ᠤᠯᠠᠭᠠᠨᠬᠠᠳᠠ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ
ᠨᠡᠶᠢᠲᠡᠯᠡᠭᠰᠡᠨ ᠴᠠᠭ᠄
2022/1/12
      ᠤᠯᠠᠭᠠᠨᠬᠠᠳᠠ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠮᠥᠨ᠂ ᠵᠢᠩᠬᠢᠨᠢ ᠭᠠᠵᠠᠷ ᠤᠨ ᠲᠠᠰ  ᠤᠨ ᠪᠠᠶᠢᠭᠤᠯᠭ᠎ᠠ ᠪᠣᠯᠤᠨ᠎ᠠ᠃ ᠤᠯᠠᠭᠠᠨᠬᠠᠳᠠ ᠬᠤᠲᠠ ᠶᠢᠨ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠪᠠ ᠤᠯᠠᠭᠠᠨᠬᠠᠳᠠ ᠬᠤᠲᠠ ᠶᠢᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠶᠢᠨ ᠫᠠᠶᠢᠰᠠ ᠶᠢ ᠨᠡᠮᠡᠵᠦ  ᠡᠯᠭᠦᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠠᠯᠪᠠᠨ ᠭᠡᠷ ᠢ ᠤᠯᠠᠭᠠᠨᠬᠠᠳᠠ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ  ᠲᠣᠬᠢᠷᠠᠭᠤᠯᠪᠠ᠃ᠭᠤᠣᠯ ᠡᠭᠦᠷᠭᠡ ᠬᠠᠷᠢᠭᠤᠴᠠᠯᠭ᠎ᠠ᠄    ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂  ᠳᠣᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠨᠢᠭᠡᠳᠦᠯᠲᠡᠶ ᠲᠥᠯᠥᠪᠵᠢᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ᠎ᠠ᠃ ᠬᠤᠲᠠ ᠶᠢᠨ ᠱᠠᠲᠤᠨ ᠤ ᠲᠤᠰᠬᠠᠶ ᠵᠦᠢᠯ ᠤᠨ ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ᠂ ᠣᠷᠣᠨ ᠵᠠᠶ ᠶᠢᠨ ᠲᠥᠯᠥᠪᠵᠢᠭᠦᠯᠭᠡ ᠬᠢᠭᠡᠳ ᠪᠥᠬᠦ ᠬᠤᠲᠠ ᠶᠢᠨ ᠬᠥᠭᠵᠢᠯᠲᠡ ᠶᠢᠨ ᠲᠥᠯᠥᠪᠵᠢᠭᠦᠯᠭᠡ  ᠶᠢ ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ ᠬᠠᠷᠢᠭᠤᠴᠠᠨ᠎ᠠ᠃    ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠷᠦᠩᠬᠡᠢ ᠬᠠᠷᠠᠯᠲᠠ᠂ ᠴᠢᠬᠤᠯᠠ ᠶᠡᠭᠡ ᠡᠭᠦᠷᠭᠡ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠳᠤᠷᠠᠳᠤᠨ᠎ᠠ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠦᠨᠡᠯᠡᠨ ᠵᠢᠱᠢᠵᠦ ᠬᠢᠨᠠᠨ ᠵᠢᠯᠣᠭᠤᠳᠬᠤ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ ᠤᠨ ᠬᠢᠨᠠᠨ ᠵᠢᠯᠣᠭᠤᠳᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠲᠣᠬᠢᠷᠠᠭᠤᠯᠤᠯᠲᠠ ᠬᠢᠬᠦ ᠰᠠᠨᠠᠭᠤᠯᠭ᠎ᠠ ᠶᠢ  ᠳᠤᠷᠠᠳᠤᠨ᠎ᠠ᠃   ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠨᠢᠭᠡᠳᠦᠯᠲᠡᠶ ᠲᠥᠯᠥᠪᠯᠡᠨ ᠳᠤᠷᠠᠳᠴᠤ᠂ ᠬᠤᠷᠸ᠎ᠠ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠨ᠎ᠡ᠃ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠷᠸ᠎ᠠ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠵᠣᠬᠢᠴᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠶᠢᠨ ᠠᠵᠢᠯᠯᠠᠭ᠎ᠠ ᠶᠢ ᠲᠣᠬᠢᠷᠠᠭᠤᠯᠵᠤ᠂ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠨ᠎ᠡ᠃ ᠬᠤᠯᠪᠣᠭᠳᠠᠯ ᠪᠦᠬᠦᠢ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠳᠠ ᠶᠢᠨ ᠱᠠᠲᠤᠨ ᠠᠴᠠ ᠬᠠᠮᠢᠶᠠᠷᠴᠤ ᠪᠠᠶᠢᠭ᠎ᠠ ᠴᠥᠭᠡᠨ ᠲᠣᠭᠠᠨ ᠤ ᠴᠢᠬᠤᠯᠠ ᠲᠠᠸᠠᠷ᠂ ᠦᠢᠯᠡᠴᠢᠯᠡᠭᠡᠨ ᠤ ᠦᠨ᠎ᠡ ᠬᠠᠩᠰᠢ ᠪᠠ ᠴᠢᠬᠤᠯᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ᠂  ᠮᠥᠩᠭᠦ ᠵᠣᠭᠤᠰᠣᠨ ᠤ ᠲᠦᠷᠦ ᠶᠢᠨ ᠪᠤᠳᠤᠯᠭ᠎ᠠ ᠪᠠ ᠭᠠᠵᠠᠷ ᠰᠢᠷᠣᠶ ᠶᠢᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠳᠤ ᠣᠷᠤᠯᠴᠠᠨ᠎ᠠ᠃    ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ ᠠᠬᠢᠭᠤᠯᠬᠤ ᠪᠠ ᠪᠦᠬᠦ ᠲᠠᠯ᠎ᠠ ᠪᠠᠷ ᠵᠣᠬᠢᠴᠠᠭᠤᠯᠵᠤ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠢ ᠰᠤᠳᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ  ᠲᠣᠯᠤᠭᠠᠶᠢᠯᠠᠨ ᠰᠣᠳᠤᠯᠣᠨ᠎ᠠ᠃ ᠥᠮᠴᠢᠯᠡᠯ ᠤᠨ ᠡᠷᠬᠡ ᠶᠢᠨ ᠲᠦᠷᠢᠮ ᠪᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠤᠨ᠎ᠠ᠃ ᠠᠵᠤ ᠠᠬᠤᠶ ᠶᠢᠨ ᠦᠨᠳᠦᠰᠦᠨ ᠪᠠᠶᠢᠭᠤᠯᠤᠯ ᠪᠠ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠲᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠷᠠᠳ ᠤᠨ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠲᠦᠯᠬᠢᠨ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠳᠤ ᠣᠷᠣᠯᠴᠠᠨ᠎ᠠ᠃    ᠭᠠᠳᠠᠭᠠᠳᠤ ᠶᠢᠨ ᠪᠡᠯᠡ ᠮᠥᠩᠭᠦ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ ᠲᠦᠷᠦ ᠶᠢᠨ ᠪᠤᠳᠤᠯᠭ᠎ᠠ ᠶᠢ ᠳᠤᠷᠠᠳᠤᠨ᠎ᠠ᠃ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ  ᠲᠣᠯᠤᠭᠠᠶᠢᠯᠠᠨ ᠠᠬᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠣᠷᠣᠬᠤ ᠪᠥᠬᠦ ᠬᠤᠲᠠ ᠶᠢᠨ ᠪᠥᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠪᠦᠲᠦᠴᠡ ᠶᠢ ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃    ᠪᠡᠯᠡ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠤ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠪᠣᠯᠤᠨ ᠪᠡᠯᠡ ᠣᠷᠣᠭᠤᠯᠤᠯᠲᠠ ᠶᠢᠨ ᠪᠦᠲᠦᠴᠡ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ‍ᠤᠨ‌ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ ᠮᠡᠳᠡᠯ ᠪᠣᠯᠤᠨ ᠵᠠᠰᠠᠭ ‍ᠤᠨ‌ᠣᠷᠳᠣᠨ ᠤ ᠬᠢᠨᠠᠨ ᠵᠥᠪᠰᠢᠶᠡᠷᠡᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠭᠠᠷᠴᠠᠭ ᠢ ᠲᠤᠭᠤᠷᠪᠢᠨ ᠲᠣᠭᠲᠠᠭᠠᠨ᠎ᠠ᠃ ᠪᠥᠬᠦ ᠬᠤᠲᠠ ᠶᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠲᠥᠯᠥᠪᠯᠡᠭᠡ ᠶᠢ ᠬᠤᠷᠢᠶᠠᠩᠭᠤᠶᠢᠯᠠᠨ ᠳᠡᠭᠡᠭᠰᠢ ᠮᠡᠳᠡᠭᠦᠯᠵᠦ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠢᠬᠤᠯᠠ ᠶᠡᠭᠡ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠢᠨᠠᠨ ᠬᠠᠷᠭᠤᠭᠤᠯᠬᠤ᠂  ᠳᠠᠮᠵᠢᠭᠤᠯᠤᠨ ᠮᠡᠳᠡᠭᠦᠯᠬᠦ ᠠᠵᠢᠯ ᠢ ᠪᠡᠶᠡᠯᠡᠭᠦᠯᠦᠨ᠎ᠡ᠃ ᠴᠢᠬᠤᠯᠠ ᠶᠡᠭᠡ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ ᠲᠥᠯᠥᠪᠵᠢᠭᠦᠯᠦᠨ᠎ᠡ᠃ ᠠᠷᠠᠳ ᠤᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠰᠢᠨ᠎ᠡ ᠮᠠᠶ᠋ᠢᠭ  ᠤᠨ ᠬᠤᠳᠠ ᠪᠠᠯᠭᠠᠰᠤᠵᠢᠯᠳᠠ ᠶᠢᠨ ᠪᠠᠶᠢᠯᠳᠤᠬᠤ ᠪᠤᠳᠤᠯᠭ᠎ᠠ ᠪᠠ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠲᠥᠯᠥᠪᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠥᠭᠡᠨ ᠲᠣᠭᠠᠲᠤ ᠦᠨᠳᠦᠰᠦᠲᠡᠨ ᠤ ᠣᠷᠣᠨ᠂ ᠬᠢᠯᠢ ᠬᠢᠵᠠᠭᠠᠷ ᠣᠷᠣᠨ ᠂ ᠶᠠᠳᠠᠭᠤ ᠬᠦᠴᠢᠷᠳᠡᠯᠲᠡᠶ ᠭᠠᠵᠠᠷ ᠣᠷᠣᠨ ᠵᠢᠴᠢ ᠪᠤᠰᠤᠳ ᠣᠨᠴᠠᠭᠠᠶ ᠬᠦᠴᠢᠷᠳᠡᠯ ᠲᠠᠢ ᠭᠠᠵᠠᠷ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ  ᠨᠠᠶᠢᠳᠠᠪᠤᠷᠢᠵᠢᠭᠤᠯᠤᠨ᠎ᠠ᠃ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠵᠡᠷᠭᠡ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃    ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠳᠪᠦᠷᠢᠯᠡᠯ ᠤᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠬᠥᠭᠵᠢᠯᠲᠡ ᠶᠢᠨ ᠲᠥᠯᠥᠪᠵᠢᠭᠦᠯᠭᠡ ᠪᠠ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠨᠢᠭᠡᠳᠦᠯᠲᠡᠶ ᠲᠥᠯᠥᠪᠯᠡᠨ ᠵᠣᠯᠭᠠᠭᠤᠯᠤᠨ᠎ᠠ᠃ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂   ᠦᠢᠯᠡᠴᠢᠯᠡᠭᠡᠨ ᠤ ᠦᠢᠯᠡᠰ ᠵᠢᠴᠢ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠯᠡᠭᠡᠨ ᠤ ᠬᠤᠪᠢᠷᠠᠯᠲᠠ ᠶᠢᠨ ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠶ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ ᠬᠡᠷᠡᠭᠵᠢᠭᠦᠯᠦᠨ᠎ᠡ᠃    ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠴᠢᠬᠤᠯᠠ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠶᠢ ᠲᠦᠯᠬᠢᠨ ᠠᠬᠢᠭᠤᠯᠬᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠰᠢᠨ᠎ᠡ ᠶᠢ ᠡᠭᠦᠳᠬᠦ ᠬᠥᠭᠵᠢᠯᠲᠡ ᠪᠠ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠬᠤ ᠰᠠᠨᠠᠭᠤᠯᠭ᠎ᠠ ᠶᠢ ᠳᠤᠷᠠᠳᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢ ᠲᠥᠯᠥᠪᠵᠢᠭᠦᠯᠦᠨ ᠪᠠᠶᠢᠷᠢᠯᠠᠭᠤᠯᠤᠨ᠎ᠠ᠃ ᠳᠡᠭᠡᠳᠦ ᠮᠡᠷᠭᠡᠵᠢᠯ ᠤᠨ ᠠᠵᠤ ᠦᠢᠯᠡᠰ ᠪᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠦᠷᠦ  ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠲᠡᠰ ᠳᠡᠪᠰᠢᠬᠦ᠂ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃    ᠠᠵᠤ ᠠᠬᠤᠶ ᠶᠢᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠳᠤ ᠬᠤᠯᠪᠣᠭᠳᠠᠬᠤ ᠡᠯ᠎ᠡ ᠲᠥᠷᠥᠯ ᠤᠨ ᠲᠦᠭᠰᠢᠭᠦᠷᠢ ᠶᠢᠨ ᠳᠠᠯᠳᠠ ᠬᠡᠮ ᠢ ᠮᠥᠷᠳᠡᠨ ᠰᠤᠳᠤᠯᠤᠨ ᠮᠠᠭᠠᠳᠯᠠᠵᠤ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ  ᠳᠤᠷᠠᠳᠤᠨ᠎ᠠ᠃ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠬᠤᠷᠸ᠎ᠠ ᠲᠤᠬᠢᠷᠠᠭᠤᠯᠤᠯ ᠡᠵᠡᠮᠳᠡᠯ ᠢ ᠬᠠᠷᠢᠭᠤᠴᠠᠵᠤ᠂ ᠴᠢᠬᠤᠯᠠ ᠠᠵᠤ ᠦᠢᠯᠡᠳᠪᠦᠷᠢ ᠶᠢᠨ ᠦᠢᠯᠡᠳᠬᠦᠨ᠂ ᠲᠦᠭᠦᠬᠡᠶ ᠮᠠᠲ᠋ᠧᠷᠢᠶᠠᠯ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠢᠷᠠᠭᠤᠯᠤᠯ ᠡᠵᠡᠮᠳᠡᠯ ᠤᠨ ᠰᠠᠨᠠᠯ ᠢ ᠳᠤᠷᠠᠳᠬᠤ  ᠪᠠᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠥᠭᠡᠴᠡᠯᠡᠬᠦ ᠡᠳ᠋ ᠪᠣᠳᠠᠰ ᠤᠨ ᠲᠦᠷᠦᠯ ᠵᠦᠢᠯ ᠤᠨ ᠭᠠᠷᠴᠠᠭ᠂ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃    ᠨᠡᠶᠢᠭᠡᠮ ᠤᠨ ᠬᠥᠭᠵᠢᠯᠲᠡ ᠪᠠ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠪᠣᠯᠤᠨ ᠲᠦᠷᠦ ᠶᠢᠨ ᠪᠤᠳᠤᠯᠭ᠎ᠠ ᠶᠢᠨ ᠵᠣᠯᠭᠠᠯᠳᠤᠯ ᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠶᠡᠷᠦᠩᠬᠡᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯ ᠣᠯᠭᠤᠯᠲᠠ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠶ ᠶᠢᠨ ᠵᠣᠬᠢᠴᠠᠩᠭᠤᠶ ᠬᠥᠭᠵᠢᠯᠲᠡ ᠶᠢ ᠲᠡᠭᠦᠯᠳᠡᠷᠵᠢᠭᠦᠯᠬᠦ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ ᠪᠥᠬᠦ ᠬᠤᠲᠠ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠠᠬᠢᠭᠤᠯᠤᠨ᠎ᠠ᠃    ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢ ᠪᠦᠷᠢᠨᠰᠢᠬᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠤᠷᠠᠳᠴᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃    ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠵᠣᠬᠢᠴᠠᠩᠭᠤᠶ ᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠤᠯᠤᠰ ᠠᠷᠠᠳ ᠤᠨ ᠠᠵᠤ ᠠᠬᠤᠶ ᠶᠢᠨ ᠲᠠᠶᠢᠴᠢᠯᠠᠯᠳᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠤᠯᠤᠰ ᠠᠷᠠᠳ ᠤᠨ ᠠᠵᠤ ᠠᠬᠤᠶ ᠶᠢᠨ ᠲᠠᠶᠢᠴᠢᠯᠠᠯᠳᠠ ᠶᠢᠨ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ᠎ᠠ᠃    ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ ᠡᠨᠧᠷᠭᠢ ᠶᠢᠨ ᠰᠤᠷᠪᠤᠯᠵᠢ ᠶᠢᠨ ᠪᠠᠶᠢᠭᠤᠯᠤᠯ  ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠪᠠ ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃    ᠪᠥᠬᠦ ᠬᠤᠲᠠ ᠶᠢᠨ ᠨᠡᠭᠦᠷᠡᠰᠦ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠶ᠂ ᠰᠢᠨ᠎ᠡ ᠡᠨᠧᠷᠭᠢ ᠶᠢᠨ ᠰᠤᠷᠪᠤᠯᠵᠢ ᠪᠠ ᠣᠷᠴᠢᠯ ᠡᠨᠧᠷᠭᠢ ᠶᠢᠨ ᠰᠤᠷᠪᠤᠯᠵᠢ ᠵᠢᠴᠢ ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠲᠦᠯᠡᠰᠢ ᠪᠣᠯᠭᠠᠬᠤ ᠪᠠ ᠰᠢᠲᠠᠭᠠᠯᠭ᠎ᠠ ᠶᠢᠨ ᠡᠲ᠋ᠢᠯ ᠠᠯᠺᠣᠣᠯ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢ ᠡᠭᠦᠷᠭᠡᠯᠡᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠬᠤᠲᠠ ᠶᠢᠨ ᠡᠨᠧᠷᠭᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ  ᠵᠦᠢᠯ ᠢ ᠬᠢᠨᠠᠨ ᠵᠥᠪᠰᠢᠶᠡᠷᠡᠬᠦ᠂ ᠬᠢᠨᠠᠨ ᠬᠠᠷᠭᠤᠭᠤᠯᠬᠤ᠂ ᠳᠠᠩᠰᠠᠯᠠᠬᠤ᠂ ᠳᠠᠮᠵᠢᠭᠤᠯᠤᠨ ᠮᠡᠳᠡᠭᠦᠯᠬᠦ  ᠶᠢ ᠬᠠᠷᠢᠭᠤᠴᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠶᠢᠨ ᠬᠥᠭᠵᠢᠯᠲᠡ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃   ᠪᠦᠬᠦ ᠬᠤᠲᠠ ᠶᠢᠨ ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠯ᠂ ᠠᠵᠢᠯᠯᠠᠭᠠᠨ ᠪᠠ ᠬᠠᠮᠢᠶᠠᠷᠤᠯᠲᠠ ᠶᠢ ᠬᠠᠷᠢᠭᠤᠴᠠᠵᠤ᠂ ᠡᠨᠧᠷᠭᠢ ᠶᠢᠨ ᠰᠤᠷᠪᠤᠯᠵᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠨ᠎ᠠ᠃ ᠪᠦᠬᠦ ᠬᠤᠳᠠ ᠶᠢᠨ ᠡᠨᠧᠷᠭᠢ ᠶᠢᠨ ᠰᠤᠷᠪᠤᠯᠵᠢ ᠶᠢᠨ ᠭᠠᠳᠠᠭᠠᠳᠤ ᠬᠠᠮᠲᠤᠷᠠᠯᠴᠠᠭ᠎ᠠ ᠶᠢ ᠥᠷᠨᠢᠭᠦᠯᠵᠦ᠂ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠠᠵᠢᠯ ᠢ ᠵᠣᠬᠢᠴᠠᠭᠤᠯᠤᠨ ᠠᠬᠢᠭᠤᠯᠤᠨ᠎ᠠ᠃ ᠪᠦᠬᠦ ᠬᠤᠳᠠ ᠶᠢᠨ ᠡᠨᠧᠷᠭᠢ ᠶᠢᠨ ᠰᠤᠷᠪᠤᠯᠵᠢ ᠶᠢᠨ ᠠᠵᠢᠯ ᠲᠦᠷᠦᠯ ᠤᠨ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠬᠠᠷᠢᠭᠤᠴᠠᠵᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠠᠷᠠᠯᠲᠠ ᠶᠢᠨ ᠰᠠᠨᠠᠭᠤᠯᠭ᠎ᠠ ᠶᠢ ᠳᠤᠷᠠᠳᠴᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠠᠵᠢᠯ ᠢ ᠵᠢᠯᠣᠭᠤᠳᠤᠨ ᠵᠣᠬᠢᠴᠠᠭᠤᠯᠵᠤ᠂ ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠪᠠ ᠬᠠᠩᠭᠠᠯᠭ᠎ᠠ ᠶᠢ ᠬᠠᠷᠢᠭᠤᠴᠠᠨ᠎ᠠ  ᠃    ᠪᠥᠬᠦ ᠬᠤᠲᠠ ᠶᠢᠨ ᠴᠠᠬᠢᠯᠭᠠᠨ ᠬᠦᠴᠦᠨ ᠤ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠬᠤ ᠶᠢ ᠬᠠᠷᠢᠭᠤᠴᠠᠵᠤ᠂ ᠴᠠᠬᠢᠯᠭᠠᠨ ᠬᠦᠴᠦᠨ ᠤ ᠠᠵᠢᠯᠯᠠᠭᠠᠨ ᠪᠠ ᠴᠠᠬᠢᠯᠭᠠᠨ ᠲᠣᠤᠷ ᠤᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠪᠥᠬᠦ ᠬᠤᠲᠠ ᠶᠢᠨ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠤ ᠠᠮᠤᠷ ᠲᠦᠪᠰᠢᠨ ᠪᠠ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠢ ᠵᠢᠯᠣᠭᠤᠳᠴᠤ᠂ ᠪᠥᠬᠦ ᠬᠤᠲᠠ ᠶᠢᠨ ᠴᠠᠬᠢᠯᠭᠠᠨ ᠬᠦᠴᠦᠨ ᠤ ᠪᠡᠯᠡᠳᠬᠡᠮᠵᠢ ᠶᠢ ᠬᠠᠮᠠᠭᠠᠯᠠᠬᠤ ᠪᠠ ᠴᠠᠬᠢᠯᠭᠠᠨ ᠬᠦᠴᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠴᠠᠬᠢᠯᠭᠠᠨ ᠬᠦᠴᠦᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃    ᠪᠥᠬᠦ ᠬᠤᠲᠠ ᠶᠢᠨ ᠨᠡᠭᠦᠷᠡᠰᠦᠨ ᠠᠭᠤᠷᠬᠠᠶ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢ ᠣᠷᠳᠣ ᠬᠤᠯᠠ ᠳᠠᠮᠵᠢᠭᠤᠯᠬᠤ ᠬᠤᠭᠤᠯᠠᠶ ᠶᠢᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠠᠶᠤᠯ ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ ᠰᠠᠭᠤᠷᠢ ᠪᠥᠲᠥᠭᠡᠨ  ᠪᠠᠶᠢᠭᠤᠯᠤᠯᠲᠠ ᠪᠠ ᠪᠣᠯᠪᠠᠰᠤᠷᠠᠭᠤᠯᠤᠯ ᠢ ᠵᠢᠯᠣᠭᠤᠳᠤᠨ᠎ᠠ᠃ ᠪᠥᠬᠦ ᠬᠤᠲᠠ ᠶᠢᠨ ᠨᠡᠭᠦᠷᠡᠰᠦᠨ ᠠᠭᠤᠷᠬᠠᠶ ᠶᠢᠨ ᠭᠠᠯ ᠨᠣᠴᠣᠭᠰᠠᠨ ᠣᠷᠣᠨ᠂ ᠮᠠᠯᠲᠠᠵᠤ ᠬᠥᠨᠳᠡᠶᠢᠷᠡᠭᠦᠯᠦᠭᠰᠡᠨ ᠣᠷᠣᠨ᠂ ᠳᠣᠷᠣᠭᠰᠢ ᠰᠠᠭᠤᠭᠰᠠᠨ ᠣᠷᠣᠨ ᠵᠡᠷᠭᠡ ᠶᠢᠨ ᠭᠠᠶ ᠭᠠᠮᠰᠢᠭ ᠢ ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ᠎ᠡ᠃ ᠪᠥᠬᠦ ᠬᠤᠲᠠ ᠶᠢᠨ ᠡᠨᠧᠷᠭᠢ ᠶᠢᠨ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠵᠤ᠂ ᠡᠨᠧᠷᠭᠢ ᠶᠢᠨ ᠠᠵᠢᠯᠯᠠᠭᠠᠨ ᠤ ᠲᠣᠬᠢᠷᠠᠭᠤᠯᠤᠯᠲᠠ ᠪᠠ ᠪᠠᠴᠢᠮ ᠪᠠᠶᠢᠳᠠᠯ ᠢ  ᠠᠷᠭᠠᠴᠠᠭᠠᠬᠤ ᠪᠠᠲᠤᠯᠠᠭ᠎ᠠ ᠳᠤ ᠣᠷᠣᠯᠴᠠᠨ᠎ᠠ᠃    ᠪᠦᠬᠦ ᠬᠤᠲᠠ ᠶᠢᠨ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠤᠨ ᠨᠥᠭᠡᠴᠡᠯᠡᠯᠲᠡ ᠶᠢᠨ ᠪᠠᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠨᠠᠶᠢᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠴᠢᠬᠤᠯᠠ ᠡᠳ᠋ ᠪᠠᠷᠠᠭ᠎ᠠ ᠶᠢ ᠨᠥᠭᠡᠴᠡᠯᠡᠬᠦ ᠲᠥᠯᠥᠪᠵᠢᠭᠦᠯᠭᠡ ᠪᠠ ᠨᠥᠭᠡᠴᠡᠯᠡᠬᠦ ᠲᠥᠷᠥᠯ ᠵᠦᠢᠯ ᠤᠨ ᠭᠠᠷᠴᠠᠭ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠴᠢᠬᠤᠯᠠ ᠨᠥᠭᠡᠴᠡᠯᠡᠬᠦ ᠡᠳ᠋ ᠪᠠᠷᠠᠭ᠎ᠠ ᠶᠢ ᠬᠤᠷᠢᠶᠠᠨ ᠬᠠᠳᠠᠭᠠᠯᠠᠬᠤ᠂ ᠡᠭᠡᠯᠵᠢᠯᠡᠨ ᠰᠣᠯᠢᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠥᠬᠦᠶ ᠬᠥᠳᠡᠯᠭᠡᠨ ᠬᠡᠷᠡᠭᠯᠡᠬᠦ ᠲᠥᠯᠥᠪᠯᠡᠭᠡ ᠪᠠ ᠵᠠᠷᠯᠢᠭ ᠢ ᠨᠠᠶᠢᠳᠠᠪᠤᠷᠢᠵᠢᠭᠤᠯᠤᠨ᠎ᠠ᠃    ᠪᠥᠬᠦ ᠬᠤᠲᠠ ᠶᠢᠨ ᠠᠮᠤ ᠪᠤᠳᠠᠭ᠎ᠠ᠂ ᠡᠮ ᠤᠨ ᠵᠦᠢᠯ ᠤᠨ ᠨᠥᠭᠡᠴᠡᠯᠡᠯᠲᠡ ᠪᠠ ᠭᠠᠮᠰᠢᠭ ᠠᠴᠠ ᠠᠪᠤᠷᠬᠠᠤ ᠡᠳ᠋ ᠪᠣᠳᠠᠰ ᠤᠨ ᠨᠥᠭᠡᠴᠡᠯᠡᠯᠲᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠬᠤᠲᠠ ᠶᠢᠨ ᠳᠣᠲᠣᠷ᠎ᠠ ᠭᠠᠳᠠᠨᠠᠬᠢ ᠠᠮᠤ ᠪᠤᠳᠠᠭ᠎ᠠ ᠪᠠ ᠨᠥᠭᠡᠴᠡᠯᠡᠬᠦ ᠡᠳ᠋ ᠪᠣᠳᠠᠰ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠬᠢᠨᠠᠨ ᠬᠡᠮᠵᠢᠨ᠎ᠡ᠃ ᠪᠦᠬᠦ ᠬᠤᠲᠠ ᠶᠢᠨ ᠠᠮᠤ ᠪᠤᠳᠠᠭᠠᠨ ᠤ ᠭᠦᠢᠯᠭᠡᠭᠡᠨ ᠤ ᠬᠤᠷᠸ᠎ᠠ ᠲᠣᠬᠢᠷᠠᠭᠤᠯᠤᠯ ᠡᠵᠡᠮᠳᠡᠯ ᠤᠨ ᠪᠣᠳᠠᠲᠠᠶ ᠠᠵᠢᠯ ᠢ ᠡᠭᠦᠷᠭᠡᠯᠡᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭ᠎ᠠ ᠪᠠ ᠴᠡᠷᠢᠭ ᠤᠨ ᠠᠮᠤ ᠪᠤᠳᠠᠭᠠᠨ ᠤ ᠬᠠᠩᠭᠠᠯᠭ᠎ᠠ ᠪᠠ ᠬᠠᠮᠢᠶᠠᠷᠤᠯᠲᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠶ ᠶᠢᠨ ᠭᠥᠭᠵᠢᠯᠲᠡ ᠶᠢ ᠠᠬᠢᠭᠤᠯᠤᠨ᠎ᠠ᠃    ᠠᠮᠤ ᠪᠤᠳᠠᠭ᠎ᠠ ᠪᠠ ᠡᠳ᠋ ᠪᠣᠳᠠᠰ ᠢ ᠨᠥᠭᠡᠴᠡᠯᠡᠨ ᠬᠠᠳᠠᠭᠠᠯᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠠᠮᠤ ᠪᠤᠳᠠᠭᠠᠨ ᠤ ᠭᠦᠢᠯᠭᠡᠭᠡᠨ ᠤ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠤᠲᠠ ᠶᠢᠨ ᠱᠠᠲᠤᠨ ᠤ ᠠᠮᠤ ᠪᠤᠳᠠᠭ᠎ᠠ᠂ ᠡᠮ ᠤᠨ ᠵᠦᠢᠯ ᠢ ᠨᠥᠭᠡᠴᠡᠯᠡᠬᠦ ᠪᠠ ᠭᠠᠮᠰᠢᠭ ᠠᠴᠠ ᠠᠪᠤᠷᠬᠠᠤ ᠡᠳ᠋ ᠪᠠᠷᠠᠭ᠎ᠠ ᠶᠢ ᠳᠠᠭᠠᠭᠠᠨ ᠨᠥᠭᠡᠴᠡᠯᠡᠬᠦ ᠨᠢᠭᠡᠴᠡ ᠶᠢᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ᠪᠥᠬᠦ ᠬᠤᠲᠠ ᠶᠢᠨ ᠨᠥᠭᠡᠴᠡᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠵᠤ᠂ ᠨᠥᠭᠡᠴᠡᠯᠡᠬᠦ ᠰᠠᠭᠤᠷᠢ ᠪᠡᠯᠡᠳᠬᠡᠮᠵᠢ᠂ ᠠᠮᠤ ᠪᠤᠳᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠥᠬᠦᠶ ᠨᠥᠭᠡᠴᠡᠯᠡᠬᠦ ᠰᠠᠭᠤᠷᠢ ᠪᠡᠯᠡᠳᠬᠡᠮᠵᠢ ᠪᠠ ᠠᠮᠤ ᠪᠤᠳᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠲᠥᠷᠥᠯ  ᠵᠦᠢᠯ ᠢ ᠬᠠᠮᠢᠶᠠᠷᠤᠨ᠎ᠠ᠃    ᠬᠠᠮᠢᠶᠠᠷᠴᠤ ᠪᠠᠶᠢᠭ᠎ᠠ ᠵᠠᠰᠠᠭ ᠤᠨ ᠣᠷᠳᠣᠨ ᠤ ᠨᠥᠭᠡᠴᠡ᠂ ᠠᠵᠤ ᠠᠬᠤᠶᠢᠯᠠᠯ ᠤᠨ ᠨᠥᠭᠡᠴᠡ ᠵᠢᠴᠢ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠠᠩᠭᠢᠯᠠᠭ᠎ᠠ ᠶᠢᠨ ᠠᠮᠤ ᠪᠤᠳᠠᠭᠠᠨ ᠤ ᠶᠠᠰᠤ ᠴᠢᠨᠠᠷ ᠤᠨ ᠠᠶᠤᠯᠭᠦᠶ ᠪᠠᠶᠢᠬᠤ ᠪᠠ ᠬᠠᠷ᠎ᠠ ᠠᠮᠤ ᠶᠢᠨ ᠠᠷᠢᠭᠤᠨ ᠴᠡᠪᠡᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠠᠮᠤ ᠪᠤᠳᠠᠭ᠎ᠠ ᠪᠠ ᠡᠳ᠋ ᠪᠣᠳᠠᠰ ᠤᠨ ᠬᠥᠮᠥᠷᠭᠡ ᠶᠢᠨ ᠬᠠᠳᠠᠭᠠᠯᠠᠯᠲᠠ ᠶᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠪᠠ ᠬᠤᠰᠢᠭᠤ ᠰᠢᠶᠠᠨ ᠲᠣᠭᠤᠷᠢᠭ ᠤᠨ ᠳᠠᠷᠤᠭ᠎ᠠ ᠶᠢᠨ ᠬᠠᠷᠢᠭᠤᠴᠠᠯᠭ᠎ᠠ ᠵᠢᠨ‌‍ᠲ᠋ᠦ᠋ᠷᠢᠮ ᠢ ᠨᠠᠶᠢᠳᠠᠪᠤᠷᠢᠵᠢᠭᠤᠯᠤᠨ᠎ᠠ᠃    ᠪᠥᠬᠦ ᠬᠤᠲᠠ ᠶᠢᠨ ᠠᠮᠤ ᠪᠤᠳᠠᠭᠠᠨ ᠤ  ᠭᠦᠢᠯᠭᠡᠭᠡᠨ ᠤ ᠠᠵᠢᠯ ᠲᠥᠷᠥᠯ ᠤᠨ ᠬᠠᠮᠢᠶᠠᠷᠤᠯᠲᠠ ᠪᠠ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠨ᠂ ᠠᠮᠤ ᠪᠤᠳᠠᠭᠠᠨ ᠤ  ᠭᠦᠢᠯᠭᠡᠭᠡᠨ ᠪᠠ ᠡᠳ᠋ ᠪᠣᠳᠠᠰ ᠨᠥᠭᠡᠴᠡᠯᠡᠬᠦ ᠪᠠᠷᠢᠮᠵᠢᠶ᠎ᠠ᠂ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠮᠡᠷᠭᠡᠵᠢᠯ ᠤᠨ ᠵᠢᠷᠤᠮᠵᠢᠯ  ᠳᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠭᠠᠳᠠᠭᠠᠳᠤ ᠲᠠᠢ ᠬᠠᠮᠲᠤᠷᠠᠨ ᠠᠵᠢᠯᠯᠠᠬᠤ ᠪᠠ ᠰᠣᠯᠢᠯᠴᠠᠭ᠎ᠠ ᠬᠢᠬᠦ ᠶᠢ ᠬᠠᠷᠢᠭᠤᠴᠠᠨ᠎ᠠ᠃    ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠺᠣᠮᠢᠰ ᠤᠨ ᠡᠩ ᠤᠨ ᠠᠵᠢᠯᠯᠠᠭᠠᠨ ᠢ ᠡᠭᠦᠷᠭᠡᠯᠡᠨ᠎ᠡ᠃    ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄    1. ᠤᠯᠠᠭᠠᠨᠬᠠᠳᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠦᠨᠡᠯᠡᠨ ᠵᠢᠱᠢᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠬᠥᠮᠦᠨ ᠠᠮᠠ ᠶᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠲᠦᠷᠢᠮ ᠢ ᠪᠠᠶᠢᠭᠤᠯᠵᠤ᠂ ᠴᠢᠬᠤᠯᠠ ᠶᠡᠭᠡ  ᠰᠢᠢᠳᠪᠦᠷᠢᠲᠦ ᠪᠤᠳᠤᠯᠭ᠎ᠠ ᠶᠢᠨ ᠬᠥᠮᠦᠨ ᠠᠮᠠ ᠶᠢᠨ ᠨᠥᠯᠥᠭᠡ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ ᠂ ᠬᠥᠮᠦᠨ ᠠᠮᠠ ᠶᠢᠨ ᠬᠥᠭᠵᠢᠯᠲᠡ ᠶᠢᠨ ᠴᠢᠬᠤᠯᠠ ᠶᠡᠭᠡ ᠲᠥᠯᠥᠪᠵᠢᠭᠦᠯᠭᠡ ᠪᠠ ᠬᠥᠮᠦᠨ ᠠᠮᠠ ᠶᠢᠨ ᠲᠤᠬᠠᠶ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠬᠥᠮᠦᠨ ᠠᠮᠠ ᠬᠢᠭᠡᠳ ᠠᠵᠤ ᠠᠬᠤᠶ᠂ ᠨᠡᠶᠢᠭᠡᠮ᠂ ᠡᠬᠢ ᠪᠠᠶᠠᠯᠢᠭ᠂ ᠣᠷᠴᠢᠨ ᠠᠬᠤᠶ ᠶᠢᠨ ᠵᠣᠬᠢᠴᠠᠩᠭᠤᠶ ᠦᠷᠭᠦᠯᠵᠢᠯᠡᠬᠦ ᠬᠥᠭᠵᠢᠯᠲᠡ ᠵᠢᠴᠢ ᠬᠥᠮᠦᠨ ᠠᠮᠠ ᠶᠢᠨ ᠤᠷᠳᠤ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠥᠮᠦᠨ ᠠᠮᠠ ᠶᠢᠨ ᠬᠢᠨᠠᠨ ᠬᠡᠮᠵᠢᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠷᠢᠭᠤᠴᠠᠨ ᠥᠷᠨᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠦᠷᠡᠵᠢᠯ ᠯᠦᠭᠡ ᠬᠤᠯᠪᠣᠭᠳᠠᠬᠤ ᠬᠥᠮᠦᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠲᠠᠷᠬᠠᠯᠲᠠ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠪᠠ ᠬᠠᠮᠢᠶ᠎ᠠ ᠪᠥᠬᠦᠶ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠢᠵᠢ ᠪᠥᠷᠢᠳᠦᠭᠦᠯᠦᠨ ᠵᠣᠯᠭᠠᠭᠤᠯᠬᠤ ᠶᠢ ᠠᠬᠢᠭᠤᠯᠵᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠬᠤᠲᠠ ᠶᠢᠨ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠠᠬᠢ ᠬᠤᠯᠪᠣᠭᠳᠠᠯ ᠪᠥᠬᠦᠶ ᠡᠭᠦᠷᠭᠡ ᠶᠢ ᠨᠠᠶᠢᠳᠠᠪᠤᠷᠢᠵᠢᠭᠤᠯᠤᠨ᠎ᠠ᠃    2. ᠤᠯᠠᠭᠠᠨᠬᠠᠳᠠ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠤᠳᠠᠯᠳᠤᠭᠠᠨ ᠤ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠳᠠ ᠶᠢᠨ ᠡᠨᠧᠷᠭᠢ ᠶᠢᠨ ᠲᠣᠪᠴᠢᠶ᠎ᠠ︶ ᠪᠦᠬᠦ ᠬᠤᠳᠠ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ  ᠬᠡᠮᠵᠢᠶ᠎ᠡ ᠶᠢᠨ ᠵᠢᠱᠢᠭᠰᠡᠨ ᠲᠤᠬᠢᠷᠠᠭᠤᠯᠤᠯ ᠡᠵᠡᠮᠳᠡᠯ ᠤᠨ ᠬᠠᠷᠠᠯᠲᠠ ᠪᠠ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠶᠢᠨ ᠲᠥᠰᠦᠯ ᠢ ᠬᠢᠨᠠᠨ ᠲᠣᠭᠲᠠᠭᠠᠵᠤ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠪᠠ᠃    3. ᠤᠯᠠᠭᠠᠨᠬᠠᠳᠠ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶ ᠨᠢ ᠪᠥᠬᠦ ᠬᠤᠲᠠ ᠶᠢᠨ ᠭᠠᠮᠰᠢᠭ ᠠᠴᠠ ᠠᠪᠤᠷᠬᠠᠤ ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠪᠠ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠭᠠᠮᠰᠢᠭ ᠠᠴᠠ ᠠᠪᠤᠷᠬᠠᠤ ᠡᠳ᠋ ᠪᠣᠳᠠᠰ ᠢ ᠬᠤᠷᠢᠶᠠᠨ ᠬᠠᠳᠠᠭᠠᠯᠠᠬᠤ᠂ ᠡᠭᠡᠯᠵᠢᠯᠡᠨ ᠰᠣᠯᠢᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠵᠤ᠂ ᠬᠡᠷᠡᠭᠯᠡᠬᠦ ᠵᠠᠷᠯᠢᠭ ᠢ ᠦᠨᠳᠦᠰᠦᠯᠡᠨ ᠲᠠᠰ ᠳᠠᠷᠠᠭᠠᠯᠠᠯ ᠢᠶᠠᠷ ᠵᠣᠬᠢᠶᠠᠨ ᠪᠠᠶᠢᠭᠤᠯᠵᠤ ᠰᠢᠯᠵᠢᠭᠦᠯᠦᠨ ᠭᠠᠷᠭᠠᠨ᠎ᠠ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠬᠤᠲᠠ ᠶᠢᠨ ᠭᠠᠮᠰᠢᠭ ᠠᠴᠠ ᠠᠪᠤᠷᠬᠠᠤ ᠡᠳ᠋ ᠪᠠᠷᠠᠭ᠎ᠠ ᠶᠢ ᠨᠥᠭᠡᠴᠡᠯᠡᠬᠦ ᠬᠡᠷᠡᠭᠴᠡᠭᠡ ᠱᠠᠭᠠᠷᠳᠠᠯᠭ᠎ᠠ ᠪᠠ ᠬᠡᠷᠡᠭᠯᠡᠬᠦ ᠰᠢᠢᠳᠪᠦᠷᠢᠲᠤ ᠪᠣᠳᠣᠯᠭ᠎ᠠ ᠶᠢ ᠬᠠᠷᠢᠭᠤᠴᠠᠨ ᠳᠤᠷᠠᠳᠴᠤ᠂ ᠪᠥᠬᠦ ᠬᠤᠲᠠ ᠶᠢᠨ ᠭᠠᠮᠰᠢᠭ ᠠᠴᠠ ᠠᠪᠤᠷᠬᠠᠤ ᠡᠳ᠋ ᠪᠠᠷᠠᠭ᠎ᠠ ᠶᠢ ᠨᠥᠭᠡᠴᠡᠯᠡᠬᠦ ᠲᠥᠯᠥᠪᠵᠢᠭᠦᠯᠭᠡ᠂ ᠲᠥᠷᠥᠯ  ᠵᠦᠢᠯ ᠤᠨ ᠭᠠᠷᠴᠠᠭ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠤᠯᠠᠭᠠᠨᠬᠠᠳᠠ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠠᠮᠤ ᠪᠤᠳᠠᠭ᠎ᠠ ᠪᠠ ᠡᠳ᠋ ᠪᠠᠷᠠᠭ᠎ᠠ ᠶᠢ ᠨᠥᠭᠡᠴᠡᠯᠡᠬᠦ ᠲᠣᠪᠴᠢᠶ᠎ᠠ︶ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠣᠨ ᠤ ᠬᠤᠳᠠᠯᠳᠤᠨ ᠠᠪᠬᠤ ᠲᠥᠯᠥᠪᠯᠡᠭᠡ ᠶᠢ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠬᠡᠷᠡᠭᠯᠡᠬᠦ ᠵᠠᠷᠯᠢᠭ ᠪᠠᠭᠤᠯᠭᠠᠨ᠎ᠠ᠃    ᠬᠠᠷᠢᠭᠤᠴᠠᠯᠭᠠᠲᠠᠨ᠄  ᠵᠦᠩ ᠵᠢᠶᠠ ᠶᠠᠩ    ᠠᠵᠢᠯᠯᠠᠬᠤ ᠬᠠᠶ᠋ᠢᠭ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ 6 ᠳ᠋ᠤᠭᠠᠷ ᠠᠰᠠᠷ ᠤᠨ ᠪᠠᠷᠠᠭᠤᠨ ᠲᠠᠯ᠎ᠠ    ᠠᠯᠪᠠᠨ ᠤᠲᠠᠰᠤ᠄ 0476-8331736    ᠠᠵᠢᠯᠯᠠᠬᠤ ᠴᠠᠭ᠄ ᠦᠳᠡ ᠶᠢᠨ ᠡᠮᠦᠨ᠎ᠡ 8᠄ 30 — 12᠄ 00                    ᠦᠳᠡ ᠶᠢᠨ ᠬᠤᠶᠢᠨ᠎ᠠ 2᠄ 30 — 5᠄ 30
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ