ᠯᠢ ᠲᠢᠩ ᠵᠧᠨ
ᠨᠡᠶᠢᠲᠡᠯᠡᠭᠰᠡᠨ ᠴᠠᠭ᠄
2022/11/22
      ᠯᠢ ᠲᠢᠩ ᠵᠧᠨ᠂ ᠡᠷᠭᠦᠭᠰᠡᠨ ᠨᠡᠷ᠎ᠡ ᠶᠦᠨ ᠮᠢᠩ᠂ ᠡᠷᠡᠭᠲᠡᠢ᠂ ᠬᠢᠲᠡᠳ ᠦᠨᠳᠦᠰᠦᠲᠡᠨ᠂ 1909 ᠣᠨ ᠳᠤ ᠤᠯᠠᠭᠠᠨᠬᠠᠳᠠ ᠵᠠᠭᠡᠯᠢ ᠶᠢᠨ ᠨᠢᠭᠡᠨ ᠶᠠᠳᠠᠭᠤ ᠠᠶᠢᠯ ᠳᠤ ᠲᠦᠷᠦᠵᠠᠢ᠃ 1927 ᠣᠨ ᠳᠤ ᠤᠯᠠᠭᠠᠨᠬᠠᠳᠠ ᠰᠢᠶᠠᠨ ᠤ ᠠᠩᠬ᠎ᠠ ᠳᠡᠭᠡᠳᠦ ᠵᠡᠷᠭᠡ ᠶᠢᠨ ᠪᠠᠭ᠎ᠠ ᠰᠤᠷᠭᠠᠭᠤᠯᠢ ᠠᠴᠠ ᠲᠡᠭᠦᠰᠴᠦ᠂ 1930 ᠣᠨ ᠳᠤ ᠤᠯᠠᠭᠠᠨᠬᠠᠳᠠ ᠰᠢᠶᠠᠨ ᠤ ᠬᠦᠳᠡᠭᠡ ᠲᠤᠰᠬᠤᠨ ᠤ ᠪᠠᠭᠰᠢ ᠶᠢᠨ ᠰᠤᠷᠭᠠᠭᠤᠯᠢ ᠠᠴᠠ ᠲᠡᠭᠦᠰᠪᠡ᠃ ᠲᠡᠷᠡ 19 ᠨᠠᠰᠤᠳᠠᠢ ᠳᠤ ᠪᠠᠨ ᠰᠤᠷᠤᠯᠴᠠᠬᠤ ᠶᠢᠨ ᠳᠠᠭᠠᠤ ᠰᠤᠷᠭᠠᠨ ᠬᠦᠮᠦᠵᠢᠯ ᠤᠨ ᠠᠵᠢᠯ ᠤᠨ ᠪᠠᠶᠢᠷᠢ ᠳᠤ ᠭᠠᠷᠴᠤ᠂ ᠨᠢᠭᠡ ᠲᠠᠯ᠎ᠠ ᠪᠠᠷ ᠰᠤᠷᠤᠯᠴᠠᠵᠤ᠂ ᠨᠦᠭᠦᠭᠡ ᠲᠠᠯ᠎ᠠ ᠪᠠᠷ ᠪᠠᠭᠰᠢᠯᠠᠨ᠂ ᠤᠷᠢᠳ ᠬᠤᠵᠢᠳ ᠤᠯᠤᠰ ᠠᠷᠠᠳ ᠤᠨ ᠦᠯᠡᠮᠵᠢ ᠵᠡᠷᠭᠡ ᠶᠢᠨ ᠰᠤᠷᠭᠠᠭᠤᠯᠢ᠂ ᠤᠯᠠᠭᠠᠨᠬᠠᠳᠠ ᠶᠢᠨ ᠬᠤᠶᠠᠳᠤᠭᠠᠷ᠂ ᠲᠥᠷᠪᠡᠳᠦᠭᠡᠷ᠂ ᠵᠢᠷᠭᠤᠳᠤᠭᠠᠷ᠂ ᠲᠣᠯᠣᠳᠤᠭᠠᠷ ᠪᠠᠭ᠎ᠠ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠳᠤ ᠪᠠᠶᠢᠵᠤ ᠥᠩᠭᠡᠷᠡᠪᠡ᠃ 1955 ᠣᠨ ᠠᠴᠠ ᠰᠡᠭᠦᠯᠡᠷ ᠤᠯᠠᠭᠠᠨᠬᠠᠳᠠ ᠰᠢᠶᠠᠨ ︵ᠬᠤᠲᠠ︶᠎ ᠤ ᠳᠡᠳ᠋ ᠳᠠᠷᠤᠭ᠎ᠠ ᠶᠢᠨ ᠲᠤᠰᠢᠶᠠᠯ ᠪᠣᠯᠵᠤ ᠂ ᠮᠦᠨ ᠰᠣᠶᠣᠯ ᠰᠤᠷᠭᠠᠨ ᠬᠦᠮᠦᠵᠢᠯ ᠡᠷᠡᠭᠦᠯ ᠬᠠᠮᠠᠭᠠᠯᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠭᠤᠤᠯᠯᠠᠨ ᠬᠠᠮᠢᠶᠠᠷᠪᠠ᠃ ᠲᠡᠷᠡ ᠠᠵᠢᠯ ᠳᠤ ᠪᠠᠨ ᠬᠢᠨᠠᠮᠠᠭᠠᠢ᠂ ᠠᠮᠢᠳᠤᠷᠠᠯ ᠳᠤ ᠪᠠᠨ ᠪᠣᠷᠣᠭᠵᠢᠭᠤᠨ᠂ ᠤᠯᠠᠭᠠᠨᠬᠠᠳᠠ ᠶᠢᠨ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠲᠡ ᠳᠤ ᠤᠶᠤᠨ ᠤᠬᠠᠭᠠᠨ ᠢᠶᠠᠨ ᠰᠢᠪᠬᠠᠵᠤ ᠂ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠠᠵᠢᠯ ᠢ ᠬᠠᠷᠢᠭᠤᠴᠠᠭᠰᠠᠨ ᠤ ᠪᠠᠨ ᠳᠠᠷᠠᠭ᠎ᠠ ᠨᠡᠩ ᠴᠤ ᠰᠢᠷᠭᠠᠭᠤ ᠬᠠᠳᠠᠭᠤᠵᠢᠯᠲᠠᠢ ᠠᠵᠢᠯᠯᠠᠵᠦ᠂ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ 1989 ᠣᠨ ᠤ 6 ᠰᠠᠷ᠎ᠠ ᠳᠤ ᠡᠪᠡᠳᠴᠢᠨ ᠢᠶᠠᠷ ᠤᠯᠠᠭᠠᠨᠬᠠᠳᠠ ᠳᠤ ᠨᠠᠰᠤ ᠪᠠᠷᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ