ᠬᠤᠲᠠ ᠶᠢᠨ ᠵᠠᠰᠠᠭ ᠤᠨ ᠣᠷᠳᠣᠨ 2022 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/28
     1 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ 2022 ᠣᠨ ᠤ ᠬᠤᠶᠠᠳᠤᠭᠠᠷ ᠤᠳᠠᠭ᠎ᠠ ᠶᠢᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠲᠠ ᠶᠢᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠣᠤᠷᠠᠭ︶︾ ︽ᠤᠯᠠᠭᠠᠨᠬᠠᠳᠠ ᠬᠤᠲᠠ ᠶᠢᠨ ᠠᠶᠢᠯ ᠲᠣᠰᠬᠤᠨ ᠭᠤᠤᠯ ᠨᠠᠭᠤᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ︿ᠬᠠᠪᠤᠷ ᠤᠨ ᠤᠯᠠᠷᠢᠯ﹀ ᠤᠨ ᠠᠵᠢᠯᠯᠠᠭᠠᠨ ᠤ ᠲᠥᠰᠦᠯ︾ ᠢ ᠬᠢᠨᠠᠨ ᠵᠥᠪᠯᠡᠵᠦ ᠪᠠᠲᠤᠯᠠᠪᠠ︔ ᠪᠦᠬᠦ ᠬᠤᠳᠠ ᠶᠢᠨ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠮᠥᠩᠭᠦᠨ ᠭᠦᠢᠯᠭᠡᠭᠡ᠂ ᠠᠷᠠᠳ ᠤᠨ ᠠᠭᠠᠷ ᠤᠨ ᠰᠡᠷᠭᠡᠶᠢᠯᠡᠯᠲᠡ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠰᠢᠲᠠᠮᠠᠬᠠᠢ ᠬᠡᠢ ᠶᠢᠨ ᠠᠮᠤᠷ ᠲᠦᠪᠰᠢᠨ ᠵᠡᠷᠭᠡ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠤᠰᠪᠠ︔ 2022 ᠣᠨ ᠤ ᠪᠦᠬᠦ ᠬᠤᠳᠠ ᠶᠢᠨ ᠭᠤᠣᠯᠳᠠᠯᠭ᠎ᠠ ᠲᠠᠢ ᠳᠦᠷᠦᠯ ᠵᠦᠢᠯ ᠤᠨ ᠠᠬᠢᠴᠠ ᠶᠢᠨ ᠪᠠᠶᠢᠳᠠᠯ ᠢ ᠮᠡᠳᠡᠭᠦᠯᠪᠡ᠃      ᠬᠤᠷᠠᠯ ᠠᠴᠠ᠂ ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠪᠣᠯ ᠪᠦᠬᠦ ᠣᠷᠣᠨ ᠤ ᠳᠡᠭᠡᠳᠦ ᠲᠤᠤᠷᠠᠳᠤ ᠱᠠᠳᠤ ᠪᠠᠷ ᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠪᠠ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠭᠤᠤᠯ ᠭᠦᠢᠴᠡᠳᠬᠡᠯ ᠲᠤᠭ᠎ᠠ ᠪᠠ ᠭᠤᠣᠯᠳᠠᠯᠭᠠᠲᠠᠢ ᠡᠭᠦᠷᠭᠡ ᠲᠠᠢ ᠬᠠᠷᠢᠴᠠᠭᠤᠯᠤᠨ᠂ ᠠᠵᠢᠯ ᠤᠨ ᠲᠥᠰᠦᠯ ᠢᠶᠠᠨ ᠱᠠᠯᠠᠪᠳᠠᠨ ᠲᠣᠭᠲᠠᠭᠠᠵᠤ᠂ ᠡᠭᠦᠷᠭᠡ ᠶᠢᠨ ᠨᠠᠷᠢᠨ ᠬᠠᠭᠤᠳᠠᠰᠤ ᠶᠢ ᠭᠠᠷᠭᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠨᠡᠪᠲᠡᠷᠡᠯᠴᠡᠨ ᠵᠣᠬᠢᠴᠠᠭᠤᠯᠬᠤ ᠪᠠᠨ ᠨᠢᠭᠲᠠᠷᠠᠭᠤᠯᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠭᠦᠷᠦᠨ ᠤ ᠶᠡᠭᠡ ᠶᠠᠪᠤᠳᠠᠯ︾᠂ ᠤᠯᠤᠰ ᠤᠨ ᠠᠮᠤᠷ ᠲᠦᠪᠰᠢᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠰᠠᠭᠤᠷᠢ ᠮᠥᠨ᠃ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠦᠬᠦ ᠬᠤᠳᠠ ᠶᠢᠨ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠢᠯᠵᠢᠷᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨᠬᠦ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠡᠯ᠎ᠡ ᠲᠤᠰᠬᠠᠢ ᠴᠡᠭᠴᠡᠯᠡᠨ ᠵᠠᠰᠠᠬᠤ ᠠᠵᠢᠯ ᠤᠨ ᠡᠭᠦᠷᠭᠡ ᠶᠢ ᠰᠠᠶᠢᠲᠤᠷ ᠠᠳᠬᠤᠵᠤ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠨᠢ ᠠᠵᠤ ᠠᠬᠤᠢ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠤ ᠪᠦᠬᠦ ᠲᠠᠯ᠎ᠠ ᠳᠤ ᠬᠤᠯᠪᠣᠭᠳᠠᠨ᠎ᠠ᠃ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠠᠮᠵᠢᠯᠴᠠᠨ ᠠᠬᠢᠭᠤᠯᠵᠤ᠂ ᠣᠯᠠᠨ ᠬᠡᠯᠪᠡᠷᠢ ᠶᠢᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠂ ᠲᠤᠰᠬᠠᠶ ᠴᠡᠭᠴᠡᠯᠡᠨ ᠵᠠᠰᠠᠬᠤ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠭᠠᠷᠳᠠᠴᠠ ᠮᠥᠨ᠃ ᠪᠠᠯᠠ ᠣᠷᠣᠭᠤᠯᠤᠯᠲᠠ ᠶᠢᠨ ᠥᠮᠴᠢᠲᠡᠨ ᠪᠠ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠢᠷᠡᠯᠲᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠣᠳᠠᠲᠠᠶ ᠲᠥᠰᠦᠯ ᠢ ᠲᠣᠭᠲᠠᠭᠠᠬᠤ ᠶᠢᠨ ᠬᠠᠮᠲᠤ ᠪᠥᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠨᠢᠭᠡᠳᠦᠭᠡᠷ ᠤᠯᠠᠷᠢᠯ ᠳᠤ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠤᠨ ᠤᠷᠤᠭᠰᠢᠲᠠᠶ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠨᠡᠭᠦᠷᠡᠰᠦ ᠶᠢ ᠲᠤᠰᠬᠠᠢ ᠴᠡᠭᠴᠡᠯᠡᠨ ᠵᠠᠰᠠᠬᠤ ᠪᠣᠯ ᠮᠠᠨ ᠤ ᠬᠤᠲᠠ ᠶᠢᠨ ᠡᠷᠬᠡᠪᠰᠢ ᠪᠡᠶᠡᠯᠡᠭᠦᠯᠬᠦ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠨᠡᠭᠦᠷᠡᠰᠦᠨ ᠳᠤ ᠬᠤᠯᠪᠣᠭᠳᠠᠬᠤ ᠠᠵᠤ ᠠᠬᠤᠶᠢᠯᠠᠯ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠨ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠭᠦᠷᠡᠰᠦᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠ ᠰᠢᠨ᠎ᠡ ᠶᠢ ᠡᠭᠦᠳᠦᠨ ᠬᠥᠭᠵᠢᠬᠦ ᠶᠢ ᠬᠦᠴᠦ ᠣᠷᠣᠭᠤᠯᠤᠨ ᠠᠬᠢᠭᠤᠯᠵᠤ᠂ ᠮᠠᠨ ᠤ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠢᠷᠡᠯ ᠤᠨ ᠠᠰᠠᠭᠤᠳᠠᠯ ᠢ ᠲᠤᠰᠬᠠᠢ ᠵᠠᠰᠠᠬᠤ ᠠᠵᠢᠯ ᠢ ᠥᠷᠨᠢᠭᠦᠯᠬᠦ ᠪᠣᠯ ︽ᠲᠦᠷᠪᠡᠨ ᠤᠬᠠᠮᠰᠠᠷ︾ ᠢ ᠴᠢᠩᠭᠠᠳᠬᠠᠬᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠥᠪᠡᠰᠦᠪᠡᠨ ᠪᠠᠶᠢᠭᠤᠯᠬᠤ ᠢᠨᠵᠧᠨᠧᠷᠢᠩ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠣᠭᠢᠷᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ ᠵᠢᠭᠠᠵᠤ ᠭᠠᠷᠭᠠᠪᠠ᠃     ᠬᠤᠷᠠᠯ ᠠᠴᠠ᠂ ᠰᠠᠶᠢᠨ ᠰᠠᠶᠢᠬᠠᠨ ᠠᠮᠢ ᠠᠬᠤᠢ ᠣᠷᠴᠢᠨ ᠲᠣᠭᠤᠷᠢᠨ ᠪᠣᠯ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢᠨ ᠰᠠᠭᠤᠷᠢ ᠮᠥᠨ᠃ ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠰᠦᠷ ᠬᠦᠴᠦᠲᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ᠂ ᠠᠶᠢᠯ ᠲᠣᠰᠬᠤᠨ ᠭᠤᠤᠯ ᠨᠠᠭᠤᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠳᠣᠭᠢᠷᠠᠭᠤᠯᠬᠤ ᠡᠷᠴᠢᠮ ᠢ ᠴᠢᠩᠭᠠᠷᠠᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ᠂ ᠲᠡᠷᠭᠡᠨ ᠵᠣᠭᠰᠣᠭᠠᠯ ᠤᠨ ᠠᠰᠠᠭᠤᠳᠠᠯ ᠪᠣᠯᠤᠨ ᠰᠢᠲᠠᠮᠠᠬᠠᠢ ᠬᠡᠢ ᠶᠢᠨ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠪᠣᠯᠤᠨ ᠠᠷᠠᠳ ᠤᠨ ᠠᠮᠢᠳᠤᠷᠠᠯ ᠲᠠᠢ ᠬᠤᠯᠪᠣᠭᠳᠠᠨ᠎ᠠ᠃ ᠬᠠᠮᠢᠶ᠎ᠠ ᠪᠥᠬᠦᠶ ᠲᠡᠷᠭᠡᠨ ᠵᠣᠭᠰᠣᠭᠠᠯ ᠤᠨ ᠲᠥᠯᠥᠪᠵᠢᠭᠦᠯᠭᠡ ᠶᠢᠨ ᠰᠢᠨᠵᠢ ᠴᠢᠨᠠᠷ ᠤᠨ ᠲᠣᠬᠢᠷᠠᠭᠤᠯᠤᠯᠲᠠ ᠶᠢᠨ ᠠᠰᠠᠭᠤᠳᠠᠯ ᠢ ᠱᠠᠯᠠᠪᠳᠠᠨ ᠰᠤᠳᠤᠯᠵᠤ᠂ ᠪᠠᠯᠠ ᠮᠥᠩᠭᠦ ᠬᠤᠷᠢᠶᠠᠨ ᠲᠤᠰᠢᠶᠠᠯᠭᠠᠬᠤ ᠶᠢ ᠴᠢᠩᠭ᠎ᠠ ᠠᠩᠬᠠᠷᠴᠤ᠂ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢᠨ ︽ᠡᠷᠬᠢᠨ ᠬᠠᠷᠠᠬᠤ︾ ᠠᠵᠢᠯ ᠢ ᠰᠠᠶᠢᠲᠤᠷ ᠬᠢᠵᠦ᠂ ᠲᠣᠤᠷ ᠲᠠᠲᠠᠬᠤ ᠮᠠᠶ᠋ᠢᠭ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠶᠡᠭᠡ ᠵᠢᠭᠰᠠᠭᠠᠨ ᠪᠠᠶᠢᠴᠠᠭᠠᠬᠤ᠂ ᠶᠡᠭᠡ ᠴᠡᠭᠴᠡᠯᠡᠨ ᠵᠠᠰᠠᠬᠤ ᠶᠢ ᠦᠳᠲᠡᠷ ᠲᠦᠷᠭᠡᠨ ᠥᠷᠨᠢᠭᠦᠯᠵᠦ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠨᠡᠭᠡᠭᠡᠨ ᠬᠥᠭᠵᠢᠭᠦᠯᠬᠦ ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠥᠭᠭᠦᠭᠰᠡᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠢᠭᠡᠳᠦᠯᠲᠡᠢ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠡᠯ᠎ᠡ ᠨᠡᠭᠡᠭᠡᠨ ᠬᠥᠭᠵᠢᠭᠦᠯᠬᠦ ᠣᠷᠣᠨ ᠤ ᠠᠵᠢᠯᠲᠠᠳ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃     ᠬᠤᠷᠠᠯ ᠨᠢ ᠲᠥᠷᠰᠦᠲᠦ ᠨᠡᠪᠲᠡᠷᠡᠭᠦᠯᠭᠡ ᠶᠢᠨ ᠬᠡᠯᠪᠡᠷᠢ ᠪᠠᠷ ᠶᠠᠪᠤᠭᠳᠠᠪᠠ᠃ ᠬᠤᠲᠠ ᠶᠢᠨ ᠤᠳᠤᠷᠢᠳᠤᠯᠭ᠎ᠠ ᠱᠧᠩ ᠰᠢᠶᠣᠣ ᠶᠢᠥ᠂ ᠬᠤ᠋ ᠴᠢᠩ ᠹᠧᠩ᠂ ᠰᠦᠨ ᠬᠠᠶ ᠲᠤᠤ᠂ ᠭᠦᠸᠧ ᠰᠢ᠂ ᠯᠢ ᠵᠢᠩ ᠵᠢᠩ᠂ ᠶᠠᠩ ᠮᠥ᠂ ᠮᠧᠩ ᠰᠢᠶᠤᠤ ᠪᠢᠩ᠂ ᠵᠣᠣ ᡁᠢ ᠭᠠᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ