2021 ᠣᠨ ᠳᠤ ᠪᠥᠬᠦ ᠬᠤᠲᠠ ᠶᠢᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠶᠡᠷᠦᠩᠬᠡᠶ ᠳᠡᠭᠡᠨ ᠰᠡᠷᠭᠦᠬᠦ ᠪᠠᠶᠢᠳᠠᠯ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2022/1/28
     2021 ᠣᠨ ᠳᠤ᠂ ᠪᠥᠬᠦ ᠬᠤᠲᠠ ᠶᠢᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠶᠡᠷᠦᠩᠬᠡᠶ ᠳᠡᠭᠡᠨ ᠰᠡᠷᠭᠦᠯᠲᠡ ᠶᠢᠨ ᠪᠠᠶᠢᠳᠠᠯ ᠢᠶᠠᠨ ᠪᠠᠲᠤᠯᠠᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠲᠦᠷᠦᠭᠦᠤ ᠵᠢᠯ ᠤᠨ ᠬᠢ ᠠᠴᠠ 5.0%᠎ ᠪᠠᠷ ᠨᠡᠮᠡᠭᠳᠡᠪᠡ᠂ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 9.4%᠎ ᠪᠠᠷ ᠨᠡᠮᠡᠭᠳᠡᠪᠡ᠃       ᠨᠢᠭᠡ᠂ ᠦᠨᠳᠦᠰᠦᠨ ᠠᠮᠢᠳᠤᠷᠠᠯ ᠤᠨ ᠲᠦᠷᠦᠯ ᠤᠨ ᠲᠠᠸᠠᠷ ᠦᠷᠭᠦᠯᠵᠢᠯᠡᠨ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠪᠤᠳᠠᠭ᠎ᠠ ᠲᠤᠰᠤ ᠢᠳᠡᠭᠡᠨ ᠤ ᠵᠦᠢᠯ᠂ ᠠᠷᠢᠬᠢ ᠲᠠᠮᠠᠬᠢᠨ ᠤ ᠵᠦᠢᠯ ᠪᠠ ᠡᠳᠦᠷ ᠲᠤᠳᠤᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠢ ᠲᠤᠰᠪᠤᠷᠢ 10.3%᠂ 91.3% ᠪᠠ 37.8%᠎ ᠪᠠᠷ ᠨᠡᠮᠡᠭᠳᠡᠭᠦᠯᠦᠨ᠎ᠡ᠃      ᠬᠤᠶᠠᠷ᠂ ᠳᠡᠰ ᠳᠡᠪᠰᠢᠭᠰᠡᠨ ᠬᠡᠷᠡᠭᠯᠡᠭᠡᠨ ᠤ ᠲᠦᠷᠦᠯ ᠨᠢ ᠨᠡᠯᠢᠶᠡᠳ ᠲᠦᠷᠭᠡᠨ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠎ ᠨᠢ 35.3%᠎ ᠪᠠᠷ ᠨᠡᠮᠡᠭᠳᠡᠵᠦ᠂ ᠨᠣᠮ ᠰᠡᠳᠬᠦᠯ ᠤᠨ ᠲᠥᠷᠥᠯ ᠨᠢ 66.8%᠎ ᠪᠠᠷ ᠨᠡᠮᠡᠭᠳᠡᠪᠡ᠃      ᠭᠤᠷᠪᠠ᠂ ᠭᠤᠣᠯᠳᠠᠯᠭ᠎ᠠ ᠲᠠᠢ ᠠᠵᠢᠯ ᠲᠦᠷᠦᠯ ᠤᠨ ᠬᠡᠷᠡᠭᠯᠡᠭᠡ ᠲᠣᠭᠲᠠᠭᠤᠨ ᠢᠶᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠢ 18.0%᠎ ᠢᠶᠠᠷ ᠨᠡᠮᠡᠭᠳᠡᠵᠦ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠢ 4.6%᠎ ᠪᠠᠷ ᠨᠡᠮᠡᠭᠳᠡᠪᠡ᠃      ᠲᠦᠷᠪᠡ᠂ ᠬᠤᠨᠤᠭ ᠪᠠ ᠢᠳᠡᠭᠡᠨ ᠤᠮᠳᠠᠭᠠᠨ ᠤ ᠦᠢᠯᠡᠰ ᠦᠷᠭᠦᠯᠵᠢᠯᠡᠨ ᠰᠠᠶᠢᠵᠢᠷᠠᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠣᠭᠯᠠᠬᠤ ᠦᠢᠯᠡᠰ ᠤᠨ ᠡᠵᠡᠩᠨᠡᠯᠲᠡ ᠶᠢᠨ ᠨᠣᠷᠮ᠎ᠠ ᠨᠢ 7.4%᠎ ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠨᠣᠷᠮ᠎ᠠ ᠨᠢ 14.1%᠎ ᠪᠠᠷ ᠨᠡᠮᠡᠭᠳᠡᠪᠡ᠃    
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ