ᠪᠣᠣ ᠢᠡᠭ ᠴᠠᠩ
ᠨᠡᠶᠢᠲᠡᠯᠡᠭᠰᠡᠨ ᠴᠠᠭ᠄
2022/11/22
      ᠪᠣᠣ ᠢᠡᠭ ᠴᠠᠩ᠂ ᠥᠭᠡᠷ᠎ᠡ ᠨᠡᠷ᠎ᠡ ᠨᠢ ᠵᠤᠤ ᠴᠧᠡᠭ ᠰᠢᠶᠠᠩ᠂ ᠡᠷᠡᠭᠲᠡᠢ᠂ ᠮᠣᠩᠭᠤᠯ ᠦᠨᠳᠦᠰᠦᠲᠡᠨ᠂ ᠬᠡᠰᠢᠭᠲᠡᠨ ᠬᠤᠰᠢᠭᠤᠨ ᠤ ᠮᠡᠬᠡᠶᠢᠲᠦ ᠶᠢᠨ ᠬᠦᠮᠦᠨ᠂ 1936 ᠣᠨ ᠳᠤ ᠬᠠᠭᠤᠷᠮᠠᠭ ᠮᠠᠨᠵᠤ ᠶᠢᠨ ᠬᠢᠩᠭᠠᠨ ᠴᠡᠷᠢᠭ ᠤᠨ ᠨᠣᠶᠠᠨ ᠤ ᠰᠤᠷᠭᠠᠭᠤᠯᠢ ᠠᠴᠠ ᠲᠡᠭᠦᠰᠴᠦ᠂ 1937 ᠣᠨ ᠤ 4 ᠰᠠᠷ᠎ᠠ ᠳᠤ ᠯᠢᠨᠰᠢ ᠶᠢᠨ ᠬᠠᠭᠤᠷᠮᠠᠭ ᠮᠠᠨᠵᠤ ᠶᠢᠨ ᠬᠢᠩᠭᠠᠨ ᠪᠠᠷᠠᠭᠤᠨ ᠮᠣᠵᠢ ᠶᠢᠨ ᠭᠤᠷᠪᠠᠳᠤᠭᠠᠷ ᠬᠤᠷᠢᠶ᠎ᠠ ᠳᠤ ᠪᠠᠭ᠎ᠠ ᠲᠡᠰᠯᠠᠭᠴᠢ ᠰᠠᠯᠠᠭᠠᠨ ᠳᠠᠷᠤᠭ᠎ᠠ ᠶᠢᠨ ᠲᠤᠰᠢᠶᠠᠯ ᠳᠤ ᠪᠠᠶᠢᠪᠠ᠃ ᠲᠤᠰ ᠵᠢᠯ ᠤᠨ 8 ᠰᠠᠷ᠎ᠠ ᠳᠤ ᠶᠠᠫᠣᠨ ᠬᠥᠮᠥᠨ ᠳᠤ ᠪᠠᠷᠢᠭᠳᠠᠵᠤ ᠭᠢᠨᠲᠠᠨ ᠳᠤ ᠣᠷᠤᠵᠣ᠂ ᠠᠯᠳ᠋ᠬᠤᠴᠢᠷ ᠵᠡᠷᠭᠡ ᠬᠦᠮᠦᠨ ᠤ ᠬᠠᠪᠰᠤᠷᠤᠯᠭ᠎ᠠ ᠶᠢᠨ ᠲᠣᠣᠷ᠎ᠠ 1942 ᠣᠨ ᠤ 3 ᠰᠠᠷ᠎ᠠ ᠳᠤ ᠬᠢᠨᠲᠠᠨ ᠠᠴᠠ ᠭᠠᠷᠴᠦ᠂ ᠭᠡᠷ ᠲᠤ ᠪᠠᠨ ᠰᠡᠯᠡᠭᠦᠦ ᠰᠠᠭᠤᠪᠠ᠃       1945 ᠣᠨ ᠤ 10 ᠰᠠᠷ᠎ᠠ ᠳᠤ ᠤᠯᠠᠭᠠᠨᠬᠦᠦ ᠵᠡᠷᠭᠡ ᠬᠦᠮᠦᠰ ᠤᠨ ᠲᠠᠨᠢᠯᠴᠠᠭᠤᠯᠭ᠎ᠠ ᠪᠠᠷ ᠵᠠᠩᠪᠧᠢ ᠳᠤ ᠣᠴᠢᠨ ᠰᠤᠷᠤᠯᠴᠠᠵᠠᠢ᠃ ᠰᠡᠭᠦᠯᠡᠷ ᠨᠢ ᠴᠢᠭᠤᠯᠤᠯᠲᠤ ᠬᠠᠭᠠᠯᠭ᠎ᠠ ᠳᠤ ᠬᠦᠷᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠦᠳᠡᠯᠭᠡᠭᠡᠨ ᠤ ᠬᠤᠯᠪᠣᠭᠠᠳᠦ ᠬᠤᠷᠠᠯ ᠢ ᠪᠠᠶᠢᠭᠤᠯᠬᠤ ᠪᠡᠯᠡᠳᠬᠡᠯ ᠠᠵᠢᠯ ᠳᠤ ᠣᠷᠣᠯᠴᠠᠪᠠ᠃ 1946 ᠣᠨ ᠤ 5 ᠰᠠᠷ᠎ᠠ ᠳᠤ ᠬᠡᠰᠢᠭᠲᠡᠨ ᠬᠤᠰᠢᠭᠤᠨ ᠳᠤ ᠪᠠᠨ ᠪᠣᠴᠠᠨ ᠢᠷᠡᠵᠦ ᠬᠤᠰᠢᠭᠤᠨ ᠤ ᠬᠤᠪᠢᠶᠠᠷᠢ ᠬᠤᠷᠠᠯ ᠤᠨ ᠡᠷᠬᠢᠯᠡᠭᠴᠢ ᠶᠢᠨ ᠲᠣᠰᠢᠶᠠᠯ ᠳᠤ ᠲᠣᠮᠢᠯᠠᠭᠳᠠᠵᠤ᠂ ᠮᠤᠷᠢᠳᠤ ᠴᠡᠷᠢᠭ ᠤᠨ ᠲᠥᠷᠪᠡᠳᠦᠭᠡᠷ ᠳ᠋ᠢᠸᠢᠽᠢ ᠶᠢᠨ ᠭᠤᠴᠢᠨ ᠵᠢᠷᠭᠤᠳᠤᠭᠠᠷ ᠬᠤᠷᠢᠶ᠎ᠠ ᠶᠢ ᠪᠠᠶᠢᠭᠤᠯᠬᠤ ᠪᠡᠯᠡᠳᠬᠡᠯ ᠠᠵᠢᠯ ᠳᠤ ᠢᠳᠡᠪᠬᠢᠲᠡᠢ ᠣᠷᠣᠯᠴᠠᠪᠠ᠃ 1949 ᠣᠨ ᠤ 9 ᠰᠠᠷ᠎ᠠ ᠳᠤ ᠬᠤᠷᠢᠶᠠᠨ ᠲᠠᠷᠤᠭ᠎ᠠ ᠪᠣᠯᠵᠤ᠂ ᠰᠠᠬᠦᠯᠡᠷ ᠨᠢ ᠥᠪᠣᠷ ᠮᠣᠩᠭᠤᠯ ᠤᠨ ᠮᠣᠷᠢᠲᠦ ᠴᠡᠷᠢᠭ ᠤᠨ ᠭᠤᠷᠪᠠᠳᠤᠭᠠᠷ ᠳ᠋ᠢᠸᠢᠽᠢ ᠶᠢᠨ ᠵᠤᠤ ᠤᠳᠠ ᠠᠶᠢᠮᠠᠭ ᠤᠨ ᠴᠡᠷᠢᠭ ᠤᠨ ᠬᠤᠪᠢᠶᠠᠷᠢ ᠲᠤᠭᠤᠷᠢᠭ ᠤᠨ ᠳᠡᠳ᠋ ᠱᠠᠲ᠋ᠠᠪ ᠤᠨ ᠳᠠᠷᠤᠭ᠎ᠠ ᠪᠣᠯᠪᠠ ᠃ 1952 ᠣᠨ ᠤ 12 ᠰᠠᠷ᠎ᠠ ᠳᠤ ᠵᠤᠤ ᠤᠳᠠ ᠠᠶᠢᠮᠠᠭ ᠤᠨ ᠳᠡᠳ᠋ ᠳᠠᠷᠤᠭ᠎ᠠ ᠪᠠᠷ ᠲᠣᠮᠢᠯᠠᠭᠳᠠᠵᠤ᠂ 1957 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠪᠣᠯᠪᠠ᠃ ︽ᠰᠣᠶᠣᠯ ᠤᠨ ᠶᠡᠭᠡ ᠬᠤᠪᠢᠰᠬᠠᠯ︾ ᠤᠨ ᠦᠶ᠎ᠡ ᠳᠤ ᠬᠤᠣᠷ ᠠᠮᠰᠠᠵᠦ 1987 ᠣᠨ ᠳᠤ ᠡᠪᠡᠳᠴᠢᠨ ᠢᠶᠠᠷ ᠨᠠᠰᠤ ᠪᠠᠷᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ