ᠮᠠᠨ ᠤ ᠬᠤᠲᠠ 2022 ᠣᠨ ᠤ ᠴᠠᠭ ᠬᠢᠵᠠᠭᠠᠷᠯᠠᠨ ᠪᠦᠬᠦ ᠴᠠᠷᠠᠭᠠᠨ ᠳᠤ ᠫᠤᠤᠵᠢᠩ ᠲᠠᠯᠪᠢᠬᠤ ᠶᠢ ᠴᠠᠭᠠᠵᠠᠯᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/11
     1 ᠰᠠᠷ᠎ᠠ ᠶᠢᠨ 10 ᠤ ᠡᠳᠦᠷ᠂ ᠮᠠᠨ ᠤ ᠬᠤᠲᠠ 2022 ᠣᠨ ᠤ ᠴᠠᠭ ᠬᠢᠵᠠᠭᠠᠷᠯᠠᠨ ᠪᠥᠬᠦ ᠴᠠᠷᠠᠭᠠᠨ ᠳᠤ ᠫᠤᠤᠵᠢᠩ ᠲᠠᠯᠪᠢᠬᠤ ᠶᠢ ᠴᠠᠭᠠᠵᠠᠯᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ 2022 ᠣᠨ ᠤ ᠴᠠᠭ ᠬᠢᠵᠠᠭᠠᠷᠯᠠᠨ ᠪᠥᠬᠦ ᠴᠠᠷᠠᠭᠠᠨ ᠳᠤ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠳᠤ ᠪᠠᠶᠢᠷᠢᠯᠠᠭᠤᠯᠤᠯᠲᠠ ᠬᠢᠪᠠ᠃      ᠮᠠᠨ ᠤ ᠬᠤᠲᠠ ᠶᠢᠨ ᠴᠠᠭ ᠬᠢᠵᠠᠭᠠᠷᠯᠠᠨ ᠪᠥᠬᠦ ᠴᠠᠷᠠᠭᠠᠨ ᠳᠤ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠰᠠᠶᠢᠲᠤᠷ ᠬᠢᠬᠦ ᠲᠥᠯᠦᠭᠡ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠬᠠᠷᠢᠶᠠᠲᠤ ᠣᠷᠣᠨ ᠳᠠᠬᠢ ᠪᠠᠶᠢᠩᠭᠤ ᠶᠢᠨ ᠲᠣᠭᠤᠷᠢᠨ ᠴᠠᠭᠳᠠᠬᠤ ᠬᠠᠤᠯᠢ ᠬᠡᠷᠡᠭᠵᠢᠭᠦᠯᠬᠦ ᠡᠷᠴᠢᠮ ᠢᠶᠠᠨ ᠪᠥᠬᠦ ᠲᠠᠯ᠎ᠠ ᠪᠠᠷ ᠴᠢᠩᠭᠠᠷᠠᠭᠤᠯᠤᠨ᠂ ᠴᠠᠭᠠᠵᠠᠯᠠᠬᠤ ᠭᠤᠤᠯᠳᠠᠯᠭ᠎ᠠ ᠲᠠᠢ ᠴᠠᠭ᠂ ᠭᠤᠤᠯᠳᠠᠯᠭ᠎ᠠ ᠲᠠᠢ ᠭᠠᠵᠠᠷ ᠤᠨ ᠲᠣᠭᠤᠷᠢᠨ ᠳᠤ ᠴᠠᠭᠳᠠᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠫᠤᠤᠵᠢᠩ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠥᠷᠲᠡᠭᠡ ᠪᠠᠶᠢᠭᠤᠯᠵᠤ᠂ ᠴᠡᠭ ᠭᠠᠷᠭᠠᠨ ᠪᠠᠶᠢᠴᠠᠭᠠᠬᠤ ᠪᠠ ᠲᠣᠭᠤᠷᠢᠨ ᠴᠠᠭᠳᠠᠵᠤ ᠪᠠᠶᠢᠴᠠᠭᠠᠨ ᠡᠵᠡᠮᠳᠡᠬᠦ ᠶᠢ ᠤᠶᠠᠯᠳᠤᠭᠤᠯᠤᠨ᠎ᠠ︔ ᠬᠠᠤᠯᠢ ᠪᠤᠰᠤ ᠶᠢᠨ ᠫᠤᠤᠵᠢᠩ ᠤᠨ ︽ᠬᠠᠷ᠎ᠠ ᠵᠠᠬ᠎ᠠ ᠳᠡᠯᠭᠡᠭᠦᠷ︾᠂ ︽ᠬᠠᠷ᠎ᠠ ᠰᠤᠪᠠᠭ︾᠂ ︽ᠬᠠᠷ᠎ᠠ ᠦᠢᠯᠡᠳᠪᠦᠷᠢ︾ ᠶᠢ ᠬᠠᠤᠯᠢ ᠶᠣᠰᠣᠭᠠᠷ ᠠᠷᠢᠯᠭᠠᠨ᠂ ᠬᠠᠤᠯᠢ ᠪᠤᠰᠤ ᠪᠠᠷ ᠫᠤᠤᠵᠢᠩ ᠦᠢᠯᠡᠳᠪᠦᠷᠢᠯᠡᠬᠦ᠂ ᠪᠣᠷᠣᠯᠠᠭᠤᠯᠬᠤ ᠭᠠᠵᠠᠷ ᠢ ᠪᠠᠶᠢᠴᠠᠭᠠᠨ ᠰᠢᠢᠳᠪᠦᠷᠢᠯᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠲᠠᠯᠪᠢᠬᠤ ᠶᠢ ᠴᠠᠭᠠᠵᠠᠯᠠᠬᠤ ᠭᠠᠵᠠᠷ ᠣᠷᠤᠨ ᠪᠠ ᠬᠤᠭᠤᠴᠠᠭᠠᠨ ᠳᠤ ᠫᠤᠤᠵᠢᠩ ᠲᠠᠯᠪᠢᠭᠰᠠᠨ ᠢ ᠬᠠᠤᠯᠢ ᠶᠣᠰᠣᠭᠠᠷ ᠬᠥᠯᠢᠶᠡᠨ ᠠᠪᠴᠤ ᠪᠠᠶᠢᠴᠠᠭᠠᠨ ᠰᠢᠢᠳᠪᠦᠷᠢᠯᠡᠵᠦ᠂ ᠶᠠᠯ᠎ᠠ ᠳᠤ ᠬᠥᠷᠥᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ᠪᠥᠬᠦ ᠬᠤᠲᠠ ᠶᠢᠨ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ 2022 ᠣᠨ ᠤ 1 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 13 ᠤ ᠡᠳᠦᠷ ᠪᠣᠯᠲᠠᠯ᠎ᠠ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠂ ᠫᠤᠤᠵᠢᠩ ᠪᠣᠷᠣᠯᠠᠭᠤᠯᠬᠤ ᠭᠠᠵᠠᠷ ᠪᠠ ᠠᠵᠢᠯᠯᠠᠭ᠎ᠠ ᠶᠢ ᠬᠠᠤᠯᠢ ᠶᠣᠰᠣᠭᠠᠷ ᠬᠦᠴᠦᠨ ᠥᠬᠡᠶ ᠪᠣᠯᠭᠠᠬᠤ ᠶᠢᠨ ᠬᠠᠮᠲᠤ ᠬᠤᠲᠠ ᠶᠢᠨ ᠬᠠᠮᠢᠶᠠᠷᠤᠯᠲᠠ ᠶᠢᠨ ᠤᠶᠤᠨᠲᠤ ᠵᠢᠯᠣᠭᠤᠳᠬᠤ ᠲᠠᠪᠴᠠᠩ᠂ 12319 ᠬᠠᠯᠠᠭᠤᠨ ᠤᠲᠠᠰᠤ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠡᠷᠭᠡ ᠣᠶᠤᠨᠴᠢᠯᠠᠭᠰᠠᠨ ᠠᠷᠭ᠎ᠠ ᠪᠠᠷᠢᠯ ᠤᠨ ᠦᠢᠯᠡᠳᠦᠯ ᠢ ᠪᠠᠳᠠᠷᠠᠭᠤᠯᠵᠤ ᠂ ᠠᠰᠠᠭᠤᠳᠠᠯ ᠢ ᠴᠠᠭ ᠲᠤᠬᠠᠶ ᠳᠤᠨᠢ ᠲᠦᠷᠭᠡᠨ ᠢᠯᠡᠷᠡᠭᠦᠯᠵᠦ ᠰᠢᠢᠳᠪᠦᠷᠢᠯᠡᠨ᠎ᠡ︔ ᠠᠳᠠᠯ ᠠᠬᠤᠶ ᠶᠢᠨ ᠬᠠᠮᠢᠶᠠᠷᠤᠯᠲᠠ ᠶᠢ ᠴᠢᠩᠭᠠᠳᠬᠠᠨ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢᠶᠠᠷ ᠳᠠᠮᠵᠢᠭᠤᠯᠤᠨ ᠬᠦᠮᠦᠰ ᠲᠤ ᠪᠥᠬᠦ ᠬᠤᠲᠠ ᠶᠢᠨ ᠴᠠᠭ ᠬᠢᠵᠠᠭᠠᠷᠯᠠᠨ ᠪᠥᠬᠦ ᠴᠠᠷᠠᠭᠠᠨ ᠳᠤ ᠫᠤᠤᠵᠢᠩ ᠲᠠᠯᠪᠢᠬᠤ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ᠂ ᠠᠳᠠᠯ ᠠᠬᠤᠶ ᠶᠢᠨ ᠲᠣᠭᠤᠷᠢᠨ ᠪᠠᠶᠢᠴᠠᠭᠠᠬᠤ ᠤᠳᠠᠭ᠎ᠠ ᠶᠢ ᠴᠢᠩᠭᠠᠳᠬᠠᠨ᠂ ᠫᠤᠤᠵᠢᠩ ᠲᠠᠯᠪᠢᠬᠤ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠳᠬᠠᠨ ᠬᠤᠷᠢᠭᠯᠠᠬᠤ ᠬᠡᠷᠡᠭᠲᠡᠶ︔ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠪᠣᠶ ᠪᠣᠯᠭᠠᠵᠤ᠂ ᠪᠦᠲᠦᠮᠵᠢᠲᠡᠶ ᠬᠠᠮᠢᠶᠠᠷᠤᠨ ᠡᠵᠡᠮᠳᠡᠬᠦ ᠬᠡᠷᠡᠭᠲᠡᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ