ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠲᠠ ᠶᠢᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠠᠵᠢᠯᠯᠠᠵᠤ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠪᠡ᠂ ᠡᠭᠦᠨ ᠳᠤ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠨᠢᠭᠡᠴᠡ ᠶᠢᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 10.6% ᠪᠠᠷ ᠨᠡᠮᠡᠭᠳᠡᠪᠡ᠃ | ᠨᠢᠭᠡ᠂ ᠦᠨᠳᠦᠰᠦᠨ ᠠᠮᠢᠳᠤᠷᠠᠯ ᠤᠨ ᠲᠦᠷᠦᠯ ᠤᠨ ᠲᠠᠸᠠᠷ ᠤᠨ ᠪᠣᠷᠣᠯᠠᠭᠤᠯᠭ᠎ᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ᠃ ᠲᠦᠷᠦᠭᠦᠤ ᠭᠤᠷᠪᠠᠨ | ᠤᠯᠠᠷᠢᠯ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠪᠤᠳᠠᠭ᠎ᠠ ᠲᠣᠰᠣ ᠢᠳᠡᠭᠡᠨ ᠤ ᠵᠦᠢᠯ᠂ ᠡᠳᠦᠷ ᠲᠤᠲᠤᠮ ᠤᠨ ᠬᠡᠷᠡᠭᠯᠡᠭᠡᠨ ᠤ | ᠵᠦᠢᠯ᠂ ᠠᠷᠢᠬᠢ ᠲᠠᠮᠠᠬᠢᠨ ᠤ ᠵᠦᠢᠯ ᠪᠠ ᠤᠮᠳᠠᠭᠠᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠤᠰᠪᠤᠷᠢ 33.8%᠂ 17.8%᠂ 2.6% ᠪᠠ 2. | 1% ᠪᠠᠷ ᠨᠡᠮᠡᠭᠳᠡᠪᠡ᠃ | ᠬᠤᠶᠠᠷ᠂ ᠬᠢᠲᠠᠳ ᠧᠦ᠋ᠷᠣᠫᠠ ᠡᠮ ᠤᠨ ᠲᠦᠷᠦᠯ ᠵᠦᠢᠯ ᠲᠣᠭᠲᠠᠭᠤᠨ ᠢᠶᠠᠷ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠲᠠ ᠶᠢᠨ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠢᠲᠠᠳ ᠧᠦ᠋ᠷᠣᠫᠠ ᠡᠮ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 0.8% ᠪᠠᠷ ᠨᠡᠮᠡᠭᠳᠡᠪᠡ᠃ | ᠭᠤᠷᠪᠠ᠂ ᠭᠤᠣᠯᠳᠠᠯᠭ᠎ᠠ ᠲᠠᠢ ᠠᠵᠢᠯ ᠲᠦᠷᠦᠯ ᠤᠨ ᠬᠡᠷᠡᠭᠯᠡᠭᠡ ᠳᠡᠭᠡᠭᠰᠢᠯᠡᠯᠲᠡ ᠲᠠᠢ ᠪᠠᠭᠤᠷᠠᠯᠲᠠ ᠲᠠᠢ ᠪᠣᠯᠪᠠ᠃ ᠲᠦᠷᠦᠭᠦᠤ ᠭᠤᠷᠪᠠᠨ ᠤᠯᠠᠷᠢᠯ ᠳᠤ᠂ ᠪᠥᠬᠦ | ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ | ᠲᠤᠭ᠎ᠠ 26.4% ᠨᠡᠮᠡᠭᠳᠡᠵᠦ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 7.5% ᠪᠠᠭᠤᠷᠠᠪᠠ᠃ | ᠳᠥᠷᠪᠡ᠂ ᠬᠤᠭᠤᠯᠠ ᠤᠮᠳᠠ ᠶᠢᠨ ᠠᠵᠢᠯ ᠲᠥᠷᠥᠯ ᠬᠢᠵᠢᠭ ᠤᠨ ᠪᠠᠶᠢᠳᠠᠯ ᠤᠨ ᠨᠥᠯᠥᠭᠡ ᠶᠢ ᠬᠦᠷᠲᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ | ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠣᠭᠯᠠᠬᠤ ᠦᠢᠯᠡᠰ ᠤᠨ ᠡᠵᠡᠩᠨᠡᠯᠲᠡ ᠶᠢᠨ ᠨᠣᠷᠮ᠎ᠠ 0.5% ᠪᠠᠷ ᠪᠠᠭᠤᠷᠠᠵᠤ᠂ ᠲᠦᠷᠦᠭᠦᠤ | ᠰᠠᠷ᠎ᠠ ᠶᠢᠨ ᠬᠢ ᠠᠴᠠ 0.8 ᠵᠠᠭᠤᠨ ᠤ ᠴᠡᠭ ᠪᠠᠭᠤᠷᠠᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ | ᠨᠣᠷᠮ᠎ᠠ 1.0% ᠪᠠᠷ ᠪᠠᠭᠤᠷᠠᠵᠤ᠂ ᠲᠦᠷᠦᠭᠦᠤ ᠰᠠᠷ᠎ᠠ ᠶᠢᠨ ᠬᠢ ᠠᠴᠠ 1.1 ᠵᠠᠭᠤᠨ ᠤ ᠴᠡᠭ ᠪᠠᠭᠤᠷᠠᠪᠠ᠃ | |