2021 ᠣᠨ ᠤ ᠴᠠᠬᠢᠮ ᠬᠤᠳᠠᠯᠳᠤᠭᠠᠨ ᠤ ᠶᠠᠪᠤᠳᠠᠯ ᠤᠨ ᠲᠤᠭ᠎ᠠ ᠪᠠᠷᠢᠮᠲᠠ
ᠨᠡᠶᠢᠲᠡᠯᠡᠭᠰᠡᠨ ᠴᠠᠭ᠄
2022/1/21
     2021 ᠣᠨ ᠳᠤ᠂ ᠪᠥᠬᠦ ᠣᠷᠣᠨ ᠤ ᠴᠠᠬᠢᠮ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠲᠤᠭ᠎ᠠ 3439.96 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.88% ᠨᠡᠮᠡᠭᠳᠡᠪᠡ᠃ ᠤᠯᠠᠭᠠᠨᠬᠠᠳᠠ ᠬᠤᠲᠠ ᠶᠢᠨ ᠴᠠᠬᠢᠮ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 398.01 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠳᠤ ᠬᠤᠶᠠᠳᠤᠭᠠᠷ ᠲᠤ ᠣᠷᠣᠵᠤ᠂ ᠪᠥᠬᠦ ᠣᠷᠣᠨ ᠤ ᠶᠡᠷᠦᠩᠬᠡᠶ ᠲᠣᠭᠠᠨ ᠤ 11.57% ᠶᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ 13.9% ᠪᠠᠷ ᠨᠡᠮᠡᠭᠳᠡᠪᠡ᠃      2021 ᠣᠨ ᠳᠤ᠂ ᠪᠥᠬᠦ ᠣᠷᠣᠨ ᠤ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ 576.79 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.65% ᠨᠡᠮᠡᠭᠳᠡᠪᠡ᠃ ᠤᠯᠠᠭᠠᠨᠬᠠᠳᠠ ᠬᠤᠲᠠ ᠶᠢᠨ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ 56.75 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠳᠤ ᠭᠤᠷᠪᠠᠳᠤᠭᠠᠷ ᠲᠤ ᠣᠷᠣᠵᠤ᠂ ᠪᠥᠬᠦ ᠣᠷᠣᠨ ᠤ ᠶᠡᠷᠥᠩᠬᠡᠢ ᠲᠣᠭᠠᠨ ᠤ 9.84% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 21.7% ᠪᠠᠷ ᠨᠡᠮᠡᠭᠳᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ