ᠤᠯᠠᠭᠠᠨᠬᠠᠳᠠ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ
ᠨᠡᠶᠢᠲᠡᠯᠡᠭᠰᠡᠨ ᠴᠠᠭ᠄
2022/1/24
     ᠠᠵᠢᠯ ᠤᠨ ᠡᠭᠦᠷᠭᠡ ᠬᠠᠷᠢᠭᠤᠴᠠᠯᠭ᠎ᠠ᠄      ᠨᠢᠭᠡ᠂ ᠪᠥᠬᠦ ᠬᠤᠲᠠ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠪᠠ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠠᠵᠢᠯ ᠤᠨ ᠲᠣᠭᠲᠠᠴᠠ ᠪᠠ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠬᠠᠷᠢᠭᠤᠴᠠᠵᠤ᠂ ᠪᠦᠬᠦ ᠬᠤᠳᠠ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠪᠠ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠤᠬᠠᠶ ᠲᠥᠯᠥᠪᠵᠢᠭᠦᠯᠭᠡ᠂ ᠣᠨ ᠤ ᠠᠵᠢᠯ ᠤᠨ ᠲᠥᠯᠥᠪᠯᠡᠭᠡ ᠪᠠ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ ᠣᠷᠣᠯᠴᠠᠵᠤ᠂ ᠪᠦᠬᠦ ᠬᠤᠳᠠ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠪᠠ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠪᠠᠶᠢᠳᠠᠯ ᠢ ᠰᠤᠳᠤᠯᠤᠨ ᠵᠠᠳᠠᠯᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠤᠨ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠪᠠ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      ᠬᠤᠶᠠᠷ᠂ ᠪᠥᠬᠦ ᠬᠤᠲᠠ ᠶᠢᠨ ᠠᠷᠠᠯᠵᠢᠶᠠᠴᠢᠨ ᠤᠷᠢᠵᠤ ᠪᠠᠯᠠ ᠲᠠᠲᠠᠬᠤ ᠬᠠᠷᠠᠯᠲᠠ᠂ ᠡᠭᠦᠷᠭᠡ᠂ ᠠᠷᠭ᠎ᠠ ᠬᠡᠮᠵᠢᠶ᠎ᠡ ᠶᠢ ᠬᠠᠷᠢᠭᠤᠴᠠᠨ ᠲᠣᠭᠲᠠᠭᠠᠵᠤ᠂ ᠠᠷᠠᠯᠵᠢᠶᠠᠴᠢᠨ ᠤᠷᠢᠵᠤ ᠪᠠᠯᠠ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ᠃ ᠪᠦᠬᠦ ᠬᠤᠳᠠ ᠶᠢᠨ ᠴᠢᠨᠠᠷᠲᠠᠶ ᠪᠡᠯᠡ ᠣᠷᠣᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠤᠨ ᠠᠬᠢᠴᠠ ᠶᠢᠨ ᠪᠠᠶᠢᠳᠠᠯ ᠢ ᠪᠦᠷᠢᠳᠬᠡᠵᠦ᠂ ᠲᠣᠬᠢᠷᠠᠭᠤᠯᠵᠤ᠂ ᠵᠠᠳᠠᠯᠤᠨ᠎ᠠ᠃      ᠭᠤᠷᠪᠠ᠂ ᠪᠥᠬᠦ ᠬᠤᠲᠠ ᠶᠢᠨ ᠤᠯᠤᠰ ᠤᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠵᠢᠴᠢ ᠵᠡᠭᠦᠨ ᠬᠤᠶᠢᠲᠤ ᠶᠢᠨ ᠭᠤᠷᠪᠠᠨ ᠮᠤᠵᠢ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠶ ᠲᠠᠩᠭᠢᠰ ᠳᠠᠭᠠᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠯᠤᠭ᠎ᠠ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠬᠤ ᠶᠢ ᠬᠠᠷᠢᠭᠤᠴᠠᠨ᠎ᠠ᠃      ᠳᠥᠷᠪᠡ᠂ ᠪᠥᠬᠦ ᠬᠤᠲᠠ ᠶᠢᠨ ᠤᠯᠤᠰ ᠤᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠬᠤᠯᠪᠣᠭᠳᠠᠯ ᠪᠥᠬᠦᠶ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠮᠲᠤᠷᠠᠯᠴᠠᠭᠠᠨ ᠤ ᠲᠣᠭᠲᠠᠴᠠ ᠶᠢ ᠰᠤᠳᠤᠯᠤᠨ ᠪᠠᠶᠢᠭᠤᠯᠵᠤ᠂ ᠭᠤᠤᠯᠳᠠᠯᠭ᠎ᠠ ᠲᠠᠢ ᠬᠠᠮᠲᠤᠷᠠᠯᠴᠠᠭᠠᠨ ᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃      ᠲᠠᠪᠤ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠪᠥᠬᠦ ᠬᠤᠲᠠ ᠶᠢᠨ ᠣᠷᠣᠨ ᠪᠠᠶᠢᠷᠢ᠂ ᠡᠬᠢ ᠪᠠᠶᠠᠯᠢᠭ᠂ ᠰᠣᠶᠣᠯ᠂ ᠠᠵᠤ ᠦᠢᠯᠡᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠠᠬᠢᠭᠤᠯᠵᠤ᠂ ᠣᠯᠠᠨ ᠤᠯᠤᠰ ᠤᠨ ᠬᠤᠭᠤᠷᠣᠨᠳᠣᠬᠢ ᠠᠵᠤ ᠠᠬᠤᠶ ᠶᠢᠨ ᠰᠣᠯᠢᠯᠴᠠᠭ᠎ᠠ ᠬᠠᠮᠲᠤᠷᠠᠯᠴᠠᠭ᠎ᠠ ᠳᠤ ᠣᠷᠣᠯᠴᠠᠨ᠎ᠠ᠃      ᠵᠢᠷᠭᠤᠭ᠎ᠠ᠂ ᠬᠤᠲᠠ ᠶᠢᠨ ᠳᠣᠲᠣᠨ᠎ᠠ ᠭᠠᠳᠠᠨᠠᠬᠢ ᠡᠯ᠎ᠡ ᠵᠦᠢᠯ ᠤᠨ ᠬᠠᠮᠲᠤᠷᠠᠯᠴᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠴᠢᠬᠤᠯᠠ ᠶᠡᠭᠡ ᠬᠠᠮᠲᠤᠷᠠᠯᠴᠠᠭᠠᠨ ᠤ ᠵᠥᠪᠯᠡᠯᠴᠡᠭᠡᠷ ᠤᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ᠂ ᠪᠥᠬᠦ ᠬᠤᠲᠠ ᠬᠢᠭᠡᠳ ᠡᠷᠬᠢᠨ ᠲᠣᠭᠤᠷᠢᠨ ᠤ ᠭᠠᠵᠠᠷ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃      ᠳᠣᠯᠤᠭ᠎ᠠ᠂ ᠭᠠᠵᠠᠷ ᠣᠷᠣᠨ ᠤ ᠬᠤᠭᠤᠷᠣᠨᠳᠣ ᠪᠠᠨ ᠬᠠᠷᠢᠯᠴᠠᠵᠤ ᠵᠣᠬᠢᠴᠠᠭᠤᠯᠬᠤ᠂ ᠮᠡᠳᠡᠭᠡ ᠵᠠᠩᠭᠢ ᠨᠡᠪᠲᠡᠷᠡᠯᠴᠡᠬᠦ᠂ ᠠᠵᠢᠯ ᠤᠨ ᠰᠣᠯᠢᠯᠴᠠᠭ᠎ᠠ ᠬᠢᠬᠦ ᠪᠠ ᠰᠢᠨᠵᠢᠯᠡᠨ ᠪᠠᠶᠢᠴᠠᠭᠠᠵᠤ ᠬᠠᠷᠢᠯᠴᠠᠨ ᠠᠶᠢᠯᠴᠢᠯᠠᠬᠤ ᠵᠡᠷᠭᠡ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃      ᠨᠠᠢᠮᠠ᠂ ᠭᠠᠳᠠᠷ ᠣᠷᠣᠨ ᠤ ᠤᠯᠠᠭᠠᠨᠬᠠᠳᠠ ᠳᠤ ᠰᠠᠭᠤᠭ᠎ᠠ ᠬᠤᠳᠠᠯᠳᠤᠭᠠᠴᠢᠳ ᠤᠨ ᠡᠪᠯᠡᠯ᠂ ᠤᠯᠠᠭᠠᠨᠬᠠᠳᠠ ᠶᠢᠨ ᠭᠠᠳᠠᠷ ᠣᠷᠤᠨ ᠳᠤ ᠰᠠᠭᠤᠭ᠎ᠠ ᠬᠤᠳᠠᠯᠳᠤᠭᠠᠴᠢᠳ ᠤᠨ ᠡᠪᠯᠡᠯ ᠵᠢᠴᠢ ᠡᠯ᠎ᠡ ᠲᠥᠷᠥᠯ ᠤᠨ ᠠᠵᠢᠯ ᠲᠥᠷᠥᠯ ᠤᠨ ᠨᠡᠶᠢᠭᠡᠮᠯᠢᠭ ᠤᠨ ᠪᠠᠯᠠ ᠣᠷᠣᠭᠤᠯᠤᠯᠲᠠ ᠶᠢᠨ ᠬᠠᠮᠲᠤᠷᠠᠯᠴᠠᠭ᠎ᠠ ᠶᠢᠨ ᠠᠵᠢᠯ ᠲᠠᠢ ᠬᠠᠷᠢᠯᠴᠠᠬᠤ ᠪᠠ ᠵᠣᠬᠢᠴᠠᠭᠤᠯᠬᠤ ᠶᠢ ᠬᠠᠷᠢᠭᠤᠴᠠᠨ᠎ᠠ᠃      ᠶᠢᠰᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠡᠭᠦᠷᠭᠡᠯᠡᠨ᠎ᠡ᠃      ᠠᠵᠢᠯᠯᠠᠬᠤ ᠬᠠᠶ᠋ᠢᠭ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠠ ᠮᠢᠩ ᠵᠡᠭᠡᠯᠢ ᠶᠢᠨ 12 ᠳ᠋ᠤᠭᠠᠷ ᠨᠣᠮᠧᠷ᠃      ᠬᠠᠷᠢᠯᠴᠠᠬᠤ ᠬᠡᠯᠪᠡᠷᠢ᠄ 0476 — 8334093      ᠠᠵᠢᠯᠯᠠᠬᠤ ᠴᠠᠭ᠄ ᠭᠠᠷᠠᠭ ᠪᠦᠷᠢ ᠶᠢᠨ ᠨᠢᠭᠡᠨ ᠠᠴᠠ ᠭᠠᠷᠠᠭ ᠤᠨ ᠲᠠᠪᠤᠨ ᠤ 8᠄ 30 — 12᠄ 00᠂ 14᠄ 30 — 17᠄ 30
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ