2021 ᠣᠨ ᠤ 7 ᠰᠠᠷ᠎ᠠ ᠳᠤ ᠪᠦᠬᠦ ᠬᠤᠲᠠ ᠶᠢᠨ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ ᠶᠢ ︽ᠪᠦᠬᠦᠨ ᠳᠤ ᠳᠣᠭᠢᠷᠠᠬᠤ ᠺᠠᠷᠲ︾ ᠢᠶᠠᠷ ᠲᠠᠷᠬᠠᠭᠠᠭᠰᠠᠨ ᠪᠠᠶᠢᠳᠠᠯ
ᠨᠡᠶᠢᠲᠡᠯᠡᠭᠰᠡᠨ ᠴᠠᠭ᠄
2021/8/5
     2021 ᠣᠨ ᠤ 7 ᠰᠠᠷ᠎ᠠ ᠶᠢᠨ 31 ᠤ ᠡᠳᠦᠷ ᠪᠣᠯᠲᠠᠯ᠎ᠠ᠂ ᠪᠦᠬᠦ ᠬᠤᠲᠠ ᠶᠢᠨ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ ᠶᠢ ︽ᠪᠦᠬᠦᠨ ᠳᠤ ᠳᠣᠭᠢᠷᠠᠬᠤ ᠺᠠᠷᠲ︾ ᠢᠶᠠᠷ 29.25 ᠳ᠋ᠦᠩᠰᠢᠭᠤᠷ ᠲᠥᠭᠦᠷᠢᠭ ᠲᠠᠷᠬᠠᠭᠠᠪᠠ᠃ ᠨᠥᠬᠦᠪᠥᠷᠢ ᠶᠢᠨ ᠲᠥᠷᠥᠯ ᠵᠦᠢᠯ ᠨᠢ 10 ᠬᠦᠷᠢᠶ᠎ᠡ ᠴᠠᠷᠠᠭ᠎ᠠ ᠶᠢᠨ 87 ᠲᠥᠷᠥᠯ ᠤᠨ 110 ᠵᠦᠢᠯ ᠳᠤ ᠬᠤᠯᠪᠣᠭᠳᠠᠵᠤ᠂ ᠠᠰᠢᠭ ᠭᠥᠷᠳᠡᠭᠰᠡᠨ ᠬᠤᠲᠠ ᠬᠥᠳᠡᠭᠡ ᠶᠢᠨ ᠰᠠᠭᠤᠭᠠᠯᠢ ᠠᠷᠠᠳ 417.03 ᠲᠦᠮᠡᠨ ᠬᠥᠮᠦᠨ ︵ᠤᠳᠠᠭ᠎ᠠ︶᠄ ᠡᠭᠦᠨ ᠳᠤ ᠮᠠᠯᠴᠢᠨ ᠲᠠᠷᠢᠶᠠᠴᠢᠨ ᠤ ᠨᠥᠬᠦᠪᠥᠷᠢ ᠪᠠᠯᠠ ᠮᠥᠩᠭᠦ ᠶᠢ 27.57 ᠳ᠋ᠦᠩᠰᠢᠭᠤᠷ ᠲᠥᠭᠦᠷᠢᠭ ᠲᠠᠷᠬᠠᠭᠠᠵᠤ᠂ ᠠᠰᠢᠭ ᠭᠥᠷᠳᠡᠭᠰᠡᠨ ᠮᠠᠯᠴᠢᠨ ᠲᠠᠷᠢᠶᠠᠴᠢᠨ 392 ᠲᠦᠮᠡᠨ ᠬᠥᠮᠦᠨ ︵ᠤᠳᠠᠭ᠎ᠠ︶︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠪᠠᠯᠠ ᠮᠥᠩᠭᠦ ᠶᠢ 1.68 ᠳ᠋ᠦᠩᠰᠢᠭᠤᠷ ᠲᠥᠭᠦᠷᠢᠭ ᠲᠠᠷᠬᠠᠭᠠᠵᠤ᠂ ᠠᠰᠢᠭ ᠬᠦᠷᠲᠡᠭᠰᠡᠨ ᠬᠤᠲᠠ ᠪᠠᠯᠭᠠᠰᠤᠨ ᠤ ᠰᠠᠭᠤᠭᠠᠯᠢ ᠠᠷᠠᠳ 25.03 ᠲᠦᠮᠡᠨ ᠬᠥᠮᠦᠨ ︵ᠤᠳᠠᠭ᠎ᠠ︶ ᠪᠣᠯᠤᠨ᠎ᠠ᠃      ᠨᠥᠬᠦᠪᠥᠷᠢ ᠶᠢᠨ ᠭᠤᠣᠯ ᠵᠦᠢᠯ ᠪᠣᠯᠤᠨ ᠣᠯᠭᠤᠬᠤ ᠲᠤᠭ᠎ᠠ ᠬᠡᠮᠵᠢᠶ᠎ᠡ ᠨᠢ ᠲᠤᠰᠪᠤᠷᠢ᠄ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠠᠷ ᠱᠠᠩᠨᠠᠬᠤ 2.54 ᠳ᠋ᠦᠩᠰᠢᠭᠤᠷ ᠲᠥᠭᠦᠷᠢᠭ᠂ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ 1.76 ᠳ᠋ᠦᠩᠰᠢᠭᠤᠷ ᠲᠥᠭᠦᠷᠢᠭ᠂ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠨᠥᠬᠦᠪᠥᠷᠢ 1.94 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠦᠷᠢ 0.81 ᠳ᠋ᠦᠩᠰᠢᠭᠤᠷ ᠲᠥᠭᠦᠷᠢᠭ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠨᠥᠬᠦᠪᠥᠷᠢ ᠶᠢᠨ ᠪᠡᠯᠡ ᠮᠥᠩᠭᠦ 0.85 ᠳ᠋ᠦᠩᠰᠢᠭᠤᠷ ᠲᠥᠭᠦᠷᠢᠭ᠂ ᠬᠥᠳᠡᠭᠡ ᠲᠤᠰᠬᠤᠨ ᠮᠠᠯᠵᠢᠬᠤ ᠣᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 8.38 ᠳ᠋ᠦᠩᠰᠢᠭᠤᠷ ᠲᠥᠭᠦᠷᠢᠭ᠂ ᠬᠤᠳᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 1.06 ᠳ᠋ᠦᠩᠰᠢᠭᠤᠷ ᠲᠥᠭᠦᠷᠢᠭ᠂ ᠲᠣᠰᠬᠤᠨ ᠳᠤᠭᠤᠶᠢᠯᠠᠩ ᠤᠨ ᠺᠠᠳ᠋ᠷ ᠤᠨ ᠲᠣᠭᠲᠠᠮᠠᠯ ᠬᠥᠯᠥᠰᠥ ᠣᠯᠭᠤᠮᠵᠢ ᠪᠣᠯᠤᠨ ᠠᠵᠢᠯ ᠰᠠᠭᠠᠲᠠᠭᠰᠠᠨ ᠨᠥᠬᠦᠪᠥᠷᠢ 1.11 ᠳ᠋ᠦᠩᠰᠢᠭᠤᠷ ᠲᠦᠭᠦᠷᠢᠭ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠨᠥᠬᠦᠪᠥᠷᠢ 0.25 ᠳ᠋ᠦᠩᠰᠢᠭᠤᠷ ᠲᠥᠭᠦᠷᠢᠭ᠂ ᠰᠤᠷᠭᠠᠨ ᠬᠥᠮᠦᠵᠢᠯ ᠤᠨ ᠲᠥᠷᠥᠯ ᠤᠨ ᠨᠥᠬᠦᠪᠥᠷᠢ 1.01 ᠳ᠋ᠦᠩᠰᠢᠭᠤᠷ ᠲᠥᠭᠦᠷᠢᠭ᠂ ᠲᠥᠯᠥᠪᠯᠡᠭᠡᠲᠦ ᠦᠷᠡᠵᠢᠯ ᠤᠨ ᠨᠥᠬᠦᠪᠥᠷᠢ 0.47 ᠳ᠋ᠦᠩᠰᠢᠭᠤᠷ ᠲᠥᠭᠦᠷᠢᠭ ᠪᠣᠯᠤᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ