᠥᠮᠦᠨ ︵ᠤᠳᠠᠭ᠎ᠠ︶᠄ ᠡᠭᠦᠨ ᠳᠤ | ᠮᠠᠯᠴᠢᠨ ᠲᠠᠷᠢᠶᠠᠴᠢᠨ ᠤ ᠨᠥᠬᠦᠪᠥᠷᠢ ᠪᠠᠯᠠ ᠮᠥᠩᠭᠦ ᠶᠢ 19.06 ᠳ᠋ᠦᠩᠰᠢᠭᠤᠷ ᠲᠥᠭᠦᠷᠢᠭ ᠲᠠᠷᠬᠠᠭᠠᠵᠤ᠂ ᠠᠰᠢᠭ | ᠭᠥᠷᠳᠡᠭᠰᠡᠨ ᠮᠠᠯᠴᠢᠨ ᠲᠠᠷᠢᠶᠠᠴᠢᠨ 298.22 ᠲᠦᠮᠡᠨ ᠬᠥᠮᠦᠨ ︵ᠤᠳᠠᠭ᠎ᠠ︶︔ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠨᠥᠬᠦᠪᠥᠷᠢ ᠪᠠᠯᠠ ᠮᠥᠩᠭᠦ ᠶᠢ 1.44 ᠳ᠋ᠦᠩᠰᠢᠭᠤᠷ ᠲᠥᠭᠦᠷᠢᠭ ᠲᠠᠷᠬᠠᠭᠠᠵᠤ᠂ ᠠᠰᠢᠭ ᠬᠦᠷᠲᠡᠭᠰᠡᠨ ᠬᠤᠲᠠ | ᠪᠠᠯᠭᠠᠰᠤᠨ ᠤ ᠰᠠᠭᠤᠭᠠᠯᠢ ᠠᠷᠠᠳ 22.63 ᠲᠦᠮᠡᠨ ᠬᠥᠮᠦᠨ ︵ᠤᠳᠠᠭ᠎ᠠ︶ ᠪᠣᠯᠤᠨ᠎ᠠ᠃ | ᠨᠥᠬᠦᠪᠥᠷᠢ ᠶᠢᠨ ᠭᠤᠣᠯ ᠵᠦᠢᠯ ᠪᠣᠯᠤᠨ ᠣᠯᠭᠤᠬᠤ ᠲᠤᠭ᠎ᠠ ᠬᠡᠮᠵᠢᠶ᠎ᠡ ᠨᠢ ᠲᠤᠰᠪᠤᠷᠢ᠄ ᠨᠤᠲᠤᠭ ᠪᠡᠯᠴᠢᠭᠡᠷ ᠤᠨ ᠠᠮᠢ | ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠠᠷ ᠱᠠᠩᠨᠠᠬᠤ 2.33 ᠳ᠋ᠦᠩᠰᠢᠭᠤᠷ ᠲᠥᠭᠦᠷᠢᠭ᠂ ᠤᠢ ᠰᠢᠭᠤᠶ ᠶᠢᠨ ᠠᠮᠢ | ᠠᠬᠤᠶ ᠶᠢᠨ ᠦᠷ᠎ᠡ ᠠᠰᠢᠭ ᠤᠨ ᠨᠥᠬᠦᠪᠥᠷᠢ 0.72 ᠳ᠋ᠦᠩᠰᠢᠭᠤᠷ ᠲᠥᠭᠦᠷᠢᠭ᠂ ᠲᠠᠷᠢᠶᠠᠨ ᠭᠠᠵᠠᠷ ᠤᠨ ᠬᠦᠴᠦ ᠰᠢᠮ᠎ᠡ ᠶᠢ | ᠬᠠᠮᠠᠭᠠᠯᠠᠬᠤ ᠨᠥᠬᠦᠪᠥᠷᠢ 0.14 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ | ᠨᠥᠬᠦᠪᠦᠷᠢ 0.42 ᠳ᠋ᠦᠩᠰᠢᠭᠤᠷ ᠲᠥᠭᠦᠷᠢᠭ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠨᠥᠬᠦᠪᠥᠷᠢ ᠶᠢᠨ ᠪᠡᠯᠡ ᠮᠥᠩᠭᠦ | 0.5 ᠳ᠋ᠦᠩᠰᠢᠭᠤᠷ ᠲᠥᠭᠦᠷᠢᠭ᠂ ᠬᠥᠳᠡᠭᠡ ᠲᠤᠰᠬᠤᠨ ᠮᠠᠯᠵᠢᠬᠤ ᠣᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠨᠥᠬᠦᠪᠥᠷᠢ 5.70 ᠳ᠋ᠦᠩᠰᠢᠭᠤᠷ ᠲᠥᠭᠦᠷᠢᠭ᠂ ᠬᠤᠳᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 0.91 ᠳ᠋ᠦᠩᠰᠢᠭᠤᠷ ᠲᠥᠭᠦᠷᠢᠭ᠂ ᠲᠣᠰᠬᠤᠨ ᠳᠤᠭᠤᠶᠢᠯᠠᠩ ᠤᠨ | ᠺᠠᠳ᠋ᠷ ᠤᠨ ᠲᠣᠭᠲᠠᠮᠠᠯ ᠬᠥᠯᠥᠰᠥ ᠣᠯᠭᠤᠮᠵᠢ ᠪᠣᠯᠤᠨ ᠠᠵᠢᠯ ᠰᠠᠭᠠᠲᠠᠭᠰᠠᠨ ᠨᠥᠬᠦᠪᠥᠷᠢ 0.86 ᠳ᠋ᠦᠩᠰᠢᠭᠤᠷ ᠲᠦᠭᠦᠷᠢᠭ᠂ | ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠨᠥᠬᠦᠪᠥᠷᠢ 0.23 ᠳ᠋ᠦᠩᠰᠢᠭᠤᠷ ᠲᠥᠭᠦᠷᠢᠭ᠂ ᠰᠤᠷᠭᠠᠨ | ᠬᠥᠮᠦᠵᠢᠯ ᠤᠨ ᠲᠥᠷᠥᠯ ᠤᠨ ᠨᠥᠬᠦᠪᠥᠷᠢ 0.92 ᠳ᠋ᠦᠩᠰᠢᠭᠤᠷ ᠲᠥᠭᠦᠷᠢᠭ᠂ ᠲᠥᠯᠥᠪᠯᠡᠭᠡᠲᠦ ᠦᠷᠡᠵᠢᠯ ᠤᠨ ᠨᠥᠬᠦᠪᠥᠷᠢ 0. | 47 ᠳ᠋ᠦᠩᠰᠢᠭᠤᠷ ᠲᠥᠭᠦᠷᠢᠭ ᠪᠣᠯᠤᠨ᠎ᠠ᠃ | |