ᠰᠦᠡᠭ ᠢᠥᠢ ᠳ᠋ᠧ
ᠨᠡᠶᠢᠲᠡᠯᠡᠭᠰᠡᠨ ᠴᠠᠭ᠄
2022/11/22
      ᠰᠦᠡᠭ ᠢᠥᠢ ᠳ᠋ᠧ᠂ ᠡᠷᠡᠭᠲᠡᠢ᠂ ᠬᠢᠲᠠᠳ ᠦᠨᠳᠦᠰᠦᠲᠡᠨ᠂ ᠬᠡᠰᠢᠭᠲᠡᠨ ᠬᠤᠰᠢᠭᠤᠨ ᠤ ᠰᠢᠨ ᠵᠢᠩ ᠰᠢᠶᠠᠩ ᠤᠨ ᠭᠤᠸᠠᠨ ᠳ᠋ᠦᠩ ᠴᠧ ᠶᠢᠨ ᠬᠦᠮᠦᠨ᠂ 1914 ᠣᠨ ᠳᠤ ᠲᠦᠷᠦᠵᠠᠢ᠃ ᠴᠢᠯᠦᠭᠡᠯᠡᠭᠳᠡᠭᠰᠡᠨ ᠤ ᠳᠠᠷᠠᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠸᠠᠨ ᠳ᠋ᠦᠩ ᠴᠧ ᠲᠤᠰᠬᠤᠨ ᠤ ᠨᠠᠮ ᠤᠨ ᠡᠭᠦᠷ ᠤᠨ ᠱᠦᠵᠢ ᠪᠠᠶᠢᠪᠠ᠃ ᠲᠡᠷᠡ ᠬᠠᠪᠰᠤᠷᠤᠯ ᠬᠤᠷᠰᠢᠶᠠᠵᠢᠯ ᠤᠨ ᠲᠠᠭᠠᠭᠤᠯᠤᠭᠴᠢ᠂ ᠲᠠᠷᠢᠶᠠᠯᠠᠩ ᠤᠨ ᠮᠠᠰᠢᠨ ᠤ ᠦᠭᠡᠷᠡᠴᠢᠯᠡᠭᠴᠢ᠂ ᠰᠠᠶᠢᠨ ᠦᠷ᠎ᠡ ᠲᠡᠯᠭᠡᠷᠡᠭᠦᠯᠬᠦ ᠢᠳᠡᠪᠬᠢᠲᠡᠨ ᠪᠠᠶᠢᠵᠦ᠂ ᠬᠤᠰᠢᠭᠤ᠂ ᠠᠶᠢᠮᠠᠭ ᠤᠨ ᠬᠦᠳᠡᠯᠮᠦᠷᠢ ᠶᠢᠨ ᠵᠢᠱᠢᠶᠡᠴᠢ ᠪᠠᠷ ᠰᠤᠩᠭᠤᠭᠳᠠᠵᠤ ᠥᠩᠭᠡᠷᠡᠪᠡ᠃ 1949 ᠣᠨ ᠳᠤ ᠿᠧᠾᠧ ᠮᠣᠵᠢ ᠶᠢᠨ ᠬᠦᠳᠡᠯᠮᠦᠷᠢ ᠶᠢᠨ ᠵᠢᠱᠢᠶᠡᠴᠢᠳ ᠤᠨ ᠶᠡᠭᠡ ᠬᠤᠷᠠᠯ ᠳᠤ ᠣᠷᠣᠯᠴᠠᠵᠦ᠂ ᠣᠨᠴᠠ ᠳᠡᠰ ᠤᠨ ᠲᠠᠷᠢᠶᠠᠯᠠᠩ ᠤᠨ ᠬᠦᠳᠡᠯᠮᠦᠷᠢ ᠶᠢᠨ ᠵᠢᠱᠢᠶᠡᠴᠢ ᠪᠠᠷ ᠰᠤᠩᠭᠤᠭᠳᠠᠨ᠂ 1950 ᠣᠨ᠂ 1951 ᠣᠨ ᠳᠤ ᠬᠤᠶᠠᠷ ᠤᠳᠠᠭ᠎ᠠ ᠪᠦᠬᠦ ᠤᠯᠤᠰ ᠤᠨ ᠵᠢᠱᠢᠶᠡᠴᠢᠳ ᠤᠨ ᠬᠤᠷᠠᠯ ᠳᠤ ᠣᠷᠣᠯᠴᠠᠪᠠ᠃ 1987 ᠣᠨ ᠤ ᠬᠠᠪᠤᠷ ᠡᠪᠡᠳᠴᠢᠨ ᠢᠶᠠᠷ ᠨᠠᠰᠤ ᠪᠠᠷᠠᠵᠠᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ