ᠭᠤᠣᠯ ᠡᠭᠦᠷᠭᠡ ᠬᠠᠷᠢᠭᠤᠴᠠᠯᠭ᠎ᠠ᠄ | ᠤᠯᠠᠭᠠᠨᠬᠠᠳᠠ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠪᠣᠯ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠭᠠᠵᠠᠷ ᠤᠨ ᠲᠠᠰ ᠪᠣᠯᠤᠨ᠎ᠠ᠃ ᠤᠯᠠᠭᠠᠨᠬᠠᠳᠠ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ | ᠬᠡᠷ ᠨᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠠᠷᠭ᠎ᠠ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤᠮᠳᠠ ᠪᠠᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠬᠠᠮᠢᠶ᠎ᠠ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ | ᠬᠤᠳᠠ ᠶᠢᠨ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ᠂ ᠣᠨ ᠤ ᠲᠥᠯᠥᠪᠯᠡᠭᠡ | ᠪᠠ ᠠᠵᠢᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠰᠢᠭᠤ ᠰᠢᠶᠠᠨ ᠤ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ | ᠬᠠᠷᠢᠭᠤᠴᠠᠨ ᠵᠣᠬᠢᠶᠠᠨ ᠪᠠᠶᠢᠭᠤᠯᠬᠤ ᠶᠢᠨ ᠬᠠᠮᠲᠤ ᠬᠤᠳᠠ ᠶᠢᠨ ᠶᠡᠷᠦᠩᠬᠡᠶ ᠲᠥᠯᠥᠪᠵᠢᠭᠦᠯᠭᠡ ᠳᠤ ᠣᠷᠤᠭᠤᠯᠤᠨ᠎ᠠ᠃ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠯᠥᠪᠵᠢᠭᠦᠯᠭᠡ᠂ ᠪᠥᠳᠥᠭᠡᠨ ᠪᠠᠶᠢᠭᠤᠯᠤᠯᠲᠠ᠂ ᠬᠠᠮᠠᠭᠠᠯᠠᠯᠲᠠ ᠪᠣᠯᠤᠨ ᠬᠡᠷᠡᠭᠯᠡᠯᠲᠡ ᠶᠢᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠢᠷᠢ | ᠬᠡᠮ ᠵᠡᠷᠭᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠳᠠᠯ ᠢ ᠡᠭᠦᠷᠭᠡᠯᠡᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠤᠨ | ᠮᠡᠷᠭᠡᠵᠢᠯ ᠤᠨ ᠵᠢᠯᠤᠭᠤᠳᠤᠯᠭ᠎ᠠ ᠪᠣᠯᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠪᠣᠯᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ | ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠵᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠤᠱᠯᠠᠭᠤᠯᠤᠨ | ᠬᠡᠷᠡᠭᠵᠢᠭᠦᠯᠬᠦ ᠶᠢ ᠵᠢᠯᠣᠭᠤᠳᠴᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠡᠩ ᠤᠨ ᠦᠶ᠎ᠡ ᠪᠠ | ᠲᠡᠶᠢᠨ ᠤ ᠦᠶ᠎ᠡ ᠶᠢᠨ ᠰᠣᠯᠢᠯᠴᠠᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠨ᠎ᠠ᠃ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠳᠤᠯᠤᠯᠲᠠ ᠶᠢ ᠵᠣᠬᠢᠶᠠᠨ ᠪᠠᠶᠢᠭᠤᠯᠤᠨ᠎ᠠ᠃ | ᠬᠤᠳᠠ ᠶᠢᠨ ᠤᠯᠠᠨ ᠲᠦᠮᠡᠨ ᠤ ᠠᠭᠠᠷ ᠤᠨ ᠰᠡᠷᠭᠡᠶᠢᠯᠡᠯᠲᠡ ᠶᠢᠨ ᠵᠣᠬᠢᠶᠠᠨ ᠪᠠᠶᠢᠭᠤᠯᠤᠯᠲᠠ ᠶᠢ ᠡᠮᠬᠢᠯᠡᠨ ᠪᠠᠶᠢᠭᠤᠯᠵᠤ᠂ ᠰᠠᠶᠢᠨ ᠳᠤᠷᠠᠴᠤᠳ ᠤᠨ ᠡᠩᠨᠡᠭᠡᠨ ᠤ | ᠪᠠᠶᠢᠭᠤᠯᠤᠯᠲᠠ ᠵᠢᠴᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠭᠠᠮᠰᠢᠭ ᠢ ᠰᠡᠷᠭᠡᠶᠢᠯᠡᠨ ᠭᠠᠮᠰᠢᠭ ᠠᠴᠠ | ᠠᠪᠤᠷᠠᠬᠤ ᠪᠠᠴᠢᠮ ᠪᠠᠶᠢᠳᠠᠯ ᠢ ᠠᠷᠭᠠᠴᠠᠵᠤ ᠲᠤᠰᠠᠯᠠᠬᠤ ᠡᠭᠦᠷᠭᠡ ᠶᠢ ᠭᠦᠢᠴᠡᠳᠬᠡᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠠᠮᠰᠢᠭ ᠢ ᠰᠡᠷᠭᠡᠶᠢᠯᠡᠬᠦ | ᠪᠣᠯᠪᠠᠰᠤᠷᠠᠯ ᠰᠣᠷᠢᠯᠲᠠ ᠶᠢ ᠵᠣᠬᠢᠶᠠᠨ ᠪᠠᠶᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠭᠤᠯᠬᠤ ᠳᠤ ᠲᠣᠬᠢᠷᠠᠮᠵᠢᠲᠠᠶ ᠬᠥᠮᠦᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ᠪᠥᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠪᠠ ᠴᠢᠮᠡᠭᠡ ᠬᠤᠯᠪᠣᠭᠠᠨ ᠤ ᠰᠡᠷᠡᠮᠵᠢ ᠶᠢᠨ | ᠳᠣᠬᠢᠶᠠᠨ ᠤ ᠰᠢᠰᠲ᠋ᠧᠮ ᠤᠨ ᠲᠥᠯᠥᠪᠵᠢᠭᠦᠯᠭᠡ ᠪᠠᠶᠢᠭᠤᠯᠤᠯᠲᠠ ᠪᠠ ᠠᠮᠤᠷ ᠲᠦᠪᠰᠢᠨ ᠤ ᠬᠠᠮᠢᠶᠠᠷᠤᠯᠲᠠ ᠶᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠬᠤ ᠶᠢ | ᠬᠠᠷᠢᠭᠤᠴᠠᠨ᠎ᠠ᠃ ᠡᠷᠬᠡ ᠮᠡᠳᠡᠯ ᠤᠨ ᠬᠡᠪᠴᠢᠶᠡᠨ ᠳᠣᠲᠣᠷ᠎ᠠ ᠪᠠᠨ ᠪᠥᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢ ᠶᠢᠨ | ᠰᠢᠰᠲ᠋ᠧᠮ ᠤᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠮᠡᠳᠡᠭᠡ ᠵᠠᠩᠭᠢ ᠶᠢᠨ ᠲᠣᠣᠷ ᠰᠦᠯᠵᠢᠶ᠎ᠡ᠂ ᠴᠢᠮᠡᠭᠡ ᠬᠤᠯᠪᠣᠭᠠᠨ ᠤ ᠰᠡᠷᠡᠮᠵᠢ ᠶᠢᠨ ᠲᠤᠬᠢᠶᠠᠨ ᠤ ᠲᠥᠬᠦᠭᠡᠷᠦᠮᠵᠢ ᠶᠢ ᠠᠰᠢᠭᠯᠠᠨ ᠠᠶᠤᠯ | ᠭᠠᠮᠰᠢᠭ ᠠᠴᠠ ᠠᠪᠤᠷᠠᠬᠤ ᠳᠤ ᠦᠢᠯᠡᠴᠢᠯᠡᠨ᠎ᠡ᠃ | ᠬᠤᠯᠪᠣᠭᠳᠠᠯ ᠪᠥᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠴᠢᠬᠤᠯᠠ ᠬᠠᠷᠠᠯᠲᠠ ᠶᠢᠨ ᠰᠡᠷᠭᠡᠶᠢᠯᠡᠨ ᠬᠠᠮᠠᠭᠠᠯᠠᠬᠤ ᠪᠥᠳᠥᠭᠡᠨ | ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠬᠢᠨᠠᠯᠲᠠ ᠲᠠᠯᠪᠢᠵᠤ ᠪᠠᠶᠢᠴᠠᠭᠠᠨ ᠰᠢᠯᠭᠠᠬᠤ᠂ | ᠴᠢᠬᠤᠯᠠ ᠬᠠᠷᠠᠯᠲᠠ ᠶᠢᠨ ᠰᠡᠷᠭᠡᠶᠢᠯᠡᠨ ᠬᠠᠮᠠᠭᠠᠯᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠴᠢᠬᠤᠯᠠ ᠬᠠᠷᠠᠯᠲᠠᠲᠤ ᠨᠢᠭᠡᠴᠡ ᠶᠢ ᠵᠢᠯᠣᠭᠤᠳᠴᠤ ᠪᠠᠶᠢᠭᠠᠳ | ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠥᠳᠥᠭᠡᠨ ᠪᠠᠶᠢᠭᠤᠯᠤᠯᠲᠠ ᠶᠢᠨ ᠵᠠᠷᠤᠳᠠᠯ ᠢ ᠬᠤᠷᠠᠮᠳᠤᠭᠤᠯᠬᠤ ᠪᠠ ᠬᠠᠮᠢᠶᠠᠷᠬᠤ ᠶᠢ ᠬᠠᠷᠢᠭᠤᠴᠠᠵᠤ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠤᠯᠤᠰ ᠤᠨ ᠥᠮᠴᠢᠯᠡᠯᠳᠤ ᠬᠥᠷᠥᠩᠭᠡ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠳᠠᠶᠢᠨ ᠤ ᠦᠶ᠎ᠡ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠶᠡᠷᠦᠩᠬᠡᠶᠢᠯᠡᠨ ᠵᠣᠬᠢᠴᠠᠭᠤᠯᠬᠤ ᠶᠢ | ᠬᠠᠷᠢᠭᠤᠴᠠᠨ᠎ᠠ᠃ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠴᠡᠷᠢᠭ ᠤᠨ ᠬᠤᠪᠢᠶᠠᠷᠢ ᠲᠣᠭᠤᠷᠢᠭ ᠤᠨ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠠᠵᠢᠯᠯᠠᠬᠤ ᠬᠠᠶ᠋ᠢᠭ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠵᠢᠨᠱᠠᠨ ᠵᠠᠮ ᠤᠨ ᠬᠤᠲᠠ ᠶᠢᠨ ᠵᠠᠰᠠᠭ ᠤᠨ ᠣᠷᠳᠣᠨ ᠤ ᠵᠢᠰᠢᠭᠦᠦ ᠵᠡᠭᠦᠨ | ᠲᠠᠯ᠎ᠠ | ᠠᠯᠪᠠᠨ ᠤᠲᠠᠰᠤ᠄ 0476-5899572 | ᠠᠵᠢᠯᠯᠠᠬᠤ ᠴᠠᠭ᠄ ᠦᠳᠡ ᠶᠢᠨ ᠡᠮᠦᠨ᠎ᠡ 8᠄ 30 — 12᠄ 00᠂ ᠦᠳᠡ ᠶᠢᠨ ᠬᠤᠶᠢᠨ᠎ᠠ 2᠄ 30 — 5᠄ 30 | |