ᠰᠡᠴᠡᠨ ᠳᠡᠭᠡᠳᠦ ᠬᠦᠷᠦᠨ ᠬᠦᠩᠵᠦ
ᠨᠡᠶᠢᠲᠡᠯᠡᠭᠰᠡᠨ ᠴᠠᠭ᠄
2022/11/22
      ᠰᠡᠴᠡᠨ ᠳᠡᠭᠡᠳᠦ ᠬᠦᠷᠦᠨ ᠬᠦᠩᠵᠦ᠂ ᠨᠡᠷ᠎ᠡ ᠨᠢ ᠠᠲ᠋ᠤ ᠭᠡᠳᠡᠭ᠃ ᠡᠮᠡᠭᠲᠡᠢ᠂ ᠮᠠᠨᠵᠦ ᠦᠨᠳᠦᠰᠦᠲᠡᠨ᠂ ᠬᠤᠶᠢᠳᠦ ᠠᠯᠳᠠᠨ ᠤᠯᠤᠰ ᠤᠨ ᠲᠡᠭᠷᠢ ᠶᠢᠨ ᠰᠡᠴᠡᠨ ᠤ ᠵᠢᠷᠭᠤᠳᠤᠭᠠᠷ ᠣᠨ ︵1632 ᠣᠨ︶᠎ ᠤ 2 ᠰᠠᠷ᠎ᠠ ᠶᠢᠨ 2᠎ ᠤᠨ ᠡᠳᠦᠷ ᠱᠧᠩᠵᠢᠩ ︵ᠣᠳᠣᠬᠢ ᠮᠦᠭᠲᠡᠨ︶᠎ ᠤᠨ ᠴᠢᠩ ᠤᠯᠤᠰ ᠤᠨ ᠲᠠᠶᠢᠽᠦ᠋ᠡᠭ ᠬᠠᠭᠠᠨ ᠬᠤᠸᠠᠩ ᠲᠠᠢ ᠵᠢᠢ ᠶᠢᠨ ᠲᠠᠪᠤᠳᠤᠭᠠᠷ ᠥᠬᠢᠨ ︵ᠰᠢᠶᠤᠤ ᠵᠤᠸᠠᠩ ᠸᠧᠨ ᠬᠤᠸᠠᠩᠬᠡᠤ ᠶᠢᠨ ᠬᠡᠣᠬᠡᠨ︶ ᠪᠤᠯᠤᠨ ᠮᠠᠨᠳᠦᠯᠡᠵᠠᠢ᠂ ᠲᠡᠭᠦᠨ ᠤ ᠳᠡᠭᠦᠦ ᠡᠶᠡᠪᠡᠷ ᠵᠠᠰᠠᠭᠴᠢ ᠬᠠᠭᠠᠨ ᠵᠠᠯᠭᠠᠮᠵᠢᠯᠠᠭᠰᠠᠨ ᠤ ᠳᠠᠷᠠᠭ᠎ᠠ ᠲᠡᠭᠦᠨ ᠤ ᠡᠵᠢ ᠶᠢ ᠰᠢᠶᠤᠤ ᠵᠤᠸᠠᠩ ᠸᠧᠨ ᠬᠤᠸᠠᠩᠬᠡᠤ ᠡᠷᠭᠦᠮᠵᠢᠯᠡᠵᠦ᠂ ᠲᠡᠭᠦᠨ ᠢ ᠶᠡᠭᠡ ᠬᠦᠷᠦᠨ ᠬᠦᠩᠵᠦ ᠡᠷᠭᠦᠮᠵᠢᠯᠡᠪᠡ᠃ ᠡᠶᠡᠪᠡᠷ ᠵᠠᠰᠠᠭᠴᠢ ᠶᠢᠨ ᠲᠠᠪᠣᠳᠣᠭᠠᠷ ᠣᠨ ︵1648 ᠣᠨ︶᠎ ᠤ 2 ᠰᠠᠷ᠎ᠠ ᠳᠤ 16 ᠨᠠᠰᠤᠨ ᠳᠤ ᠪᠠᠨ ᠪᠠᠭᠠᠷᠢᠨ ᠪᠠᠷᠠᠭᠤᠨ ᠭᠠᠷᠤᠨ ᠬᠤᠰᠢᠭᠤᠨ ᠤ ᠵᠠᠰᠠᠭ ᠤᠯᠤᠰ ᠲᠤ ᠲᠤᠰᠠᠯᠠᠭᠴᠢ ᠬᠦᠡᠭ ᠰᠧᠪᠲᠡᠨ ᠲᠠᠢ ᠤᠷᠤᠭ ᠬᠤᠯᠪᠣᠵᠠᠢ᠃ ᠡᠩᠬᠡ ᠠᠮᠤᠭᠤᠯᠠᠩ ᠤᠨ ᠭᠤᠴᠢ ᠶᠢᠰᠦᠳᠦᠭᠡᠷ ᠣᠨ ︵1700 ᠣᠨ︶᠎ ᠳᠤ ᠪᠡᠭᠡᠵᠢᠩ ᠳᠤ ᠡᠪᠡᠳᠴᠢᠨ ᠢᠶᠠᠷ ᠨᠠᠰᠤ ᠪᠠᠷᠠᠵᠤ᠂ ᠪᠠᠭᠠᠷᠢᠨ ᠪᠠᠷᠠᠭᠤᠨ ᠭᠠᠷᠤᠨ ᠬᠤᠰᠢᠭᠤᠨ ᠳᠤ ᠣᠷᠣᠰᠢᠭᠤᠯᠵᠠᠢ᠃ ᠰᠡᠴᠡᠨ ᠳᠡᠭᠡᠳᠦ ᠬᠦᠷᠦᠨ ᠬᠦᠩᠵᠦ ᠪᠠᠭᠠᠷᠢᠨ ᠨᠤᠲᠤᠭ ᠲᠤ ᠬᠡᠳᠦᠨ ᠠᠷᠪᠠᠨ ᠵᠢᠯ ᠠᠮᠢᠳᠤᠷᠠᠵᠦ᠂ ᠬᠢᠯᠢ ᠬᠢᠵᠠᠭᠠᠷ ᠢ ᠠᠮᠤᠷᠵᠢᠭᠤᠯᠤᠨ᠂ ᠦᠨᠳᠦᠰᠦᠲᠡᠨ ᠤ ᠪᠦᠯᠬᠦᠮᠳᠠᠯ ᠢ ᠨᠢᠭᠲᠠᠷᠠᠭᠤᠯᠬᠤ ᠳᠤ ᠮᠠᠰᠢ ᠶᠡᠭᠡ ᠦᠢᠯᠡᠳᠦᠯ ᠦᠵᠡᠭᠦᠯᠦᠭᠰᠡᠨ ᠪᠠᠶᠢᠨ᠎ᠠ᠃ ᠲᠡᠭᠦᠨ ᠤ ᠮᠣᠷᠳᠠᠵᠦ ᠢᠷᠡᠬᠦ ᠦᠶ᠎ᠡ ᠳᠤ ᠪᠠᠨ ᠲᠠᠭᠠᠭᠤᠯᠵᠤ ᠢᠷᠡᠭᠰᠡᠨ 300 ᠡᠷᠦᠬᠡ ᠢᠨᠵᠢ ᠨᠠᠷ ᠨᠢ ᠲᠠᠯ᠎ᠠ ᠨᠤᠲᠤᠭ ᠤᠨ ᠲᠠᠷᠢᠮᠠᠯ ᠤᠨ ᠦᠢᠯᠡᠰ᠂ ᠪᠠᠷᠢᠯᠭ᠎ᠠ ᠶᠢᠨ ᠦᠢᠯᠡᠰ ᠪᠣᠯᠣᠨ ᠡᠯ᠎ᠡ ᠵᠦᠢᠯ ᠤᠨ ᠭᠠᠷ ᠣᠷᠠᠯᠠᠯ ᠤᠨ ᠦᠢᠯᠡᠳᠪᠦᠷᠢ ᠶᠢ ᠬᠥᠭᠵᠢᠭᠦᠯᠬᠦ ᠳᠤ ᠲᠦᠯᠬᠢᠴᠡ ᠦᠢᠯᠡᠳᠦᠯ ᠦᠵᠡᠭᠦᠯᠪᠡ᠃ ᠲᠡᠷᠡ ᠪᠡᠯᠡ ᠴᠤᠭᠯᠠᠭᠤᠯᠵᠤ ᠰᠢᠷᠠᠮᠦ᠋ᠷᠡᠨ ᠭᠤᠣᠯ ᠳᠡᠭᠡᠷ᠎ᠡ ᠪᠠᠭᠠᠷᠢᠨ ᠬᠦᠭᠦᠷᠭᠡ ᠪᠠᠷᠢᠵᠤ᠂ ᠲᠠᠯ᠎ᠠ ᠨᠤᠲᠤᠭ ᠪᠤᠯᠤᠨ ᠳᠤᠲᠤᠷ᠎ᠡ ᠤᠷᠤᠨ ᠤ ᠶᠠᠪᠤᠯᠴᠠᠭ᠎ᠠ ᠳᠤ ᠲᠦᠭᠦᠮ ᠦᠵᠡᠭᠦᠯᠦᠭᠰᠡᠨ ᠪᠥᠭᠡᠳ ᠪᠠᠰᠠ ᠲᠡᠭᠦᠰ ᠪᠦᠷᠢᠳᠬᠡᠯᠲᠤ ᠰᠦᠮ᠎ᠡ ᠶᠢ ᠪᠠᠶᠢᠭᠤᠯᠵᠤ ᠯᠠᠮᠠ ᠶᠢᠨ ᠱᠠᠰᠢᠨ ᠢ ᠳᠡᠯᠭᠡᠷᠡᠭᠦᠯᠦᠭᠰᠡᠨ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ