| ᠰᠡᠴᠡᠨ ᠳᠡᠭᠡᠳᠦ ᠬᠦᠷᠦᠨ ᠬᠦᠩᠵᠦ᠂ ᠨᠡᠷ᠎ᠡ ᠨᠢ ᠠᠲ᠋ᠤ ᠭᠡᠳᠡᠭ᠃ ᠡᠮᠡᠭᠲᠡᠢ᠂ ᠮᠠᠨᠵᠦ ᠦᠨᠳᠦᠰᠦᠲᠡᠨ᠂ ᠬᠤᠶᠢᠳᠦ ᠠᠯᠳᠠᠨ ᠤᠯᠤᠰ ᠤᠨ ᠲᠡᠭᠷᠢ ᠶᠢᠨ | ᠰᠡᠴᠡᠨ ᠤ ᠵᠢᠷᠭᠤᠳᠤᠭᠠᠷ ᠣᠨ ︵1632 ᠣᠨ︶ ᠤ 2 ᠰᠠᠷ᠎ᠠ ᠶᠢᠨ 2 ᠤᠨ ᠡᠳᠦᠷ ᠱᠧᠩᠵᠢᠩ ︵ᠣᠳᠣᠬᠢ ᠮᠦᠭᠲᠡᠨ︶ ᠤᠨ ᠴᠢᠩ ᠤᠯᠤᠰ ᠤᠨ ᠲᠠᠶᠢᠽᠦ᠋ᠡᠭ | ᠬᠠᠭᠠᠨ ᠬᠤᠸᠠᠩ ᠲᠠᠢ ᠵᠢᠢ ᠶᠢᠨ ᠲᠠᠪᠤᠳᠤᠭᠠᠷ ᠥᠬᠢᠨ ︵ᠰᠢᠶᠤᠤ ᠵᠤᠸᠠᠩ ᠸᠧᠨ ᠬᠤᠸᠠᠩᠬᠡᠤ ᠶᠢᠨ ᠬᠡᠣᠬᠡᠨ︶ ᠪᠤᠯᠤᠨ ᠮᠠᠨᠳᠦᠯᠡᠵᠠᠢ᠂ ᠲᠡᠭᠦᠨ ᠤ ᠳᠡᠭᠦᠦ ᠡᠶᠡᠪᠡᠷ | ᠵᠠᠰᠠᠭᠴᠢ ᠬᠠᠭᠠᠨ ᠵᠠᠯᠭᠠᠮᠵᠢᠯᠠᠭᠰᠠᠨ ᠤ ᠳᠠᠷᠠᠭ᠎ᠠ ᠲᠡᠭᠦᠨ ᠤ ᠡᠵᠢ ᠶᠢ ᠰᠢᠶᠤᠤ ᠵᠤᠸᠠᠩ ᠸᠧᠨ ᠬᠤᠸᠠᠩᠬᠡᠤ ᠡᠷᠭᠦᠮᠵᠢᠯᠡᠵᠦ᠂ ᠲᠡᠭᠦᠨ ᠢ ᠶᠡᠭᠡ ᠬᠦᠷᠦᠨ ᠬᠦᠩᠵᠦ | ᠡᠷᠭᠦᠮᠵᠢᠯᠡᠪᠡ᠃ ᠡᠶᠡᠪᠡᠷ ᠵᠠᠰᠠᠭᠴᠢ ᠶᠢᠨ ᠲᠠᠪᠣᠳᠣᠭᠠᠷ ᠣᠨ ︵1648 ᠣᠨ︶ ᠤ 2 ᠰᠠᠷ᠎ᠠ ᠳᠤ 16 ᠨᠠᠰᠤᠨ ᠳᠤ ᠪᠠᠨ ᠪᠠᠭᠠᠷᠢᠨ ᠪᠠᠷᠠᠭᠤᠨ ᠭᠠᠷᠤᠨ | ᠬᠤᠰᠢᠭᠤᠨ ᠤ ᠵᠠᠰᠠᠭ ᠤᠯᠤᠰ ᠲᠤ ᠲᠤᠰᠠᠯᠠᠭᠴᠢ ᠬᠦᠡᠭ ᠰᠧᠪᠲᠡᠨ ᠲᠠᠢ ᠤᠷᠤᠭ ᠬᠤᠯᠪᠣᠵᠠᠢ᠃ ᠡᠩᠬᠡ ᠠᠮᠤᠭᠤᠯᠠᠩ ᠤᠨ ᠭᠤᠴᠢ ᠶᠢᠰᠦᠳᠦᠭᠡᠷ ᠣᠨ ︵1700 | ᠣᠨ︶ ᠳᠤ ᠪᠡᠭᠡᠵᠢᠩ ᠳᠤ ᠡᠪᠡᠳᠴᠢᠨ ᠢᠶᠠᠷ ᠨᠠᠰᠤ ᠪᠠᠷᠠᠵᠤ᠂ ᠪᠠᠭᠠᠷᠢᠨ ᠪᠠᠷᠠᠭᠤᠨ ᠭᠠᠷᠤᠨ ᠬᠤᠰᠢᠭᠤᠨ ᠳᠤ ᠣᠷᠣᠰᠢᠭᠤᠯᠵᠠᠢ᠃ ᠰᠡᠴᠡᠨ ᠳᠡᠭᠡᠳᠦ ᠬᠦᠷᠦᠨ ᠬᠦᠩᠵᠦ | ᠪᠠᠭᠠᠷᠢᠨ ᠨᠤᠲᠤᠭ ᠲᠤ ᠬᠡᠳᠦᠨ ᠠᠷᠪᠠᠨ ᠵᠢᠯ ᠠᠮᠢᠳᠤᠷᠠᠵᠦ᠂ ᠬᠢᠯᠢ ᠬᠢᠵᠠᠭᠠᠷ ᠢ ᠠᠮᠤᠷᠵᠢᠭᠤᠯᠤᠨ᠂ ᠦᠨᠳᠦᠰᠦᠲᠡᠨ ᠤ ᠪᠦᠯᠬᠦᠮᠳᠠᠯ ᠢ ᠨᠢᠭᠲᠠᠷᠠᠭᠤᠯᠬᠤ ᠳᠤ ᠮᠠᠰᠢ ᠶᠡᠭᠡ | ᠦᠢᠯᠡᠳᠦᠯ ᠦᠵᠡᠭᠦᠯᠦᠭᠰᠡᠨ ᠪᠠᠶᠢᠨ᠎ᠠ᠃ ᠲᠡᠭᠦᠨ ᠤ ᠮᠣᠷᠳᠠᠵᠦ ᠢᠷᠡᠬᠦ ᠦᠶ᠎ᠡ ᠳᠤ ᠪᠠᠨ ᠲᠠᠭᠠᠭᠤᠯᠵᠤ ᠢᠷᠡᠭᠰᠡᠨ 300 ᠡᠷᠦᠬᠡ ᠢᠨᠵᠢ ᠨᠠᠷ ᠨᠢ ᠲᠠᠯ᠎ᠠ ᠨᠤᠲᠤᠭ ᠤᠨ | ᠲᠠᠷᠢᠮᠠᠯ ᠤᠨ ᠦᠢᠯᠡᠰ᠂ ᠪᠠᠷᠢᠯᠭ᠎ᠠ ᠶᠢᠨ ᠦᠢᠯᠡᠰ ᠪᠣᠯᠣᠨ ᠡᠯ᠎ᠡ ᠵᠦᠢᠯ ᠤᠨ ᠭᠠᠷ ᠣᠷᠠᠯᠠᠯ ᠤᠨ ᠦᠢᠯᠡᠳᠪᠦᠷᠢ ᠶᠢ ᠬᠥᠭᠵᠢᠭᠦᠯᠬᠦ ᠳᠤ ᠲᠦᠯᠬᠢᠴᠡ ᠦᠢᠯᠡᠳᠦᠯ | ᠦᠵᠡᠭᠦᠯᠪᠡ᠃ ᠲᠡᠷᠡ ᠪᠡᠯᠡ ᠴᠤᠭᠯᠠᠭᠤᠯᠵᠤ ᠰᠢᠷᠠᠮᠦ᠋ᠷᠡᠨ ᠭᠤᠣᠯ ᠳᠡᠭᠡᠷ᠎ᠡ ᠪᠠᠭᠠᠷᠢᠨ ᠬᠦᠭᠦᠷᠭᠡ ᠪᠠᠷᠢᠵᠤ᠂ ᠲᠠᠯ᠎ᠠ ᠨᠤᠲᠤᠭ ᠪᠤᠯᠤᠨ ᠳᠤᠲᠤᠷ᠎ᠡ ᠤᠷᠤᠨ ᠤ | ᠶᠠᠪᠤᠯᠴᠠᠭ᠎ᠠ ᠳᠤ ᠲᠦᠭᠦᠮ ᠦᠵᠡᠭᠦᠯᠦᠭᠰᠡᠨ ᠪᠥᠭᠡᠳ ᠪᠠᠰᠠ ᠲᠡᠭᠦᠰ ᠪᠦᠷᠢᠳᠬᠡᠯᠲᠤ ᠰᠦᠮ᠎ᠡ ᠶᠢ ᠪᠠᠶᠢᠭᠤᠯᠵᠤ ᠯᠠᠮᠠ ᠶᠢᠨ ᠱᠠᠰᠢᠨ ᠢ ᠳᠡᠯᠭᠡᠷᠡᠭᠦᠯᠦᠭᠰᠡᠨ ᠪᠠᠶᠢᠨ᠎ᠠ᠃ | | | |