︽ᠤᠯᠠᠭᠠᠨᠬᠠᠳᠠ ᠬᠤᠲᠠ ᠶᠢᠨ ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠲᠦᠷᠢᠮ︾ ᠢ ᠨᠡᠶᠢᠲᠡᠯᠡᠨ ᠬᠡᠷᠡᠭᠵᠢᠭᠦᠯᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/5
      ᠮᠠᠨ ᠤ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠦᠷᠢᠶᠡᠨ ᠳᠠᠬᠢ ᠠᠩᠬᠠᠳᠠᠭᠴᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ︽ᠤᠯᠠᠭᠠᠨᠬᠠᠳᠠ ᠬᠤᠲᠠ ᠶᠢᠨ ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠲᠦᠷᠢᠮ︾ ᠢ 11 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ 11 ᠰᠠᠷ᠎ᠠ ᠶᠢᠨ 4 ᠤ ᠡᠳᠦᠷ᠂ ︽ᠤᠯᠠᠭᠠᠨᠬᠠᠳᠠ ᠬᠤᠲᠠ ᠶᠢᠨ ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠨ ᠬᠡᠷᠡᠭᠵᠢᠭᠦᠯᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ ︽ᠲᠦᠷᠢᠮ︾ ᠢ ᠲᠣᠭᠲᠠᠭᠠᠭᠰᠠᠨ ᠶᠠᠪᠤᠴᠠ ᠵᠢᠴᠢ ᠠᠭᠤᠯᠭ᠎ᠠ ᠶᠢ ᠲᠠᠨᠢᠯᠴᠠᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠤᠰᠪᠤᠷᠢ ᠲᠤᠤᠱᠯᠠᠭᠤᠯᠤᠨ ᠬᠡᠷᠡᠭᠵᠢᠭᠦᠯᠬᠦ ᠰᠡᠳᠬᠢᠴᠡ ᠪᠠ ᠠᠷᠭ᠎ᠠ ᠬᠡᠮᠵᠢᠶ᠎ᠡ ᠶᠢ ᠲᠠᠨᠢᠯᠴᠠᠭᠤᠯᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠠᠴᠠ ︽ᠲᠦᠷᠢᠮ︾ ᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠤᠨ ᠲᠣᠬᠢᠷᠠᠭᠤᠯᠤᠯᠲᠠ ᠶᠢ ᠲᠠᠨᠢᠯᠴᠠᠭᠤᠯᠪᠠ᠃       ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ︽ᠲᠦᠷᠢᠮ︾ ᠢ ᠨᠡᠶᠢᠲᠡᠯᠡᠬᠦ ᠶᠢᠨ ᠴᠢᠬᠤᠯᠠ ᠴᠢᠨᠠᠷ ᠪᠠ ᠲᠣᠭᠲᠠᠭᠠᠭᠰᠠᠨ ᠶᠠᠪᠤᠴᠠ ᠶᠢ ᠲᠠᠨᠢᠯᠴᠠᠭᠤᠯᠪᠠ᠃ ᠣᠶᠢᠯᠠᠭᠠᠭᠰᠠᠨ ᠢᠶᠠᠷ᠂ ︽ᠲᠦᠷᠢᠮ︾ ᠢ ᠡᠨᠡ ᠵᠢᠯ ᠤᠨ 9 ᠰᠠᠷ᠎ᠠ ᠶᠢᠨ 2 ᠤᠨ ᠡᠳᠦᠷ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠠᠴᠠ ᠪᠠᠲᠤᠯᠠᠵᠤ᠂ ᠡᠨᠡ ᠵᠢᠯ ᠤᠨ 9 ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠳᠣᠯᠣᠳᠤᠭᠠᠷ ᠬᠤᠷᠠᠯᠳᠤᠭᠠᠨ ᠠᠴᠠ ᠬᠢᠨᠡᠨ ᠵᠥᠪᠰᠢᠶᠡᠷᠡᠪᠡ᠃ ︽ᠳᠦᠷᠢᠮ︾ ᠨᠢ ᠨᠡᠶᠢᠲᠡ ᠵᠢᠷᠭᠤᠭᠠᠨ ᠪᠦᠯᠦᠭ᠂ ᠳᠥᠴᠢᠨ ᠳᠥᠷᠪᠡᠨ ᠵᠣᠷᠪᠤᠰ ᠲᠠᠢ᠂ ᠠᠭᠤᠯᠭ᠎ᠠ ᠶᠢᠨ ᠲᠠᠯ᠎ᠠ ᠪᠠᠷ ᠶᠡᠷᠦᠩᠬᠡᠶ ᠲᠦᠷᠢᠮ᠂ ᠪᠣᠯᠪᠠᠰᠤᠨ ᠠᠵᠢᠯᠯᠠᠭ᠎ᠠ ᠶᠢᠨ ᠦᠨᠳᠦᠰᠦᠨ ᠵᠢᠷᠤᠮᠵᠢᠯ᠂ ᠰᠠᠨᠠᠭᠠᠴᠢᠯᠠᠬᠤ ᠪᠠ ᠵᠣᠷᠢᠭᠵᠢᠭᠤᠯᠬᠤ᠂ ᠠᠬᠢᠭᠤᠯᠬᠤ ᠪᠠ ᠪᠠᠲᠤᠯᠠᠬᠤ᠂ ᠬᠠᠤᠯᠢ ᠶᠢᠨ ᠬᠠᠷᠢᠭᠤᠴᠠᠯᠭ᠎ᠠ ᠪᠠ ᠳᠠᠭᠠᠯᠳᠤᠭᠤᠯᠤᠭᠰᠠᠨ ᠲᠦᠷᠢᠮ ᠵᠡᠷᠭᠡ ᠵᠢᠷᠭᠤᠭᠠᠨ ᠬᠡᠰᠡᠭ ᠲᠤ ᠬᠤᠪᠢᠶᠠᠨ᠎ᠠ᠃ ᠪᠣᠯᠪᠠᠰᠤᠨ ᠪᠤᠰᠤ ᠦᠢᠯᠡ ᠠᠵᠢᠯᠯᠠᠭ᠎ᠠ ᠶᠢᠨ ᠢᠯᠡᠷᠡᠬᠦ ᠬᠡᠯᠪᠡᠷᠢ ᠪᠠᠶᠢᠳᠠᠯ ᠪᠠ ᠬᠤᠳᠠ ᠶᠢᠨ ᠠᠷᠠᠳ ᠤᠨ ᠲᠤᠰᠬᠠᠯ ᠨᠡᠯᠢᠶᠡᠳ ᠴᠢᠩᠭ᠎ᠠ᠂ ᠰᠠᠨᠠᠯ ᠨᠡᠯᠢᠶᠡᠳ ᠲᠥᠪᠯᠡᠷᠡᠭᠰᠡᠨ ᠪᠣᠯᠪᠠᠰᠤᠨ ᠪᠤᠰᠤ ᠦᠵᠡᠭᠳᠡᠯ ᠳᠤ ᠭᠤᠣᠯᠳᠠᠯᠭ᠎ᠠ ᠲᠠᠢ ᠪᠠᠷ ᠴᠢᠭᠯᠡᠭᠦᠯᠦᠨ᠂ ᠤᠯᠠᠨ ᠨᠡᠶᠢᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠬᠤ ᠵᠡᠷᠭᠡ 12 ᠲᠠᠯ᠎ᠠ ᠪᠠ ᠪᠣᠯᠪᠠᠰᠤᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠵᠡᠷᠭᠡ 5 ᠬᠦᠷᠢᠶᠡᠨ ᠳᠠᠬᠢ ᠨᠡᠶᠢᠳᠡ 86 ᠵᠦᠢᠯ ᠤᠨ ᠪᠣᠯᠪᠠᠰᠤᠨ ᠦᠢᠯᠡ ᠠᠵᠢᠯᠯᠠᠭ᠎ᠠ ᠶᠢ ᠵᠢᠷᠤᠮᠵᠢᠭᠤᠯᠪᠠ ᠃ ᠡᠭᠦᠨ ᠤ ᠬᠠᠮᠲᠤ᠂ ᠲᠦᠷᠢᠮ ᠤᠨ ᠲᠣᠭᠲᠠᠴᠠ ᠶᠢ ᠲᠡᠭᠦᠯᠳᠡᠷᠵᠢᠭᠦᠯᠬᠦ᠂ ᠵᠠᠭᠠᠯᠳᠤᠵᠤ ᠢᠯᠡᠴᠢᠯᠡᠨ ᠮᠡᠳᠡᠭᠦᠯᠬᠦ ᠵᠡᠷᠭᠡ 10 ᠵᠦᠢᠯ ᠤᠨ ᠲᠦᠷᠢᠮ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠳᠤᠷ᠎ᠠ ᠪᠠᠷ ᠢᠶᠠᠨ ᠵᠢᠵᠢᠭ ᠵᠠᠷ ᠨᠠᠭᠠᠬᠤ ᠵᠡᠷᠭᠡ ᠬᠠᠤᠯᠢ ᠶᠢ ᠵᠥᠷᠢᠴᠡᠭᠰᠡᠨ 2 ᠵᠦᠢᠯ ᠤᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠬᠦ ᠪᠠᠷ ᠲᠣᠭᠲᠠᠭᠠᠪᠠ᠃       ︽ᠲᠦᠷᠢᠮ︾ ᠢ ᠨᠡᠶᠢᠲᠡᠯᠡᠨ ᠬᠡᠷᠡᠭᠵᠢᠭᠦᠯᠬᠦ ᠨᠢ ᠬᠤᠲᠠ ᠶᠢᠨ ᠠᠷᠠᠳ ᠤᠨ ᠪᠣᠯᠪᠠᠰᠤᠨ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠪᠠᠬᠢᠵᠢᠭᠦᠯᠬᠦ ᠳᠤ ᠬᠠᠤᠯᠢ ᠲᠦᠷᠢᠮ ᠤᠨ ᠪᠠᠲᠤᠯᠠᠭ᠎ᠠ ᠬᠠᠩᠭᠠᠨ᠂ ᠪᠣᠯᠪᠠᠰᠤᠨ ᠦᠢᠯᠡ ᠠᠵᠢᠯᠯᠠᠭ᠎ᠠ ᠶᠢ ᠬᠥᠲᠥᠯᠦᠨ ᠵᠢᠯᠣᠭᠤᠳᠬᠤ ᠪᠠ ᠵᠢᠷᠤᠮᠵᠢᠭᠤᠯᠬᠤ ᠳᠤ ᠬᠠᠤᠯᠢ ᠴᠠᠭᠠᠵᠠ ᠶᠢᠨ ᠦᠨᠳᠦᠰᠦᠯᠡᠯ ᠬᠠᠩᠭᠠᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠬᠤᠲᠠ ᠶᠢᠨ ᠠᠷᠠᠳ ᠤᠨ ᠪᠣᠯᠪᠠᠰᠤᠨ ᠵᠠᠩ ᠳᠠᠳᠬᠠᠯ ᠢ ᠪᠣᠶ ᠪᠣᠯᠭᠠᠬᠤ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ︽ᠲᠦᠷᠢᠮ︾ ᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ ᠤᠯᠠᠭᠠᠨᠬᠠᠳᠠ ᠬᠤᠲᠠ ᠤᠬᠠᠭᠤᠯᠤᠨ ᠲᠦᠭᠡᠮᠡᠯᠵᠢᠭᠦᠯᠬᠦ ᠠᠵᠢᠯᠯᠠᠭᠠᠨ ᠢ ᠲᠥᠪᠯᠡᠷᠡᠭᠦᠯᠦᠨ ᠥᠷᠨᠢᠭᠦᠯᠵᠦ᠂ ᠬᠤᠲᠠ ᠶᠢᠨ ᠠᠷᠠᠳ ᠤᠨ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠲᠠ ᠶᠢᠨ ᠠᠷᠠᠳ ᠨᠢᠭᠡᠪᠦᠷᠢ ᠳᠤ ᠬᠠᠤᠯᠢ ᠪᠠᠷ ᠲᠣᠭᠲᠠᠭᠠᠭᠰᠠᠨ ᠡᠭᠦᠷᠭᠡ ᠶᠢ ᠦᠨᠡᠨᠬᠦ ᠮᠡᠳᠡᠷᠡᠭᠦᠯᠵᠦ᠂ ᠬᠠᠤᠯᠢ ᠴᠠᠭᠠᠵᠠ ᠶᠢᠨ ᠲᠣᠭᠲᠠᠭᠠᠯ ᠢ ᠵᠢᠷᠤᠮᠯᠠᠨ ᠰᠠᠬᠢᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠨ᠂ ᠡᠶ᠎ᠡ ᠵᠣᠬᠢᠴᠠᠯ ᠲᠠᠢ ᠵᠣᠯ ᠵᠢᠷᠭᠠᠯᠲᠤ ᠤᠯᠠᠭᠠᠨᠬᠠᠳᠠ ᠶᠢ ᠪᠥᠲᠥᠭᠡᠨ ᠪᠠᠶᠢᠭᠤᠯᠬᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠤᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ