ᠬᠤᠲᠠ ᠶᠢᠨ ᠵᠠᠰᠠᠭ ᠤᠨ ᠣᠷᠳᠣᠨ 2022 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/10
      1 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ 2022 ᠣᠨ ᠤ ᠠᠩᠬᠠᠳᠤᠭᠠᠷ ᠤᠳᠠᠭ᠎ᠠ ᠶᠢᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠭᠤᠤᠯᠳᠠᠯᠭ᠎ᠠ ᠲᠠᠢ ᠠᠵᠢᠯ ᠤᠨ ᠶᠡᠭᠡ ᠱᠠᠭᠠᠷᠳᠠᠨ ᠪᠠᠶᠢᠴᠠᠭᠠᠯᠲᠠ ᠶᠢᠨ ᠪᠠᠶᠢᠳᠠᠯ᠂ 2021 ᠣᠨ ᠤ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠪᠠ 2022 ᠣᠨ ᠤ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢ ᠲᠣᠬᠢᠷᠠᠭᠤᠯᠤᠭᠰᠠᠨ ᠪᠠᠶᠢᠳᠠᠯ᠂ 2022 ᠣᠨ ᠤ ᠲᠥᠰᠦᠪ ᠤᠨ ᠲᠣᠬᠢᠷᠠᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠤᠯᠠᠭᠠᠨᠬᠠᠳᠠ ᠬᠤᠲᠠ ᠶᠢᠨ ︿ᠴᠠᠭᠠᠨ ᠰᠠᠷ᠎ᠠ ᠶᠢ ᠤᠭᠲᠤᠵᠤ ᠠᠷᠠᠳ ᠲᠤ ᠠᠰᠢᠭ ᠬᠦᠷᠲᠡᠭᠡᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ﹀ ᠶᠢ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ︔ ᠤᠯᠠᠭᠠᠨᠬᠠᠳᠠ ᠬᠤᠲᠠ ᠶᠢᠨ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠠᠵᠢᠯ᠂ ᠪᠧᠶ ᠸᠠ ᠽᠢ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠳᠤᠮᠳᠠ ᠲᠣᠭᠤᠷᠢᠮ ᠵᠠᠮ ᠤᠨ ᠲᠥᠷᠥᠯ ᠵᠦᠢᠯ ᠤᠨ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃       ᠬᠤᠷᠠᠯ ᠠᠴᠠ᠂ ᠲᠣᠰ ᠤᠳᠠᠭᠠᠨ ᠤ ᠭᠤᠤᠯᠳᠠᠯᠭ᠎ᠠ ᠲᠠᠢ ᠠᠵᠢᠯ ᠤᠨ ᠶᠡᠭᠡ ᠱᠠᠭᠠᠷᠳᠠᠨ ᠪᠠᠶᠢᠴᠠᠭᠠᠯᠲᠠ ᠪᠣᠯ ᠮᠠᠨ ᠤ ᠬᠤᠲᠠ ᠶᠢᠨ ᠣᠶᠢᠷ᠎ᠠ ᠶᠢᠨ ᠵᠢᠯ ᠤᠨ ᠲᠤᠷᠰᠢᠬᠢ ᠪᠠᠷᠢᠮᠵᠢᠶ᠎ᠠ ᠪᠠᠷ ᠬᠠᠮᠤᠭ ᠤᠨ ᠥᠨᠳᠥᠷ᠂ ᠬᠠᠮᠤᠷᠬᠤ ᠬᠡᠪᠴᠢᠶ᠎ᠡ ᠪᠠᠷ ᠬᠠᠮᠤᠭ ᠤᠨ ᠥᠷᠭᠡᠨ᠂ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠪᠠᠷ ᠬᠠᠮᠤᠭ ᠤᠨ ᠣᠯᠠᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠭᠰᠡᠨ ᠲᠤᠬᠠᠶ ᠶᠢᠨ ᠲᠠᠯᠠᠪᠤᠷ ᠤᠨ ᠤᠳᠠᠭ᠎ᠠ ᠪᠠ ᠭᠤᠤᠯᠳᠠᠯᠭ᠎ᠠ ᠲᠠᠢ ᠠᠵᠢᠯ ᠢ ᠡᠮᠬᠢᠯᠡᠨ ᠨᠡᠶᠢᠯᠡᠭᠦᠯᠵᠦ ᠲᠥᠪᠯᠡᠷᠡᠭᠦᠯᠦᠭᠰᠡᠨ ᠬᠡᠮᠵᠢᠶ᠎ᠡ ᠪᠠᠷ ᠬᠠᠮᠤᠭ ᠤᠨ ᠥᠨᠳᠥᠷ ᠨᠢᠭᠡ ᠤᠳᠠᠭᠠᠨ ᠤ ᠶᠡᠷᠦᠩᠬᠡᠶᠢᠯᠡᠭᠰᠡᠨ ᠴᠢᠨᠠᠷᠲᠠᠶ ᠱᠠᠭᠠᠷᠳᠠᠨ ᠪᠠᠶᠢᠴᠠᠭᠠᠯᠲᠠ ᠪᠣᠯᠤᠨ᠎ᠠ᠃ ᠲᠣᠰ ᠤᠳᠠᠭᠠᠨ ᠤ ᠱᠠᠭᠠᠷᠳᠠᠨ ᠪᠠᠶᠢᠴᠠᠭᠠᠬᠤ ᠪᠠᠷ ᠳᠡᠮᠵᠢᠨ᠂ ᠳᠠᠷᠤᠯᠲᠠ ᠳᠠᠮᠵᠢᠭᠤᠯᠬᠤ ᠦᠢᠯᠡᠳᠦᠯ ᠢ ᠨᠡᠯᠢᠶᠡᠳ ᠰᠠᠶᠢᠨ ᠪᠠᠳᠠᠷᠠᠭᠤᠯᠵᠤ᠂ ᠬᠤᠰᠢᠭᠤ ᠰᠢᠶᠠᠨ ᠲᠣᠭᠤᠷᠢᠭ ᠤᠨ ᠱᠠᠭᠠᠷᠳᠠᠨ ᠪᠠᠶᠢᠴᠠᠭᠠᠬᠤ ᠭᠤᠤᠯᠳᠠᠯᠭ᠎ᠠ ᠲᠠᠢ ᠠᠵᠢᠯ ᠢ ᠴᠢᠬᠤᠯᠠᠴᠢᠯᠠᠬᠤ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠯᠢᠳᠡᠭ ᠢ ᠨᠢ ᠱᠠᠩᠨᠠᠵᠤ ᠮᠠᠭᠤ ᠶᠢ ᠨᠢ ᠲᠣᠷᠭᠠᠬᠤ ᠤᠳᠤᠷᠢᠳᠤᠮᠵᠢ ᠶᠢ ᠪᠤᠢ ᠪᠣᠯᠭᠠᠵᠤ᠂ ᠱᠠᠭᠠᠷᠳᠠᠨ ᠪᠠᠶᠢᠴᠠᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠱᠠᠭᠠᠷᠳᠠᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠬᠦ ᠶᠢ ᠠᠬᠢᠭᠤᠯᠤᠨ᠂ ᠱᠠᠭᠠᠷᠳᠠᠬᠤ ᠪᠠᠷ ᠥᠭᠡᠷᠡᠴᠢᠯᠡᠯᠲᠡ ᠶᠢ ᠠᠬᠢᠭᠤᠯᠵᠤ᠂ ᠱᠠᠭᠠᠷᠳᠠᠬᠤ ᠪᠠᠷ ᠪᠠᠶᠢᠭᠤᠯᠤᠯᠲᠠ ᠶᠢ ᠠᠬᠢᠭᠤᠯᠵᠤ᠂ ᠱᠠᠭᠠᠷᠳᠠᠬᠤ ᠪᠠᠷ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠳᠠᠷᠤᠯᠲᠠ ᠶᠢ ᠳᠠᠭᠠᠭᠠᠵᠤ᠂ ᠬᠦᠴᠢᠷ ᠪᠡᠷᠬᠡᠰᠢᠶᠡᠯ ᠢ ᠢᠯᠡᠵᠤ᠂ 2021 ᠣᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠭᠰᠡᠨ ᠨᠢ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠳᠤ ᠰᠠᠶᠢᠨ ᠰᠠᠶᠢᠬᠠᠨ ᠠᠵᠤ ᠠᠬᠤᠢ ᠶᠢᠨ ᠰᠠᠭᠤᠷᠢ ᠶᠢ ᠲᠠᠯᠪᠢᠵᠤ ᠥᠭᠴᠡᠢ᠂ ᠬᠥᠭᠵᠢᠯᠲᠡ ᠳᠤ ᠵᠣᠬᠢᠴᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠰᠦᠭᠡᠯᠡᠨ ᠪᠤᠳᠤᠵᠤ᠂ 2022 ᠣᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠵᠣᠬᠢᠰᠲᠠᠢ ᠲᠤᠬᠢᠷᠠᠭᠤᠯᠬᠤ ᠪᠣᠯ ᠡᠨᠡ ᠵᠢᠯ ᠤᠨ ᠠᠵᠤ ᠠᠬᠤᠢ ᠶᠢᠨ ᠵᠢᠱᠢᠯᠲᠡ ᠶᠢ ᠬᠦᠳᠦᠯᠦᠨ ᠵᠢᠯᠣᠭᠤᠳᠬᠤ᠂ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠶᠢᠨ ᠵᠠᠩᠭᠢᠯᠠᠭ᠎ᠠ ᠪᠣᠯᠤᠨ᠎ᠠ᠃ ᠲᠤᠭ᠎ᠠ ᠪᠠᠷᠢᠮᠲᠠ ᠪᠠᠷ ᠲᠣᠭᠠᠴᠠᠭ᠎ᠠ ᠬᠢᠬᠦ ᠶᠢ ᠴᠢᠩᠭᠠᠳᠬᠠᠵᠤ᠂ ᠮᠠᠨ ᠤ ᠬᠤᠲᠠ ᠶᠢᠨ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠵᠢᠱᠢᠭᠰᠡᠨ ᠬᠠᠷᠠᠯᠲᠠ ᠶᠢᠨ ᠲᠣᠬᠢᠷᠠᠭᠤᠯᠤᠯᠲᠠ ᠶᠢ ᠦᠨᠡᠨᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠶᠢᠨ ᠬᠥᠭᠵᠢᠯᠲᠡ ᠶᠢ ᠲᠦᠷᠭᠡᠳᠬᠡᠬᠦ᠂ ᠣᠷᠣᠨ ᠪᠦᠰᠡ ᠶᠢᠨ ᠲᠥᠪ ᠬᠤᠲᠠ ᠶᠢ ᠴᠣᠭᠴᠠᠯᠠᠬᠤ ᠠᠵᠢᠯ ᠤᠨ ᠱᠠᠭᠠᠷᠳᠠᠯᠭ᠎ᠠ ᠳᠤ ᠨᠡᠶᠢᠴᠡᠭᠦᠯᠵᠦ᠂ ︽ᠲᠠᠪᠤᠨ ᠶᠡᠭᠡ ᠬᠥᠭᠵᠢᠯᠲᠡ ᠶᠢᠨ ᠪᠠᠶᠢᠷᠢ ᠲᠣᠭᠲᠠᠭᠠᠯᠲᠠ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠤᠯᠠᠭᠠᠨᠬᠠᠳᠠ︾ ᠶᠢ ᠪᠥᠲᠥᠭᠡᠨ ᠪᠠᠶᠢᠭᠤᠯᠬᠤ ᠳᠤ ᠨᠠᠶᠢᠳᠠᠪᠤᠷᠢᠲᠠᠶ ᠬᠠᠷᠠᠯᠲᠠ ᠶᠢᠨ ᠤᠳᠤᠷᠢᠳᠤᠮᠵᠢ ᠪᠠ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ᠂ ᠴᠠᠭᠠᠨ ᠰᠠᠷ᠎ᠠ ᠶᠢ ᠤᠭᠲᠤᠵᠤ ᠠᠷᠠᠳ ᠲᠤ ᠠᠰᠢᠭ ᠬᠦᠷᠲᠡᠭᠡᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠪᠣᠯ ᠠᠷᠠᠳ ᠲᠤ ᠠᠰᠢᠭ ᠬᠥᠷᠲᠡᠭᠡᠨ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠳᠠᠶᠢᠴᠢᠯᠠᠬᠤ ᠪᠠ ᠤᠷᠮᠠᠰᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠠᠵᠤ ᠠᠬᠤᠶᠢᠯᠠᠯ ᠭᠤᠤᠯ ᠴᠣᠭᠴᠠ ᠪᠣᠯᠬᠤ᠂ ᠵᠠᠬ᠎ᠠ ᠳᠡᠯᠭᠡᠭᠦᠷᠵᠢᠭᠦᠯᠦᠨ ᠠᠵᠢᠯᠯᠠᠭᠤᠯᠬᠤ᠂ ᠵᠠᠭᠤᠴᠢᠯᠠᠭᠤᠷ ᠢᠶᠠᠷ ᠠᠵᠢᠯᠯᠠᠭ᠎ᠠ ᠥᠷᠨᠢᠭᠦᠯᠬᠦ᠂ ᠬᠤᠳᠠᠯᠳᠤᠭᠠᠴᠢᠨ ᠳᠤ ᠠᠰᠢᠭᠲᠠᠶ ᠠᠷᠠᠳ ᠲᠤ ᠠᠰᠢᠭ ᠬᠦᠷᠲᠡᠭᠡᠬᠦ︾ ᠵᠠᠷᠴᠢᠮ ᠢ ᠪᠠᠷᠢᠮᠲᠠᠯᠠᠵᠤ᠂ ᠴᠠᠭᠠᠨ ᠰᠠᠷ᠎ᠠ ᠶᠢᠨ ᠬᠡᠷᠡᠭᠯᠡᠭᠡ ᠶᠢᠨ ᠣᠨᠴᠠᠯᠢᠭ ᠲᠠᠢ ᠤᠶᠠᠯᠳᠤᠭᠤᠯᠤᠨ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠷᠭᠦᠯᠵᠢᠯᠡᠨ ᠠᠬᠢᠭᠤᠯᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠬᠡᠷᠡᠭᠯᠡᠭᠡ ᠶᠢᠨ ᠲᠡᠮᠳᠡᠭᠲᠦ ᠲᠠᠷᠬᠠᠭᠠᠬᠤ ᠠᠵᠢᠯ ᠢ ᠬᠠᠮᠲᠤ ᠪᠠᠷ ᠰᠠᠶᠢᠲᠤᠷ ᠬᠢᠵᠦ᠂ ᠪᠥᠬᠦ ᠬᠤᠲᠠ ᠶᠢᠨ ᠬᠡᠷᠡᠭᠯᠡᠭᠡ ᠶᠢᠨ ᠨᠡᠮᠡᠭᠳᠡᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠡᠷᠡᠭᠯᠡᠭᠡ ᠶᠢᠨ ᠠᠵᠤ ᠠᠬᠤᠶ ᠳᠤ ᠦᠵᠡᠭᠦᠯᠬᠦ ᠳᠠᠶᠢᠴᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠮᠠᠨ ᠤ ᠬᠤᠳᠠ ᠶᠢᠨ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠡᠬᠢ ᠪᠠᠶᠠᠯᠢᠭ ᠡᠯᠪᠡᠭ ᠳᠡᠯᠪᠡᠭ᠂ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠵᠠᠬ᠎ᠠ ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ᠂ ᠪᠦᠬᠦ ᠬᠤᠳᠠ ᠶᠢᠨ ᠤᠯᠤᠰ ᠤᠨ ᠥᠮᠴᠢᠯᠡᠯᠲᠦ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠦᠪᠯᠡᠨ ᠦᠷᠨᠢᠭᠦᠯᠬᠦ ᠶᠢ ᠡᠷᠬᠡᠪᠰᠢ ᠬᠢᠬᠦ ᠬᠡᠷᠡᠭᠲᠡᠢ ᠶᠤᠮ᠃ ᠦᠵᠦᠭᠦᠷ ᠲᠥᠯᠥᠪᠯᠡᠭᠡ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠡᠮᠬᠢ ᠵᠢᠷᠤᠮ ᠲᠠᠢ ᠠᠬᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠬᠤᠳᠠ ᠶᠢᠨ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠡᠬᠢ ᠪᠠᠶᠠᠯᠢᠭ ᠢ ᠭᠦᠢᠴᠡᠳ ᠨᠡᠶᠢᠳᠬᠡᠵᠦ᠂ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠦᠨ᠂ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠡᠳ᠋ ᠬᠦᠷᠦᠩᠭᠡ ᠶᠢᠨ ᠦᠷᠳᠡᠭ ᠢ ᠬᠦᠴᠦᠯᠡᠨ ᠳᠡᠭᠡᠭᠰᠢᠯᠡᠭᠦᠯᠵᠦ᠂ ︽ᠠᠷᠢᠭᠤᠨ ᠲᠤᠩᠭᠠᠯᠠᠭ ᠣᠷᠴᠢᠨ ᠪᠠᠶᠢᠭᠠᠯᠢ ᠨᠢ ᠠᠯᠲᠠ ᠮᠥᠩᠭᠦ ᠠᠴᠠ ᠦᠨᠡᠲᠡᠢ︾ ᠶᠢᠨ ᠬᠤᠪᠢᠷᠠᠯᠲᠠ ᠶᠢᠨ ᠵᠠᠮ ᠢ ᠳᠠᠰᠤᠷᠠᠯᠳᠠ ᠦᠬᠡᠢ ᠥᠷᠭᠡᠳᠬᠡᠵᠦ᠂ ᠤᠯᠠᠭᠠᠨᠬᠠᠳᠠ ᠬᠤᠳᠠ ᠶᠢᠨ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠨ ᠠᠶ ᠹᠠᠩ ᠤᠷᠢᠯᠭ᠎ᠠ ᠪᠠᠷ ᠬᠤᠷᠠᠯ ᠳᠤ ᠣᠷᠣᠯᠴᠠᠪᠠ᠃ ᠬᠤᠲᠠ ᠶᠢᠨ ᠤᠳᠤᠷᠢᠳᠤᠯᠭ᠎ᠠ ᠱᠧᠩ ᠰᠢᠶᠣᠣ ᠶᠢᠥ᠂ ᠰᠦᠨ ᠬᠠᠶ ᠲᠤᠤ᠂ ᠭᠦᠸᠧ ᠰᠢ᠂ ᠯᠢ ᠵᠢᠩ ᠵᠢᠩ᠂ ᠶᠠᠩ ᠮᠥ᠂ ᠮᠧᠩ ᠰᠢᠶᠤᠤ ᠪᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ ᠬᠤᠷᠠᠯ ᠳᠤ ᠣᠷᠤᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ