ᠵᠠᠩ ᠶᠤᠤ ᠽᠧᠡᠭ
ᠨᠡᠶᠢᠲᠡᠯᠡᠭᠰᠡᠨ ᠴᠠᠭ᠄
2022/11/22
      ᠵᠠᠩ ᠶᠤᠤ ᠽᠧᠡᠭ᠂ ᠡᠷᠡᠭᠲᠡᠢ᠂ ᠬᠢᠲᠡᠳ ᠦᠨᠳᠦᠰᠦᠲᠡᠨ᠂ 1921 ᠣᠨ ᠳᠤ ᠾᠧᠪᠧᠢ ᠮᠣᠵᠢ ᠶᠢᠨ ᠴᠢᠶᠠᠨ ᠠᠠ ᠰᠢᠶᠠᠨ ᠤ ᠰᠠᠨ ᠲᠦᠠ ᠢᠡᠭ ᠤᠨ ᠨᠢᠭᠡᠨ ᠴᠢᠨᠡᠭᠡᠯᠢᠭ ᠭᠡᠷ ᠲᠤ ᠲᠦᠷᠦᠵᠠᠢ᠃ ᠲᠡᠭᠦᠨ ᠤ ᠠᠪᠤ ᠨᠢ ᠪᠧᠶᠢᠫᠢᠡᠭ ᠳᠤ ᠪᠠᠭᠰᠢᠯᠠᠵᠤ ᠪᠠᠶᠢᠭᠰᠠᠨ ᠤᠴᠢᠷ ᠠᠴᠠ 10 ᠨᠠᠰᠤᠲᠠᠢ ᠳᠤ ᠪᠠᠨ ᠡᠵᠢ ᠪᠠᠨ ᠲᠠᠭᠠᠵᠦ ᠪᠧᠶᠢᠫᠢᠡᠭ ᠳᠤ ᠨᠡᠭᠦᠪᠡ᠃ ᠤᠷᠢᠳ ᠬᠤᠵᠢᠳ ᠪᠧᠶᠢᠫᠢᠡᠭ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠾᠧᠪᠧᠢ ᠮᠣᠵᠢ ᠶᠢᠨ ᠲᠤᠮᠳᠠᠳᠤ ᠰᠤᠷᠭᠠᠭᠤᠯᠢ ᠠᠴᠠ ᠲᠡᠭᠦᠰᠪᠡ᠃ 1940 ᠣᠨ ᠳᠤ ᠶᠠᠫᠣᠨ ᠳᠤ ᠰᠤᠷᠤᠯᠴᠠᠪᠠ᠃ ᠶᠠᠫᠣᠨ ᠤ ᠳᠣᠤᠺᠢᠤ᠋ ᠶᠢᠨ ᠨᠢᠭᠡᠳᠦᠭᠡᠷ ᠳᠡᠭᠡᠳᠦ ᠰᠤᠷᠭᠠᠭᠤᠯᠢ ᠶᠢᠨ ᠭᠧᠷᠮᠠᠨ ᠬᠡᠯᠡᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠯᠪᠤᠷᠢ ᠠᠴᠠ ᠲᠡᠭᠦᠰᠦᠭᠰᠡᠨ ᠤ ᠳᠠᠷᠠᠭ᠎ᠠ᠂ ᠳᠠᠬᠢᠨ ᠶᠠᠫᠤᠨ ᠤ ᠺᠢᠤᠲ᠋ᠣ᠋ ᠶᠢᠨ ᠤᠯᠤᠰ ᠤᠨ ᠰᠤᠷᠭᠠᠭᠤᠯᠢ ᠶᠢᠨ ᠠᠵᠦ ᠦᠢᠯᠡᠳᠪᠦᠷᠢ ᠶᠢᠨ ᠳᠡᠭᠡᠳᠦ ᠰᠤᠷᠭᠠᠭᠤᠯᠢ ᠳᠤ ᠴᠠᠬᠢᠯᠭᠠᠨ ᠢᠨᠵᠧᠨᠧᠷᠢᠩ ᠤᠨ ᠮᠡᠷᠭᠡᠵᠢᠯ ᠰᠤᠷᠪᠠ᠃       1945 ᠣᠨ ᠤ 4 ᠰᠠᠷ᠎ᠠ ᠳᠤ ᠤᠯᠤᠰ ᠤᠨ ᠰᠤᠷᠭᠠᠭᠤᠯᠢ ᠠᠴᠠ ᠲᠡᠭᠦᠰᠦᠭᠰᠡᠨ ᠤ ᠪᠠᠨ ᠳᠠᠷᠠᠭ᠎ᠠ ᠪᠡᠭᠡᠵᠢᠩ ᠳᠤ ᠪᠠᠨ ᠪᠣᠴᠠᠨ ᠢᠷᠡᠵᠦ᠂ 1948 ᠣᠨ ᠤ ᠵᠢᠯ ᠤᠨ ᠡᠴᠦᠰ ᠲᠤ ᠳᠤᠮᠳᠠᠳᠤ ᠤᠯᠤᠰ ᠤᠨ ᠡᠪ ᠬᠠᠮᠲᠦ ᠨᠠᠮ ᠤᠨ ᠭᠠᠳᠠᠷ ᠲᠠᠯ᠎ᠠ ᠶᠢᠨ ᠵᠣᠬᠢᠶᠠᠨ ᠪᠠᠶᠢᠭᠤᠯᠤᠯᠲᠠ ᠪᠣᠯᠬᠤ ︽ᠠᠵᠢᠯ ᠮᠡᠷᠭᠡᠵᠢᠯ ᠤᠨ ᠵᠠᠯᠠᠭᠤᠴᠤᠳ ᠤᠨ ᠨᠡᠶᠢᠭᠡᠮᠯᠢᠭ︾ ᠲᠤ ᠣᠷᠣᠯᠴᠠᠪᠠ᠃ 1949 ᠣᠨ ᠤ 7 ᠰᠠᠷ᠎ᠠ ᠳᠤ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠡᠷᠬᠢᠯᠡᠭᠰᠡᠨ ᠪᠣᠯᠪᠠᠰᠤᠷᠠᠯ ᠤᠨ ᠠᠩᠬᠢ ᠳᠤ ᠣᠷᠣᠯᠴᠠᠵᠤ᠂ ᠰᠠᠭᠦᠯᠡᠷ ᠨᠢ ᠪᠡᠭᠡᠵᠢᠩ ᠤᠨ ᠴᠠᠬᠢᠯᠭᠠᠨ ᠲᠣᠪᠴᠢᠶ᠎ᠠ ᠳᠤ ᠠᠵᠢᠯᠯᠠᠪᠠ᠃       1957 ᠣᠨ ᠤ 12 ᠰᠠᠷ᠎ᠠ ᠳᠤ ᠥᠪᠥᠷ ᠮᠣᠩᠭᠤᠯ ᠤᠨ ᠪᠣᠭᠤᠲᠣ ᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ ᠶᠢᠨ ᠳᠡᠳ᠋ ᠶᠡᠷᠦᠩᠬᠡᠢ ᠢᠨᠵᠧᠨᠧᠷ ᠢᠶᠠᠷ ᠠᠵᠢᠯᠯᠠᠪᠠ᠃       1962 ᠣᠨ ᠤ 10 ᠰᠠᠷ᠎ᠠ ᠳᠤ ᠵᠤᠤ ᠤᠳᠠ ᠠᠶᠢᠮᠠᠭ ᠤᠨ ᠴᠠᠬᠢᠯᠭᠠᠨ ᠲᠣᠪᠴᠢᠶ᠎ᠠ᠂ ᠤᠯᠠᠭᠠᠨᠬᠠᠳᠠ ᠶᠢᠨ ᠴᠠᠬᠢᠯᠭᠠᠨ ᠦᠢᠯᠡᠳᠪᠦᠷᠢ ᠶᠢᠨ ᠳᠡᠳ᠋ ᠶᠡᠷᠦᠩᠬᠡᠢ ᠢᠨᠵᠧᠨᠧᠷ ᠢᠶᠠᠷ ᠲᠣᠮᠢᠯᠠᠭᠳᠠᠪᠠ᠃ ᠲᠡᠭᠦᠨ ᠤ ᠡᠷᠬᠢᠯᠡᠯ ᠳᠤᠤᠷ᠎ᠠ᠂ 11 ᠵᠢᠯ ᠰᠢᠷᠭᠠᠭᠤ ᠬᠠᠳᠠᠭᠤᠵᠢᠯᠳᠠᠢ ᠰᠢᠨᠡᠴᠢᠯᠡᠵᠦ ᠵᠠᠰᠠᠭᠰᠠᠨ ᠠᠴᠠ ᠤᠯᠠᠭᠠᠨᠬᠠᠳᠠ ᠶᠢᠨ ᠴᠠᠬᠢᠯᠭᠠᠨ ᠲᠣᠣᠷ ᠤᠨ ᠴᠠᠬᠢᠯᠭᠠᠨ ᠬᠦᠴᠦᠳᠡᠯ ᠤᠨ ᠳᠡᠰ ᠵᠡᠷᠭᠡ ᠦᠨᠳᠦᠰᠦᠨ ᠳᠤ ᠪᠠᠨ 220 ᠺᠢᠯᠤᠸᠤᠯᠲ᠂ 66 ᠺᠢᠯᠤᠸᠤᠯᠲ᠂ 10 ᠺᠢᠯᠤᠸᠤᠯᠲ ᠤᠨ ᠴᠠᠬᠢᠯᠭᠠᠨ ᠬᠦᠷᠭᠡᠬᠦ ᠪᠠᠷᠢᠮᠵᠢᠶ᠎ᠡ ᠶᠢ ᠪᠠᠲᠤᠯᠠᠵᠤ᠂ ᠮᠣᠳᠣᠨ ᠪᠠᠭᠠᠨ᠎ᠠ ᠶᠢ ᠴᠦᠮ ᠼᠧᠮᠧᠨ᠋ᠲ ᠪᠠᠭᠠᠨ᠎ᠠ ᠪᠠᠷ ᠰᠣᠯᠢᠨ᠂ ᠡᠯᠡᠭᠳᠡᠭᠰᠡᠨ ᠴᠠᠬᠢᠯᠭᠠᠨ ᠤᠳᠠᠰᠤ ᠶᠢ ᠦᠭᠡᠷᠡᠴᠢᠯᠡᠬᠦ ᠠᠴᠠ ᠡᠮᠦᠨᠡᠬᠢ 25% ᠪᠠᠶᠢᠭᠰᠠᠨ ᠢ 10% ᠪᠣᠯᠭᠠᠨ᠂ ᠠᠶᠤᠯᠭᠦᠢ ᠴᠠᠬᠢᠯᠭᠠᠨ ᠬᠠᠩᠭᠠᠯᠲᠠ ᠶᠢ ᠪᠠᠳᠤᠯᠠᠭᠰᠠᠨ ᠪᠠᠶᠢᠨ᠎ᠠ᠃ ᠲᠡᠷᠡ ᠫᠢᠩᠵᠤᠸᠠᠩ᠂ ᠵᠢᠶᠠᠨᠫᠢᠩ᠂ ᠯᠢᠩᠶᠤᠸᠠᠨ ᠤ 110 ᠺᠢᠯᠤᠸᠤᠯᠲ ᠤᠨ ᠴᠠᠬᠢᠯᠭᠠᠨ ᠬᠦᠷᠭᠡᠵᠦ ᠬᠤᠪᠢᠰᠬᠠᠬᠤ ᠪᠠᠷᠢᠯᠭ᠎ᠠ ᠶᠢᠨ ᠲᠥᠰᠦᠯ ᠢ ᠬᠢᠨᠠᠨ ᠲᠣᠭᠲᠠᠭᠠᠬᠤ ᠳᠤ ᠣᠷᠣᠯᠴᠠᠵᠤ᠂ ᠳᠠᠩ ᠪᠠᠭᠠᠨᠠᠲᠦ 95 ᠲᠡᠭᠰᠢ ᠲᠥᠷᠪᠡᠯᠵᠢᠨ ᠳᠠᠮᠵᠢᠭᠤᠯᠤᠭᠴᠢ ᠤᠳᠠᠰᠤ ᠶᠢ ᠬᠤᠣᠰ ᠪᠠᠭᠠᠨᠠᠲᠦ 120 ᠲᠡᠭᠰᠢ ᠲᠥᠷᠪᠡᠯᠵᠢᠨ ᠡᠭᠦᠳᠡᠨ ᠬᠡᠯᠪᠡᠷᠢᠲᠦ ᠳᠠᠮᠵᠢᠭᠤᠯᠤᠭᠴᠢ ᠤᠳᠠᠰᠤ ᠪᠣᠯᠭᠠᠬᠤ ᠪᠠᠷ ᠬᠦᠴᠦᠯᠡᠨ ᠴᠢᠷᠮᠠᠶᠢᠭᠰᠠᠨ ᠠᠴᠠ ᠰᠠᠯᠬᠢ ᠶᠡᠭᠡ ᠲᠠᠢ ᠠᠭᠤᠯᠠᠷᠬᠠᠭ ᠣᠷᠣᠨ ᠳᠤ ᠴᠠᠬᠢᠯᠭᠠᠨ ᠤᠲᠠᠰᠤ 20 ᠭᠠᠷᠤᠢ ᠵᠢᠯ ᠬᠡᠪ ᠤᠨ ᠪᠠᠶᠢᠳᠠᠯ ᠢᠶᠠᠷ ᠠᠵᠢᠯᠯᠠᠵᠦ᠂ ᠪᠠᠭᠠᠨ᠎ᠠ ᠤᠨᠠᠵᠤ ᠤᠳᠠᠰᠤ ᠲᠠᠰᠤᠷᠠᠭᠰᠠᠨ ᠶᠠᠪᠤᠳᠠᠯ ᠭᠠᠷᠬᠤ ᠦᠭᠡᠢ ᠪᠠᠶᠢᠬᠤ ᠶᠢ ᠪᠠᠲᠤᠯᠠᠭᠰᠠᠨ ᠪᠠᠶᠢᠨ᠎ᠠ᠃       ᠵᠠᠩ ᠶᠤᠤ ᠽᠧᠡᠭ ᠪᠣᠭᠤᠳᠦ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ᠂ ᠵᠤᠤ ᠤᠳᠠ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ᠂ ᠤᠯᠠᠭᠠᠨᠬᠠᠳᠠ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ᠂ ᠥᠪᠥᠷ ᠮᠣᠩᠭᠤᠯ ᠤᠨ ᠴᠠᠬᠢᠯᠭᠠᠨ ᠤ ᠢᠨᠵᠧᠨᠧᠷᠢᠩ ᠤᠨ ᠨᠡᠶᠢᠭᠡᠮᠯᠢᠭ ᠤᠨ ᠬᠡᠷᠡᠭ ᠡᠷᠬᠢᠯᠡᠭᠴᠢ ᠪᠠᠶᠢᠪᠠ᠃ ᠲᠡᠷᠡ ᠶᠠᠫᠣᠨ᠂ ᠠᠩᠭ᠍ᠯᠢ᠂ ᠭᠧᠷᠮᠠᠨ᠂ ᠣᠷᠣᠰ ᠬᠡᠯᠡᠨ ᠳᠤ ᠨᠡᠪᠲᠡᠷᠡᠵᠦ᠂ ᠣᠯᠠᠨ ᠵᠢᠯ ᠴᠠᠬᠢᠯᠭᠠᠨ ᠤ ᠲᠤᠰᠬᠠᠢ ᠮᠡᠷᠭᠡᠵᠢᠯ ᠤᠨ ᠣᠨᠣᠯ ᠤᠨ ᠰᠣᠳᠣᠯᠣᠯᠲᠠ ᠰᠦᠪᠡᠭᠴᠢᠯᠡᠯᠲᠡ ᠬᠢᠬᠦ ᠪᠠᠨ ᠪᠠᠷᠢᠮᠲᠠᠯᠠᠵᠦ᠂ ᠦᠷᠭᠦᠯᠵᠢ ᠭᠠᠳᠠᠭᠠᠳᠤ ᠶᠢᠨ ᠲᠤᠰᠬᠠᠢ ᠮᠡᠷᠭᠡᠵᠢᠯ ᠤᠨ ᠮᠠᠲ᠋ᠧᠷᠢᠶᠠᠯ ᠢ ᠣᠷᠴᠢᠭᠤᠯᠳᠠᠭ᠃ ᠭᠠᠭᠴᠠ ᠬᠦ ︽ᠬᠦᠴᠦᠳᠡᠯ ᠦᠭᠡᠷᠡᠴᠢᠯᠡᠭᠴᠢ︾ ᠰᠡᠳᠬᠦᠯ ᠳᠡᠭᠡᠷ᠎ᠡ 1964 ᠊᠊᠊᠊ 1968 ᠣᠨ ᠳᠤ 20 ᠭᠠᠷᠤᠢ ᠬᠠᠭᠤᠳᠠᠰᠤ ᠣᠷᠴᠢᠭᠤᠯᠤᠨ ᠨᠡᠶᠢᠲᠡᠯᠡᠭᠰᠡᠨ ᠪᠠᠶᠢᠨ᠎ᠠ᠃ ᠱᠠᠩᠬᠠᠢ ᠶᠢᠨ ᠰᠡᠳᠭᠦᠯ ᠳᠤ ᠪᠠᠰᠠ ᠴᠦᠬᠡᠨ ᠪᠣᠰᠤ ᠮᠠᠲ᠋ᠧᠷᠢᠶᠠᠯ ᠣᠷᠴᠢᠭᠤᠯᠤᠨ ᠨᠠᠶᠢᠲᠡᠯᠡᠵᠦ᠂ ᠮᠠᠨ ᠤ ᠤᠯᠤᠰ ᠲᠤ ᠭᠠᠳᠠᠭᠠᠳᠦ ᠶᠢᠨ ᠲᠡᠷᠢᠬᠦᠨ ᠤ ᠮᠡᠷᠭᠡᠵᠢᠯ ᠢ ᠣᠷᠣᠭᠤᠯᠣᠨ ᠠᠪᠴᠢᠷᠠᠬᠤ ᠳᠤ ᠰᠢᠷᠭᠠᠭᠤ ᠬᠦᠳᠡᠯᠮᠦᠷᠢ ᠭᠠᠷᠭᠠᠵᠤ᠂ 1982 ᠣᠨ ᠳᠤ ᠳᠡᠭᠡᠳᠦ ᠵᠡᠷᠭᠡ ᠶᠢᠨ ᠢᠨᠵᠧᠨᠧᠷ ᠴᠣᠯᠠ ᠬᠠᠮᠠᠭᠠᠯᠠᠭᠰᠠᠨ ᠪᠠᠶᠢᠨ᠎ᠠ᠃       ᠵᠠᠩ ᠶᠤᠤ ᠽᠧᠡᠭ ᠲᠥᠪ ᠴᠢᠭᠡᠴᠢ᠂ ᠠᠵᠢᠯᠴᠢ ᠪᠣᠷᠣᠭᠵᠢᠭᠤᠨ᠂ ᠨᠡᠶᠢᠲᠡ ᠶᠢᠨ ᠲᠥᠯᠥᠭᠡ ᠠᠮᠢ ᠪᠡᠶ᠎ᠡ ᠪᠠᠨ ᠤᠮᠠᠷᠲᠠᠳᠠᠭ᠃ 1983 ᠣᠨ ᠤ 5 ᠰᠠᠷ᠎ᠠ ᠶᠢᠨ 13 ᠤ ᠡᠳᠦᠷ ᠠᠠᠱᠠᠨ ᠳᠤ ᠬᠤᠷᠠᠯ ᠳᠤ ᠣᠷᠣᠯᠴᠠᠵᠦ ᠪᠠᠶᠢᠬᠤ ᠬᠤᠭᠤᠴᠠᠭᠠᠨ ᠳᠤ ᠬᠡᠨᠡᠳᠲᠡ ᠡᠪᠡᠳᠴᠢᠨ ᠢᠶᠠᠷ ᠨᠡᠰᠦ ᠪᠠᠷᠠᠪᠠ᠂ ᠨᠠᠰᠤ ᠪᠠᠷᠠᠭᠰᠠᠨ ᠵᠢᠯ ᠢᠶᠠᠨ 62 ᠨᠠᠰᠤᠲᠠᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ