ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
ᠨᠡᠶᠢᠲᠡᠯᠡᠭᠰᠡᠨ ᠴᠠᠭ᠄
2022/1/6
     ᠭᠤᠣᠯ ᠡᠭᠦᠷᠭᠡ ᠬᠠᠷᠢᠭᠤᠴᠠᠯᠭ᠎ᠠ᠄      1. ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠵᠢᠯᠣᠭᠤᠳᠬᠤ ᠶᠢ ᠬᠠᠷᠢᠭᠤᠴᠠᠵᠤ᠂ ᠣᠨᠣᠴᠠᠲᠠᠶ ᠪᠠᠷ ᠲᠡᠳᠬᠦᠬᠦ᠂ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      2. ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠬᠠᠷᠢᠭᠤᠴᠠᠨ ᠥᠷᠨᠢᠭᠦᠯᠵᠦ᠂ ᠪᠥᠬᠦ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠳᠤᠮᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      3. ᠶᠠᠳᠠᠭᠤ ᠶᠢ ᠲᠡᠳᠬᠦᠬᠦ ᠲᠥᠷᠦᠯ ᠵᠦᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠠᠳᠠᠭᠤ ᠶᠢ ᠲᠡᠳᠬᠦᠬᠦ ᠬᠥᠭᠵᠢᠯᠲᠡ ᠶᠢᠨ ᠪᠡᠯᠡ ᠮᠥᠩᠭᠦ ᠶᠢ ᠬᠤᠪᠢᠶᠠᠷᠢᠯᠠᠬᠤ ᠲᠥᠰᠦᠯ ᠢ ᠲᠤᠭᠤᠷᠪᠢᠨ ᠲᠣᠭᠲᠠᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠵᠢᠯᠣᠭᠤᠳᠤᠨ ᠬᠢᠨᠠᠨ᠎ᠠ᠃      4. ᠶᠠᠳᠠᠭᠤ ᠶᠢ ᠲᠡᠳᠬᠦᠬᠦ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ᠂ ᠪᠥᠬᠦ ᠬᠤᠲᠠ ᠶᠢᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠡᠩᠰᠡᠯᠡᠨ ᠺᠠᠷᠲᠯᠠᠬᠤ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢ ᠬᠢᠨᠠᠨ ᠰᠢᠨᠵᠢᠬᠦ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃      5. ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠳᠤ ᠣᠷᠣᠯᠴᠠᠭᠤᠯᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠲᠦᠷᠦᠯ ᠤᠨ ᠶᠠᠳᠠᠭᠤ ᠶᠢ ᠲᠡᠳᠬᠦᠬᠦ ᠠᠵᠢᠯ ᠤᠨ ᠲᠥᠰᠦᠯ ᠢ ᠲᠤᠭᠤᠷᠪᠢᠨ ᠲᠣᠭᠲᠠᠭᠠᠨ᠎ᠠ᠃ ᠬᠤᠯᠪᠣᠭᠳᠠᠯ ᠪᠦᠬᠦᠢ ᠶᠠᠳᠠᠭᠤ ᠶᠢ ᠲᠡᠳᠬᠦᠬᠦ ᠠᠵᠢᠯ ᠤᠨ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      6. ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠲᠥᠪ ᠤᠨ ᠲᠥᠷᠥ ᠶᠢᠨ ᠪᠠᠶᠢᠭᠤᠯᠭ᠎ᠠ ᠨᠢᠭᠡᠴᠡ ᠶᠢᠨ ᠴᠡᠭ ᠲᠣᠭᠲᠠᠭᠠᠨ ᠶᠠᠳᠠᠭᠤ ᠶᠢ ᠲᠡᠳᠬᠦᠬᠦ ᠶᠢᠨ ᠵᠣᠬᠢᠴᠠᠭᠤᠯᠤᠨ ᠬᠠᠷᠢᠯᠴᠠᠬᠤ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠵᠣᠬᠢᠶᠠᠨ ᠪᠠᠶᠢᠭᠤᠯᠤᠨ᠎ᠠ᠃      7. ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢ ᠱᠠᠭᠠᠷᠳᠠᠨ ᠪᠠᠶᠢᠴᠠᠭᠠᠬᠤ ᠪᠠ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠶᠢ ᠬᠠᠷᠢᠭᠤᠴᠠᠨ᠎ᠠ᠃      8. ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠬᠤ ᠪᠠ ᠵᠢᠯᠣᠭᠤᠳᠤᠨ᠎ᠠ᠃      9. ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      10. ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠠᠵᠢᠯᠯᠠᠬᠤ ᠬᠠᠶ᠋ᠢᠭ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ C ᠰᠠᠭᠤᠳᠠᠯ ᠤᠨ ᠬᠤᠶᠠᠳᠤᠭᠠᠷ ᠳᠠᠪᠬᠤᠷ      ᠠᠯᠪᠠᠨ ᠤᠲᠠᠰᠤ᠄ 0476-8330149      ᠠᠵᠢᠯᠯᠠᠬᠤ ᠴᠠᠭ᠄ ᠦᠳᠡ ᠶᠢᠨ ᠡᠮᠦᠨ᠎ᠡ 8᠄ 30 — 12᠄ 00᠂ ᠦᠳᠡ ᠶᠢᠨ ᠬᠤᠶᠢᠨ᠎ᠠ 2᠄ 30 — 5᠄ 30
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ